蒙古文网站Logo
ᠰᠢᠨᠬᠤᠸᠠ ᠮᠤᠩᠭ᠋ᠤᠯ ᠨᠧᠲ

ᠲᠦᠧᠧ ᠵᠧᠨ᠄ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠳᠦᠪ ᠤᠨ ᠨᠠᠮ ᠤᠨ ᠳᠤᠳᠤᠭᠠᠳᠤ ᠳ᠋ᠡᠬᠢ 90 ᠬᠠᠤᠯᠢ ᠳᠦᠷᠢᠮ ᠢ ᠬᠢᠨᠠᠨ ᠵᠠᠰᠠᠪᠤᠷᠢᠯᠠᠵᠤ ᠳᠤᠭᠳᠠᠭᠠᠵᠠᠢ

2017-10-17 21:13

    10 ᠰᠠᠷ᠎ᠠ ᠶᠢᠨ 17 ᠤ ᠦᠳᠡ ᠡᠴᠡ ᠬᠤᠶᠢᠰᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭᠠᠨ ᠤ ᠪᠦᠬᠦ ᠤᠯᠤᠰ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠬᠡᠪᠯᠡᠯ ᠮᠡᠳᠡᠬᠡᠯᠡᠯ ᠤᠨ ᠬᠤᠷᠠᠯ ᠠᠷᠠᠳ ᠤᠨ ᠶᠡᠬᠡ ᠬᠤᠷᠠᠯ ᠤᠨ ᠳᠠᠩᠬᠢᠮ ᠤᠨ ᠭᠤᠷᠪᠠᠳᠤᠭᠠᠷ ᠳᠠᠪᠬᠤᠷ ᠲᠤ ᠬᠤᠷᠠᠯᠳᠤᠵᠤ᠂ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠬᠡᠪᠯᠡᠯ ᠮᠡᠳᠡᠬᠡᠯᠡᠯ ᠤᠨ ᠦᠬᠦᠯᠡᠭᠴᠢ ᠲᠦᠧᠧ ᠵᠧᠨ ᠤᠯᠤᠰ ᠤᠨ ᠳᠤᠳᠤᠭᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠤ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠪᠤᠯᠤᠨ ᠶᠡᠬᠡ ᠬᠤᠷᠠᠯ ᠤᠨ ᠶᠠᠷᠢᠯᠴᠠᠬᠤ ᠰᠡᠳᠦᠪ ᠤᠨ ᠳᠠᠯ᠎ᠠ ᠪᠡᠷ ᠳᠠᠨᠢᠯᠴᠠᠭᠤᠯᠪᠠ᠃

    ᠳᠡᠷᠡᠪᠡᠷ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠳᠦᠪ ᠬᠤᠷᠢᠶ᠎ᠠ ᠨᠠᠮ ᠢ ᠪᠦᠬᠦ ᠳᠠᠯ᠎ᠠ ᠪᠡᠷ ᠴᠢᠩᠭ᠎ᠠ ᠵᠠᠰᠠᠬᠤ ᠶᠢ 《ᠳᠦᠷᠪᠡᠨ ᠪᠦᠬᠦ ᠳᠠᠯ᠎ᠠ》ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠳᠤ ᠪᠠᠭᠳᠠᠭᠠᠵᠤ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ ᠠᠪᠯᠢᠭᠠᠯ ᠲᠠᠢ ᠳᠡᠮᠡᠴᠡᠬᠦ ᠠᠵᠢᠯ ᠢ ᠪᠠᠳᠤᠳᠠᠢ ᠠᠬᠢᠭᠤᠯᠪᠠ᠃ ᠳᠤᠮᠳᠠᠳᠤ ᠤᠯᠤᠰ ᠤᠨ ᠡᠪ ᠬᠠᠮᠳᠤ ᠨᠠᠮ᠂ ᠵᠧᠤ ᠶᠦᠩ ᠺᠠᠩ᠂ ᠪᠦᠧᠧ ᠰᠢ ᠯᠠᠢ᠂ ᠬᠦᠧᠧ ᠪᠦᠧᠧ ᠰᠢᠶᠦ᠋ᠩ᠂ ᠰᠢᠤᠢ ᠼᠠᠢ ᠡᠾᠧᠤ᠂ ᠰᠦᠨ ᠵᠧᠩ ᠼᠠᠢ᠂ ᠯᠢᠩ ᠵᠢᠢ ᠬᠤᠧᠠ ᠨᠠᠷ ᠢ ᠬᠠᠤᠯᠢ ᠶᠤᠰᠤᠭᠠᠷ ᠴᠢᠩᠭ᠎ᠠ ᠪᠠᠶᠢᠴᠠᠭᠠᠵᠤ ᠶᠠᠮᠠᠷ ᠬᠦᠮᠦᠨ᠂ ᠬᠢᠷᠢ ᠵᠡᠷᠬᠡ ᠦᠨᠳᠦᠷ ᠳᠤᠰᠢᠶᠠᠯ ᠲᠠᠢ ᠪᠠᠶᠢᠭᠰᠠᠨ ᠴᠤ ᠨᠠᠮ ᠤᠨ ᠰᠠᠬᠢᠯᠭ᠎ᠠ ᠪᠠᠳᠤ ᠤᠯᠤᠰ ᠤᠨ ᠬᠠᠤᠯᠢ ᠶᠢ ᠵᠦᠷᠢᠴᠡᠳᠡᠭ ᠯᠡ ᠶᠤᠮ ᠪᠤᠯ ᠴᠦᠮ ᠴᠢᠩᠭ᠎ᠠ ᠰᠢᠳᠬᠡᠭᠳᠡᠨ ᠳᠤᠷᠭᠠᠭᠳᠠᠨ᠎ᠠ ᠬᠡᠰᠡᠨ ᠢ ᠪᠦᠬᠦ ᠨᠠᠮ ᠪᠦᠬᠦ ᠨᠡᠶᠢᠬᠡᠮ ᠳᠤ ᠬᠠᠷᠠᠭᠤᠯᠵᠠᠢ᠃ ᠡᠬᠦᠨ ᠤ ᠵᠡᠷᠬᠡᠴᠡᠬᠡ ᠳᠤᠮᠳᠠᠳᠤ ᠤᠯᠤᠰ ᠤᠨ ᠡᠪ ᠬᠠᠮᠳᠤ ᠨᠠᠮ ᠨᠠᠮ ᠤᠨ ᠳᠤᠳᠤᠭᠠᠳᠤ ᠳ᠋ᠡᠬᠢ ᠳᠦᠷᠢᠮ ᠳᠤᠭᠳᠠᠭᠠᠯ ᠤᠨ ᠪᠠᠶᠢᠭᠤᠯᠤᠯᠳᠠ ᠪᠡᠨ ᠳᠠᠰᠤᠷᠠᠯᠳᠠ ᠦᠬᠡᠢ ᠴᠢᠩᠭᠠᠳᠬᠠᠵᠤ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠳᠦᠪ ᠤᠨ ᠨᠠᠮ ᠤᠨ ᠳᠤᠳᠤᠭᠠᠳᠤ ᠳ᠋ᠡᠬᠢ 90 ᠬᠠᠤᠯᠢ ᠳᠦᠷᠢᠮ ᠢ ᠬᠢᠨᠠᠨ ᠵᠠᠰᠠᠪᠤᠷᠢᠯᠠᠵᠤ ᠳᠤᠭᠳᠠᠭᠠᠭᠰᠠᠨ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121817828