ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠪᠡᠯᠡᠳᠭᠡᠯ ᠬᠤᠷᠠᠯ ᠬᠢᠪᠡ 2017-10-18 10:53

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ   ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠲᠦᠭᠡᠷ ᠤᠲᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ 17 ᠤ ᠡᠲᠦᠷ ᠤᠨ ᠦᠲᠡ ᠡᠴᠡ ᠬᠤᠶᠢᠨ᠎ᠠ ᠠᠷᠠᠳ ᠤᠨ ᠶᠡᠬᠡ ᠬᠤᠷᠠᠯ ᠤᠨ ᠲᠠᠩᠬᠢᠮ ᠳ᠋ᠤ ᠪᠡᠯᠡᠳᠭᠡᠯ ᠬᠤᠷᠠᠯ ᠬᠢᠪᠡ᠃

    ᠰᠢ ᠵᠢᠨ ᠫᠢᠩ ᠨᠦᠬᠦᠷ ᠬᠤᠷᠠᠯ ᠢ ᠡᠷᠬᠢᠯᠡᠵᠡᠢ᠃᠋

    ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠵᠢᠦᠢ ᠫᠧᠩ )

    ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠳ᠋ᠤ ᠤᠷᠤᠯᠴᠠᠪᠠᠯ ᠵᠤᠬᠢᠬᠤ ᠲᠦᠯᠦᠭᠡᠯᠡᠭᠴᠢ᠂ ᠤᠨᠴᠠ ᠤᠷᠢᠭᠰᠠᠨ ᠲᠦᠯᠦᠭᠡᠯᠡᠭᠴᠢ 2354 ᠬᠦᠮᠦᠨ ᠪᠠᠶᠢᠨ᠎ᠠ᠃

    ᠪᠡᠯᠡᠳᠭᠡᠯ ᠬᠤᠷᠠᠯ ᠳ᠋ᠤ ᠤᠷᠤᠯᠴᠠᠭᠰᠠᠨ ᠲᠦᠯᠦᠭᠡᠯᠡᠭᠴᠢ᠂ ᠤᠨᠴᠠ ᠤᠷᠢᠭᠰᠠᠨ ᠲᠦᠯᠦᠭᠡᠯᠡᠭᠴᠢ 2307 ᠪᠠᠶᠢᠨ᠎ᠠ᠃

    ᠬᠤᠷᠠᠯ ᠡᠴᠡ ᠭᠠᠷ ᠡᠷᠭᠦᠵᠦ ᠪᠠᠲᠤᠯᠠᠯᠲᠠ ᠬᠢᠬᠦ ᠠᠷᠭ᠎ᠠ ᠪᠡᠷ᠂ 22 ᠬᠦᠮᠦᠨ ᠶᠢᠡᠷ ᠪᠦᠷᠢᠯᠲᠦᠭ᠍ᠰᠡᠨ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠺᠤᠮᠢᠰ ᠤᠨ ᠨᠡᠷᠡᠰ ᠢ ᠪᠠᠲᠤᠯᠠᠵᠤ᠂ 243 ᠬᠦᠮᠦᠨ ᠶᠢᠡᠷ ᠪᠦᠷᠢᠯᠲᠦᠭ᠍ᠰᠡᠨ ᠶᠡᠬᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠨᠡᠷᠡᠰ ᠢ ᠪᠠᠲᠤᠯᠠᠵᠤ᠂ ᠯᠢᠦ ᠶᠦᠨ ᠱᠠᠨ ᠢ ᠶᠡᠬᠡ ᠬᠤᠷᠠᠯ ᠤᠨ ᠨᠠᠷᠢᠨ ᠪᠢᠴᠢᠭ᠌ ᠤᠨ ᠲᠠᠷᠤᠭ᠎ᠠ ᠪᠡᠷ ᠪᠠᠲᠤᠯᠠᠪᠠ᠃ ᠬᠤᠷᠠᠯ ᠡᠴᠡ ᠶᠡᠬᠡ ᠬᠤᠷᠠᠯ ᠤᠨ ᠨᠠᠷᠢᠨ ᠪᠢᠴᠢᠭ᠌ ᠤᠨ ᠭᠠᠵᠠᠷ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠤᠯᠤᠨ ᠠᠵᠢᠯ ᠤᠨ ᠡᠭᠦᠷᠭᠡ ᠶᠢ ᠪᠠᠲᠤᠯᠠᠵᠠᠢ᠃

    ᠬᠤᠷᠠᠯ ᠡᠴᠡ ᠪᠠᠰᠠ ᠠᠷᠪᠠ ᠶᠢᠰᠦᠲᠦᠭᠡᠷ ᠶᠡᠬᠡ ᠬᠤᠷᠠᠯ ᠤᠨ ᠶᠠᠷᠢᠯᠴᠠᠬᠤ ᠰᠡᠳᠦᠪ ᠢ ᠪᠠᠲᠤᠯᠠᠪᠠ᠃ ᠶᠡᠬᠡ ᠬᠤᠷᠠᠯ ᠤᠨ ᠶᠠᠷᠢᠯᠴᠠᠬᠤ ᠰᠡᠳᠦᠪ  ᠪᠤᠯ᠄ ᠠᠷᠪᠠᠨ ᠨᠠᠶ᠋ᠮᠠᠲᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠭᠡᠯ ᠢ ᠰᠤᠨᠤᠰᠴᠤ ᠬᠢᠨᠠᠨ ᠪᠠᠶᠢᠴᠠᠭᠠᠨ᠎ᠠ ; ᠠᠷᠪᠠᠨ ᠨᠠᠶ᠋ᠮᠠᠲᠤᠭᠠᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠲᠡᠬᠦᠯᠦᠯᠲᠡ ᠶᠢ ᠬᠢᠨᠠᠨ ᠪᠠᠶᠢᠴᠠᠭᠠᠨ᠎ᠠ ; 《 ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠷᠢᠮ ( ᠵᠠᠰᠠᠪᠤᠷᠢ ᠤᠷᠤᠭᠤᠯᠤᠭᠰᠠᠨ ᠲᠦᠰᠦᠯ ) 》 ᠢ᠋ ᠬᠢᠨᠠᠨ ᠵᠦᠪᠯᠡᠵᠦ ᠪᠠᠲᠤᠯᠠᠨ᠎ᠠ ; ᠠᠷᠪᠠ ᠶᠢᠰᠦᠲᠦᠭᠡᠷ ᠬᠤᠭᠤᠴᠠᠭᠠᠨ ᠤ ᠲᠦᠪ ᠬᠤᠷᠢᠶ᠎ᠠ ᠶᠢ ᠰᠤᠩᠭ᠋ᠤᠨ᠎ᠠ ; ᠠᠷᠪᠠ ᠶᠢᠰᠦᠲᠦᠭᠡᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠤᠩᠭ᠋ᠤᠨ᠎ᠠ᠃ 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120791121819403