蒙古文网站Logo
ᠰᠢᠨᠬᠤᠸᠠ ᠮᠤᠩᠭ᠋ᠤᠯ ᠨᠧᠲ

ᠵᠠᠩ ᠳ᠋ᠸ ᠵᠢᠶᠠᠩ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠦᠪᠤᠷ ᠮᠤᠩᠭ᠋ᠤᠯ ᠤᠨ ᠲᠦᠯᠥᠬᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳ᠋ᠤ ᠤᠷᠤᠯᠴᠠᠪᠠ

2017-10-19 10:53

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠵᠠᠩ ᠳ᠋ᠸ ᠵᠢᠶᠠᠩ ᠨᠦᠬᠦᠷ 18 ᠤ ᠦᠳᠡ ᠡᠴᠡ ᠬᠤᠢᠢᠰᠢ ᠦᠪᠡᠷ ᠤᠨ ᠢᠶᠡᠨ ᠪᠠᠢᠢᠭ᠎ᠠ ᠨᠠᠮ ᠤᠨ ᠠᠷᠪᠠ ᠶᠢᠰᠦᠳᠦᠭᠡᠷ ᠶᠡᠬᠡ ᠬᠤᠷᠡᠯ ᠤᠨ ᠦᠪᠤᠷ ᠮᠤᠩᠭ᠋ᠤᠯ ᠤᠨ ᠲᠦᠯᠥᠬᠡᠯᠡᠭᠴᠢᠳ ᠤᠨ ᠪᠦᠯᠬᠦᠮ ᠳᠤ ᠢᠷᠡᠵᠥ᠂ ᠲᠦᠯᠥᠬᠡᠯᠡᠭᠴᠢᠳ ᠲᠡᠢ ᠬᠠᠮᠳᠤᠪᠡᠷ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠢ ᠶᠠᠷᠢᠯᠴᠠᠪᠠ᠃ ᠰᠢ ᠵᠢᠨ ᠫᠢᠩ ᠨᠦᠬᠦᠷ ᠤᠨ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠡᠮᠤᠨ᠎ᠠ ᠡᠴᠡ ᠶᠡᠬᠡ ᠬᠤᠷᠠᠯ ᠲᠡᠭᠡᠷ᠎ᠠ ᠬᠢᠭ᠍ᠰᠡᠡ ᠢᠯᠡᠳᠬᠡᠯ ᠢ ᠪᠦᠷᠢᠨ ᠵᠦᠪᠰᠢᠶᠡᠷᠡᠵᠥ ᠪᠠᠢᠢᠨ᠎ᠠ ᠬᠡᠵᠥ ᠵᠠᠩ ᠳ᠋ᠸ ᠵᠢᠶᠠᠩ ᠢᠯᠡᠳᠬᠡᠪᠡ᠃

    ᠵᠠᠩ ᠳ᠋ᠸ ᠵᠢᠶᠠᠩ ᠬᠡᠯᠡᠭᠰᠡᠨ ᠨᠢ᠂ ᠰᠢ ᠵᠢᠨ ᠫᠢᠩ ᠨᠦᠬᠦᠷ ᠤᠨ ᠬᠢᠭ᠍ᠰᠡᠡ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠤᠨ ᠭᠤᠤᠯ ᠰᠡᠳᠤᠪ ᠨᠢ ᠲᠤᠳᠤᠷᠬᠠᠢ᠂ ᠦᠵᠡᠯ ᠰᠠᠨᠠᠭ᠎ᠠ ᠨᠢ ᠬᠦᠨᠵᠡᠬᠡᠢ᠂ ᠠᠭᠤᠯᠭ᠎ᠠ ᠨᠢ ᠪᠠᠶᠠᠯᠢᠭ᠂ ᠦᠷᠬᠡᠨ ᠲᠡᠯᠭᠡᠷ ᠬᠦᠨ ᠬᠦᠨᠵᠡᠬᠡᠢ᠂ ᠰᠦᠷ ᠲᠠᠯᠠᠢᠢᠴᠠᠳᠠᠢ᠂ ᠬᠦᠮᠥᠰ ᠢ ᠤᠷᠮᠠᠰᠢᠭᠤᠯᠤᠬᠰᠠᠨ ᠢᠯᠡᠳᠭᠡᠯ ᠪᠤᠯᠤᠯ᠎ᠠ᠂ ᠪᠦᠬᠦ ᠢᠯᠡᠳᠬᠡᠯ ᠡᠴᠡ ᠨᠢ ᠮᠠᠷᠺᠰ ᠤᠨ ᠦᠵᠡᠯ ᠤᠨ ᠦᠨᠡᠨ ᠶᠤᠰᠤᠨ ᠤ ᠬᠡᠷᠡᠯ ᠬᠢᠯᠪᠠᠭ᠎ᠠ ᠰᠠᠴᠤᠷᠠᠵᠥ᠂ ᠪᠦᠬᠦ ᠢᠯᠡᠳᠬᠡᠯ ᠨᠢ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠢᠬᠡᠮ ᠵᠢᠷᠤᠮ ᠢ ᠵᠢᠯᠤᠭᠤᠳᠤᠨ ᠲᠠᠭᠠᠭᠤᠯᠤᠭᠰᠠᠠ ᠤᠨᠤᠯ ᠤᠨ ᠦᠷ᠎ᠠ ᠪᠦᠳᠦᠭᠡᠯ᠂ ᠦᠢᠯᠡᠳᠦᠯᠬᠡ ᠶᠢᠨ ᠦᠷ ᠠ ᠪᠦᠳᠦᠭᠡᠯ᠂ ᠰᠢᠨ᠎ᠡ ᠡᠬᠦᠳᠦᠯᠳᠡ ᠶᠢᠨ ᠦᠷ᠎ᠠ ᠪᠦᠳᠦᠭᠡᠯ ᠢ ᠬᠠᠷᠠᠭᠤᠯᠵᠤ᠂ ᠪᠦᠬᠦ ᠢᠯᠡᠳᠬᠡᠯ ᠨᠢ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠤᠬᠦᠳ ᠤᠨ ᠠᠷᠠᠳ ᠲᠦᠮᠡᠨ ᠤ ᠴᠢᠨᠡᠭᠡᠯᠢᠭ᠌ ᠨᠡᠢᠢᠬᠡᠮ ᠢ ᠪᠦᠬᠦ ᠲᠠᠯ᠎ᠠ ᠪᠡᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ᠂ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠢᠬᠡᠮ ᠵᠢᠷᠤᠮ ᠤᠨ ᠠᠭᠤᠤ ᠶᠡᠬᠡ ᠢᠯᠡᠯᠳᠡ ᠶᠢ ᠤᠯᠬᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠬᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠡᠷᠡᠰ ᠪᠠᠳᠤ ᠢᠳᠡᠭᠡᠯ ᠢ ᠬᠦᠪᠴᠢᠯᠡᠭᠰᠡᠨ ᠪᠠᠢᠢᠨ᠎ᠠ ᠭᠡᠵᠠᠢ᠃

    ᠵᠠᠩ ᠳ᠋ᠸ ᠵᠢᠶᠠᠩ᠂ ᠲᠠᠪᠤᠨ ᠵᠢᠯ ᠤᠨ ᠲᠤᠷᠰᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ 《ᠲᠠᠪᠤ ᠶᠢ ᠨᠢᠬᠡ ᠴᠤᠬᠴᠠᠵᠢᠭᠤᠯᠬᠤ》 ᠶᠠᠷᠤᠩᠬᠡᠢ ᠪᠠᠢᠢᠷᠢᠰᠢᠭᠤᠯᠤᠯᠳᠠ ᠶᠢ ᠨᠢᠬᠡᠳᠤᠯᠳᠠᠢ ᠲᠦᠯᠦᠪᠵᠢᠭᠦᠯᠦᠨ ᠠᠬᠢᠭᠤᠯᠵᠤ᠂《 ᠲᠦᠷᠪᠡᠨ ᠪᠦᠬᠦ ᠲᠠᠯ᠎ᠠ》 ᠶ᠋ᠢᠨ ᠪᠠᠢᠢᠯᠳᠤᠬᠤ ᠪᠤᠳᠤᠯᠭ᠎ᠠ ᠶᠢᠨ ᠪᠠᠢᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠠᠯᠢ ᠤᠯᠠᠨ ᠰᠢᠨ᠎ᠡ ᠤᠢᠢᠯᠠᠭᠠᠭᠳᠠᠬᠤᠨ᠂ ᠰᠢᠨ᠎ᠠ ᠦᠵᠡᠯ ᠰᠠᠨᠠᠭ᠎ᠠ᠂ ᠰᠢᠨ᠎ᠠ ᠪᠠᠢᠢᠯᠳᠤᠬᠤ ᠪᠤᠳᠤᠯᠭ᠎ᠠ ᠶᠢ ᠲᠤᠷᠠᠳᠴᠤ᠂ ᠠᠯᠢ ᠤᠯᠠᠨ《ᠰᠢᠨ᠎ᠠ ᠡᠬᠦᠳᠦᠯᠳᠡ》 ᠶᠢ ᠨᠡᠬᠡᠬᠡᠵᠤ᠂ ᠠᠯᠢ ᠤᠯᠠᠨ《ᠪᠡᠶᠡᠯᠡᠭᠳᠡᠰᠢ ᠦᠬᠡᠢ ᠶᠠᠪᠤᠳᠠᠯ》 ᠢ ᠪᠡᠶᠡᠯᠡᠬᠦᠯᠵᠤ᠂ ᠨᠠᠮ ᠪᠤᠯᠤᠨ ᠤᠯᠤᠰ ᠤᠨ ᠲᠦᠷᠢ ᠲᠦᠷᠬᠦ ᠴᠤ᠋ ᠰᠢᠨ᠎ᠡ ᠪᠠᠢᠢᠳᠠᠯ ᠳᠠᠢ ᠪᠤᠯᠵᠤ᠂ ᠨᠠᠮ ᠪᠤᠯᠤᠨ ᠤᠯᠤᠰ ᠤᠨ ᠤᠢᠢᠯᠡᠰ ᠲᠡᠤᠬᠡᠳᠤ ᠴᠢᠨᠠᠷᠳᠠᠢ ᠦᠷ᠎ᠠ ᠪᠦᠳᠤᠮᠵᠢ ᠤᠯᠵᠤ᠂ ᠲᠡᠤᠬᠡᠳᠤ ᠴᠢᠨᠠᠷᠳᠠᠢ ᠬᠤᠪᠢᠷᠠᠯᠳᠠ ᠭᠠᠷᠴᠤ᠂ ᠪᠦᠬᠦ ᠨᠠᠮ᠂ ᠪᠦᠬᠦ ᠴᠡᠷᠢᠭ᠌᠂ ᠪᠦᠬᠦ ᠤᠯᠤᠰ ᠤᠨ ᠦᠨᠳᠤᠰᠤᠳᠠᠨ ᠨᠤᠬᠦᠳ ᠤᠨ ᠠᠷᠠᠳ ᠲᠦᠮᠡᠨ ᠵᠢᠴᠢ ᠪᠦᠬᠦ ᠲᠡᠯᠡᠬᠡᠢ ᠶᠢᠨ ᠮᠠᠬᠳᠠᠭᠠᠯ ᠰᠠᠢᠢᠰᠢᠶᠠᠯ ᠢ ᠤᠯᠪᠠ᠃ ᠲᠡᠯᠡᠬᠡᠢ ᠳ᠋ᠠᠬᠢᠨ ᠤ ᠠᠩᠬᠠᠷᠤᠯ ᠢ ᠲᠠᠳᠠᠬᠰᠠᠨ ᠦᠷ᠎ᠠ ᠪᠦᠳᠤᠮᠵᠢ ᠤᠯᠵᠤ ᠴᠢᠳᠠᠬᠰᠠᠨ ᠤ ᠬᠠᠮᠤᠬ ᠤᠨ ᠴᠢᠬᠤᠯᠠ᠂ ᠬᠠᠮᠤᠬ ᠤᠨ ᠵᠠᠩᠬᠢᠯᠠᠭ᠎ᠠ ᠨᠢ ᠮᠠᠨ ᠤ ᠨᠠᠮ ᠶᠠᠷᠤᠩᠬᠡᠢ ᠱᠦᠵᠢ ᠰᠢ ᠵᠢᠨ ᠫᠢᠩ ᠭᠡᠳᠡᠭ ᠭᠤᠤᠯᠯᠠᠬᠴᠢ ᠳᠠᠢ ᠪᠤᠯᠵᠤ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠋᠎ᠠ ᠤᠳᠤᠷᠢᠳᠤᠯᠭ᠎ᠠ ᠳᠠᠢ ᠪᠤᠯᠤᠬᠰᠠᠨ ᠳᠤ ᠪᠤᠢ ᠬᠡᠵᠤ ᠬᠡᠯᠡᠪᠡ᠃

    ᠵᠠᠩ ᠳ᠋ᠸ ᠵᠢᠶᠠᠩ ᠬᠡᠯᠡᠭᠰᠡᠨ ᠨᠢ᠂ ᠰᠢ ᠵᠢᠨ ᠫᠢᠩ ᠨᠦᠬᠦᠷ ᠢᠶᠡᠷ ᠲᠦᠯᠦᠬᠡᠯᠡᠬᠦᠯᠦᠭᠰᠡᠨ ᠳᠤᠮᠳᠠᠳᠤ ᠤᠯᠤᠰ ᠤᠨ ᠡᠪ ᠬᠠᠮᠳᠤ ᠨᠠᠮ ᠨᠢ ᠴᠠᠬ ᠦᠶ᠎ᠡ ᠶᠢ ᠵᠠᠭᠠᠬᠯᠠᠬᠰᠠᠨ ᠤᠨᠤᠯ ᠤᠨ ᠰᠢᠨ᠎ᠠ ᠡᠬᠦᠳᠤᠯᠳᠠ᠂ ᠤᠢᠢᠯᠡᠳᠤᠯᠬᠡ ᠶᠢᠨ ᠰᠢᠨ᠎ᠠ ᠡᠬᠦᠳᠤᠯᠳᠠ ᠬᠢᠵᠤ᠂ ᠰᠢ ᠵᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠳᠠᠢ ᠨᠡᠢᠢᠬᠡᠮ ᠵᠢᠷᠤᠮ ᠤᠨ ᠦᠵᠡᠯ ᠰᠠᠨᠠᠭ᠎ᠠ ᠶᠢ ᠡᠬᠦᠳᠴᠠᠢ᠃ ᠡᠨᠡ ᠪᠤᠯ ᠮᠠᠷᠺᠰ ᠤᠨ ᠦᠵᠡᠯ ᠢ ᠲᠤᠮᠳᠠᠳᠤ ᠤᠯᠤᠰᠴᠢᠯᠠᠬᠰᠠᠨ ᠬᠠᠮᠤᠬ ᠤᠨ ᠰᠢᠨ᠎ᠠ ᠦᠷ᠎ᠠ ᠪᠦᠳᠤᠬᠡᠯ᠂ ᠳᠤᠮᠳᠠᠳᠤ ᠤᠯᠤᠰ ᠤᠨ ᠤᠨᠴᠠᠯᠢᠬ ᠳᠠᠢ ᠨᠡᠢᠢᠬᠡᠮ ᠵᠢᠷᠤᠮ ᠤᠨ ᠤᠨᠤᠯ ᠤᠨ ᠰᠢᠰᠲ᠋ᠸᠮ ᠤᠨ ᠴᠢᠬᠤᠯᠠ ᠪᠦᠷᠢᠯᠳᠤᠬᠦᠨ ᠭᠡᠰᠡᠭ᠂ ᠤᠢᠢᠯᠡᠳᠤᠯᠬᠡ ᠪᠡᠷ ᠭᠡᠷᠡᠴᠢᠯᠡᠭᠰᠡᠨ ᠰᠢᠨᠵᠢᠯᠡᠬᠦ ᠤᠬᠠᠭᠠᠨᠴᠢ ᠦᠨᠡᠨ ᠶᠤᠰᠤ᠂ ᠠᠭᠤᠤ ᠶᠡᠬᠡ ᠲᠡᠮᠡᠴᠡᠯ ᠬᠢᠬᠦ᠂ ᠠᠭᠤᠤ ᠶᠡᠬᠡ ᠢᠨᠵᠸᠨ᠋ᠸᠷᠢᠩ ᠢ ᠪᠦᠳᠤᠬᠡᠨ ᠪᠠᠢᠢᠭᠤᠯᠬᠤ᠂ ᠠᠭᠤᠤ ᠶᠡᠬᠡ ᠤᠢᠢᠯᠡᠰ ᠢ ᠠᠬᠢᠭᠤᠯᠬᠤ᠂ ᠠᠭᠤᠤ ᠶᠡᠬᠡ ᠵᠡᠬᠦᠳᠤ ᠶᠢ ᠲᠡᠷᠬᠡᠯᠰᠢᠬᠦᠯᠬᠦ ᠤᠢᠢᠯᠡᠳᠤᠯᠬᠡ ᠶᠢᠨ ᠵᠦᠭᠯᠡᠬᠦᠷ᠂ ᠳᠤᠮᠳᠠᠳᠤ ᠤᠯᠤᠰ ᠤᠨ ᠡᠪ ᠬᠠᠮᠳᠤᠴᠤᠳ ᠤᠨ ᠰᠢᠨ᠎ᠠ ᠴᠠᠬ ᠦᠶ᠎ᠠ ᠶᠢᠨ ᠤᠶᠤᠨ ᠰᠠᠨᠠᠭᠠᠨ ᠤ ᠲᠤᠯᠭᠠᠭᠤᠷᠢ ᠪᠤᠯᠤᠨ ᠬᠦᠴᠤᠨ ᠴᠢᠳᠠᠯ ᠤᠨ ᠡᠬᠢ ᠪᠤᠯᠠᠬ᠂ ᠮᠠᠨ ᠤ ᠡᠷᠬᠡᠪᠰᠢ ᠤᠷᠳᠤ ᠬᠤᠭᠤᠴᠠᠭ᠎ᠠ ᠪᠠᠷᠢᠮᠳᠠᠯᠠᠬᠤ ᠵᠢᠯᠤᠭᠤᠳᠬᠤ ᠦᠵᠡᠯ ᠰᠠᠨᠠᠭ᠎ᠠ ᠪᠤᠯᠤᠨ᠎ᠠ᠃ ᠡᠨᠡ ᠪᠤᠯ ᠨᠠᠮ ᠤᠨ ᠠᠷᠪᠠ ᠶᠢᠰᠤᠳᠤᠭᠡᠷ ᠶᠡᠬᠡ ᠬᠤᠷᠠᠯ ᠤᠨ ᠬᠠᠮᠤᠬ ᠤᠨ ᠶᠡᠬᠡ ᠬᠢᠯᠡᠰ ᠴᠡᠭ᠂ ᠨᠠᠮ ᠤᠨ ᠬᠦᠭ᠍ᠵᠢᠯᠳᠠ ᠳ᠋ᠡᠬᠢ ᠲᠡᠤᠬᠡᠳᠤ ᠴᠢᠨᠠᠷᠳᠠᠢ ᠬᠤᠪᠢ ᠨᠡᠮᠡᠷᠢ ᠪᠤᠯᠤᠨ᠎ᠠ ᠬᠡᠪᠡ᠃

    ᠵᠠᠩ ᠳ᠋ᠸ ᠵᠢᠶᠠᠩ᠂ ᠪᠦᠬᠦ ᠢᠯᠡᠳᠭᠡᠯ ᠳ᠋ᠤ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠠᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠵᠢ ᠢᠯᠡᠷᠡᠭᠦᠯᠵᠦ᠂ ᠲᠡᠤᠬᠡ ᠪᠤᠯᠤᠠ ᠴᠠᠭ ᠦᠶ᠎ᠠ ᠶᠢᠨ ᠦᠨᠲᠦᠷᠴᠡ ᠳ᠋ᠤ ᠵᠤᠭᠰᠤᠵᠦ᠂ ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠢ ᠪᠠᠷᠢᠮᠲᠠᠯᠠᠠ ᠬᠦᠭ᠍ᠵᠢᠭᠦᠯᠬᠦ ᠭᠡᠳᠡᠭ ᠡᠨᠡᠬᠦ ᠭᠤᠤᠯ ᠱᠤᠭᠤᠮ ᠢ ᠴᠢᠩᠭ᠋᠎ᠠ ᠠᠳᠬᠤᠵᠦ᠂ ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠰᠢᠨ᠎ᠠ ᠴᠠᠭ ᠦᠶ᠎ᠠ ᠳ᠋ᠤ ᠲᠠᠪᠰᠢᠨ ᠤᠷᠤᠬᠰᠠᠨ ᠲᠤᠬᠠᠢ ᠰᠢᠨᠵᠢᠯᠡᠬᠦ ᠤᠬᠠᠭᠠᠠᠴᠢ ᠮᠠᠭᠠᠳᠯᠠᠯᠲᠠ ᠬᠢᠵᠦ᠂ ᠰᠢᠨ᠎ᠠ ᠴᠠᠭ ᠦᠶ᠎ᠠ ᠶᠢᠨ ᠮᠠᠠ ᠤ ᠤᠯᠤᠰ ᠤᠨ ᠨᠡᠢᠢᠭᠡᠮ ᠤᠨ ᠭᠤᠤᠯ ᠵᠦᠷᠢᠴᠡᠯ ᠢ ᠲᠤᠷᠠᠳᠴᠤ᠂ ᠦᠨᠲᠦᠰᠦᠨ ᠠᠷᠭ᠎ᠠ ᠪᠤᠲᠤᠯᠭ᠎ᠠ ᠶᠢ ᠲᠤᠲᠤᠷᠬᠠᠢᠢᠯᠠᠠ ᠦᠭᠦᠯᠡᠵᠦ᠂ ᠠᠤᠭ᠎ᠠ ᠲᠦᠰᠦᠪ ᠢ ᠵᠢᠷᠤᠭᠯᠠᠠ᠂ ᠠᠷᠠᠳ ᠤᠨ ᠲᠦᠯᠦᠭᠡ ᠭᠡᠰᠡᠡ ᠦᠨᠳᠦᠰᠦᠨ ᠵᠤᠷᠢᠯᠲᠠ ᠶᠢ ᠢᠯᠡᠷᠡᠭᠦᠯᠵᠦ᠂ ᠨᠠᠮ ᠢ ᠴᠢᠩᠭ᠋᠎ᠠ ᠵᠠᠰᠠᠬᠤ ᠱᠠᠭᠠᠷᠲᠠᠯᠭ᠎ᠠ ᠶᠢ ᠴᠢᠩᠭ᠋ᠠᠳᠬᠠᠬᠤ ᠪᠤᠯ ᠮᠠᠠ ᠤ ᠨᠠᠮ ᠤᠨ ᠰᠢᠨ᠎ᠠ ᠴᠠᠭ ᠦᠶ᠎ᠠ ᠳᠤ ᠤᠷᠤᠬᠤ᠂ ᠰᠢᠨ᠎ᠠ ᠠᠶᠠᠠ ᠢ ᠡᠬᠢᠯᠡᠭᠦᠯᠬᠦ᠂ ᠰᠢᠨ᠎ᠠ ᠬᠠᠭᠤᠲᠠᠰᠤ ᠶᠢ ᠵᠠᠯᠭᠠᠠ ᠪᠢᠴᠢᠭᠯᠡᠬᠦ ᠤᠯᠤᠰ ᠲᠦᠷᠦ ᠶᠢᠨ ᠲᠤᠩᠬᠠᠭ ᠪᠠ ᠠᠵᠢᠯᠯᠠᠭᠠᠠ ᠤ ᠵᠦᠭᠯᠡᠭᠦᠷ ᠮᠦᠨ ᠭᠡᠵᠦ ᠬᠡᠯᠡᠪᠡ᠃

    ᠵᠠᠩ ᠳ᠋ᠸ ᠵᠢᠶᠠᠩ᠂ ᠪᠢᠲᠠ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠵᠤᠷᠢᠭ ᠰᠠᠨᠠᠭ᠎ᠠ᠂ ᠢᠯᠠᠩᠭ᠋ᠤᠶ᠎ᠠ ᠰᠢ ᠵᠢᠨ ᠫᠢᠩ ᠤᠨ ᠰᠢᠨ᠎ᠠ ᠴᠠᠭ ᠦᠶ᠎ᠡ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠠ᠂ ᠪᠦᠬᠦ ᠲᠠᠯ᠎ᠠ ᠪᠠᠷ ᠲᠤᠤᠱᠯᠠᠭᠤᠯᠵᠦ᠂《ᠲᠦᠷᠪᠡᠡ ᠤᠬᠠᠮᠰᠠᠷ》 ᠢ ᠪᠤᠢ ᠪᠤᠯᠭᠠᠵᠦ᠂《ᠲᠦᠷᠪᠡᠡ ᠢᠲᠡᠭᠡᠯ》 ᠢᠶᠡᠨ ᠪᠠᠲᠤᠳᠬᠠᠵᠦ᠂ ᠶᠡᠷᠦᠩᠭᠡᠢ ᠱᠦᠵᠢ ᠰᠢ ᠵᠢᠨ ᠫᠢᠩ ᠤᠨ ᠭᠤᠤᠯᠯᠠᠬᠤ ᠪᠠᠢᠢᠷᠢ ᠰᠠᠭᠤᠷᠢ ᠪᠤᠯᠤᠨ ᠡᠷᠭᠡ ᠰᠦᠷ ᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠩᠰᠡᠨ ᠨᠢᠭᠡᠲᠦᠯᠲᠠᠢ ᠤᠲᠤᠷᠢᠲᠤᠯᠭ᠎ᠠ ᠶᠢ ᠡᠷᠡᠰ ᠬᠠᠮᠠᠭᠠᠯᠠᠵᠦ᠂ ᠦᠵᠡᠯ ᠰᠠᠨᠠᠭ᠎ᠠ ᠤᠯᠤᠰ ᠲᠦᠷᠦ ᠤᠢᠢᠯᠠ ᠠᠵᠢᠯᠯᠠᠭ᠎ᠠ ᠶᠢᠨ ᠲᠠᠯ᠎ᠠ ᠪᠠᠷ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠠᠢ ᠢᠮᠠᠭᠲᠠ ᠲᠡᠭᠡᠲᠦ ᠬᠡᠮᠵᠢᠶ᠎ᠠ ᠪᠠᠷ ᠨᠢᠭᠡᠲᠦᠯᠳᠠᠢ ᠪᠠᠢᠢᠵᠦ᠂ ᠬᠦᠰᠡᠯᠡᠩ ᠢᠲᠡᠭᠡᠯ ᠪᠢᠰᠢᠷᠠᠯ ᠢᠶᠡᠨ ᠪᠠᠲᠤᠳᠬᠠᠠ᠂ ᠰᠢᠳᠤᠷᠭᠤ ᠴᠢᠭᠡᠴᠢ ᠡᠬᠦᠷᠭᠡᠯᠡᠯ ᠲᠠᠢ ᠪᠠᠢᠢᠵᠦ᠂ ᠴᠢᠨᠡᠭᠡᠯᠢᠭ᠌ ᠨᠡᠢᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠢᠯᠠᠯᠲᠠ ᠶᠢ ᠤᠯᠵᠦ᠂ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠠᠭᠤᠤ ᠶᠡᠬᠡ ᠢᠯᠠᠯᠲᠠ ᠶᠢ ᠤᠯᠬᠤ ᠪᠠᠷ ᠴᠢᠷᠮᠠᠢᠢᠨ ᠲᠡᠮᠡᠴᠡᠰᠦᠭᠡᠢ ᠭᠡᠵᠦ ᠬᠡᠯᠡᠪᠡ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121825442