蒙古文网站Logo
ᠰᠢᠨᠬᠤᠸᠠ ᠮᠤᠩᠭ᠋ᠤᠯ ᠨᠧᠲ

ᠢᠤᠢ ᠵᠧᠩ ᠱᠧᠩ ᠰᠢᠨᠵᠢᠶᠠᠩ ᠤᠨ ᠳᠦᠯᠦᠬᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠤᠷᠤᠯᠴᠠᠪᠠ

2017-10-19 17:47

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ   ᠢᠤᠢ ᠵᠧᠩ ᠱᠧᠩ 18 ᠤ ᠦᠳᠡ ᠡᠴᠡ ᠬᠤᠶᠢᠰᠢ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠰᠢᠨᠵᠢᠶᠠᠩ ᠤᠨ ᠳᠦᠯᠦᠬᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠤᠷᠤᠯᠴᠠᠬᠤ ᠳ᠋ᠠᠭᠠᠨ᠂ ᠲᠤᠮᠳᠠᠳᠤ ᠤᠯᠤᠰ ᠤᠨ ᠤᠨᠴᠠᠯᠢᠭ ᠲᠠᠢ ᠨᠡᠢᠢᠬᠡᠮ ᠵᠢᠷᠤᠮ ᠤᠨ ᠠᠭᠤᠤ ᠶᠡᠬᠡ ᠲᠤᠭ ᠢ ᠦᠨᠳᠤᠷ ᠮᠠᠨᠳᠤᠭᠤᠯᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠢᠢᠬᠡᠮ ᠵᠢᠷᠤᠮ ᠤᠨ ᠤᠯᠤᠰ ᠲᠦᠷᠦ ᠢᠢᠨ ᠬᠦᠭᠵᠢᠯᠳᠡ ᠢᠢᠨ ᠵᠠᠮ ᠢᠶᠡᠷ ᠭᠤᠢᠢᠪᠢᠰᠢ ᠦᠭᠡᠢ ᠵᠠᠮᠨᠠᠵᠥ᠂ ᠨᠡᠢᠢᠬᠡᠮ ᠵᠢᠷᠤᠮ ᠤᠨ ᠠᠷᠠᠳᠴᠢᠯᠠᠭᠰᠠᠠ ᠤᠯᠤᠰ ᠲᠦᠷᠦ ᠢᠢ ᠬᠦᠭᠵᠢᠬᠦᠯᠵᠥ᠂ ᠴᠢᠨᠡᠭᠡᠯᠢᠭ ᠨᠡᠢᠢᠬᠡᠮ ᠢ ᠪᠦᠬᠦ ᠲᠡᠯ᠎ᠠ ᠪᠡᠷ ᠪᠡᠶᠡᠯᠡᠬᠦᠯᠬᠦ ᠰᠢᠢᠳᠪᠤᠷᠢᠳᠤ ᠢᠯᠡᠯᠳᠡ ᠢᠢ ᠤᠯᠬᠤ᠂ ᠰᠢᠨ᠎ᠠ ᠴᠠᠭ ᠦᠶ᠎ᠠ ᠢᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠢᠬᠡᠮ ᠵᠢᠷᠤᠮ ᠤᠨ ᠠᠭᠤᠤ ᠶᠡᠬᠡ ᠢᠯᠡᠯᠳᠡ ᠢᠢ ᠤᠯᠬᠤ ᠢᠢᠨ ᠲᠦᠯᠥᠬᠡ ᠤᠶᠤᠨ ᠤᠬᠠᠭᠠᠨ ᠪᠤᠯᠤᠨ ᠬᠦᠴᠦᠨ ᠴᠢᠳᠠᠯ ᠢᠶᠡᠨ ᠦᠷᠭᠡᠨ ᠢᠶᠡᠷ ᠨᠢᠬᠳᠠᠷᠠᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃

    ᠢᠤᠢ ᠵᠧᠩ ᠱᠧᠩ ᠴᠢᠬᠤᠯᠠᠴᠢᠯᠠᠬᠤ ᠳᠠᠭᠠᠨ᠂ ᠰᠢ ᠵᠢᠨ ᠫᠢᠩ ᠨᠦᠬᠦᠷ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠨᠠᠮ ᠤᠨ ᠲᠦᠪ ᠬᠤᠷᠢᠶ᠎ᠠ ᠵᠢᠨ ᠡᠮᠦᠨ᠎ᠠ ᠡᠴᠡ ᠬᠢᠭᠰᠡᠨ ᠢᠯᠡᠳᠭᠡᠯ ᠳᠦ᠂ ᠦᠩᠭᠡᠷᠡᠭᠰᠡᠨ ᠤ ᠲᠠᠪᠤᠨ ᠵᠢᠯ ᠳᠦ ᠨᠠᠮ ᠪᠤᠯᠤᠨ ᠤᠯᠤᠰ ᠤᠨ ᠦᠢᠯᠡᠰ ᠲᠦ ᠪᠤᠯᠤᠬᠰᠠᠨ ᠲᠡᠤᠬᠡᠳᠦ ᠴᠢᠨᠠᠷᠲᠠᠢ ᠬᠤᠪᠢᠰᠤᠯᠲᠠ ᠵᠢ ᠰᠢᠰᠲ᠋ᠧᠮ ᠲᠠᠢ ᠳ᠋ᠦᠩᠨᠡᠵᠤ᠂ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠵᠢ ᠭᠦᠨᠵᠡᠭᠡᠢ ᠦᠭᠦᠯᠡᠵᠤ᠂ ᠤᠳᠤ ᠦᠶ᠎ᠠ ᠵᠢᠨ ᠳᠤᠮᠳᠠᠳᠤ ᠤᠯᠤᠰ ᠤᠨ ᠪᠤᠳᠠᠳᠠᠢ ᠪᠠᠢᠢᠳᠠᠯ ᠳᠦ ᠨᠡᠢᠢᠴᠡᠭᠰᠡᠨ ᠠᠯᠢ ᠤᠯᠠᠨ ᠴᠢᠬᠤᠯᠠ ᠶᠡᠬᠡ ᠪᠠᠢᠢᠯᠳᠤᠬᠤ ᠪᠤᠳᠤᠯᠭ᠎ᠠ ᠠᠷᠭ᠎ᠠ ᠬᠡᠮᠵᠢᠶ᠎ᠠ ᠵᠢ ᠳᠤᠷᠠᠳᠪᠠ᠃ ᠡᠨᠡ ᠨᠢ ᠮᠠᠨ ᠤ ᠨᠠᠮ ᠤᠨ ᠰᠢᠨ᠎ᠠ ᠴᠠᠭ ᠦᠶ᠎ᠠ ᠲᠡᠰᠢ ᠤᠷᠤᠭᠰᠢᠯᠠᠬᠤ᠂ ᠰᠢᠨ᠎ᠠ ᠠᠶᠠᠨ ᠵᠠᠮ ᠢ ᠨᠡᠬᠡᠬᠡᠬᠦ᠂ ᠰᠢᠨ᠎ᠠ ᠬᠠᠭᠤᠳᠠᠰᠤ ᠵᠢ ᠦᠷᠭᠦᠯᠵᠢᠯᠡᠨ ᠪᠢᠴᠢᠭᠯᠡᠬᠦ ᠤᠯᠤᠰ ᠲᠦᠷᠦ ᠵᠢᠨ ᠲᠤᠩᠬᠠᠭ ᠪᠤᠯᠤᠨ ᠠᠵᠢᠯᠯᠠᠭᠠᠨ ᠤ ᠬᠦᠳᠦᠯᠪᠦᠷᠢ ᠪᠤᠯᠤᠨ᠎ᠠ᠃ ᠪᠢᠳᠡ ᠡᠷᠬᠡᠪᠰᠢ ᠨᠠᠷᠢᠨ ᠬᠢᠨᠠᠮᠠᠭᠠᠢ ᠰᠤᠷᠤᠯᠴᠠᠨ ᠤᠢᠢᠯᠠᠭᠠᠵᠤ᠂ ᠡᠷᠡᠰ ᠲᠤᠤᠱᠯᠠᠭᠤᠯᠤᠨ ᠨᠠᠢᠢᠳᠠᠪᠤᠷᠢᠵᠢᠭᠤᠯᠬᠤ ᠬᠡᠷᠡᠭᠲᠠᠢ ᠭᠡᠪᠡ᠃

    ᠢᠤᠢ ᠵᠧᠩ ᠱᠧᠩ᠂ ᠦᠩᠭᠡᠷᠡᠭᠰᠡᠨ ᠲᠠᠪᠤᠨ ᠵᠢᠯ ᠳ᠋ᠦ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠡᠷᠦ ᠪᠤᠰᠤ ᠵᠢᠨ ᠤᠯᠤᠰ ᠲᠦᠷᠦ ᠵᠢᠨ ᠤᠶᠤᠨ ᠤᠬᠠᠭᠠᠨ᠂ ᠡᠷᠡᠰ ᠪᠠᠳᠤ ᠵᠤᠷᠢᠭ ᠰᠠᠨᠠᠭᠠᠨ ᠤ ᠬᠡᠪ ᠪᠤᠯᠪᠠᠰᠤᠷᠠᠯ᠂ ᠪᠠᠳᠤ ᠴᠢᠨᠭᠭ᠎ᠠ ᠲᠡᠦᠭᠡ ᠵᠢᠨ ᠡᠬᠦᠷᠭᠡᠯᠡᠯ ᠢᠶᠡᠷ ᠨᠠᠮ ᠪᠤᠯᠤᠨ ᠤᠯᠤᠰ ᠤᠨ ᠦᠢᠯᠡᠰ ᠲᠦ ᠲᠡᠦᠭᠡᠳᠦ ᠴᠢᠨᠠᠷᠳᠠᠢ ᠬᠤᠪᠢᠰᠤᠯᠳᠠ ᠭᠠᠷᠬᠤ ᠵᠢ ᠠᠬᠢᠭᠤᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠨᠢ ᠰᠢᠨ᠎ᠠ ᠴᠠᠭ ᠦᠶ᠎ᠠ ᠳ᠋ᠦ ᠲᠠᠪᠰᠢᠨ ᠤᠷᠤᠵᠠᠢ᠃ ᠡᠨᠡᠬᠦ ᠠᠭᠤᠤ ᠶᠡᠭᠡ ᠦᠢᠯᠡᠳᠦᠯᠭᠡ ᠳᠤᠮᠳᠠ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠰᠢᠨ᠎ᠠ ᠴᠠᠭ ᠦᠶ᠎ᠠ ᠳ᠋ᠦ ᠶᠠᠮᠠᠷᠰᠢᠤ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠢ ᠭᠡᠷᠬᠢᠨ ᠪᠠᠷᠢᠮᠳᠠᠯᠠᠨ ᠬᠦᠭᠵᠢᠬᠦᠯᠬᠦ ᠭᠡᠳᠡᠭ ᠡᠨᠡᠬᠦ ᠴᠢᠬᠤᠯᠠ ᠶᠡᠭᠡ ᠴᠠᠭ ᠦᠶ᠎ᠠ ᠵᠢᠨ ᠰᠡᠳᠦᠪ ᠤᠨ ᠲᠤᠭᠤᠷᠢᠨ ᠳ᠋ᠦ ᠰᠢᠷᠭᠠᠭᠤ ᠬᠠᠳᠠᠭᠤᠵᠢᠯᠳᠠᠢ ᠤᠨᠤᠯ ᠤᠨ ᠰᠦᠪᠡᠭᠴᠢᠯᠡᠯᠳᠠ ᠬᠢᠵᠦ᠂ ᠰᠢ ᠵᠢᠨ ᠫᠢᠩ ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠵᠢ ᠴᠤᠬᠴᠠᠯᠠᠵᠠᠢ᠃ ᠡᠨᠡᠬᠦ ᠴᠢᠬᠤᠯᠠ ᠦᠵᠡᠯ ᠰᠠᠨᠠᠭ᠎ᠠ ᠪᠤᠯ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠰᠠᠨ ᠬᠠᠮᠤᠬ ᠤᠨ ᠰᠢᠨ᠎ᠠ ᠦᠷ᠎ᠠ ᠪᠦᠳᠦᠭᠡᠯ᠂ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠭᠡᠰᠡᠭ᠂ ᠮᠠᠨ ᠤ ᠨᠠᠮ ᠤᠨ ᠡᠷᠭᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠬᠤ ᠴᠢᠬᠤᠯᠠᠳᠠᠢ ᠵᠢᠯᠤᠭᠤᠳᠬᠤ ᠦᠵᠡᠯ ᠰᠠᠨᠠᠭ᠎ᠠ ᠮᠦᠨ᠂ ᠰᠢᠨ᠎ᠠ ᠲᠡᠦᠭᠡ ᠵᠢᠨ ᠭᠠᠷᠤᠭ᠎ᠠ ᠳᠡᠭᠡᠷ᠎ᠠ ᠠᠭᠤᠤ ᠶᠡᠭᠡ ᠲᠡᠮᠡᠴᠡᠯ ᠢ ᠬᠢᠬᠦ᠂ ᠠᠭᠤᠤ ᠶᠡᠭᠡ ᠢᠨᠵᠧᠨ᠋᠋ᠧᠷᠢᠩ ᠢ ᠪᠦᠳᠦᠭᠡᠨ ᠪᠠᠢᠢᠭᠤᠯᠬᠤ᠂ ᠠᠭᠤᠤ ᠶᠡᠭᠡ ᠦᠢᠯᠡᠰ ᠢ ᠠᠬᠢᠭᠤᠯᠬᠤ᠂ ᠠᠭᠤᠤ ᠶᠡᠭᠡ ᠵᠡᠬᠦᠳᠦ ᠵᠢ ᠳᠡᠷᠭᠡᠯᠰᠢᠬᠦᠯᠬᠦ ᠳ᠋ᠦ ᠴᠢᠬᠤᠯᠠ ᠶᠡᠭᠡ ᠠᠬᠤᠢᠢᠴᠢ ᠠᠴᠢ ᠬᠤᠯᠪᠤᠭᠳᠠᠯ ᠪᠠ ᠬᠦᠨ ᠬᠦᠨᠵᠡᠭᠡᠢ ᠲᠡᠦᠭᠡᠳᠦ ᠠᠴᠢ ᠬᠤᠯᠪᠤᠭᠳᠠᠯ ᠲᠠᠢ ᠶᠤᠮ ᠭᠡᠵᠦ ᠵᠢᠭᠠᠵᠦ ᠭᠠᠷᠭᠠᠵᠠᠢ᠃

    ᠢᠤᠢ ᠵᠧᠩ ᠱᠧᠩ᠂ ᠮᠠᠠ ᠤ ᠤᠯᠤᠰ ᠤᠨ ᠨᠡᠢᠢᠭᠡᠮ ᠵᠢᠷᠤᠮ ᠤᠨ ᠠᠷᠠᠳᠴᠢᠯᠠᠯ ᠪᠤᠯ ᠠᠷᠠᠳ ᠲᠦᠮᠡᠡ ᠤ ᠦᠨᠲᠦᠰᠦᠨ ᠠᠰᠢᠭ ᠲᠤᠰᠠ ᠢᠢ ᠬᠠᠮᠠᠭᠠᠯᠠᠬᠤ ᠬᠠᠮᠤᠭ ᠤᠨ ᠦᠷᠭᠡᠡ ᠲᠡᠯᠭᠡᠷ᠂ ᠬᠠᠮᠤᠭ ᠤᠨ ᠦᠨᠡᠡ ᠪᠤᠲᠠᠲᠠᠢ᠂ ᠬᠠᠮᠤᠭ ᠤᠨ ᠦᠢᠯᠡᠳᠦᠯ ᠲᠠᠢ ᠠᠷᠠᠳᠴᠢᠯᠠᠯ ᠪᠤᠯᠤᠨ᠎ᠠ᠃ ᠨᠡᠢᠢᠭᠡᠮ ᠵᠢᠷᠤᠮ ᠤᠨ ᠵᠦᠪᠯᠡᠬᠦ ᠠᠷᠠᠳᠴᠢᠯᠠᠯ ᠤᠨ ᠴᠢᠬᠤᠯᠠ ᠦᠢᠯᠡᠲᠦᠯ ᠢ ᠪᠠᠲᠠᠷᠠᠭᠤᠯᠤᠨ᠂ ᠵᠦᠪᠯᠡᠬᠦ ᠠᠷᠠᠳᠴᠢᠯᠠᠯ ᠢ ᠬᠠᠮᠤᠭ ᠤᠨ ᠦᠷᠭᠡᠡ ᠲᠡᠯᠭᠡᠷ᠂ ᠤᠯᠠᠠ ᠲᠠᠪᠬᠤᠷᠭ᠎ᠠ ᠳ᠋ᠤ ᠲᠦᠷᠢᠮᠵᠢᠭᠦᠯᠦᠨ ᠬᠦᠭᠵᠢᠭᠦᠯᠬᠦ ᠢᠢ ᠠᠬᠢᠭᠤᠯᠵᠦ᠂ ᠵᠦᠪᠯᠡᠬᠦ ᠠᠷᠠᠳᠴᠢᠯᠠᠯ ᠤᠨ ᠲᠦᠷᠢᠮ ᠤᠨ ᠪᠠᠢᠢᠭᠤᠯᠤᠯᠲᠠ ᠢᠢ ᠴᠢᠩᠭᠠᠳᠬᠠᠠ᠂ ᠠᠷᠠᠳ ᠲᠦᠮᠡᠡ ᠤ ᠡᠲᠦᠷ ᠲᠤᠲᠤᠮ ᠤᠨ ᠤᠯᠤᠰ ᠲᠦᠷᠦ ᠢᠢᠨ ᠠᠮᠢᠲᠤᠷᠠᠯ ᠲᠤᠮᠳᠠ ᠦᠷᠭᠡᠡ ᠢᠶᠡᠷ ᠦᠷᠬᠦᠯᠵᠢᠯᠡᠡ ᠬᠦᠨᠵᠡᠭᠡᠢ ᠤᠷᠤᠯᠴᠠᠬᠤ ᠡᠷᠭᠡ ᠢᠢ ᠪᠠᠲᠤᠯᠠᠬᠤ ᠭᠡᠷᠡᠭᠲᠡᠢ᠃ ᠶᠡᠬᠡ ᠪᠦᠯᠬᠦᠮᠲᠠᠯ ᠶᠡᠬᠡ ᠬᠤᠯᠪᠤᠭᠠᠯᠠᠯ ᠤᠨ ᠭᠤᠤᠯ ᠰᠡᠲᠦᠪ ᠢ ᠪᠠᠲᠤ ᠡᠵᠡᠮᠲᠡᠵᠦ᠂ ᠨᠢᠭᠡᠲᠦᠯᠲᠦ ᠴᠢᠨᠠᠷ ᠪᠤᠯᠤᠨ ᠤᠯᠠᠠ ᠶᠠᠩᠵᠤᠲᠦ ᠴᠢᠨᠠᠷ ᠤᠨ ᠨᠢᠭᠡᠲᠦᠯ ᠢ ᠪᠠᠷᠢᠮᠲᠠᠯᠠᠵᠦ᠂ ᠤᠯᠤᠰ ᠢᠶᠡᠨ ᠬᠠᠢᠢᠷᠠᠯᠠᠬᠤ ᠨᠢᠭᠡᠲᠦᠮᠡᠯ ᠹᠷᠤᠨᠲ ᠢ ᠪᠡᠬᠢᠵᠢᠭᠦᠯᠦᠨ ᠬᠦᠭᠵᠢᠭᠦᠯᠵᠦ᠂ ᠨᠢᠭᠡᠲᠦᠮᠡᠯ ᠹᠷᠤᠨᠲ ᠤᠨ ᠴᠢᠬᠤᠯᠠ ᠦᠢᠯᠡᠲᠦᠯ ᠢ ᠰᠠᠢᠢᠲᠤᠷ ᠪᠠᠲᠠᠷᠠᠭᠤᠯᠬᠤ ᠬᠡᠷᠡᠭᠲᠡᠢ᠃ ᠦᠨᠲᠦᠰᠦᠲᠡᠡ ᠤ ᠪᠦᠯᠬᠦᠮᠲᠠᠯ ᠢ ᠬᠠᠮᠠᠭᠠᠯᠠᠵᠦ᠂ ᠦᠨᠲᠦᠰᠦᠲᠡᠡ ᠨᠤᠬᠦᠳ ᠤᠨ ᠶᠠᠪᠤᠯᠴᠠᠭ᠎ᠠ ᠪᠠ ᠰᠤᠯᠢᠯᠴᠠᠭ᠎ᠠ ᠠᠭᠤᠰᠤᠯᠴᠠᠭ᠎ᠠ ᠢᠢ ᠠᠬᠢᠭᠤᠯᠵᠦ᠂ ᠦᠨᠲᠦᠰᠦᠲᠡᠡ ᠨᠤᠭᠦᠳ ᠢ ᠠᠨᠠᠷ ᠤᠨ ᠦᠷ᠎ᠠ ᠰᠢᠭ ᠨᠢᠭᠡ ᠲᠤᠤᠷ᠎ᠠ ᠨᠢᠬᠳᠠᠷᠠᠭᠤᠯᠤᠨ ᠪᠦᠯᠬᠦᠮᠲᠠᠬᠦᠯᠬᠦ ᠬᠡᠷᠡᠭᠲᠡᠢ᠃ ᠤᠯᠤᠰ ᠤᠨ ᠲᠤᠲᠤᠭᠠᠲᠤ ᠭᠠᠲᠠᠭᠠᠲᠤ ᠢᠢᠨ ᠲᠤᠮᠲᠠᠲᠤ ᠢᠢᠨ ᠬᠦᠪᠡᠭᠦᠳ ᠦᠬᠢᠳ ᠤᠨ ᠶᠡᠭᠡ ᠪᠦᠯᠬᠦᠮᠲᠠᠯ ᠢ ᠴᠢᠩᠭᠠᠳᠬᠠᠠ᠂ ᠲᠤᠮᠲᠠᠲᠤ ᠢᠢᠨ ᠦᠨᠲᠦᠰᠦᠲᠡᠡ ᠤ ᠠᠭᠤᠤ ᠶᠡᠬᠡ ᠰᠡᠷᠭᠦᠨ ᠮᠠᠠᠲᠤᠯᠲᠠ ᠢᠢᠨ ᠰᠠᠢᠢᠨ ᠰᠠᠢᠢᠬᠠᠠ ᠠᠯᠤᠰ ᠢᠷᠡᠭᠡᠲᠦᠢ ᠢᠢ ᠬᠠᠮᠲᠤ ᠪᠠᠷ ᠨᠡᠭᠡᠭᠡᠬᠦ ᠬᠡᠷᠡᠭᠲᠠᠢ ᠭᠡᠵᠦ ᠴᠢᠬᠤᠯᠠᠴᠢᠯᠠᠪᠠ᠃

    ᠢᠤᠢ ᠵᠧᠩ ᠱᠧᠩ᠂ ᠨᠠᠮ ᠦᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠰᠢ ᠵᠢᠨ ᠫᠢᠩ ᠦᠨ ᠰᠢᠨ᠎ᠠ ᠴᠠᠬ ᠦᠶ᠎ᠠ ᠢᠢᠨ ᠳᠤᠮᠳᠠᠳᠤ ᠤᠯᠤᠰ ᠦᠨ ᠤᠨᠴᠠᠯᠢᠬ ᠳᠠᠢ ᠨᠡᠢᠢᠬᠡᠮ ᠵᠢᠷᠤᠮ ᠦᠨ ᠦᠵᠡᠯ ᠰᠠᠨᠠᠭᠠᠨ ᠦ ᠵᠢᠯᠤᠭᠤᠳᠤᠯᠭ᠎ᠠ ᠲᠤᠤᠷ᠎ᠠ᠂ ᠨᠠᠮ ᠦᠨ ᠲᠦᠪ ᠬᠤᠷᠢᠶ᠎ᠠ ᠰᠢᠨᠵᠢᠶᠠᠩ ᠦᠨ ᠠᠵᠢᠯ ᠦᠨ ᠲᠤᠬᠠᠢ ᠠᠯᠢ ᠤᠯᠠᠨ ᠴᠢᠬᠤᠯᠠ ᠴᠢᠭᠯᠡᠯᠳᠠ ᠲᠦᠷᠤ ᠢᠢᠨ ᠪᠤᠳᠤᠯᠭ᠎ᠠ ᠢᠢ ᠲᠤᠷᠠᠳᠤᠨ ᠭᠠᠷᠭᠠᠵᠤ᠂ ᠨᠡᠢᠢᠬᠡᠮ ᠦᠨ ᠲᠤᠭᠳᠠᠭᠤᠨ ᠪᠠ ᠦᠨᠢ ᠤᠳᠠᠭᠠᠨ ᠦ ᠠᠮᠤᠷ ᠲᠦᠪᠰᠢᠨ ᠪᠤᠯ ᠰᠢᠨᠵᠢᠶᠠᠩ ᠦᠨ ᠠᠵᠢᠯ ᠦᠨ ᠶᠠᠷᠤᠩᠬᠡᠢ ᠬᠠᠷᠠᠯᠳᠠ ᠪᠤᠯᠬᠤ ᠢᠢ ᠳᠤᠳᠤᠷᠬᠠᠢᠢᠯᠠᠵᠤ᠂ ᠬᠦᠴᠦᠷᠭᠡᠭᠯᠡᠯ ᠦᠨ ᠰᠦᠷᠳᠡᠬᠦᠯᠬᠦ ᠠᠵᠢᠯᠯᠠᠭ᠎ᠠ ᠪᠤᠯᠤᠨ ᠱᠠᠰᠢᠨ ᠦ ᠬᠡᠳᠤᠷᠡᠮᠡᠬᠡᠢ ᠦᠵᠡᠯ ᠳᠤ ᠦᠷᠬᠦᠯᠵᠢᠯᠠᠨ ᠴᠢᠨᠭᠭ᠎ᠠ ᠴᠤᠬᠢᠯᠳᠠ ᠦᠭᠬᠦ ᠰᠦᠷ ᠬᠦᠴᠤᠳᠤ ᠪᠠᠢᠢᠳᠠᠯ ᠢ ᠪᠠᠳᠤᠯᠠᠵᠦ᠂ ᠰᠢᠨᠵᠢᠶᠠᠩ ᠦᠨ ᠠᠵᠤ ᠠᠬᠤᠢ ᠨᠡᠢᠢᠬᠡᠮ ᠦᠨ ᠬᠦᠭᠵᠢᠯᠳᠠ ᠪᠤᠯᠤᠨ ᠠᠷᠠᠳ ᠦᠨ ᠠᠮᠢᠳᠤᠷᠠᠯ ᠦᠨ ᠰᠠᠢᠢᠵᠢᠷᠠᠯᠳᠠ ᠢᠢ ᠠᠬᠢᠭᠤᠯᠵᠤ᠂ ᠬᠤᠤᠰ ᠬᠡᠯᠡᠨ ᠦ ᠰᠤᠷᠭᠠᠨ ᠬᠦᠮᠤᠵᠢᠯ ᠪᠤᠯᠤᠨ ᠠᠵᠢᠯ ᠮᠡᠷᠬᠡᠵᠢᠯ ᠦᠨ ᠰᠤᠷᠭᠠᠨ ᠬᠦᠮᠤᠵᠢᠯ ᠢ ᠰᠠᠢᠢᠳᠤᠷ ᠠᠳᠬᠤᠵᠤ᠂ ᠶᠠᠳᠠᠭᠤ ᠡᠴᠡ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠬᠢᠴᠠ ᠶᠢ ᠲᠦᠷᠬᠡᠳᠬᠡᠵᠤ᠂ ᠪᠢᠩᠲ᠋ᠤᠧᠠᠨ ᠦ ᠦᠬᠡᠷᠡᠴᠢᠯᠠᠯᠳᠠ ᠢᠢ ᠬᠦᠨᠵᠡᠬᠡᠢᠢᠷᠡᠬᠦᠯᠵᠤ᠂ ᠰᠢᠨᠵᠢᠶᠠᠩ ᠦᠨ ᠠᠵᠢᠯ ᠴᠢᠬᠤᠯᠠ ᠠᠬᠢᠴᠠ ᠳᠠᠢ ᠪᠤᠯᠪᠠ᠃ ᠰᠢᠨᠵᠢᠶᠠᠩ ᠦᠨ ᠤᠢᠢᠭᠤᠷ ᠦᠨ ᠦᠪᠡᠷᠳᠡᠬᠡᠨ ᠵᠠᠰᠠᠬᠤ ᠤᠷᠤᠨ ᠪᠤᠯᠤᠨ ᠰᠢᠨᠵᠢᠶᠠᠩ ᠦᠨ ᠤᠢᠢᠯᠡᠳᠪᠤᠷᠢᠯᠠᠯ ᠪᠦᠳᠤᠬᠡᠨ ᠪᠠᠢᠢᠭᠤᠯᠤᠯᠳᠠ ᠢᠢᠨ ᠪᠢᠩᠲ᠋ᠤᠧᠠᠨ ᠦ ᠬᠢᠨ ᠨᠠᠮ ᠦᠨ ᠠᠷᠪᠠ ᠶᠢᠰᠤᠳᠤᠭᠡᠷ ᠶᠡᠬᠡ ᠬᠤᠷᠠᠯ ᠦᠨ ᠵᠤᠷᠢᠬ ᠰᠠᠨᠠᠭ᠎ᠠ ᠢᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠦᠨ ᠲᠦᠪ ᠬᠤᠷᠢᠶᠠᠨ ᠦ ᠰᠢᠨᠵᠢᠶᠠᠩ ᠦᠨ ᠠᠵᠢᠯ ᠦᠨ ᠲᠤᠬᠠᠢ ᠶᠡᠬᠡ ᠪᠤᠳᠤᠯᠭ᠎ᠠ ᠴᠢᠭᠯᠡᠯᠳᠠ ᠢᠢ ᠬᠦᠨᠵᠡᠬᠡᠢ ᠲᠤᠤᠱᠯᠠᠭᠤᠯᠤᠨ ᠨᠠᠢᠢᠳᠠᠪᠤᠷᠢᠵᠢᠭᠤᠯᠵᠤ᠂ ᠰᠢᠨᠵᠢᠶᠠᠩ ᠦᠨ ᠡᠯ᠎ᠠ ᠲᠠᠯ᠎ᠠ ᠵᠢᠨ ᠤᠢᠢᠯᠡᠰ ᠲᠠᠰᠤᠷᠠᠯᠳᠠ ᠦᠬᠡᠢ ᠰᠢᠨ᠎ᠠ ᠠᠬᠢᠴᠠ ᠳᠠᠢ ᠪᠤᠯᠬᠤ ᠢᠢ ᠬᠦᠰᠡᠵᠤ ᠪᠠᠢᠢᠨ᠎ᠠ ᠬᠡᠵᠤ ᠵᠢᠭᠠᠵᠤ ᠭᠠᠷᠭᠠᠪᠠ᠃

    ᠠᠢᠢᠯᠢᠭ᠍ᠧᠠ•ᠢᠮᠢᠩᠪᠠᠬᠠᠢ ᠨᠦᠬᠦᠷ ᠰᠢᠨᠵᠢᠶᠠᠩ ᠦᠨ ᠶᠠᠷᠢᠯᠴᠠᠭ᠎ᠠ ᠳᠤ ᠤᠷᠤᠯᠴᠠᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121827608