蒙古文网站Logo
ᠰᠢᠨᠬᠤᠸᠠ ᠮᠤᠩᠭ᠋ᠤᠯ ᠨᠧᠲ

ᠪᠦᠬᠦ ᠴᠡᠷᠢᠭ᠌ ᠪᠤᠯᠤᠨ ᠵᠡᠪᠰᠡᠭᠳᠤ ᠴᠠᠭᠳᠠᠭ᠎ᠠ ᠶᠢᠨ ᠴᠡᠷᠢᠭ᠌ ᠠᠩᠬᠢ ᠶᠢᠨ ᠳᠠᠷᠤᠭ᠎ᠠ ᠪᠠᠶᠢᠯᠳᠤᠭᠴᠢᠳ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠠᠮᠵᠢᠯᠳᠠ ᠲᠠᠢ ᠡᠬᠢᠯᠡᠭᠰᠡᠨ ᠢ ᠪᠠᠶᠠᠷᠯᠠᠨ ᠪᠡᠯᠬᠡᠯᠡᠪᠡ

2017-10-19 21:03

    ᠋ᠰᠢᠨᠬᠤᠧᠠ ᠬᠤᠷᠢᠶ᠎ᠠ   ᠪᠡᠬᠡᠵᠢᠩ ᠤᠨ 10 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ   ᠳᠦᠭ ᠳᠦᠮᠡᠨ ᠬᠦᠮᠦᠰ ᠤᠨ ᠬᠦᠰᠡᠯ ᠡᠷᠡᠮᠡᠯᠵᠡᠯ ᠢ ᠳᠡᠬᠡᠬᠡᠵᠤ᠂ ᠤᠷᠢᠳᠤᠬᠢ ᠶᠢ ᠵᠠᠯᠭᠠᠮᠵᠢᠯᠠᠨ ᠬᠤᠶᠢᠳᠤᠬᠢ ᠳᠤ ᠵᠠᠮ ᠨᠡᠬᠡᠬᠡᠬᠦ ᠡᠬᠦᠷᠬᠡ ᠢ ᠮᠦᠷᠦᠯᠡᠭᠰᠡᠬᠡᠷ ᠨᠠᠮ ᠤᠨ ᠠᠷᠪᠠ ᠶᠢᠰᠦᠳᠦᠬᠡᠷ ᠶᠡᠬᠡ ᠬᠤᠷᠠᠯ 18 ᠤ ᠡᠳᠦᠷ ᠪᠡᠬᠡᠵᠢᠩ ᠳᠤ ᠦᠪᠡᠳᠡᠭᠰᠢ ᠶᠡᠬᠡᠪᠡᠷ ᠨᠡᠬᠡᠬᠡᠯᠳᠡ ᠪᠡᠨ ᠬᠢᠪᠡ᠃ ᠪᠦᠬᠦ ᠴᠡᠷᠢᠭ᠌ ᠪᠤᠯᠤᠨ ᠵᠡᠪᠰᠡᠭᠳᠤ ᠴᠠᠭᠳᠠᠭ᠎ᠠ ᠶᠢᠨ ᠴᠡᠷᠢᠭ᠌ ᠠᠩᠬᠢ ᠶᠢᠨ ᠦᠷᠬᠡᠨ ᠤᠯᠠᠨ ᠳᠠᠷᠤᠭ᠎ᠠ ᠪᠠᠶᠢᠯᠳᠤᠭᠴᠢᠳ ᠷᠠᠳᠢᠣ᠋᠂ ᠲᠧᠯᠧᠶ᠋ᠰ᠂ ᠢᠨᠲ᠋ᠧᠷᠨᠧᠲ ᠢᠶᠡᠷ ᠶᠡᠬᠡ ᠬᠤᠷᠠᠯ ᠢ ᠬᠦᠯᠢᠶᠡᠨ ᠠᠪᠴᠤ ᠦᠵᠡᠵᠡᠬᠡᠪᠡ᠃

    ᠳᠡᠳᠡᠨᠡᠷ᠂ ᠶᠡᠬᠡ ᠬᠤᠷᠠᠯ ᠤᠨ ᠮᠡᠳᠡᠬᠦᠯᠦᠯᠳᠡ ᠶᠢᠨ ᠦᠵᠡᠯ ᠰᠠᠨᠠᠭ᠎ᠠ ᠬᠦᠨ᠂ ᠤᠷᠬᠢᠯᠤᠮ᠎ᠠ ᠬᠦᠴᠦ ᠲᠠᠢ᠂ ᠬᠦᠮᠦᠰ ᠲᠤ ᠡᠷᠴᠢ ᠵᠤᠷᠢᠭ ᠦᠭᠴᠤ ᠤᠷᠮᠠᠰᠢᠭᠤᠯᠤᠨ ᠳᠠᠪᠰᠢᠭᠤᠯᠤᠨ᠎ᠠ᠃ ᠨᠠᠷᠢᠨ ᠬᠢᠨᠠᠮᠠᠭᠠᠢ ᠰᠤᠷᠤᠯᠴᠠᠵᠤ᠂ ᠬᠦᠨᠵᠡᠬᠡᠢ ᠤᠶᠢᠯᠠᠭᠠᠨ᠂ ᠦᠵᠡᠯ ᠰᠠᠨᠠᠭ᠎ᠠ ᠦᠢᠯᠡ ᠠᠵᠢᠯᠯᠠᠭ᠎ᠠ ᠪᠡᠨ ᠮᠡᠳᠡᠬᠦᠯᠦᠯᠳᠡ ᠶᠢᠨ ᠵᠤᠷᠢᠭ ᠰᠠᠨᠠᠭᠠᠨ ᠳᠡᠬᠡᠷ᠎ᠡ ᠦᠨᠡᠨᠬᠦ ᠨᠢᠬᠡᠳᠦᠯᠵᠢᠬᠦᠯᠵᠤ᠂ ᠨᠠᠮ ᠡᠴᠡ ᠠᠷᠠᠳ ᠤᠨ ᠴᠡᠷᠢᠭ᠌ ᠢ ᠭᠠᠷᠴᠠᠭ᠎ᠠ ᠦᠬᠡᠢ ᠤᠳᠤᠷᠢᠳᠬᠤ ᠶᠢ ᠪᠠᠷᠢᠮᠳᠠᠯᠠᠨ᠂ ᠰᠢᠨ᠎ᠡ ᠴᠠᠭ ᠡᠷᠢᠨ ᠳ᠋ᠡᠬᠢ ᠴᠡᠷᠢᠭ᠌ ᠢ ᠬᠦᠴᠦᠷᠬᠡᠭᠵᠢᠬᠦᠯᠬᠦ ᠦᠵᠡᠯ ᠰᠠᠨᠠᠭᠠᠨ ᠤ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ᠌ ᠠᠩᠬᠢ ᠶᠢᠨ ᠪᠦᠳᠦᠬᠡᠨ ᠪᠠᠶᠢᠭᠤᠯᠤᠯᠳᠠ ᠳᠤᠮᠳᠠᠬᠢ ᠨᠠᠮ ᠤᠨ ᠵᠢᠯᠤᠭᠤᠳᠬᠤ ᠪᠠᠶᠢᠷᠢ ᠰᠠᠭᠤᠷᠢ ᠶᠢ ᠪᠠᠳᠤᠳᠬᠠᠨ᠂ ᠳᠤᠮᠳᠠᠳᠤ ᠤᠯᠤᠰ ᠤᠨ ᠤᠨᠴᠠᠯᠢᠭ ᠲᠠᠢ ᠴᠡᠷᠢᠭ᠌ ᠢᠶᠡᠨ ᠬᠦᠴᠦᠷᠬᠡᠭᠵᠢᠬᠦᠯᠬᠦ ᠵᠠᠮ ᠳᠡᠬᠡᠷ᠎ᠡ ᠡᠷᠡᠯᠬᠡᠭᠯᠡᠨ ᠤᠷᠤᠭᠰᠢᠯᠠᠵᠤ᠂ 《ᠬᠤᠤᠰ ᠵᠠᠭᠤᠨ ᠵᠢᠯ》 ᠤᠨ ᠳᠡᠮᠡᠴᠡᠬᠦ ᠬᠠᠷᠠᠯᠳᠠ ᠶᠢ ᠪᠡᠶᠡᠯᠡᠬᠦᠯᠬᠦ ᠶᠢᠨ ᠳᠦᠯᠦᠬᠡ᠂ ᠳᠤᠮᠳᠠᠳᠤ ᠶᠢᠨ ᠦᠨᠳᠦᠰᠦᠳᠡᠨ ᠨᠤᠬᠦᠳ ᠤᠨ ᠠᠭᠤᠤ ᠶᠡᠬᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠮᠦᠷᠦᠬᠡᠳᠦᠯ ᠢ ᠪᠡᠶᠡᠯᠡᠬᠦᠯᠬᠦ ᠳᠤ ᠰᠢᠨ᠎ᠡ ᠤᠯᠠᠮ ᠶᠡᠬᠡ ᠬᠤᠪᠢ ᠨᠡᠮᠡᠷᠢ ᠦᠵᠡᠬᠦᠯᠦᠨ᠎ᠡ ᠬᠡᠵᠤ ᠢᠯᠡᠷᠬᠡᠶᠢᠯᠡᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121828103