ᠵᠠᠩ ᠭᠤᠤ ᠯᠢ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠱᠠᠨᠰᠢ ᠮᠤᠵᠢ ᠢᠢᠨ ᠲᠦᠯᠥᠬᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳ᠋ᠤ ᠤᠷᠤᠯᠴᠠᠬᠤ ᠳ᠋ᠠᠭᠠᠨ ᠰᠢ ᠵᠢᠨ ᠫᠢᠩ ᠤᠨ ᠰᠢᠨ᠎ᠠ ᠴᠠᠭ ᠦᠶ᠎ᠠ ᠢᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠢᠬᠡᠮ ᠵᠢᠷᠤᠮ ᠤᠨ ᠦᠵᠡᠯ ᠰᠠᠨᠠᠭ᠎ᠠ ᠢᠢ ᠬᠦᠨᠵᠡᠬᠡᠢ ᠰᠤᠷᠤᠯᠴᠠᠨ ᠲᠤᠤᠱᠯᠠᠭᠤᠯᠵᠥ ᠴᠢᠨᠡᠭᠡᠯᠢᠭ᠌ ᠨᠡᠢᠢᠬᠡᠮ ᠢ ᠪᠦᠬᠦ ᠲᠠᠯ᠎ᠠ ᠪᠡᠷ ᠪᠡᠶᠡᠯᠡᠬᠦᠯᠬᠦ ᠰᠢᠢᠳᠪᠤᠷᠢᠳᠤ ᠢᠯᠡᠯᠳᠡ ᠢᠢ ᠤᠯᠵᠥ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠡ ᠲᠡᠰᠢ ᠤᠷᠤᠬᠰᠢᠯᠠᠬᠤ ᠬᠡᠷᠡᠭᠳᠡᠢ ᠬᠡᠵᠤ ᠴᠢᠬᠤᠯᠠᠴᠢᠯᠠᠪᠠ 2017-10-20 09:54

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ   ᠵᠠᠩ ᠭᠤᠤ ᠯᠢ ᠨᠦᠬᠦᠷ 19 ᠤ ᠦᠳᠡ ᠢᠢᠨ ᠡᠮᠤᠨ᠎ᠠ ᠦᠪᠡᠷ ᠤᠨ ᠢᠶᠡᠨ ᠪᠠᠢᠢᠭ᠎ᠠ ᠨᠠᠮ ᠤᠨ ᠠᠷᠪᠠ ᠶᠢᠰ᠋ᠦᠳᠦᠭᠡᠷ ᠶᠡᠬᠡ ᠬᠤᠷᠠᠯ ᠤᠨ ᠱᠠᠨᠰ᠋ᠢ ᠮᠤᠵᠢ ᠢᠢᠨ ᠲᠦᠯᠥᠬᠡᠯᠡᠭᠴᠢᠳ ᠤᠨ ᠪᠦᠯᠬᠦᠮ ᠳ᠋ᠤ ᠬᠦᠷᠴᠦ᠂ ᠲᠦᠯᠥᠬᠡᠯᠡᠭᠴᠢᠳ ᠲᠠᠢ ᠬᠠᠮᠳᠤᠪᠡᠷ ᠨᠠᠮ ᠤᠨ ᠠᠷᠪᠠ ᠶᠢᠰ᠋ᠦᠳᠦᠭᠡᠷ ᠶᠡᠬᠡ ᠬᠤᠷᠠᠯ ᠤᠨ ᠢᠯᠡᠳᠬᠡᠯ ᠢ ᠶᠠᠷᠢᠯᠴᠠᠪᠠ᠃ ᠲᠡᠷᠡ᠂ ᠰᠢ ᠵᠢᠨ ᠫᠢᠩ ᠨᠦᠬᠦᠷ ᠦᠨ ᠬᠢᠭᠰᠡᠨ ᠢᠯᠡᠳᠬᠡᠯ ᠨᠢ ᠨᠠᠮ ᠪᠤᠯᠤᠨ ᠤᠯᠤᠰ ᠦᠨ ᠠᠵᠢᠯ ᠤᠢᠢᠯᠡᠰ ᠦᠨ ᠬᠦᠭᠵᠢᠯᠳᠠ ᠢᠢᠨ ᠪᠦᠬᠦ ᠲᠠᠯ᠎ᠠ ᠢᠢᠨ ᠦᠨᠳᠤᠷᠴᠠ ᠪᠤᠯᠤᠨ ᠠᠯᠤᠰ ᠬᠤᠯᠠ ᠢᠢᠨ ᠬᠠᠷᠠᠭᠠᠰ᠋ᠤ ᠡᠴᠡ ᠰᠢᠨ᠎ᠠ ᠴᠠᠬ ᠦᠶ᠎ᠠ ᠳᠤ ᠳᠤᠮᠳᠠᠳᠤ ᠤᠯᠤᠰ ᠦᠨ ᠤᠨᠴᠠᠯᠢᠬ ᠳᠠᠢ ᠨᠡᠢᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠴᠢᠬᠤᠯᠠ ᠤᠨᠤᠯ ᠦᠨ ᠠᠰ᠋ᠠᠭᠤᠳᠠᠯ ᠪᠤᠯᠤᠨ ᠤᠢᠢᠯᠡᠳᠤᠯᠬᠡ ᠢᠢᠨ ᠠᠰ᠋ᠠᠭᠤᠳᠠᠯ ᠤᠳ ᠢ ᠬᠠᠷᠢᠭᠤᠯᠵᠤ᠂ ᠢᠷᠡᠬᠡᠳᠤᠢ ᠢᠢᠨ ᠨᠢᠬᠡᠨ ᠬᠤᠭᠤᠴᠠᠭᠠᠨ ᠦ ᠨᠠᠮ ᠪᠤᠯᠤᠨ ᠤᠯᠤᠰ ᠦᠨ ᠠᠵᠢᠯ ᠦᠨ ᠶᠡᠬᠡ ᠪᠤᠳᠤᠯᠭ᠎ᠠ ᠴᠢᠭᠯᠡᠯᠳᠠ ᠪᠠ ᠪᠠᠢᠢᠯᠳᠤᠬᠤ ᠪᠤᠳᠤᠯᠭ᠎ᠠ ᠢᠢᠨ ᠪᠠᠢᠢᠷᠢᠯᠠᠭᠤᠯᠤᠯᠳᠠ ᠢᠢ ᠳᠤᠳᠤᠷᠬᠠᠢᠢᠯᠠᠪᠠ᠃ ᠢᠯᠡᠳᠬᠡᠯ ᠨᠢ ᠦᠨᠳᠦᠷ ᠲᠡᠭᠡᠷ᠎ᠠ ᠵᠤᠬᠰ᠋ᠤᠨ ᠠᠯᠤᠰ ᠢ ᠪᠠᠷᠠᠯᠠᠵᠤ᠂ ᠨᠡᠬᠡᠬᠡᠯᠳᠠ ᠳᠠᠢ ᠪᠡᠷ ᠰᠢᠨ᠎ᠠ ᠶᠢ ᠡᠬᠦᠳᠴᠤ᠂ ᠡᠯᠪᠡᠭ᠌ ᠪᠠᠶᠠᠯᠢᠬ ᠠᠭᠤᠯᠤᠬᠳᠠᠬᠤᠨ ᠳᠠᠢ᠂ ᠦᠷᠬᠡᠨ ᠲᠡᠯᠬᠡᠷ ᠬᠦᠨ ᠬᠦᠨᠵᠡᠬᠡᠢ ᠪᠠᠢᠢᠵᠤ᠂ ᠮᠠᠷᠺᠰ ᠦᠨ ᠦᠵᠡᠯ ᠦᠨ ᠦᠨᠡᠨ ᠶᠤᠰ᠋ᠤᠨ ᠦ ᠬᠡᠷᠡᠯ ᠬᠢᠯᠪᠠᠭ᠎ᠠ ᠰᠠᠴᠤᠷᠠᠬᠰ᠋ᠠᠨ ᠬᠦᠳᠤᠯᠪᠤᠷᠢ ᠢᠢᠨ ᠴᠢᠨᠠᠷᠳᠠᠢ ᠲᠤᠯᠭᠤᠷ ᠪᠢᠴᠢᠭ᠌ ᠪᠤᠯᠤᠨ᠎ᠠ᠂ ᠮᠠᠨ ᠦ ᠨᠠᠮ ᠦᠨ ᠰᠢᠨ᠎ᠠ ᠴᠠᠬ ᠦᠶ᠎ᠠ ᠲᠡᠰ᠋ᠢ ᠤᠷᠤᠬᠰ᠋ᠢᠯᠠᠬᠤ᠂ ᠰᠢᠨ᠎ᠠ ᠠᠶᠠᠨ ᠵᠠᠮ ᠳᠤ ᠮᠤᠷᠳᠠᠬᠤ᠂ ᠰᠢᠨ᠎ᠠ ᠬᠠᠭᠤᠳᠠᠰ᠋ᠤ ᠢᠢ ᠪᠢᠴᠢᠭᠯᠡᠬᠦ ᠤᠯᠤᠰ ᠲᠦᠷᠤ ᠢᠢᠨ ᠲᠤᠩᠬᠠᠬ ᠪᠤᠯᠤᠨ ᠠᠵᠢᠯᠯᠠᠭ᠎ᠠ ᠢᠢᠨ ᠵᠦᠭᠯᠡᠬᠦᠷ ᠪᠤᠯᠤᠨ᠎ᠠ᠃ ᠪᠢᠳᠠ ᠨᠠᠷᠢᠨ ᠬᠢᠨᠠᠮᠠᠭᠠᠢ ᠰᠤᠷᠤᠯᠴᠠᠨ ᠤᠢᠢᠯᠠᠭᠠᠵᠤ᠂ ᠲᠤᠤᠱᠯᠠᠭᠤᠯᠤᠨ ᠨᠠᠢᠢᠳᠠᠪᠤᠷᠢᠵᠢᠭᠤᠯᠬᠤ ᠢᠢ ᠰᠠᠢᠢᠳᠤᠷ ᠠᠳᠬᠤᠵᠤ᠂ ᠰᠢᠨ᠎ᠠ ᠴᠠᠬ ᠦᠶ᠎ᠠ ᠢᠢᠨ ᠳᠤᠮᠳᠠᠳᠤ ᠤᠯᠤᠰ ᠦᠨ ᠤᠨᠴᠠᠯᠢᠬ ᠳᠠᠢ ᠨᠡᠢᠢᠬᠡᠮ ᠵᠢᠷᠤᠮ ᠦᠨ ᠠᠭᠤᠤ ᠶᠡᠬᠡ ᠤᠢᠢᠯᠡᠰ ᠢ ᠲᠠᠰ᠋ᠤᠷᠠᠯᠳᠠ ᠦᠬᠡᠢ ᠤᠷᠤᠬᠰ᠋ᠢ ᠠᠬᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃

    ᠱᠠᠠᠰ᠋ᠢ ᠮᠤᠵᠢ ᠢᠢᠨ ᠲᠦᠯᠦᠭᠡᠯᠡᠭᠴᠢᠳ ᠤᠨ ᠪᠦᠯᠬᠦᠮ ᠤᠨ ᠲᠦᠯᠦᠭᠡᠯᠡᠭᠴᠢᠳ ᠢᠲᠡᠪᠬᠢᠲᠠᠢ ᠶᠠᠷᠢᠵᠦ᠂ ᠬᠤᠷᠠᠯ ᠤᠨ ᠲᠡᠯᠡᠪᠡᠢ ᠢᠢᠨ ᠠᠭᠤᠷ ᠠᠮᠢᠰ᠋ᠬᠤᠯ ᠲᠤᠩ ᠬᠦᠭᠵᠢᠶᠠᠠ ᠲᠠᠢ ᠪᠠᠢᠢᠯ᠎ᠠ᠃ ᠲᠦᠯᠦᠭᠡᠯᠡᠭᠴᠢᠳ ᠤᠨ ᠶᠠᠷᠢᠭᠰ᠋ᠠᠠ ᠢ ᠨᠠᠷᠢᠨ ᠬᠢᠨᠠᠮᠠᠭᠠᠢ ᠰᠤᠨᠤᠰ᠋ᠤᠭᠰ᠋ᠠᠠ ᠤ ᠲᠠᠷᠠᠭ᠎ᠠ ᠵᠠᠩ ᠭᠤᠤ ᠯᠢ᠂ ᠨᠠᠮ ᠤᠨ ᠠᠷᠪᠠᠠ ᠨᠠᠶ᠋ᠮᠠᠲᠤᠭᠠᠷ ᠶᠡᠬᠡ ᠬᠤᠷᠠᠯ ᠡᠴᠡ ᠨᠠᠰ᠋ᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰ᠋ᠠᠠ ᠨᠠᠮ ᠤᠨ ᠲᠦᠪ ᠬᠤᠷᠢᠶ᠎ᠠ ᠤᠳᠤᠬᠠᠨ ᠤ ᠲᠡᠯᠡᠭᠡᠢ ᠶᠢᠷᠲᠢᠨᠴᠤ ᠪᠠ ᠤᠲᠤ ᠦᠶ᠎ᠠ ᠢᠢᠨ ᠲᠤᠮᠲᠠᠲᠤ ᠤᠯᠤᠰ ᠤᠨ ᠬᠦᠭᠵᠢᠯᠲᠠ ᠢᠢᠨ ᠶᠡᠬᠡ ᠪᠠᠢᠢᠲᠠᠯ ᠢ ᠰᠢᠨᠵᠢᠯᠡᠬᠦ ᠤᠬᠠᠭᠠᠠᠴᠢ ᠪᠠᠷ ᠡᠵᠡᠮᠲᠡᠵᠦ᠂ ᠠᠯᠢ ᠤᠯᠠᠠ ᠰᠢᠨ᠎ᠠ ᠤᠢᠢᠯᠠᠭᠠᠭᠲᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠲᠤᠬᠤ ᠪᠤᠲᠤᠯᠭ᠎ᠠ ᠢᠢ ᠲᠤᠷᠠᠳᠴᠤ᠂ ᠠᠯᠢ ᠤᠯᠠᠠ ᠴᠢᠬᠤᠯᠠ ᠶᠡᠬᠡ ᠴᠢᠭᠯᠡᠯᠲᠡ ᠲᠦᠷᠦ ᠢᠢᠨ ᠪᠤᠲᠤᠯᠭ᠎ᠠ ᠲᠤᠭᠲᠠᠭᠠᠵᠦ᠂ ᠠᠯᠢ ᠤᠯᠠᠠ ᠴᠢᠬᠤᠯᠠ ᠶᠡᠬᠡ ᠠᠷᠭ᠎ᠠ ᠬᠡᠮᠵᠢᠶ᠎ᠠ ᠢᠢ ᠭᠡᠷᠡᠭᠵᠢᠭᠦᠯᠵᠤ᠂ ᠠᠯᠢ ᠤᠯᠠᠠ ᠴᠢᠬᠤᠯᠡ ᠶᠡᠬᠡ ᠠᠵᠢᠯ ᠢ ᠠᠬᠢᠭᠤᠯᠵᠦ᠂ ᠨᠠᠮ ᠪᠠ ᠤᠯᠤᠰ ᠤᠨ ᠠᠵᠢᠯ ᠦᠢᠯᠡᠰ ᠲᠡᠤᠭᠡᠲᠦ ᠴᠢᠨᠠᠷᠲᠠᠢ ᠠᠮᠵᠢᠯᠲᠠ ᠤᠯᠬᠤ᠂ ᠲᠡᠤᠭᠡᠲᠦ ᠴᠢᠨᠠᠷᠲᠠᠢ ᠬᠤᠪᠢᠷᠠᠯᠲᠠ ᠭᠠᠷᠬᠤ ᠢᠢ ᠠᠬᠢᠭᠤᠯᠵᠠᠢ᠃ ᠡᠲᠡᠭᠡᠷ ᠠᠮᠵᠢᠯᠲᠠ ᠢᠢ ᠤᠯᠤᠭᠰ᠋ᠠᠠ ᠤ ᠦᠨᠲᠦᠰ᠋ᠦᠠ ᠰᠢᠯᠲᠠᠭᠠᠠ ᠭᠡᠪᠡᠯ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰ᠋ᠠᠠ ᠨᠠᠮ ᠤᠨ ᠲᠦᠪ ᠬᠤᠷᠢᠶᠠᠠ ᠤ ᠡᠷᠡᠰ ᠴᠢᠩᠭ᠎ᠠ ᠤᠲᠤᠷᠢᠲᠤᠯᠭ᠎ᠠ ᠳᠤ ᠪᠠᠢᠢᠵᠤ᠂ ᠲᠤᠮᠲᠠᠲᠤ ᠤᠯᠤᠰ ᠤᠨ ᠤᠴᠠᠯᠢᠭ ᠲᠠᠢ ᠨᠡᠢᠢᠭᠡᠮ ᠵᠢᠷᠤᠮ ᠤᠨ ᠠᠳᠠᠯᠢᠳᠬᠠᠰ᠋ᠢ ᠦᠭᠡᠢ ᠲᠠᠪᠠᠭᠤᠯᠢᠭ ᠴᠢᠨᠠᠷ ᠪᠤᠯᠤᠨ ᠬᠦᠴᠦᠷᠭᠡᠭ ᠶᠡᠬᠡ ᠠᠮᠢᠵᠢᠷᠠᠯ ᠤᠨ ᠬᠦᠴᠤᠨ ᠢ ᠬᠠᠷᠠᠭᠤᠯᠵᠠᠢ ᠭᠡᠵᠦ ᠬᠡᠯᠡᠪᠡ᠃

    ᠵᠠᠩ ᠭᠤᠤ ᠯᠢ ᠬᠡᠯᠡᠬᠦ ᠳ᠋ᠡᠬᠡᠨ᠂ ᠰᠢ ᠵᠢᠨ ᠫᠢᠩ ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ 《ᠭᠤᠷᠪᠠ ᠵᠢ ᠲᠦᠯᠦᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠠ ᠵᠢᠨ ᠦᠵᠡᠯᠳᠡ ᠵᠢᠨ ᠵᠠᠯᠭᠠᠮᠵᠢᠯᠠᠯ ᠪᠠ ᠬᠦᠭᠵᠢᠭᠦᠯᠦᠯ ᠮᠦᠨ᠂ ᠮᠠᠷᠺᠰ ᠤᠨ ᠦᠵᠡᠯ ᠢ ᠳᠤᠮᠳᠠᠳᠤ ᠤᠯᠤᠰ᠋ᠴᠢᠯᠠᠭᠰ᠋ᠠᠨ ᠬᠠᠮᠤᠭ ᠤᠨ ᠰᠢᠨ᠎ᠠ ᠦᠷ᠎ᠠ ᠪᠦᠲᠦᠭᠡᠯ ᠮᠦᠨ᠂ ᠨᠠᠮ ᠪᠤᠯᠤᠨ ᠠᠷᠠᠳ ᠲᠦᠮᠡᠨ ᠤ ᠦᠢᠯᠡᠳᠦᠯᠭᠡ ᠲᠤᠷᠰ᠋ᠢᠯᠭ᠎ᠠ ᠪᠤᠯᠤᠨ ᠬᠠᠮᠳᠤ ᠵᠢᠨ ᠤᠶᠤᠨ ᠤᠬᠠᠭᠠᠨ ᠤ ᠤᠬᠢ ᠲᠠᠯᠠᠰ᠋ᠳᠤ ᠮᠦᠨ᠂ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠤᠨᠤᠯ ᠤᠨ ᠰᠢᠰ᠋ᠲ᠋ᠧᠮ ᠤᠨ ᠴᠢᠬᠤᠯᠠ ᠪᠦᠷᠢᠯᠳᠦᠭᠦᠨ ᠬᠡᠰ᠋ᠡᠭ ᠮᠦᠨ᠂ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠳᠤᠮᠳᠠᠳᠤ ᠵᠢᠨ ᠦᠨᠳᠦᠰ᠋ᠦᠳᠡᠨ ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠦᠯᠦᠭᠡ ᠲᠡᠮᠡᠴᠡᠬᠦ ᠵᠢᠨ ᠠᠵᠢᠯᠯᠠᠭᠠᠨ ᠤ ᠵᠦᠭᠯᠡᠭᠦᠷ ᠮᠦᠨ᠃ ᠪᠢᠳᠡ ᠤᠯᠤᠰ ᠲᠦᠷᠦ ᠵᠢᠨ ᠤᠬᠠᠮᠰ᠋ᠠᠷ᠂ ᠶᠡᠬᠡ ᠲᠠᠯ᠎ᠠ ᠵᠢᠨ ᠤᠬᠠᠮᠰ᠋ᠠᠷ᠂ ᠭᠤᠤᠯᠯᠠᠬᠤ ᠤᠬᠠᠮᠰ᠋ᠠᠷ᠂ ᠨᠢᠭᠡᠳᠦᠯᠲᠠᠢ ᠪᠠᠢᠢᠬᠤ ᠤᠬᠠᠮᠰ᠋ᠠᠷ ᠢ ᠪᠠᠲᠦ ᠪᠡᠬᠢ ᠪᠤᠢ ᠪᠤᠯᠭᠠᠵᠤ᠂ ᠰᠢ ᠵᠢᠨ ᠫᠢᠩ ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠵᠢ ᠡᠷᠡᠰ ᠪᠠᠳᠤ ᠪᠡᠷ ᠰᠠᠢᠢᠲᠤᠷ ᠰᠤᠷᠤᠯᠴᠠᠵᠤ ᠰᠠᠢᠢᠲᠤᠷ ᠡᠵᠡᠮᠰ᠋ᠢᠵᠤ ᠰᠠᠢᠢᠲᠤᠷ ᠲᠤᠤᠱᠯᠠᠭᠤᠯᠵᠤ᠂ ᠨᠠᠮ ᠤᠨ ᠰᠢᠨ᠎ᠠ ᠵᠢ ᠡᠭᠦᠳᠬᠦ ᠤᠨᠤᠯ ᠢᠶᠡᠷ ᠲᠠᠷᠢᠬᠢ ᠲᠤᠯᠤᠭᠠᠢ ᠪᠠᠨ ᠵᠡᠪᠰ᠋ᠡᠭᠯᠡᠵᠤ᠂ ᠦᠢᠯᠡᠳᠦᠯᠭᠡ ᠪᠠᠨ ᠵᠢᠯᠤᠭᠤᠳᠤᠭᠤᠯᠵᠤ᠂《ᠲᠠᠪᠤ ᠵᠢ ᠨᠢᠭᠡ ᠴᠤᠭᠴᠠᠵᠢᠭᠤᠯᠬᠤ》ᠶᠡᠷᠦᠩᠬᠡᠢ ᠪᠠᠢᠢᠷᠢᠰ᠋ᠢᠭᠤᠯᠤᠯᠳᠠ ᠵᠢ ᠨᠡᠩ ᠰᠠᠢᠢᠳᠤᠷ ᠨᠢᠭᠡᠳᠦᠯᠲᠠᠢ ᠲᠦᠯᠦᠪᠵᠢᠭᠦᠯᠦᠨ ᠠᠬᠢᠭᠤᠯᠵᠤ᠂《ᠳᠦᠷᠪᠡᠨ ᠪᠦᠬᠦ ᠲᠠᠯ᠎ᠠ》 ᠶᠢᠨ ᠪᠠᠢᠢᠯᠳᠤᠬᠤ ᠪᠤᠳᠤᠯᠭ᠎ᠠ ᠵᠢᠨ ᠪᠠᠢᠢᠷᠢᠰ᠋ᠢᠭᠤᠯᠤᠯᠲᠠ ᠵᠢ ᠵᠤᠬᠢᠴᠠᠭᠤᠯᠤᠨ ᠠᠬᠢᠭᠤᠯᠵᠤ᠂ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠠᠭᠤᠤ ᠶᠡᠬᠡ ᠦᠢᠯᠡᠰ ᠤᠨ ᠰᠢᠨ᠎ᠠ ᠪᠠᠢᠢᠳᠠᠯ ᠢ ᠨᠡᠬᠡᠬᠡᠬᠦ ᠬᠡᠷᠡᠭᠲᠠᠢ ᠭᠡᠵᠡᠢ᠃

    ᠵᠠᠩ ᠭᠤᠤ ᠯᠢ᠂ ᠰᠢᠨ᠎ᠠ ᠵᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡᠳᠦ᠂ ᠬᠠᠮᠳᠤᠪᠡᠷ ᠡᠳ᠋ᠯᠡᠬᠦ ᠬᠦᠭᠵᠢᠯᠳᠠ ᠵᠢᠨ ᠤᠢᠢᠯᠠᠭᠠᠭᠳᠠᠬᠤᠨ ᠢ ᠪᠠᠷᠢᠮᠳᠠᠯᠠᠵᠦ᠂ ᠲᠤᠭᠳᠠᠭᠤᠨ ᠤ ᠳᠤᠮᠳᠠ ᠤᠷᠤᠬᠰ᠋ᠢᠯᠠᠨ ᠳᠠᠪᠰ᠋ᠢᠬᠤ ᠠᠵᠢᠯ ᠤᠨ ᠶᠡᠷᠦᠩᠭᠡᠢ ᠬᠦᠭ᠌ ᠠᠶᠠᠰ ᠢ ᠪᠠᠷᠢᠮᠳᠠᠯᠠᠵᠦ᠂ ᠬᠠᠩᠭᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠭᠡᠷᠡᠴᠢᠯᠡᠯᠳᠠ ᠵᠢ ᠬᠦᠨᠵᠡᠭᠡᠢᠢᠷᠡᠬᠦᠯᠵᠦ᠂ ᠭᠤᠤᠯᠳᠠᠯᠭ᠎ᠠ ᠵᠢ ᠠᠳᠬᠤᠵᠦ᠂ ᠳᠤᠳᠠᠭᠤᠳᠠᠯ ᠢ ᠨᠦᠬᠦᠪᠦᠷᠢᠯᠡᠨ᠂ ᠪᠠᠭᠤᠷᠠᠢ ᠵᠦᠢᠯ ᠢ ᠴᠢᠩᠭᠠᠳᠬᠠᠵᠦ᠂ ᠢᠯᠠᠩᠭᠤᠶ᠎ᠠ ᠴᠢᠬᠤᠯᠠ ᠶᠡᠭᠡ ᠠᠶᠤᠯ ᠲᠦᠭᠰ᠋ᠢᠬᠦᠷᠢ ᠵᠢ ᠰᠡᠷᠭᠡᠢᠢᠯᠡᠨ ᠨᠠᠮᠳᠠᠭᠤᠯᠬᠤ᠂ ᠤᠨᠢᠨ ᠳᠡᠭᠡᠷ᠎ᠠ ᠨᠢ ᠶᠠᠳᠠᠭᠤ ᠡᠴᠡ ᠠᠩᠬᠢᠵᠢᠷᠠᠭᠤᠯᠬᠤ᠂ ᠪᠤᠬᠢᠷᠳᠤᠯ ᠢ ᠰᠡᠷᠭᠡᠢᠢᠯᠡᠨ ᠵᠠᠰ᠋ᠠᠬᠤ ᠵᠢᠨ ᠪᠤᠭᠤᠮᠳᠠ ᠰᠢᠪᠳᠤᠯᠬᠤ ᠲᠠᠢᠢᠯᠠᠯᠳᠤᠭᠠᠨ ᠢ ᠵᠠᠪᠠᠯ ᠰᠠᠢᠢᠨ ᠬᠢᠵᠤ᠂ 2020 ᠤᠨ ᠪᠤᠯᠬᠤ ᠳ᠋ᠦ ᠴᠢᠨᠡᠭᠡᠯᠢᠭ᠌ ᠨᠡᠢᠢᠭᠡᠮ ᠢ ᠪᠦᠬᠦ ᠲᠠᠯ᠎ᠠ ᠪᠡᠷ ᠪᠡᠶᠡᠯᠡᠬᠦᠯᠬᠦ ᠵᠢ ᠪᠠᠳᠤᠯᠠᠬᠤ ᠭᠡᠷᠡᠭᠲᠡᠢ᠃ ᠨᠠᠮ ᠤᠨ ᠦᠨᠳᠦᠰ᠋ᠦᠨ ᠤᠨᠤᠯ᠂ ᠦᠨᠳᠦᠰ᠋ᠦᠨ ᠱᠤᠭᠤᠮ᠂ ᠦᠨᠳᠦᠰ᠋ᠦᠨ ᠠᠷᠭ᠎ᠠ ᠪᠤᠳᠤᠯᠭ᠎ᠠ ᠵᠢ ᠪᠦᠬᠦ ᠲᠠᠯ᠎ᠠ ᠪᠡᠷ ᠲᠤᠤᠱᠯᠠᠭᠤᠯᠵᠦ᠂ ᠮᠠᠨ ᠤ ᠤᠯᠤᠰ ᠤᠨ ᠨᠡᠢᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠵᠢ ᠪᠠᠳᠤ ᠡᠵᠡᠮᠳᠡᠵᠦ᠂ ᠬᠦᠭᠵᠢᠯᠳᠠ ᠭᠡᠰ᠋ᠡᠨ ᠡᠨᠡᠬᠦ ᠨᠠᠮ ᠤᠨ ᠲᠦᠷᠦ ᠪᠠᠷᠢᠵᠦ ᠤᠯᠤᠰ ᠢ ᠮᠠᠨᠳᠤᠭᠤᠯᠬᠤ ᠲᠡᠷᠢᠬᠦᠨ ᠴᠢᠬᠤᠯᠠ ᠡᠬᠦᠷᠭᠡ ᠵᠢ ᠰᠠᠢᠢᠳᠤᠷ ᠠᠳᠬᠤᠵᠦ᠂ ᠠᠷᠠᠳ ᠲᠦᠮᠡᠨ ᠢᠶᠡᠷ ᠭᠤᠤᠯ ᠪᠤᠯᠭᠠᠭᠰ᠋ᠠᠨ ᠬᠦᠭᠵᠢᠯᠳᠠ ᠵᠢᠨ ᠦᠵᠡᠯ ᠰᠠᠨᠠᠭ᠎ᠠ ᠵᠢ ᠪᠠᠷᠢᠮᠳᠠᠯᠠᠵᠦ᠂ ᠨᠡᠢᠢᠭᠡᠮ ᠵᠢᠷᠤᠮ ᠤᠨ ᠤᠳᠤᠬᠢᠴᠢᠯᠠᠭᠰ᠋ᠠᠨ ᠤᠯᠤᠰ ᠢ ᠪᠦᠬᠦ ᠲᠠᠯ᠎ᠠ ᠪᠡᠷ ᠪᠠᠢᠢᠭᠤᠯᠬᠤ ᠰᠢᠨ᠎ᠠ ᠠᠶᠠᠨ ᠢ ᠡᠬᠢᠯᠡᠬᠦᠯᠵᠦ᠂ 2035 ᠤᠨ ᠪᠤᠯᠬᠤ ᠳ᠋ᠦ ᠨᠡᠢᠢᠭᠡᠮ ᠵᠢᠷᠤᠮ ᠤᠨ ᠤᠳᠤᠬᠢᠴᠢᠯᠠᠯᠳᠠ ᠵᠢ ᠦᠨᠳᠦᠰ᠋ᠦᠨ ᠳ᠋ᠡᠭᠡᠨ ᠪᠠᠶᠡᠯᠡᠬᠦᠯᠵᠦ᠂ ᠲᠤᠰ ᠵᠠᠭᠤᠨ ᠤ ᠳᠤᠮᠳᠠᠴᠢ ᠪᠤᠯᠬᠤ ᠳ᠋ᠦ ᠮᠠᠨ ᠤ ᠤᠯᠤᠰ ᠢ ᠪᠠᠶᠠᠨ ᠬᠦᠴᠦᠷᠭᠡᠭ ᠠᠷᠠᠳᠴᠢᠯᠠᠯ ᠲᠠᠢ ᠪᠤᠯᠪᠠᠰ᠋ᠤᠨ ᠡᠶ᠎ᠠ ᠵᠤᠬᠢᠴᠠᠩᠭᠤᠢ ᠦᠵᠡᠰ᠋ᠬᠦᠯᠡᠩᠳᠦ ᠰᠠᠢᠢᠬᠠᠨ ᠨᠡᠢᠢᠭᠡᠮ ᠵᠢᠷᠤᠮ ᠤᠨ ᠤᠳᠤᠬᠢᠴᠢᠯᠠᠬᠰ᠋ᠠᠨ ᠬᠦᠴᠦᠷᠭᠡᠭ ᠤᠯᠤᠰ ᠪᠤᠯᠭᠠᠨ ᠪᠦᠳᠦᠭᠡᠨ ᠪᠠᠢᠢᠭᠤᠯᠬᠤ ᠵᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121829094