ᠯᠢ ᠺᠧ ᠴᠢᠶᠠᠩ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠭᠤᠧᠠᠩᠰᠢ ᠶᠢᠨ ᠵᠤᠧᠠᠩ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳ᠋ᠤ ᠤᠷᠤᠯᠴᠠᠬᠤ ᠳ᠋ᠠᠭᠠᠨ ᠪᠦᠯᠬᠦᠮᠳᠡᠨ ᠲᠡᠮᠡᠴᠡᠵᠥ ᠦᠨᠡᠨ ᠬᠦ ᠠᠳᠬᠤᠨ ᠪᠤᠳᠠᠳᠠᠢ ᠠᠵᠢᠯᠯᠠᠵᠥ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠬᠤ ᠬᠡᠷᠡᠭᠳᠡᠢ ᠬᠡᠵᠡᠢ 2017-10-20 10:49

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 19 ᠤ ᠡᠲᠦᠷ ᠤᠨ ᠴᠠᠬᠢᠯᠭᠠᠨ ᠮᠡᠲᠡᠭᠡ   10 ᠰᠠᠷ᠎ᠠ ᠶᠢᠨ 19 ᠤ ᠡᠲᠦᠷ ᠤᠨ ᠦᠳᠡ ᠡᠴᠡ ᠡᠮᠤᠨ᠎ᠡ᠂ ᠯᠢ ᠺᠧ ᠴᠢᠶᠠᠩ ᠨᠦᠬᠦᠷ ᠦᠪᠡᠷ ᠤᠨ ᠢᠶᠡᠨ ᠪᠠᠶᠢᠭ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠭᠤᠸᠠᠩᠰᠢ ᠶᠢᠨ ᠵᠤᠸᠠᠩ ᠦᠨᠳᠦᠰᠦᠳᠡᠨ ᠤ ᠦᠪᠡᠷᠳᠡᠭᠡᠨ ᠵᠠᠰᠠᠬᠤ ᠤᠷᠤᠨ ᠤ ᠲᠦᠯᠥᠬᠡᠯᠡᠭᠴᠢᠳ ᠤᠨ ᠪᠦᠯᠬᠦᠮ ᠳᠤ ᠢᠷᠡᠵᠥ᠂ ᠲᠡᠳᠡᠨ ᠤ ᠶᠠᠷᠢᠯᠴᠠᠭ᠎ᠠ ᠳᠤ ᠤᠷᠤᠯᠴᠠᠪᠠ᠃ ᠲᠡᠷᠡ᠂ ᠰᠢ ᠶᠢᠨ ᠫᠢᠩ ᠨᠦᠬᠦᠷ ᠤᠨ ᠨᠠᠮ ᠤᠨ ᠠᠷᠪᠠᠨ  ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠡᠮᠤᠨ᠎ᠡ ᠠᠴᠠ ᠬᠢᠭ᠍ᠰᠡᠨ ᠢᠯᠡᠳᠬᠡᠯ ᠨᠢ ᠦᠩᠬᠡᠷᠡᠭᠰᠡᠡ 5 ᠵᠢᠯ ᠤᠨ ᠨᠠᠮ ᠤᠨ ᠲᠦᠪ ᠬᠤᠷᠢᠶᠠᠨ ᠤ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠥᠨ ᠲᠠᠶᠢᠴᠢᠯᠠᠵᠥ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭ᠍ᠵᠢᠬᠦᠯᠥᠭᠰᠡᠡ ᠬᠡᠷᠡᠯ ᠰᠠᠴᠤᠷᠠᠩᠭ᠋ᠤᠢ ᠠᠮᠵᠢᠯᠳᠠ ᠪᠤᠯᠤᠨ ᠨᠠᠨᠳᠢᠨ ᠲᠤᠷᠰᠢᠯᠭ᠎ᠠ ᠶᠢ ᠡᠷᠬᠢᠴᠡᠬᠦᠯᠥᠨ ᠳ᠋ᠦᠩᠨᠡᠵᠥ᠂ ᠴᠢᠨᠡᠭᠡᠯᠢᠭ᠌ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠡᠯᠲᠡ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠡᠯᠳᠡ ᠶᠢ ᠲᠡᠮᠡᠴᠡᠨ ᠤᠯᠬᠤ ᠲᠤᠬᠠᠢ ᠪᠦᠬᠦ ᠲᠠᠯ᠎ᠠ ᠪᠠᠷ ᠪᠠᠶᠢᠷᠢᠯᠠᠭᠤᠯᠪᠠ᠃ ᠢᠯᠡᠳᠬᠡᠯ ᠨᠢ ᠪᠦᠬᠦ ᠨᠠᠮ ᠤᠨ ᠤᠶᠤᠨ ᠤᠬᠠᠭᠠᠨ ᠢ ᠨᠢᠬᠳᠠᠷᠠᠭᠤᠯᠵᠥ᠂ ᠴᠠᠭ ᠦᠶ᠎ᠡ ᠶᠢᠨ ᠱᠠᠭᠠᠷᠳᠠᠯᠭ᠎ᠠ ᠪᠤᠯᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠵᠥ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠠᠭᠠᠭᠤᠯᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠲᠠᠰᠤᠷᠠᠯᠳᠡ ᠦᠭᠡᠢ ᠤᠷᠤᠭᠰᠢᠯᠠᠭᠤᠯᠬᠤ᠂ ᠰᠢᠨ᠎ᠡ ᠴᠠᠭ ᠦᠶ᠎ᠡ ᠲᠡᠰᠢ ᠲᠠᠪᠰᠢᠬᠤ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠦᠳᠦᠯᠪᠤᠷᠢ ᠪᠤᠯᠤᠭᠰᠠᠠ ᠪᠠᠶᠢᠨ᠎ᠠ ᠬᠡᠵᠥ ᠬᠡᠯᠡᠪᠡ᠃

    ᠶᠠᠷᠢᠯᠴᠠᠭ᠎ᠠ ᠳᠤᠮᠳᠠ᠂ ᠯᠢ ᠺᠧ ᠴᠢᠶᠠᠩ ᠲᠦᠯᠦᠭᠡᠯᠡᠭᠴᠢᠳ ᠲᠠᠢ ᠰᠠᠨᠠᠯ ᠢᠶᠡᠨ ᠭᠦᠨᠵᠡᠭᠡᠢ ᠰᠤᠯᠢᠯᠴᠠᠪᠠ᠃ ᠲᠡᠷᠡ᠂ ᠨᠠᠮ ᠤᠨ ᠠᠷᠪᠠᠨ ᠨᠠᠶ᠋ᠮᠠᠲᠤᠭᠠᠷ ᠶᠡᠭᠡ ᠬᠤᠷᠠᠯ ᠠᠴᠠ ᠨᠠᠰᠢ᠂ ᠦᠭᠡᠷᠡᠴᠢᠯᠡᠯᠲᠡ ᠨᠡᠬᠡᠬᠡᠯᠳᠡ ᠪᠤᠯᠤᠨ ᠨᠡᠶᠢᠭᠡᠮ ᠵᠢᠷᠤᠮ ᠤᠨ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠲᠡᠤᠬᠡᠳᠦ ᠴᠢᠨᠠᠷᠲᠠᠢ ᠠᠮᠵᠢᠯᠳᠠ ᠤᠯᠤᠭᠰᠠᠨ ᠤ ᠦᠨᠳᠦᠰᠦᠨ ᠰᠢᠯᠳᠠᠭᠠᠨ ᠨᠢ ᠰᠢ ᠶᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠡᠰ ᠴᠢᠩᠭ᠋᠎ᠠ ᠤᠳᠤᠷᠢᠳᠤᠯᠭ᠎ᠠ᠂ ᠯᠤᠳᠤ ᠶᠡᠭᠡ ᠤᠯᠤᠰ ᠲᠦᠷᠦ ᠶᠢᠨ ᠰᠦᠰᠦ ᠵᠤᠷᠢᠭ ᠪᠤᠯᠤᠨ ᠤᠷᠭᠢᠯᠤᠮ᠎ᠠ ᠬᠠᠯᠠᠭᠤᠨ ᠬᠠᠷᠢᠭᠤᠴᠠᠯᠭᠠᠲᠦ ᠰᠡᠳᠭᠢᠯᠭᠡ ᠪᠠᠷ ᠨᠠᠮ ᠪᠤᠯᠤᠨ ᠤᠯᠤᠰ ᠤᠨ ᠠᠵᠢᠯ ᠦᠢᠯᠡᠰ ᠢ ᠠᠬᠢᠭᠤᠯᠵᠤ ᠲᠡᠤᠬᠡᠳᠦ ᠴᠢᠨᠠᠷᠲᠠᠢ ᠬᠤᠪᠢᠰᠤᠯᠲᠠ ᠭᠠᠷᠭᠠᠭᠰᠠᠨ ᠳᠤ ᠪᠠᠶᠢᠨ᠎ᠠ᠂ ᠮᠠᠨ ᠤ ᠤᠯᠤᠰ ᠤᠨ ᠬᠦᠭ᠍ᠵᠢᠯᠲᠠ ᠰᠢᠨ᠎ᠠ ᠲᠡᠤᠬᠡ ᠶᠢᠨ ᠭᠠᠷᠤᠭ᠎ᠠ ᠳᠡᠭᠡᠷ᠎ᠠ ᠵᠤᠭᠰᠤᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠪᠠ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠠ ᠦᠷ᠎ᠠ ᠪᠦᠳᠦᠭᠡᠯ ᠪᠤᠯᠤᠨ᠎ᠠ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠂ ᠮᠠᠨ ᠤ ᠨᠠᠮ ᠤᠨ ᠡᠷᠬᠡᠪᠰᠢ ᠤᠷᠲᠦ ᠬᠤᠭᠤᠴᠠᠭᠠᠨ ᠳᠤ ᠪᠠᠷᠢᠮᠲᠠᠯᠠᠬᠤ ᠴᠢᠬᠤᠯᠠᠲᠠᠢ ᠵᠢᠯᠤᠭᠤᠳᠬᠤ ᠦᠵᠡᠯ ᠰᠠᠨᠠᠭ᠎ᠠ ᠪᠤᠯᠤᠨ᠎ᠠ ᠭᠡᠵᠤ ᠬᠡᠯᠡᠪᠡ᠃     

    ᠯᠢ ᠺᠧ ᠴᠢᠶᠠᠩ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠠ ᠲᠤᠤᠱᠯᠠᠭᠤᠯᠬᠤ ᠳᠤ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠭᠡᠪᠰᠢ ᠰᠠᠶᠢᠲᠤᠷ ᠤᠢᠢᠯᠠᠭᠠᠠ ᠬᠦᠨᠵᠡᠭᠡᠢ ᠲᠤᠤᠱᠯᠠᠭᠤᠯᠵᠦ᠂ ᠨᠠᠮ ᠤᠨ ᠦᠨᠲᠦᠰᠦᠨ ᠤᠨᠤᠯ᠂ ᠦᠨᠲᠦᠰᠦᠨ ᠱᠤᠭᠤᠮ᠂ ᠦᠨᠲᠦᠰᠦᠨ ᠠᠷᠭ᠎ᠠ ᠪᠤᠲᠤᠯᠭ᠎ᠠ ᠶᠢ ᠪᠠᠷᠢᠮᠲᠠᠯᠠᠵᠦ᠂ 《ᠲᠠᠪᠤ ᠶᠢ ᠨᠢᠭᠡ ᠴᠤᠭᠴᠠᠵᠢᠭᠤᠯᠬᠤ》ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠵᠦ᠂ 《ᠲᠦᠷᠪᠡᠡ ᠪᠦᠬᠦ ᠲᠠᠯ᠎ᠠ》 ᠶ᠋ᠢᠨ ᠪᠠᠶᠢᠯᠲᠤᠬᠤ ᠪᠤᠲᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠬᠦᠭ᠍ᠵᠢᠯᠲᠠ ᠶᠢ ᠮᠠᠠ ᠤ ᠤᠯᠤᠰ ᠤᠨ ᠠᠯᠢᠪᠠ ᠠᠰᠠᠭᠤᠲᠠᠯ ᠢ ᠰᠢᠢᠳᠪᠦᠷᠢᠯᠡᠬᠦ ᠰᠠᠭᠤᠷᠢ ᠪᠠ ᠵᠠᠩᠭᠢᠯᠠᠭ᠎ᠠ ᠪᠤᠯᠭᠠᠬᠤ ᠭᠡᠷᠡᠭᠲᠡᠢ᠂ ᠮᠠᠠ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠲᠠ ᠶᠢ ᠦᠨᠲᠦᠰᠦᠯᠡᠵᠦ᠂ ᠠᠷᠠᠳ ᠲᠦᠮᠡᠡ ᠤ ᠡᠲᠦᠷ ᠢᠷᠡᠬᠦ ᠲᠤᠲᠤᠮ ᠨᠡᠮᠡᠭᠲᠡᠵᠦ ᠪᠦᠬᠦᠢ ᠵᠤᠯ ᠵᠢᠷᠭᠠᠯᠲᠦ ᠠᠮᠢᠲᠤᠷᠠᠯ ᠤᠨ ᠭᠡᠷᠡᠭᠴᠡᠭᠡ ᠱᠠᠭᠠᠷᠲᠠᠯᠭ᠎ᠠ ᠶᠢ ᠴᠢᠩᠭ᠋᠎ᠠ ᠠᠳᠬᠤᠵᠤ᠂ ᠬᠦᠭ᠍ᠵᠢᠯᠲᠠ ᠲᠡᠩᠴᠡᠬᠦᠷᠢ ᠦᠭᠡᠢ ᠬᠦᠢᠴᠡᠳ ᠪᠤᠰᠤ ᠪᠠᠶᠢᠭ᠎ᠠ ᠲᠤᠪᠤᠶᠢᠮ᠎ᠠ ᠠᠰᠠᠭᠤᠲᠠᠯ ᠢ ᠴᠢᠷᠮᠠᠶᠢᠨ ᠰᠢᠢᠳᠪᠦᠷᠢᠯᠡᠵᠦ᠂ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠢᠯᠠᠯᠲᠠ ᠶᠢ ᠤᠯᠵᠦ᠂ ᠨᠡᠶᠢᠭᠡᠮ ᠵᠢᠷᠤᠮ ᠤᠨ ᠤᠲᠤᠬᠢᠴᠢᠯᠠᠭᠰᠠᠠ ᠤᠯᠤᠰ ᠢ ᠪᠦᠬᠦ ᠲᠠᠯ᠎ᠠ ᠪᠠᠷ ᠪᠦᠲᠦᠭᠡᠡ ᠪᠠᠶᠢᠭᠤᠯᠬᠤ ᠶᠠᠪᠤᠴᠠ ᠳᠤ ᠨᠡᠩ ᠶᠡᠭᠡ ᠰᠢᠨ᠎ᠡ ᠠᠮᠵᠢᠯᠲᠠ ᠶᠢ ᠤᠯᠬᠤ ᠬᠡᠷᠡᠭᠲᠠᠢ ᠭᠡᠵᠦ ᠬᠡᠯᠡᠪᠡ᠃   

    ᠯᠢ ᠺᠧ ᠴᠢᠶᠠᠩ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠳᠤ ᠡᠷᠬᠡᠪᠰᠢ ᠪᠦᠯᠬᠦᠮᠳᠡᠨ ᠲᠡᠮᠡᠴᠡᠵᠤ᠂ ᠤᠢᠢᠯᠡᠳᠪᠤᠷᠢᠯᠠᠯ ᠤᠨ ᠬᠦᠴᠤᠨ ᠢ ᠴᠢᠯᠤᠬᠡᠯᠡᠬᠦ ᠪᠠ ᠬᠦᠭ᠍ᠵᠢᠬᠦᠯᠵᠤ᠂ ᠬᠦᠭ᠍ᠵᠢᠯᠳᠠ ᠶᠢᠨ ᠲᠡᠩᠴᠡᠬᠦᠷᠢ ᠦᠬᠡᠢ ᠬᠦᠢᠴᠡᠳ ᠪᠤᠰᠤ ᠪᠠᠶᠢᠬᠤ ᠠᠰᠠᠭᠤᠳᠠᠯ ᠢ ᠰᠢᠢᠳᠪᠤᠷᠢᠯᠡᠬᠦ ᠭᠡᠷᠡᠭᠳᠠᠢ᠃ ᠰᠢᠨ᠎ᠠ ᠬᠦᠭ᠍ᠵᠢᠯᠳᠠ ᠶᠢᠨ ᠤᠢᠢᠯᠠᠭᠠᠬᠳᠠᠬᠤᠨ ᠢ ᠲᠤᠤᠱᠯᠠᠭᠤᠯᠵᠤ᠂ ᠤᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠢᠯᠡᠳᠬᠡᠯ ᠳᠤ ᠲᠤᠷᠠᠳᠤᠬᠰᠠᠨ ᠡᠯ᠎ᠠ ᠵᠦᠢᠯ ᠤᠨ ᠪᠠᠶᠢᠯᠳᠤᠬᠤ ᠪᠤᠳᠤᠯᠭ᠎ᠠ ᠶᠢ ᠡᠷᠡᠰ ᠭᠡᠷᠡᠭᠵᠢᠬᠦᠯᠵᠤ᠂ ᠶᠠᠰᠤ ᠴᠢᠨᠠᠷ ᠢ ᠨᠢᠬᠡᠳᠤᠭᠡᠷ ᠲᠤ ᠲᠠᠯᠪᠢᠬᠤ᠂ ᠦᠷ᠎ᠠ ᠠᠰᠢᠬ ᠢ ᠲᠦᠷᠦᠭᠦᠨ ᠳᠤ ᠲᠠᠯᠪᠢᠬᠤ ᠶᠢ ᠪᠠᠷᠢᠮᠳᠠᠯᠠᠵᠤ᠂ ᠬᠠᠩᠭ᠋ᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠶᠢ ᠠᠬᠢᠭᠤᠯᠬᠤ ᠪᠠᠷ ᠭᠤᠤᠯ ᠱᠤᠭᠤᠮ ᠪᠤᠯᠭᠠᠵᠤ᠂ ᠮᠠᠨ ᠤ ᠤᠯᠤᠰ ᠤᠨ ᠠᠵᠤ ᠤᠢᠢᠯᠡᠰ ᠤᠨ ᠪᠦᠬᠦ ᠪᠦᠮᠪᠦᠷᠴᠡᠭ ᠤᠨ ᠦᠷᠳᠡᠭ ᠤᠨ ᠬᠡᠯᠬᠢᠶ᠎ᠠ ᠶᠢᠨ ᠲᠤᠮᠳᠠ ᠦᠨᠳᠤᠷ ᠲᠡᠰ ᠲᠡᠰᠢ ᠬᠦᠭ᠍ᠵᠢᠬᠦ ᠶᠢ ᠠᠬᠢᠭᠤᠯᠵᠤ᠂ ᠵᠠᠰᠠᠬ ᠤᠨ ᠤᠷᠳᠤᠨ ᠤ ᠡᠬᠦᠷᠬᠡ ᠴᠢᠳᠠᠪᠬᠢ ᠶᠢᠨ ᠬᠤᠪᠢᠷᠠᠯᠳᠠ ᠶᠢ ᠦᠷᠬᠦᠯᠵᠢᠯᠠᠨ ᠠᠬᠢᠭᠤᠯᠵᠤ᠂ ᠨᠡᠶᠢᠬᠡᠮ ᠤᠨ ᠨᠡᠩ ᠤᠯᠠᠨ ᠭᠤᠤᠯ ᠴᠤᠬᠴᠠ ᠶᠢᠨ ᠰᠢᠨ᠎ᠠ ᠶᠢ ᠡᠬᠦᠳᠬᠦ ᠤᠢᠢᠯᠡᠰ ᠪᠤᠰᠬᠠᠬᠤ ᠳᠤ ᠤᠷᠤᠯᠴᠠᠬᠤ ᠶᠢ ᠵᠤᠷᠢᠬᠵᠢᠭᠤᠯᠵᠤ᠂ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠤᠨ ᠪᠤᠯᠤᠨ ᠨᠡᠶᠢᠬᠡᠮ ᠤᠨ ᠡᠬᠦᠳᠤᠨ ᠪᠦᠳᠤᠬᠡᠬᠦ ᠬᠦᠴᠤᠨ ᠢ ᠨᠡᠩ ᠶᠡᠬᠡᠪᠡᠷ ᠬᠦᠭ᠍ᠵᠢᠬᠡᠵᠤ᠂ ᠪᠦᠬᠦ ᠲᠠᠯ᠎ᠠ ᠪᠠᠷ ᠨᠡᠬᠡᠬᠡᠯᠳᠠ ᠬᠢᠬᠦ ᠰᠢᠨ᠎ᠠ ᠪᠠᠶᠢᠷᠢᠰᠢᠯ ᠤᠨ ᠪᠦᠷᠢᠯᠳᠦᠯ ᠢ ᠠᠬᠢᠭᠤᠯᠵᠤ᠂ ᠮᠠᠨ ᠤ ᠤᠯᠤᠰ ᠤᠨ ᠠᠵᠤ ᠠᠬᠤᠢ ᠶᠢᠨ ᠰᠢᠨ᠎ᠠ ᠶᠢ ᠡᠬᠦᠳᠬᠦ ᠬᠦᠴᠤᠨ ᠪᠤᠯᠤᠨ ᠦᠷᠢᠰᠤᠯᠳᠤᠬᠦ ᠬᠦᠴᠤᠨ ᠢ ᠲᠠᠰᠤᠷᠠᠯᠳᠠ ᠦᠬᠡᠢ ᠴᠢᠩᠭ᠋ᠠᠷᠠᠭᠤᠯᠵᠤ᠂ ᠨᠡᠩ ᠰᠠᠶᠢᠨ ᠶᠠᠰᠤ ᠴᠢᠨᠠᠷ ᠲᠠᠢ᠂ ᠨᠡᠩ ᠦᠷ᠎ᠠ ᠠᠰᠢᠬ ᠲᠠᠢ᠂ ᠨᠡᠩ ᠡᠷᠬᠡ ᠲᠡᠭᠰᠢ᠂ ᠨᠡᠩ ᠦᠷᠬᠦᠯᠵᠢᠯᠡᠬᠦ ᠬᠦᠭ᠍ᠵᠢᠯᠳᠠ ᠶᠢ ᠴᠢᠷᠮᠠᠶᠢᠨ ᠪᠡᠶᠡᠯᠡᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃

    ᠯᠢ ᠺᠧ ᠴᠢᠶᠠᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠳᠤ ᠡᠷᠭᠡᠪᠰᠢ ᠰᠡᠳᠬᠢᠯ ᠳᠡᠭᠡᠨ ᠨᠠᠮ ᠢ ᠪᠤᠳᠤᠵᠦ᠂ ᠰᠡᠳᠬᠢᠯ ᠳᠡᠭᠡᠨ ᠠᠷᠠᠳ ᠲᠦᠮᠡᠨ ᠢ ᠪᠤᠳᠤᠵᠦ᠂ ᠮᠠᠨ ᠤ ᠨᠠᠮ ᠤᠨ ᠪᠦᠬᠦ ᠰᠡᠳᠬᠢᠯ ᠪᠦᠬᠦ ᠵᠤᠷᠢᠭ ᠢᠶᠡᠷ ᠢᠶᠡᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠤᠷᠢᠯᠳᠠ ᠶᠢ ᠪᠠᠷᠢᠮᠳᠠᠯᠠᠬᠤ ᠭᠡᠷᠡᠭᠲᠡᠢ᠃ ᠠᠷᠠᠳ ᠲᠦᠮᠡᠨ ᠢᠶᠡᠷ ᠭᠤᠤᠯ ᠪᠤᠯᠭᠠᠬᠤ ᠬᠦᠭ᠍ᠵᠢᠯᠳᠠ ᠶᠢᠨ ᠦᠵᠡᠯ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠤᠯᠠᠨ ᠲᠦᠮᠡᠨ ᠤ ᠬᠠᠮᠤᠭ ᠠᠴᠠ ᠬᠠᠯᠠᠮᠵᠢᠯᠠᠵᠦ ᠪᠠᠶᠢᠬᠤ ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠬ ᠲᠤᠰᠠ ᠶᠢᠨ ᠠᠰᠠᠭᠤᠳᠠᠯ ᠢ ᠠᠳᠬᠤᠵᠦ᠂ ᠴᠤᠴᠠᠰᠢ ᠦᠭᠡᠢ ᠦᠷᠬᠦᠯᠵᠢᠯᠡᠨ ᠴᠢᠷᠮᠠᠶᠢᠵᠦ᠂ ᠠᠷᠠᠳ ᠲᠦᠮᠡᠨ ᠳᠤ ᠨᠠᠩ ᠤᠯᠠᠨ ᠠᠵᠢᠯ ᠤᠨ ᠪᠠᠶᠢᠷᠢ᠂ ᠨᠡᠩ ᠰᠢᠯᠢᠳᠡᠭ ᠰᠤᠷᠭᠠᠨ ᠬᠦᠮᠦᠵᠢᠯ ᠪᠠ ᠡᠮ ᠡᠮᠨᠡᠯᠭᠡ᠂ ᠨᠡᠩ ᠦᠨᠳᠦᠰᠦᠨ ᠵᠦᠢᠯ ᠢ ᠪᠠᠳᠤᠯᠠᠭᠰᠠᠨ ᠨᠡᠶᠢᠭᠡᠮ ᠤᠨ ᠪᠠᠳᠤᠯᠠᠪᠤᠷᠢ ᠬᠠᠩᠭ᠋ᠠᠬᠤ ᠭᠡᠷᠡᠭᠲᠡᠢ᠃ ᠴᠢᠬᠤᠯᠠ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠨᠠᠮᠳᠠᠭᠠᠬᠤ᠂ ᠤᠨᠢᠨ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠬᠦᠴᠦᠯᠡᠨ ᠰᠠᠶᠢᠳᠤᠷ ᠬᠢᠬᠦ ᠭᠡᠷᠡᠭᠲᠡᠢ᠃ ᠨᠡᠶᠢᠭᠡᠮ ᠤᠨ ᠵᠠᠰᠠᠯᠳᠠ ᠶᠢ ᠳᠡᠬᠦᠯᠳᠡᠷᠵᠢᠬᠦᠯᠵᠦ᠂ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠬᠤ ᠭᠡᠷᠡᠭᠲᠡᠢ᠃ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠠᠬᠢᠭᠤᠯᠬᠤ ᠳᠤᠮᠳᠠ ᠬᠦᠭ᠍ᠵᠢᠯᠳᠠ ᠶᠢᠨ ᠰᠢᠨ᠎ᠠ ᠬᠦᠳᠡᠯᠭᠡᠬᠦ ᠬᠦᠴᠦ ᠶᠢ ᠪᠦᠷᠢᠯᠳᠦᠬᠦᠯᠵᠦ᠂ ᠦᠭᠡᠷᠡᠴᠢᠯᠡᠯᠳᠠ ᠬᠦᠭ᠍ᠵᠢᠯᠳᠠ ᠶᠢᠨ ᠨᠡᠩ ᠶᠡᠭᠡ ᠠᠮᠵᠢᠯᠳᠠ ᠪᠦᠳᠦᠮᠵᠢ ᠪᠠᠷ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠬᠦᠯᠬᠦ ᠭᠡᠷᠡᠭᠲᠡᠢ ᠭᠡᠵᠦ ᠱᠠᠭᠠᠷᠳᠠᠪᠠ᠃     

    ᠯᠢ ᠺᠧ ᠴᠢᠶᠠᠩ᠂ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠤᠢᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠵᠦ᠂ ᠨᠠᠮ ᠤᠨ ᠲᠦᠪᠯᠡᠷᠡᠭᠰᠡᠨ ᠨᠢᠭᠡᠳᠦᠯᠳᠠᠢ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠠᠮᠠᠭᠠᠯᠠᠵᠦ᠂ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠶᠢ ᠬᠦᠨ ᠳᠠᠪᠬᠤᠷᠭ᠎ᠠ ᠲᠡᠰᠢ ᠠᠬᠢᠭᠤᠯᠵᠦ᠂《ᠲᠦᠷᠪᠡᠨ ᠤᠬᠠᠮᠰᠠᠷ》 ᠢ ᠴᠢᠩᠭ᠋ᠠᠳᠬᠠᠵᠤ᠂ ᠤᠬ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠡᠯ᠎ᠠ ᠲᠦᠷᠦᠯ ᠤᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢᠨ ᠨᠠᠶᠢᠳᠠᠪᠤᠷᠢᠵᠢᠭᠤᠯᠤᠯᠳᠠ ᠶᠢ ᠡᠷᠡᠰ ᠪᠠᠳᠤ ᠰᠠᠶᠢᠳᠤᠷ ᠠᠳᠬᠤᠵᠦ᠂ ᠠᠭᠤᠤ ᠶᠡᠭᠡ ᠲᠡᠮᠡᠴᠡᠯ ᠬᠢᠵᠦ᠂ ᠠᠭᠤᠤ ᠶᠡᠭᠡ ᠢᠨᠵᠧᠨᠧᠷᠢᠩ ᠢ ᠪᠦᠳᠦᠭᠡᠨ ᠪᠠᠶᠢᠭᠤᠯᠵᠦ᠂ ᠠᠭᠤᠤ ᠶᠡᠭᠡ ᠦᠢᠯᠡᠰ ᠢ ᠠᠬᠢᠭᠤᠯᠵᠦ᠂ ᠠᠭᠤᠤ ᠶᠡᠭᠡ ᠬᠦᠰᠡᠯ ᠡᠷᠡᠮᠡᠯᠵᠡᠯ ᠢ ᠪᠡᠶᠡᠯᠡᠭᠦᠯᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠬᠤ ᠭᠡᠷᠡᠭᠲᠡᠢ ᠭᠡᠵᠦ ᠴᠢᠬᠤᠯᠠᠴᠢᠯᠠᠪᠠ᠃   

    ᠮᠠ ᠪᠢᠶᠤᠤ ᠨᠦᠬᠦᠷ ᠭᠤᠸᠠᠩᠰᠢ ᠶᠢᠨ ᠵᠤᠧᠠᠩ ᠦᠨᠳᠦᠰᠦᠳᠡᠨ ᠤ ᠦᠪᠡᠷᠲᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121830560