蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠ ᠶᠢᠰᠦᠳᠤᠬᠡᠷ ᠶᠡᠬᠡ ᠬᠤᠷᠠᠯ ᠤᠨ ᠢᠯᠡᠳᠬᠡᠯ ᠤᠨ ᠰᠢᠨ᠎ᠡ ᠦᠵᠡᠯ ᠰᠠᠨᠠᠭ᠎ᠠ ᠰᠢᠨ᠎ᠠ ᠦᠬᠦᠯᠡᠯᠳᠡ ᠰᠢᠨ᠎ᠡ ᠲᠤᠷᠠᠳᠤᠯᠭ᠎ᠠ ᠰᠢᠨ᠎ᠡ ᠠᠷᠭ᠎ᠠ ᠬᠡᠮᠵᠢᠶ᠎ᠡ

2017-10-20 17:54

    ᠴᠢᠨᠡᠭᠡᠯᠢᠭ᠌᠌ ᠨᠡᠢᠢᠬᠡᠮ ᠢ ᠪᠦᠬᠦ ᠲᠠᠯ᠎ᠠ ᠪᠡᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢᠨ ᠱᠠᠳᠤ ᠪᠤᠯᠤᠨ ᠲᠤᠮᠳᠠᠳᠤ ᠤᠯᠤᠰ ᠤᠨ ᠤᠨᠴᠠᠯᠢᠭ ᠲᠠᠢ᠌ ᠨᠡᠢᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠭᠰᠠᠨ ᠵᠠᠩᠬᠢᠯᠠᠭ᠎ᠠ ᠶᠢᠨ ᠬᠤᠭᠤᠴᠠᠭᠠᠨ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠠᠷᠪᠠ ᠶᠢᠰᠦᠳᠤᠬᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ 10 ᠰᠠᠷ᠎ᠠ ᠶᠢᠨ 18 ᠤ ᠡᠳᠤᠷ ᠪᠡᠭᠡᠵᠢᠩ ᠳᠤ ᠦᠪᠡᠳᠡᠭᠰᠢ ᠶᠡᠬᠡ ᠪᠡᠷ ᠬᠤᠷᠠᠯᠳᠤᠪᠠ᠃

    ᠰᠢ ᠵᠢᠨ ᠫᠢᠩ ᠤᠨ ᠬᠢᠭ᠍ᠰᠡᠨ ᠠᠷᠪᠠ ᠶᠢᠰᠦᠳᠤᠭᠡᠷ ᠶᠡᠬᠡ ᠬᠤᠷᠠᠯ ᠤᠨ ᠢᠯᠡᠳᠬᠡᠯ ᠰᠦᠷ ᠲᠠᠯᠠᠶᠢᠴᠠ ᠲᠠᠢ ᠮᠦᠷᠳᠡᠬᠡᠨ ᠡᠯᠪᠡᠭ᠌ ᠠᠭᠤᠯᠭ᠎ᠠ ᠲᠠᠢ᠂ 3 ᠲᠦᠮᠡ ᠭᠠᠷᠤᠢ ᠦᠭᠡ ᠶᠢᠨ ᠢᠯᠡᠳᠬᠡᠯ ᠨᠢ ᠲᠡᠦᠬᠡ ᠶᠢ ᠠᠵᠢᠭᠯᠠᠨ ᠢᠷᠡᠬᠡᠳᠤᠢ ᠶᠢ ᠪᠠᠷᠠᠯᠠᠵᠤ᠂ 5 ᠵᠢᠯ ᠤᠨ ᠲᠤᠷᠰᠢᠬᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠯᠤᠰ ᠢ ᠵᠠᠰᠠᠵᠤ ᠲᠦᠷᠦ ᠪᠠᠷᠢᠬᠤ ᠲᠤᠷᠰᠢᠯᠭ᠎ᠠ ᠪᠤᠯᠤᠨ ᠰᠤᠷᠭᠠᠮᠵᠢ ᠶᠢ ᠬᠤᠷᠢᠶᠠᠩᠭ᠋ᠤᠶᠢᠯᠠᠵᠤ᠂ ᠤᠳᠤ ᠡᠴᠡ 2020 ᠤᠨ᠂ ᠴᠢᠨᠠᠭᠰᠢᠯᠠᠪᠠᠯ ᠲᠤᠰ ᠵᠠᠭᠤᠨ ᠤ ᠲᠤᠮᠳᠠᠴᠢ ᠬᠦᠷᠳᠡᠯᠡᠬᠢ ᠠᠤᠭ᠎ᠠ ᠦᠢᠯᠡᠰ ᠤᠨ ᠲᠦᠰᠤᠯ ᠢ ᠵᠢᠷᠤᠭᠯᠠᠭᠰᠠᠨ ᠪᠠᠶᠢᠨ᠎ᠠ᠃ ᠢᠯᠡᠳᠬᠡᠯ ᠳᠤ ᠴᠤᠪᠤᠷᠠᠯ ᠰᠢᠨ᠎ᠡ ᠦᠵᠡᠯ ᠰᠠᠨᠠᠭ᠎ᠠ᠂ ᠰᠢᠨ᠎ᠠ ᠦᠬᠦᠯᠡᠯᠳᠡ᠂ ᠰᠢᠨ᠎ᠡ ᠲᠤᠷᠠᠳᠤᠯᠭ᠎ᠠ᠂ ᠰᠢᠨ᠎ᠡ ᠠᠷᠭ᠎ᠠ ᠬᠡᠮᠵᠢᠶ᠎ᠡ ᠨᠢ ᠬᠦᠮᠦᠰ ᠤᠨ ᠠᠩᠬᠠᠷᠤᠯ ᠳᠤ ᠬᠦᠷᠴᠡᠢ᠃

    ᠰᠢᠨ᠎ᠠ ᠲᠡᠤᠬᠡᠨ ᠤᠷᠤᠨ ᠪᠠᠢᠢᠷᠢ᠄ ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠰᠢᠨ᠎ᠠ ᠴᠠᠭ ᠦᠶ᠎ᠠ ᠳ᠋ᠤ ᠤᠷᠤᠵᠠᠢ

    ᠢᠯᠡᠳᠬᠡᠯ ᠳᠤ ᠲᠤᠮᠳᠠᠳᠤ ᠤᠯᠤᠰ ᠤᠨ ᠬᠦᠭ᠍ᠵᠢᠯᠳᠡ ᠶᠢᠨ ᠰᠢᠨ᠎ᠡ ᠲᠡᠦᠬᠡᠨ ᠤᠷᠤᠨ ᠪᠠᠶᠢᠷᠢ - ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠰᠢᠨ᠎ᠠ ᠴᠠᠭ ᠦᠶ᠎ᠠ ᠳ᠋ᠤ ᠤᠷᠤᠵᠠᠢ ᠬᠡᠵᠤ ᠲᠤᠷᠠᠳᠴᠠᠢ᠃ ᠡᠨᠡ ᠪᠤᠯ ᠨᠢᠬᠡᠨ ᠴᠢᠬᠤᠯᠠ ᠲᠤᠮᠤ ᠮᠠᠭᠠᠳᠯᠠᠯᠳᠠ ᠪᠤᠯᠤᠨ᠎ᠠ᠃ ᠰᠢᠨ᠎ᠡ ᠴᠠᠭ ᠦᠶ᠎ᠡ ᠳᠤ ᠤᠷᠤᠭᠰᠠᠨ ᠤ ᠲᠠᠷᠠᠭ᠎ᠠ᠂ ᠨᠠᠮ ᠪᠤᠯᠤᠨ ᠤᠯᠤᠰ ᠤᠨ ᠦᠢᠯᠡᠰ ᠤᠨ ᠬᠦᠭ᠍ᠵᠢᠯᠳᠡ  ᠶᠢᠨ ᠪᠦᠬᠦ ᠬᠠᠷᠠᠭᠠᠰᠤ᠂ ᠦᠬᠡᠷᠡᠴᠢᠯᠡᠯᠳᠡ ᠨᠡᠬᠡᠬᠡᠯᠳᠡ ᠡᠴᠡ ᠨᠠᠰᠢᠬᠢ 40 ᠵᠢᠯ ᠤᠨ ᠲᠡᠦᠬᠡᠨ ᠤᠯᠠ ᠮᠦᠷ ᠪᠤᠯᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ 5 ᠵᠢᠯ ᠳᠤ ᠤᠯᠤᠬᠰᠠᠨ ᠲᠡᠦᠬᠡᠳᠤ ᠴᠢᠨᠠᠷ ᠲᠠᠢ ᠠᠮᠵᠢᠯᠳᠠ ᠪᠤᠯᠤᠨ ᠲᠡᠦᠬᠡᠳᠤ ᠴᠢᠨᠠᠷ ᠲᠠᠢ ᠦᠬᠡᠷᠡᠴᠢᠯᠡᠯᠳᠡ ᠶᠢᠨ ᠤᠷᠤᠨ ᠪᠠᠶᠢᠷᠢ ᠡᠴᠡ ᠬᠢᠭ᠍ᠰᠡᠨ ᠰᠢᠨᠵᠢᠯᠡᠬᠦ ᠤᠬᠠᠭᠠᠨᠴᠢ ᠮᠠᠭᠠᠳᠯᠠᠯᠳᠠ ᠪᠤᠯᠤᠨ᠎ᠠ᠃

    ᠡᠨᠡᠬᠦ ᠰᠢᠨ᠎ᠡ ᠴᠠᠭ ᠦᠶ᠎ᠡ ᠪᠤᠯ ᠤᠷᠢᠳᠤᠬᠢ ᠶᠢ ᠵᠠᠯᠭᠠᠮᠵᠢᠯᠠᠬᠤ ᠬᠤᠶᠢᠰᠢᠬᠢ ᠶᠢ ᠰᠡᠩᠬᠡᠷᠡᠬᠦᠯᠬᠦ᠂ ᠤᠷᠢᠳᠤᠬᠢ ᠶᠢ ᠵᠠᠯᠭᠠᠮᠵᠢᠯᠠᠨ ᠢᠷᠡᠬᠡᠳᠤᠢ ᠳᠤ ᠵᠠᠮ ᠨᠡᠬᠡᠭᠡᠵᠤ᠂ ᠰᠢᠨ᠎ᠡ ᠲᠡᠦᠬᠡᠨ ᠬᠦᠭ᠍ᠵᠢᠯᠳᠡ ᠶᠢᠨ ᠨᠦᠬᠦᠴᠡᠯ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠢᠢᠬᠡᠮ ᠵᠢᠷᠤᠮ ᠤᠨ ᠠᠭᠤᠤ ᠶᠡᠬᠡ ᠢᠯᠡᠯᠳᠡ  ᠶᠢ ᠦᠷᠭᠦᠯᠵᠢᠯᠡᠨ ᠲᠡᠮᠡᠴᠡᠨ ᠤᠯᠬᠤ ᠴᠠᠭ ᠦᠶ᠎ᠡ ᠮᠦᠨ᠃ ᠢᠯᠡᠳᠬᠡᠯ ᠨᠢ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠰᠢᠨ᠎ᠡ ᠦᠢᠯᠡᠳᠤᠯᠬᠡ ᠰᠢᠨ᠎ᠡ ᠠᠮᠵᠢᠯᠳᠠ ᠳᠤ ᠰᠠᠭᠤᠷᠢᠯᠠᠨ ᠲᠤᠰ ᠵᠠᠭᠤᠨ ᠤ ᠲᠤᠮᠳᠠᠴᠢ ᠬᠦᠷᠳᠡᠯᠡᠬᠢ ᠲᠡᠮᠡᠴᠡᠬᠦ ᠬᠠᠷᠠᠯᠳᠠ ᠶᠢ ᠲᠦᠯᠦᠪᠯᠡᠵᠡᠢ᠃ 

    ᠤᠷᠤᠨ ᠪᠠᠶᠢᠷᠢ ᠨᠢ ᠶᠡᠷᠦᠩᠬᠡᠢ ᠪᠤᠳᠤᠯᠭ᠎ᠠ ᠶᠢ ᠲᠤᠭᠳᠠᠭᠠᠨ᠎ᠠ᠃ ᠰᠢᠨ᠎ᠡ ᠲᠡᠦᠬᠡᠨ ᠨᠦᠬᠦᠴᠡᠯ ᠲᠤᠤᠷ᠎ᠠ᠂ ᠠᠮᠠᠯᠠᠯᠳᠠ ᠪᠠᠨ ᠮᠠᠷᠳᠠᠬᠤ ᠦᠭᠡᠢ᠂ ᠡᠬᠦᠷᠬᠡ ᠬᠠᠷᠢᠭᠤᠴᠠᠯᠭ᠎ᠠ ᠪᠡᠨ ᠪᠠᠳᠤ ᠴᠡᠭᠡᠵᠢᠯᠡᠬᠦ ᠬᠡᠷᠡᠭᠲᠡᠢ᠃ ᠲᠤᠮᠳᠠᠳᠤ ᠶᠢᠨ ᠦᠨᠳᠦᠰᠦᠳᠡᠨ ᠤ ᠠᠭᠤᠤ ᠶᠡᠬᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠪᠤᠯ ᠲᠠᠷᠤᠢ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠡᠦᠬᠡᠳᠤ ᠡᠬᠦᠷᠬᠡ᠂ ᠮᠦᠨᠴᠦ ᠤᠶᠢᠷ᠎ᠠ ᠦᠶ᠎ᠡ ᠡᠴᠡ ᠨᠠᠰᠢᠬᠢ ᠲᠤᠮᠳᠠᠳᠤ ᠶᠢᠨ ᠦᠨᠳᠦᠰᠦᠳᠡᠨ ᠤ ᠬᠠᠮᠤᠬ ᠤᠨ ᠠᠭᠤᠤ ᠶᠡᠬᠡ ᠮᠦᠷᠦᠬᠡᠳᠤᠯ ᠪᠤᠯᠤᠨ᠎ᠠ᠃

    ᠢᠯᠡᠳᠬᠡᠯ ᠳᠤ᠂ ᠰᠢᠨ᠎ᠡ ᠴᠠᠭ ᠦᠶ᠎ᠡ ᠳᠤ ᠤᠷᠤᠭᠰᠠᠨ ᠤ ᠲᠠᠷᠠᠭ᠎ᠠ᠂ ᠠᠭᠤᠤ ᠶᠡᠬᠡ ᠮᠦᠷᠦᠬᠡᠳᠤᠯ ᠢᠶᠡᠨ ᠪᠡᠶᠡᠯᠡᠬᠦᠯᠬᠦ ᠳᠤ ᠵᠠᠪᠠᠯ ᠠᠭᠤᠤ ᠶᠡᠬᠡ ᠲᠡᠮᠡᠴᠡᠯ ᠬᠢᠵᠦ᠂ ᠠᠭᠤᠤ ᠶᠡᠬᠡ ᠢᠨᠵᠧᠨᠧᠷᠢᠩ ᠢ ᠪᠠᠶᠢᠭᠤᠯᠵᠤ᠂ ᠠᠭᠤᠤ ᠶᠡᠬᠡ ᠦᠢᠯᠡᠰ ᠢ ᠠᠬᠢᠭᠤᠯᠤᠨ᠎ᠠ ᠬᠡᠵᠤ ᠲᠤᠷᠠᠳᠴᠠᠢ᠃

    ᠰᠢᠨ᠎ᠡ ᠤᠨᠤᠯ ᠰᠢᠨ᠎ᠡ ᠠᠮᠵᠢᠯᠳᠠ᠄ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ

    ᠠᠷᠪᠠ ᠶᠢᠰᠦᠳᠤᠭᠡᠷ ᠶᠡᠬᠡ ᠬᠤᠷᠠᠯ ᠤᠨ ᠢᠯᠡᠳᠬᠡᠯ ᠳᠤ ᠲᠤᠮᠤ ᠴᠢᠬᠤᠯᠠ ᠤᠨᠤᠯ  ᠤᠨ ᠰᠢᠨ᠎ᠡ ᠠᠮᠵᠢᠯᠳᠠ ᠪᠦᠳᠦᠮᠵᠢ ᠶ᠋ᠢ ᠲᠤᠷᠠᠳᠴᠦ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠂《ᠭᠤᠷᠪᠠ ᠵᠢ᠌ ᠲᠦᠯᠦᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ᠌ ᠬᠦᠭ᠍ᠵᠢᠯᠳᠠ ᠵᠢᠨ ᠦᠵᠡᠯᠳᠠ ᠵᠢᠨ ᠵᠠᠯᠭᠠᠮᠵᠢᠯᠠᠯ ᠪᠠ ᠬᠦᠭ᠍ᠵᠢᠯᠳᠠ ᠮᠦᠨ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠠ ᠦᠷ᠎ᠠ ᠪᠦᠳᠦᠭᠡᠯ ᠮᠦᠨ ᠬᠡᠵᠤ ᠵᠢᠭᠠᠵᠤ ᠭᠠᠷᠭᠠᠪᠠ᠃

    ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠰᠢ ᠵᠢᠨ ᠫᠢᠩ ᠨᠦᠬᠦᠷ ᠤᠨ ᠤᠯᠤᠰ ᠢ ᠵᠠᠰᠠᠬᠤ ᠲᠦᠷᠦ ᠪᠠᠷᠢᠬᠤ ᠰᠢᠨ᠎ᠡ ᠤᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠤᠳᠤᠯᠭ᠎ᠠ ᠶᠢᠨ ᠲᠡᠭᠡᠳᠤ ᠬᠡᠮᠵᠢᠶᠠᠨ ᠤ ᠬᠤᠷᠢᠶᠠᠩᠭ᠋ᠤᠶᠢᠯᠠᠯ᠂ ᠮᠦᠨ ᠨᠠᠮ ᠪᠤᠯᠤᠨ ᠠᠷᠠᠳ ᠲᠦᠮᠡᠨ ᠤ ᠦᠢᠯᠡᠳᠦᠯᠭᠡ ᠵᠢᠨ ᠲᠤᠷᠰᠢᠯᠭ᠎ᠠ ᠪᠠ ᠬᠠᠮᠳᠦ ᠵᠢᠨ ᠤᠶᠤᠨ ᠤᠬᠠᠭᠠᠨ ᠤ ᠤᠬᠢ ᠪᠦᠳᠦᠭᠡᠯ ᠮᠦᠨ᠃ ᠢᠯᠡᠳᠬᠡᠯ ᠳᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠡᠢ ᠨᠡᠢᠢᠭᠡᠮ ᠵᠢᠷᠤᠮ ᠤᠨ ᠦᠵᠡᠯ ᠰᠠᠨᠠᠭᠠᠨ ᠤ 《ᠨᠠᠶ᠋ᠮᠠ ᠵᠢ᠌ ᠳᠤᠳᠤᠷᠬᠠᠢᠢᠯᠠᠬᠤ》 ᠪᠤᠯᠤᠨ 《ᠠᠷᠪᠡᠨ ᠲᠦᠷᠪᠡᠨ ᠵᠦᠢᠯ ᠤᠨ ᠪᠠᠷᠢᠮᠳᠠᠯᠠᠯ 》 ᠨᠢ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠬᠤ ᠪᠠ ᠬᠦᠭ᠍ᠵᠢᠬᠦᠯᠬᠦ ᠦᠨᠳᠤᠰᠦᠨ ᠠᠷᠭ᠎ᠠ ᠶᠢ ᠪᠦᠷᠢᠯᠳᠦᠬᠦᠯᠵᠤ᠂ ᠬᠠᠷᠢᠯᠴᠠᠨ ᠨᠢᠬᠡᠳᠤᠯᠲᠡᠢ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠵᠠᠭᠪᠤᠷ ᠢ ᠬᠠᠮᠳᠤ ᠳᠤ ᠪᠠᠨ ᠪᠦᠷᠢᠯᠳᠤᠬᠦᠯᠦᠨ᠎ᠡ ᠬᠡᠵᠤ ᠲᠤᠷᠠᠳᠴᠠᠢ᠃

    ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠪᠤᠯ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠠᠵᠢᠯᠯᠠᠭᠠᠨ ᠤ ᠵᠦᠭᠯᠡᠬᠦᠷ ᠪᠤᠯᠤᠨ ᠦᠵᠡᠯ ᠰᠠᠨᠠᠭᠠᠨ ᠤ ᠵᠡᠪᠰᠡᠭ᠌ ᠪᠤᠯᠤᠨ᠎ᠠ᠃ ᠢᠯᠡᠳᠬᠡᠯ ᠳᠤ᠂ ᠬᠤᠷᠢᠨ ᠨᠢᠬᠡᠳᠤᠬᠡᠷ ᠵᠠᠭᠤᠨ ᠤ ᠲᠤᠮᠳᠠᠳᠤ ᠤᠯᠤᠰ ᠤᠨ ᠮᠠᠷᠺᠰ ᠤᠨ ᠦᠵᠡᠯ ᠵᠠᠪᠠᠯ ᠨᠡᠩ ᠬᠦᠴᠦᠷᠭᠡᠭ᠌᠂ ᠨᠡᠩ ᠬᠦᠴᠦᠨ ᠲᠠᠢ ᠦᠨᠡᠨ ᠶᠤᠰᠤᠨ ᠤ ᠬᠦᠴᠦᠨ ᠢ ᠢᠯᠡᠷᠡᠬᠦᠯᠵᠤ ᠴᠢᠳᠠᠨ᠎ᠠ ᠬᠡᠵᠤ ᠬᠦᠮᠦᠰ ᠤᠨ ᠤᠷᠮ᠎ᠠ ᠶᠢ ᠬᠦᠭ᠍ᠵᠢᠭᠡᠮ᠎ᠡ ᠲᠤᠷᠠᠳᠴᠠᠢ᠃

    ᠨᠡᠶᠢᠬᠡᠮ ᠤᠨ ᠭᠤᠤᠯ ᠵᠦᠷᠢᠴᠡᠯ ᠤᠨ ᠲᠡᠦᠬᠡᠳᠤ ᠴᠢᠨᠠᠷ ᠲᠠᠢ ᠬᠤᠪᠢᠷᠠᠯᠳᠠ᠄ 《ᠠᠷᠠᠳ ᠲᠦᠮᠡᠡ ᠤ ᠡᠲᠦᠷ ᠢᠷᠡᠬᠦᠶ᠎ᠡ ᠨᠡᠮᠡᠭᠲᠡᠵᠦ ᠪᠠᠢᠢᠭ᠎ᠠ ᠰᠠᠢᠢᠨ ᠰᠠᠢᠢᠬᠠᠨ ᠠᠮᠢᠲᠤᠷᠠᠯ᠋ ᠤᠨ ᠭᠡᠷᠡᠭᠴᠡᠭᠡ ᠪᠤᠯᠤᠨ ᠲᠡᠩᠴᠡᠬᠦᠷᠢ ᠦᠭᠡᠢ ᠬᠦᠢᠴᠡᠳ ᠦᠭᠡᠢ ᠬᠦᠭ᠍ᠵᠢᠯᠲᠠ ᠶᠢᠨ ᠬᠤᠭᠤᠷᠤᠨᠲᠤᠬᠢ ᠵᠦᠷᠢᠴᠡᠯ᠋》 ᠪᠤᠯᠵᠤ ᠬᠤᠪᠢᠷᠠᠵᠠᠢ᠃

    ᠦᠩᠬᠡᠷᠡᠭᠰᠡᠨ ᠤᠷᠳᠤ ᠬᠤᠭᠤᠴᠠᠭᠠᠨ ᠳᠤ ᠲᠤᠮᠳᠠᠳᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠢ《ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠤ ᠪᠦᠬᠦᠢ ᠪᠤᠳᠠᠰ ᠤᠨ᠂ ᠰᠤᠶᠤᠯ ᠤᠨ ᠱᠠᠭᠠᠷᠳᠠᠯᠭ᠎ᠠ ᠪᠤᠯᠤᠨ ᠬᠤᠴᠤᠷᠠᠩᠭ᠋ᠤᠢ ᠨᠡᠶᠢᠬᠡᠮ ᠤᠨ ᠦᠢᠯᠡᠳᠪᠦᠷᠢᠯᠡᠯ ᠤᠨ ᠬᠤᠭᠤᠷᠤᠨᠳᠤᠬᠢ ᠵᠦᠷᠢᠴᠡᠯ》ᠭᠡᠵᠤ ᠬᠡᠯᠡᠵᠤ ᠪᠠᠶᠢᠵᠠᠢ᠃ ᠨᠠᠮ ᠤᠨ ᠠᠷᠪᠠ ᠶᠢᠰᠦᠳᠤᠭᠡᠷ ᠶᠡᠭᠡ ᠬᠤᠷᠠᠯ  ᠤᠨ ᠢᠯᠡᠳᠭᠡᠯ ᠳ᠋ᠤ᠂ ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠨᠢᠬᠡᠨᠳᠡ《ᠠᠷᠠᠳ ᠲᠦᠮᠡᠡ ᠤ ᠡᠲᠦᠷ ᠢᠷᠡᠬᠦᠶ᠎ᠡ ᠨᠡᠮᠡᠭᠲᠡᠵᠦ ᠪᠠᠢᠢᠭ᠎ᠠ ᠰᠠᠢᠢᠨ ᠰᠠᠢᠢᠬᠠᠨ ᠠᠮᠢᠲᠤᠷᠠᠯ᠋ ᠤᠨ ᠭᠡᠷᠡᠭᠴᠡᠭᠡ ᠪᠤᠯᠤᠨ ᠲᠡᠩᠴᠡᠬᠦᠷᠢ ᠦᠭᠡᠢ ᠬᠦᠢᠴᠡᠳ ᠦᠭᠡᠢ ᠬᠦᠭ᠍ᠵᠢᠯᠲᠠ ᠶᠢᠨ ᠬᠤᠭᠤᠷᠤᠨᠲᠤᠬᠢ ᠵᠦᠷᠢᠴᠡᠯ᠋》ᠪᠤᠯᠵᠤ ᠬᠤᠪᠢᠷᠠᠵᠠᠢ ᠭᠡᠵᠦ ᠲᠤᠷᠠᠳᠪᠠ᠃

    ᠤᠳᠤᠬᠠᠨ ᠳᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠬᠡᠬᠡᠴᠡᠯᠳᠤᠯ ᠨᠢ ᠵᠦᠪᠬᠡᠨ ᠪᠤᠳᠠᠰ ᠤᠨ ᠪᠠ ᠰᠤᠶᠤᠯ ᠤᠨ ᠠᠮᠢᠳᠤᠷᠠᠯ ᠳᠤ ᠦᠨᠳᠤᠷ ᠱᠠᠭᠠᠷᠳᠠᠯᠭ᠎ᠠ ᠲᠠᠢ ᠪᠤᠯᠤᠭᠰᠠᠨ ᠢᠶᠡᠷ ᠪᠠᠷᠠᠬᠤ ᠦᠭᠡᠢ ᠠᠷᠠᠳᠴᠢᠯᠠᠯ᠂ ᠬᠠᠤᠯᠢ ᠪᠡᠷ ᠵᠠᠰᠠᠬᠤ᠂ ᠲᠦᠪ ᠭᠤᠤᠯᠴᠢ᠂ ᠰᠢᠳᠤᠷᠭᠤ ᠶᠤᠰᠤ᠂ ᠠᠶᠤᠯᠬᠦᠢ᠂ ᠪᠠᠶᠢᠭᠠᠯᠢ ᠤᠷᠴᠢᠨ ᠵᠡᠷᠬᠡ ᠲᠠᠯ᠎᠎ᠠ ᠶᠢᠨ ᠱᠠᠭᠠᠷᠳᠠᠯᠭ᠎ᠠ ᠡᠳᠤᠷ ᠢᠷᠡᠬᠦᠶ᠎ᠡ ᠨᠡᠮᠡᠭᠳᠡᠵᠤ ᠪᠤᠢ᠃ ᠮᠠᠨ ᠤ ᠤᠯᠤᠰ ᠤᠨ ᠨᠡᠶᠢᠬᠡᠮ ᠤᠨ ᠦᠶᠢᠯᠡᠳᠪᠦᠷᠢᠯᠡᠯ ᠤᠨ ᠬᠦᠴᠦᠨ ᠤ ᠲᠦᠪᠰᠢᠨ ᠤ ᠢᠯᠡᠷᠬᠡᠢ ᠲᠡᠭᠡᠭ᠍ᠰᠢᠯᠡᠭᠰᠡᠨ ᠡᠴᠡ ᠨᠡᠩ ᠢᠯᠡᠷᠬᠡᠢ ᠵᠦᠷᠢᠴᠡᠯ ᠪᠤᠯ ᠬᠤᠳᠠ ᠬᠦᠳᠡᠬᠡ᠂ ᠤᠷᠤᠨ ᠪᠦᠰᠡ᠂ ᠤᠷᠤᠯᠭ᠎ᠠ ᠶᠢᠨ ᠬᠤᠪᠢᠶᠠᠷᠢᠯᠠᠯ ᠵᠡᠷᠬᠡ ᠲᠠᠯ᠎ᠠ ᠳᠤ ᠤᠷᠤᠰᠢᠵᠤ ᠪᠠᠶᠢᠭ᠎ᠠ ᠲᠡᠩᠴᠡᠬᠦᠷᠢ ᠦᠭᠡᠢ ᠬᠦᠢᠴᠡᠳ ᠦᠭᠡᠢ ᠵᠡᠷᠬᠡ ᠠᠰᠠᠭᠤᠳᠠᠯ ᠪᠤᠯᠤᠨ᠎ᠠ᠂ ᠡᠨᠡ ᠨᠢ ᠨᠢᠬᠡᠨᠳᠡ ᠬᠦᠮᠦᠰ ᠤᠨ ᠡᠳᠤᠷ ᠢᠷᠡᠬᠦᠶ᠎ᠡ ᠨᠡᠮᠡᠭᠳᠡᠵᠤ ᠪᠦᠬᠦᠢ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠬᠠᠩᠭ᠋ᠠᠬᠤ ᠳᠤ ᠴᠢᠬᠤᠯᠠ ᠬᠢᠵᠠᠭᠠᠷᠯᠠᠬᠤ ᠨᠦᠬᠦᠴᠡᠯ ᠪᠤᠯᠵᠤ ᠪᠠᠶᠢᠨ᠎ᠠ᠃

    ᠨᠡᠶᠢᠬᠡᠮ ᠤᠨ ᠭᠤᠤᠯ ᠵᠦᠷᠢᠴᠡᠯ ᠤᠨ ᠬᠤᠪᠢᠷᠠᠯᠳᠠ ᠨᠢ ᠪᠦᠬᠦ ᠲᠠᠯ᠎ᠠ ᠶᠢ ᠬᠠᠮᠤᠷᠬᠤ ᠪᠦᠭᠡᠳ ᠠᠯᠤᠰ ᠬᠡᠳᠤ ᠶᠢᠨ ᠨᠦᠯᠦᠬᠡ ᠲᠠᠢ᠂ ᠡᠨᠡ ᠨᠢ ᠨᠠᠮ ᠪᠤᠯᠤᠨ ᠤᠯᠤᠰ ᠤᠨ ᠠᠵᠢᠯ ᠳᠤ ᠤᠯᠠᠨ ᠰᠢᠨ᠎ᠡ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠢᠯᠡᠳᠬᠡᠯ ᠳᠤ᠂ ᠮᠠᠠ ᠤ ᠤᠯᠤᠰ ᠤᠨ ᠨᠡᠢᠢᠭᠡᠮ ᠤᠨ ᠭᠤᠤᠯ ᠵᠦᠷᠢᠴᠡᠯ ᠤᠨ ᠬᠤᠪᠢᠷᠠᠯᠲᠠ ᠨᠢ᠌ ᠮᠠᠠ ᠤ ᠤᠯᠤᠰ ᠤᠨ ᠨᠡᠢᠢᠭᠡᠮ ᠵᠢᠷᠤᠮ ᠤᠨ ᠤᠷᠤᠰᠢᠵᠦ ᠪᠠᠢᠢᠭ᠎ᠠ ᠲᠡᠤᠬᠡᠨ ᠱᠠᠲᠤ ᠦᠶ᠎ᠠ ᠳ᠋ᠤ ᠬᠢᠭ᠍ᠰᠡᠡ ᠪᠢᠲᠠᠠ ᠤ ᠮᠠᠭᠠᠳᠯᠠᠯᠲᠠ ᠶᠢ ᠬᠤᠪᠢᠷᠠᠭᠤᠯᠤᠭᠰᠠᠠ ᠦᠭᠡᠢ᠌᠂ ᠮᠠᠠ ᠤ ᠤᠯᠤᠰ ᠮᠦᠨ ᠴᠤ ᠨᠡᠢᠢᠭᠡᠮ ᠵᠢᠷᠤᠮ ᠤᠨ ᠠᠩᠬᠠᠠ ᠤ ᠱᠠᠲᠤᠨ ᠳ᠋ᠤ ᠤᠷᠤᠰᠢᠵᠦ ᠪᠠᠢᠢᠭ᠎ᠠ ᠪᠦᠭᠡᠳ ᠤᠷᠲᠤ ᠬᠤᠭᠤᠴᠠᠭ᠎ᠠ ᠪᠠᠷ ᠤᠷᠤᠰᠢᠬᠤ ᠦᠨᠲᠦᠰᠦᠨ ᠤᠯᠤᠰ ᠤᠨ ᠪᠠᠢᠢᠲᠠᠯ ᠬᠤᠪᠢᠷᠠᠭᠠᠳᠤᠢ᠌ ᠬᠡᠵᠤ ᠤᠨᠴᠠᠭᠠᠶᠢᠯᠠᠨ ᠵᠢᠭᠠᠵᠦ ᠭᠠᠷᠭᠠᠪᠠ᠃

    ᠲᠡᠮᠡᠴᠡᠬᠦ ᠰᠢᠨ᠎ᠡ ᠬᠠᠷᠠᠯᠳᠠ᠄ ᠴᠢᠨᠡ᠋ᠭᠡᠯᠢᠭ᠌ ᠨᠡ᠋ᠢᠢᠭᠡᠮ ᠢ ᠪᠦᠬᠦ ᠲᠠᠯ᠎ᠠ ᠪᠡᠷ ᠪᠡᠶᠡ᠋ᠯᠡ᠋ᠭᠦᠯᠬᠦ ᠡᠴᠡ ᠨᠡ᠋ᠢᠢᠭᠡᠮ ᠵᠢᠷᠤᠮ ᠤᠨ ᠤᠳᠤᠬᠢᠴᠢᠯᠠᠭᠰᠠᠨ ᠬᠦᠴᠦᠷᠬᠡᠭ᠌ ᠤᠯᠤᠰ ᠪᠤᠯᠬᠤ ᠬᠦᠷᠳᠡᠯ᠎ᠡ

    ᠨᠠᠮ ᠤᠨ ᠠᠷᠪᠠ ᠶᠢᠰᠤᠳᠦᠭᠡᠷ ᠶᠡᠬᠡ ᠬᠤᠷᠠᠯ ᠡᠴᠡ ᠨᠠᠮ ᠤᠨ ᠬᠤᠷᠢᠳᠤᠭᠠᠷ ᠶᠡᠬᠡ ᠬᠤᠷᠠᠯ ᠪᠤᠯᠳᠠᠯᠠᠬᠢ ᠬᠤᠭᠤᠴᠠᠭ᠎ᠠ ᠪᠤᠯ《ᠬᠤᠤᠰ ᠵᠠᠭᠤᠨ ᠵᠢᠯ 》 ᠤᠨ ᠲᠡᠮᠡᠴᠡᠬᠦ ᠬᠠᠷᠠᠯᠲᠠ  ᠶᠢᠨ ᠲᠡᠤᠬᠡᠨ ᠰᠤᠯᠪᠢᠴᠠᠯ ᠤᠨ ᠬᠤᠭᠤᠴᠠᠭ᠎ᠠ ᠪᠤᠯᠤᠨ᠎ᠠ᠃ ᠪᠢᠳᠡ ᠴᠢᠨᠡ᠋ᠭᠡᠯᠢᠭ᠌ ᠨᠡ᠋ᠢᠢᠭᠡᠮ ᠢ ᠪᠦᠬᠦ ᠲᠠᠯ᠎ᠠ ᠪᠡᠷ ᠪᠡᠶᠡ᠋ᠯᠡ᠋ᠬᠦᠯᠵᠤ᠂ ᠨᠢᠭᠡᠳᠦᠭᠡᠷ ᠵᠠᠭᠤᠨ ᠵᠢᠯ ᠤᠨ ᠲᠡ᠋ᠮᠡ᠋ᠴᠡ᠋ᠬᠦ ᠬᠠᠷᠠᠯᠲᠠ ᠵᠢ ᠪᠡᠶᠡ᠋ᠯᠡ᠋ᠭᠦᠯᠬᠦ ᠪᠡᠷ ᠪᠠᠷᠠᠬᠤ ᠦᠭᠡᠢ ᠪᠠᠰᠠ ᠢᠯᠠᠯᠳᠠ ᠶᠢᠨ ᠢᠶᠡᠨ ᠡᠷᠴᠢᠨ ᠲᠡ᠋ᠭᠡᠷ᠎ᠠ ᠨᠡ᠋ᠢᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠡᠷ ᠪᠦᠲᠦᠭᠡᠨ ᠪᠠᠢᠢᠭᠤᠯᠬᠤ ᠰᠢᠨ᠎ᠠ ᠠᠶᠠᠯᠠᠯ ᠢᠶᠡᠨ ᠡᠬᠢᠯᠡ᠋ᠭᠦᠯᠵᠤ᠂ ᠬᠤᠶᠠᠳᠤᠭᠠᠷ ᠵᠠᠭᠤᠨ ᠵᠢᠯ ᠤᠨ ᠲᠡ᠋ᠮᠡ᠋ᠴᠡ᠋ᠬᠦ ᠬᠠᠷᠠᠯᠲᠠ ᠲᠡ᠋ᠰᠢ ᠤᠷᠤᠭᠰᠢᠯᠠᠬᠤ ᠬᠡᠷᠡᠭᠳᠡᠢ ᠭᠡᠪᠡ᠃ ᠲᠡᠮᠡᠴᠡᠬᠦ ᠰᠢᠨ᠎ᠡ ᠬᠠᠷᠠᠯᠳᠠ  ᠶᠢᠨ ᠬᠤᠭᠤᠴᠠᠭ᠎ᠠ ᠨᠢ ᠤᠳᠤ ᠡᠴᠡ ᠲᠤᠰ ᠵᠠᠭᠤᠨ ᠤ ᠲᠤᠮᠳᠠᠴᠢ ᠬᠦᠷᠳᠡᠯ᠎ᠡ ᠭᠤᠷᠪᠠᠨ ᠬᠠᠷᠠᠯᠳᠠ᠂ ᠬᠤᠶᠠᠷ ᠱᠠᠳᠤ᠂ ᠬᠤᠶᠠᠷ ᠠᠯᠬᠤᠮ ᠳᠤ ᠬᠤᠪᠢᠶᠠᠵᠤ《ᠤᠶᠢᠷ᠎ᠠ᠂ ᠲᠤᠮᠳᠠ᠂ ᠬᠤᠯᠠ》 ᠶ᠋ᠢᠨ ᠬᠠᠷᠠᠯᠳᠠ ᠶᠢ ᠤᠷᠭᠠᠨᠢᠭ ᠢᠶᠡᠷ ᠤᠶᠠᠯᠳᠤᠭᠤᠯᠵᠠᠢ᠃

    ᠢᠯᠡᠳᠬᠡᠯ ᠳᠤ ᠲᠤᠷᠠᠳᠤᠭᠰᠠᠨ 《ᠭᠤᠷᠪᠠᠨ ᠬᠠᠷᠠᠯᠳᠠ》 ᠨᠢ ᠲᠤᠰ ᠲᠤᠰ᠂ 2020 ᠤᠨ ᠳᠤ ᠴᠢᠨᠡ᠋ᠭᠡᠯᠢᠭ᠌ ᠨᠡ᠋ᠢᠢᠭᠡᠮ ᠢ ᠪᠦᠬᠦ ᠲᠠᠯ᠎ᠠ ᠪᠡᠷ ᠪᠡᠶᠡ᠋ᠯᠡ᠋ᠭᠦᠯᠦᠨ ᠨᠢᠬᠡᠳᠤᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠪᠡᠨ ᠪᠡᠶᠡᠯᠡᠬᠦᠯᠦᠨ᠎ᠡ; 2035 ᠤᠨ ᠳᠤ ᠨᠡ᠋ᠢᠢᠭᠡᠮ ᠵᠢᠷᠤᠮ ᠤᠨ ᠤᠳᠤᠬᠢᠴᠢᠯᠠᠯᠲᠠ ᠵᠢ ᠦᠨᠳᠦᠰᠦᠨ ᠳ᠋ᠡ᠋ᠭᠡᠨ ᠪᠡᠶᠡ᠋ᠯᠡ᠋ᠭᠦᠯᠦᠨ᠎ᠠ; ᠲᠤᠰ ᠵᠠᠭᠤᠨ ᠤ ᠳᠤᠮᠳᠠᠴᠢ ᠦᠶ᠎ᠡ ᠪᠤᠯᠳᠠᠯ᠎ᠠ᠂ ᠮᠠᠨ ᠤ ᠤᠯᠤᠰ ᠵᠢᠡ᠋ᠨ ᠪᠠᠶᠠᠨ ᠬᠦᠴᠦᠷᠬᠡᠭ᠌ ᠠᠷᠠᠳᠴᠢᠯᠠᠭᠰᠠᠨ ᠪᠤᠯᠪᠠᠰᠤᠨ ᠡᠶ᠎ᠠ ᠵᠤᠬᠢᠴᠠᠩᠭ᠋ᠤᠢ ᠦᠵᠡ᠋ᠰᠭᠦᠯᠡ᠋ᠩᠲᠦ ᠰᠠᠢᠢᠬᠠᠨ ᠨᠡ᠋ᠢᠢᠭᠡᠮ ᠵᠢᠷᠤᠮ ᠤᠨ ᠤᠳᠤᠬᠢᠴᠢᠯᠠᠭᠰᠠᠨ ᠬᠦᠴᠦᠷᠬᠡᠭ᠌ ᠤᠯᠤᠰ ᠪᠤᠯᠭᠠᠨ ᠪᠦᠲᠦᠭᠡᠨ ᠪᠠᠢᠢᠭᠤᠯᠤᠨ᠎ᠠ ᠭᠡᠵᠤ ᠳᠤᠷᠠᠳᠴᠠᠢ᠃ 《ᠬᠤᠶᠠᠷ ᠱᠠᠳᠤ》ᠪᠤᠯᠤᠨ《ᠬᠤᠶᠠᠷ ᠠᠯᠬᠤᠮ》 ᠨᠢ 2020 ᠤᠨ ᠡᠴᠡ ᠲᠤᠰ ᠵᠠᠭᠤᠨ ᠤ ᠲᠤᠮᠳᠠᠴᠢ ᠬᠦᠷᠳᠡᠯᠡᠬᠢ ᠲᠡᠮᠡᠴᠡᠬᠦ ᠬᠠᠷᠠᠯᠳᠠ ᠶᠢ ᠬᠤᠶᠠᠷ ᠠᠷᠪᠠᠨ ᠲᠠᠪᠤᠨ ᠵᠢᠯ ᠢᠶᠡᠷ ᠲᠤᠬᠢᠷᠠᠭᠤᠯᠵᠠᠢ᠃

    ᠠᠩᠬᠠᠷᠤᠭᠤᠰᠢᠲᠠᠢ ᠨᠢ᠂ ᠢᠯᠡᠳᠬᠡᠯ ᠳᠤ᠂ 《2035 ᠤᠨ ᠪᠤᠯᠳᠠᠯᠠᠬᠢ ᠬᠠᠷᠠᠯᠳᠠ》ᠪᠤᠯ ᠮᠠᠨ ᠤ ᠤᠯᠤᠰ ᠤᠨ ᠬᠦᠭ᠍ᠵᠢᠯᠳᠡ ᠶᠢᠨ ᠪᠤᠳᠠᠳᠠᠢ ᠪᠠᠶᠢᠳᠠᠯ ᠳᠤ ᠰᠠᠭᠤᠷᠢᠯᠠᠨ ᠦᠩᠬᠡᠷᠡᠭᠰᠡᠨ ᠳᠤ ᠲᠤᠷᠠᠳᠤᠭᠰᠠᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ᠂ ᠲᠤᠰ ᠵᠠᠭᠤᠨ ᠤ ᠲᠤᠮᠳᠠᠴᠢ ᠬᠦᠷᠳᠡᠯᠡᠬᠢ ᠬᠦᠭ᠍ᠵᠢᠯᠳᠡ ᠶᠢᠨ ᠲᠦᠪᠰᠢᠨ ᠢᠶᠡᠨ ᠤᠷᠢᠳᠴᠢᠯᠠᠨ 2035 ᠤᠨ ᠳᠤ ᠪᠡᠶᠡᠯᠡᠬᠦᠯᠵᠤ ᠂ ᠠᠬᠢᠴᠠ ᠪᠠᠨ 15 ᠵᠢᠯ ᠪᠤᠭᠤᠨᠢᠰᠬᠠᠭᠰᠠᠨ ᠪᠠᠶᠢᠨ᠎ᠠ᠃

    ᠬᠦᠭ᠍ᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠳᠠ᠄ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ᠎ᠠ

    ᠬᠦᠭ᠍ᠵᠢᠯᠳᠡ ᠪᠤᠯ ᠨᠠᠮ ᠤᠨ ᠵᠠᠰᠠᠭ ᠪᠠᠷᠢᠵᠤ ᠤᠯᠤᠰ ᠢᠶᠡᠨ ᠬᠦᠭ᠍ᠵᠢᠬᠦᠯᠬᠦ ᠨᠢᠬᠡᠳᠤᠬᠡᠷ ᠡᠬᠦᠷᠬᠡ ᠪᠤᠯᠤᠨ᠎ᠠ᠃ ᠠᠷᠪᠠ ᠶᠢᠰᠦᠳᠤᠬᠡᠷ ᠶᠡᠬᠡ ᠬᠤᠷᠠᠯ ᠳᠤ᠂ ᠮᠠᠠ ᠤ ᠤᠯᠤᠰ ᠤᠨ ᠠᠵᠥ ᠠᠬᠤᠢ ᠨᠢᠬᠡᠨᠳᠠ ᠲᠡᠬᠡᠳᠤ ᠬᠤᠷᠳᠤᠴᠠ ᠪᠠᠷ ᠨᠡᠮᠡᠭᠳᠡᠬᠦ ᠱᠠᠳᠤᠠ ᠠᠴᠠ ᠪᠠᠨ ᠴᠢᠨᠠᠷ ᠴᠢᠨᠰᠠᠭ᠎ᠠ ᠰᠠᠶᠢᠳᠠᠢ ᠬᠦᠭ᠍ᠵᠢᠬᠦ ᠱᠠᠳᠤᠠ ᠳᠤ ᠰᠢᠯᠵᠢᠵᠥ᠂ ᠶᠠᠭ ᠬᠦᠭ᠍ᠵᠢᠯᠳᠠ ᠶᠢᠨ ᠠᠷᠭ᠎ᠠ ᠮᠠᠶ᠊ᠢᠭ ᠢᠶᠠᠨ ᠬᠤᠪᠢᠷᠠᠭᠤᠯᠬᠤ᠂ ᠠᠵᠥ ᠠᠬᠤᠢ ᠶᠢᠨ ᠪᠦᠳᠦᠴᠠ ᠶᠢ ᠰᠢᠯᠢᠳᠡᠭᠵᠢᠬᠦᠯᠬᠦ᠂ ᠨᠡᠮᠡᠭᠳᠡᠯ ᠤᠨ ᠬᠦᠳᠠᠯᠬᠡᠭ᠍ᠴᠢ ᠬᠦᠴᠦᠠ ᠢ ᠬᠤᠪᠢᠷᠠᠭᠤᠯᠬᠤ ᠪᠠᠷᠬᠡ ᠰᠠᠳᠤᠪ ᠢ ᠰᠢᠢᠳᠪᠤᠷᠢᠯᠠᠬᠦ ᠱᠠᠳᠤᠠ ᠳᠤ ᠤᠷᠤᠰᠢᠵᠥ ᠪᠠᠶᠢᠨ᠎ᠠ᠂ ᠤᠳᠤᠬᠢᠴᠢᠯᠠᠭᠰᠠᠠ ᠠᠵᠥ ᠠᠬᠤᠢ ᠶᠢᠨ ᠰᠢᠰᠲ᠋ᠧᠮ ᠢ ᠪᠠᠶᠢᠭᠤᠯᠬᠤ ᠪᠤᠯ ᠪᠤᠭᠤᠮᠳᠠ ᠶᠢ ᠲᠡᠪᠠᠭ᠋ᠤ ᠲᠤᠯᠭᠠᠮ᠎ᠠ ᠱᠠᠭᠠᠷᠳᠠᠯᠭ᠎ᠠ ᠪᠠ ᠮᠠᠠ ᠤ ᠤᠯᠤᠰ ᠤᠨ ᠬᠦᠭ᠍ᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠳᠠ ᠪᠤᠯᠤᠨ᠎ᠠ᠃

    ᠬᠦᠮᠦᠰ ᠤᠨ ᠠᠩᠬᠠᠷᠳᠠᠭ ᠨᠢ᠂ ᠢᠯᠡᠳᠬᠡᠯ ᠳᠤ ᠲᠤᠷᠠᠳᠤᠭᠰᠠᠨ ᠬᠦᠭ᠍ᠵᠢᠯᠳᠡ ᠶᠢᠨ ᠬᠠᠷᠠᠯᠳᠠ ᠪᠦᠬᠦᠯᠢ ᠴᠤᠭᠴᠠ᠂ ᠶᠡᠷᠦᠩᠬᠡᠢ ᠪᠦᠲᠦᠴᠡ ᠶᠢ ᠴᠢᠬᠤᠯᠠᠴᠢᠯᠠᠵᠤ᠂ᠮᠠᠨ ᠤ ᠤᠯᠤᠰ ᠤᠨ ᠰᠢᠨ᠎ᠡ ᠴᠠᠭ ᠦᠶ᠎ᠡ ᠳᠤ ᠤᠷᠤᠭᠰᠠᠨ ᠤᠨᠴᠠᠯᠢᠭ ᠡᠴᠡ ᠲᠤᠭᠳᠠᠭᠠᠭᠳᠠᠵᠤ᠂ ᠵᠦᠪᠬᠡᠨ ᠠᠵᠤ ᠠᠬᠤᠢ ᠶᠢᠨ ᠬᠡᠮᠵᠢᠶᠡᠯᠡᠬᠦ ᠨᠤᠷᠮ᠎ᠠ ᠶᠢ ᠬᠠᠩᠭ᠋ᠠᠬᠤ ᠪᠠᠨ ᠪᠤᠯᠢᠵᠠᠢ᠃

    ᠢᠯᠡᠳᠬᠡᠯ ᠳᠤ᠂ ᠡᠷᠬᠡᠪᠰᠢ ᠶᠠᠰᠤ ᠴᠢᠨᠠᠷ ᠢ ᠲᠡᠷᠢᠬᠦᠠ ᠳᠤ ᠲᠡᠯᠪᠢᠬᠤ᠂ ᠦᠷ᠎ᠠ ᠠᠰᠢᠭ ᠢ ᠤᠷᠢᠳ ᠢᠶᠠᠷ ᠪᠤᠳᠤᠯᠬᠢᠯᠠᠬᠤ ᠶᠢ ᠪᠠᠷᠢᠮᠳᠠᠯᠠᠵᠥ᠂ ᠬᠠᠨᠭ᠍ᠭᠠᠯᠭ᠎ᠠ ᠶᠢᠨ ᠲᠡᠯ᠎ᠠ ᠶᠢᠨ ᠪᠦᠳᠦᠴᠠ ᠶᠢᠨ ᠴᠢᠨᠠᠷᠳᠠᠢ ᠦᠬᠡᠷᠡᠴᠢᠯᠠᠯᠳᠠ ᠪᠠᠷ ᠭᠤᠤᠯ ᠰᠢᠵᠢᠮ ᠪᠤᠯᠭᠠᠵᠥ᠂ ᠠᠵᠥ ᠠᠬᠤᠢ ᠶᠢᠨ ᠬᠦᠭ᠍ᠵᠢᠯᠳᠠ ᠶᠢᠨ ᠶᠠᠰᠤ ᠴᠢᠨᠠᠷ ᠤᠨ ᠬᠤᠪᠢᠰᠤᠯᠳᠠ᠂ ᠦᠷ᠎ᠠ ᠪᠦᠳᠦᠮᠵᠢ ᠶᠢᠨ ᠬᠤᠪᠢᠰᠤᠯᠳᠠ᠂ ᠬᠦᠳᠠᠯᠬᠡᠭ᠍ᠴᠢ ᠬᠦᠴᠦᠠ ᠤ ᠬᠤᠪᠢᠰᠤᠯᠳᠠ ᠶᠢ ᠠᠬᠢᠭᠤᠯᠵᠥ᠂ ᠮᠠᠨ ᠤ ᠤᠯᠤᠰ ᠤᠨ ᠠᠵᠥ ᠠᠬᠤᠢ ᠶᠢᠨ ᠰᠢᠨ᠎ᠠ ᠶᠢ ᠡᠬᠦᠳᠬᠦ ᠬᠦᠴᠦᠠ ᠪᠠ ᠦᠷᠢᠰᠦᠯᠳᠦᠬᠦ ᠬᠦᠴᠦᠠ ᠢ ᠲᠡᠰᠤᠷᠠᠯᠳᠠ ᠦᠬᠡᠢ ᠴᠢᠩᠭ᠋ᠠᠷᠠᠭᠤᠯᠬᠤ ᠬᠡᠷᠡᠭᠳᠡᠢ ᠬᠡᠵᠡᠢ᠃

    ᠨᠠᠮ ᠤᠨ ᠪᠠᠶᠢᠭᠤᠯᠤᠯᠳᠠ ᠶᠢᠨ ᠰᠢᠨ᠎ᠡ ᠱᠠᠭᠠᠷᠳᠠᠯᠭ᠎ᠠ᠄ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠲᠡᠷᠢᠬᠦᠨ ᠪᠠᠶᠢᠷᠢᠨ ᠳᠤ ᠲᠠᠯᠪᠢᠬᠤ ᠬᠡᠷᠡᠭᠲᠡᠢ

    ᠰᠢᠨ᠎ᠡ ᠴᠠᠭ ᠦᠶ᠎ᠡ ᠳᠤ ᠤᠷᠤᠭᠰᠠᠨ ᠤ ᠲᠠᠷᠠᠭ᠎ᠠ᠂ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ ᠶᠡᠬᠡ ᠢᠨᠵᠧᠨᠧᠷᠢᠩ ᠨᠢ ᠶᠡᠷᠦᠩᠬᠡᠶᠢᠯᠡᠨ ᠵᠠᠬᠢᠷᠬᠤ ᠪᠦᠭᠡᠳ ᠰᠢᠶ᠋ᠳᠪᠦᠷᠢᠯᠡᠬᠦ ᠦᠢᠯᠡᠳᠤᠯ ᠦᠵᠡᠬᠦᠯᠳᠡᠭ᠃

    ᠠᠷᠪᠠ ᠶᠢᠰᠦᠳᠤᠬᠡᠷ ᠶᠡᠬᠡ ᠬᠤᠷᠠᠯ ᠳᠤ᠂ ᠠᠭᠤᠣ ᠶᠡᠭᠡ ᠲᠡᠮᠡᠴᠡᠯ ᠬᠢᠬᠦ᠂ ᠠᠭᠤᠣ ᠶᠡᠭᠡ ᠦᠢᠯᠡᠰ ᠢ ᠠᠬᠢᠭᠤᠯᠬᠤ᠂ ᠠᠭᠤᠣ ᠶᠡᠭᠡ ᠵᠡᠬᠦᠳᠤ ᠶᠢ ᠲᠠᠷᠬᠡᠯᠰᠢᠬᠦᠯᠬᠦ ᠳᠤ ᠡᠷᠭᠡᠪᠰᠢ ᠨᠠᠮ ᠤᠨ ᠣᠳᠣᠷᠢᠳᠣᠯᠭ᠎ᠠ ᠶᠢ ᠡᠷᠡᠰ ᠭᠤᠶᠢᠪᠢᠰᠢ ᠦᠬᠡᠢ ᠪᠠᠷ ᠪᠠᠷᠢᠮᠳᠠᠯᠠᠨ ᠲᠡᠬᠦᠯᠳᠡᠷᠵᠢᠬᠦᠯᠬᠦ ᠬᠡᠷᠡᠭᠳᠡᠢ ᠬᠡᠵᠤ ᠵᠢᠭᠠᠵᠤ ᠭᠠᠷᠭᠠᠵᠠᠢ᠃

    ᠢᠯᠡᠳᠬᠡᠯ ᠳᠤ᠂ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠨᠳᠦᠰᠦᠨ ᠠᠷᠭ᠎ᠠ ᠪᠤᠳᠤᠯᠭ᠎ᠠ ᠶᠢᠨ 《ᠠᠷᠪᠡᠨ ᠲᠦᠷᠪᠡᠨ ᠵᠦᠢᠯ ᠤᠨ ᠪᠠᠷᠢᠮᠳᠠᠯᠠᠯ 》  ᠢ᠋ ᠪᠠᠷᠢᠮᠳᠠᠯᠠᠬᠤ ᠪᠠ ᠬᠦᠭ᠍ᠵᠢᠬᠦᠯᠬᠦ ᠳᠤ᠂ ᠨᠢᠬᠡᠳᠤᠭᠡᠷ ᠪᠠ ᠠᠷᠪᠠᠨ ᠲᠦᠷᠪᠡᠳᠤᠬᠡᠷ ᠵᠦᠢᠯ ᠨᠢ ᠲᠤᠰ ᠲᠤᠰ 《ᠨᠠᠮ ᠡᠴᠡ ᠠᠯᠢᠪᠠ ᠠᠵᠢᠯ ᠢ ᠤᠳᠤᠷᠢᠳᠬᠤ ᠶᠢ ᠪᠠᠷᠢᠮᠳᠠᠯᠠᠬᠤ》᠂《ᠪᠦᠬᠦ ᠲᠠᠯ᠎ᠠ ᠪᠡᠷ ᠨᠠᠮ ᠢ ᠵᠠᠰᠠᠬᠤ ᠶᠢ ᠪᠠᠷᠢᠮᠳᠠᠯᠠᠵᠤ》ᠪᠤᠯᠤᠨ᠎ᠠ᠃ ᠢᠯᠡᠳᠬᠡᠯ ᠤᠨ ᠰᠡᠬᠦᠯ ᠤᠨ ᠬᠡᠰᠡᠭ ᠲᠤ《ᠡᠷᠡᠰ ᠭᠤᠶᠢᠪᠢᠰᠢ ᠦᠬᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠦ᠂ ᠨᠠᠮ ᠤᠨ ᠲᠦᠷᠦ ᠪᠠᠷᠢᠬᠤ ᠴᠢᠳᠠᠪᠣᠷᠢ ᠪᠡ ᠣᠳᠣᠷᠢᠳᠬᠤ ᠲᠦᠪᠰᠢᠨ ᠢ ᠲᠠᠰᠣᠷᠠᠯᠳᠠ ᠦᠬᠡᠢ ᠲᠡᠭᠡᠭ᠍ᠰᠢᠯᠡᠬᠦᠯᠦᠨ᠎ᠡ》ᠬᠡᠵᠤ ᠲᠠᠬᠢᠨᠳᠠ ᠴᠢᠬᠤᠯᠠᠴᠢᠯᠠᠪᠠ᠃

    ᠢᠯᠡᠳᠬᠡᠯ ᠳᠤ᠂ ᠲᠤᠮᠳᠠᠳᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠬᠰᠠᠨ ᠶᠢᠡᠷ ᠮᠠᠨ ᠤ ᠨᠠᠮ ᠵᠠᠪᠠᠯ ᠰᠢᠨ᠎ᠡ ᠲᠦᠷᠬᠦ ᠰᠢᠨ᠎ᠡ ᠠᠮᠵᠢᠯᠳᠠ ᠲᠡᠢ ᠪᠠᠶᠢᠬᠤ ᠬᠡᠷᠡᠭᠲᠡᠢ᠃ 《ᠲᠡᠭᠡᠷ᠎ᠡ ᠲᠤᠤᠷ᠎ᠠ ᠬᠤᠯᠪᠤᠭᠠᠯᠠᠨ ᠬᠢᠨᠠᠨ ᠪᠠᠶᠢᠴᠠᠭᠠᠬᠤ ᠲᠤᠤᠷ ᠢ  ᠪᠠᠶᠢᠭᠤᠯᠬᠤ》᠂《ᠤᠯᠤᠰ᠂ ᠮᠤᠵᠢ᠂ ᠬᠤᠳᠠ᠂ ᠰᠢᠶᠠᠨ ᠤ ᠬᠢᠨᠠᠨ ᠪᠠᠶᠢᠴᠠᠭᠠᠬᠤ ᠵᠦᠪᠯᠡᠯ ᠢ ᠪᠠᠶᠢᠭᠤᠯᠬᠤ》ᠵᠡᠷᠬᠡ ᠰᠢᠨ᠎ᠡ ᠠᠷᠭ᠎ᠠ ᠬᠡᠮᠵᠢᠶ᠎ᠡ ᠶᠢ ᠢᠯᠡᠳᠬᠡᠯ ᠳᠤ ᠪᠢᠴᠢᠨ ᠤᠷᠤᠭᠤᠯᠵᠤ᠂ ᠨᠢᠬᠡᠨ ᠪᠦᠷᠢᠨ᠂ ᠴᠢᠩᠭ᠋᠎ᠠ ᠬᠢᠨᠠᠮᠠᠭᠠᠢ ᠨᠠᠮ ᠪᠤᠯᠤᠨ ᠤᠯᠤᠰ ᠤᠨ ᠬᠢᠨᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ᠎ᠠ ᠬᠡᠵᠤ ᠲᠤᠷᠠᠳᠴᠠᠢ᠃

    ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠰᠢᠨ᠎ᠡ ᠠᠷᠭ᠎ᠠ ᠬᠡᠮᠵᠢᠶ᠎ᠡ᠄ ᠨᠢᠬᠡ ᠲᠦᠰᠦᠯ ᠢ ᠪᠠᠷᠢᠮᠳᠠᠯᠠᠨ ᠤᠷᠤᠭᠰᠢᠯᠠᠬᠤ

    ᠢᠯᠡᠳᠬᠡᠯ ᠳᠤ᠂ ᠤᠯᠤᠰ ᠲᠦᠷᠦ᠂ ᠠᠵᠤ ᠠᠬᠤᠢ᠂ ᠰᠤᠶᠤᠯ᠂ ᠨᠡᠶᠢᠬᠡᠮ ᠵᠡᠷᠬᠡ ᠡᠯ᠎ᠡ ᠲᠠᠯ᠎ᠠ ᠳᠤ ᠲᠤᠷᠠᠳᠤᠭᠰᠠᠨ ᠵᠠᠭᠤ ᠭᠠᠷᠤᠢ ᠵᠤᠷᠪᠤᠰ ᠰᠢᠨ᠎ᠡ ᠠᠷᠭ᠎ᠠ ᠬᠡᠮᠵᠢᠢ᠎ᠡ ᠨᠢ ᠰᠢᠨ᠎ᠡ ᠬᠦᠭ᠍ᠵᠢᠯᠳᠡ ᠶᠢ ᠠᠬᠢᠭᠤᠯᠤᠨ ᠰᠢᠨ᠎ᠡ ᠬᠠᠷᠠᠯᠳᠠ ᠶᠢ ᠪᠡᠶᠡᠯᠡᠬᠦᠯᠬᠦ ᠳᠤ ᠴᠢᠬᠤᠯᠠ ᠲᠦᠯᠬᠢᠴᠡ ᠦᠢᠯᠡᠳᠤᠯ ᠦᠵᠡᠬᠦᠯᠳᠡᠭ᠃

    ᠢᠷᠭᠡᠳ ᠤᠨ ᠠᠮᠢᠵᠢᠷᠠᠭᠠᠨ ᠤ ᠠᠷᠭ᠎ᠠ ᠬᠡᠮᠵᠢᠶᠠᠨ ᠳᠤ 《ᠨᠢᠯᠬᠠᠰ ᠢ ᠬᠦᠮᠦᠵᠢᠬᠦᠯᠬᠦ》 ᠪᠤᠯᠤᠨ《 ᠪᠠᠭᠤᠷᠠᠢ ᠶᠢ ᠲᠡᠮᠵᠢᠬᠦ》 ᠶᠢ ᠨᠡᠮᠡᠵᠤ᠂ ᠨᠢᠯᠬᠠᠰ ᠢ ᠪᠤᠶᠢᠵᠢᠭᠤᠯᠬᠤ ᠪᠤᠯᠤᠨ ᠬᠠᠷᠭᠠᠯᠵᠠᠬᠤ᠂ ᠬᠦᠭ᠍ᠵᠢᠯ ᠤᠨ ᠪᠡᠷᠬᠡᠰᠢᠶᠡᠯ ᠲᠠᠢ᠂ ᠬᠦᠨᠳᠤ ᠡᠪᠡᠳᠴᠢᠳᠡᠨ ᠲᠠᠢ ᠪᠠᠭᠤᠷᠠᠢ ᠂ ᠲᠤᠤᠷ᠎ᠠ ᠤᠷᠤᠯᠭ᠎ᠠ ᠲᠠᠢ ᠬᠦᠮᠦᠰ ᠲᠤ ᠲᠤᠰᠠᠯᠠᠮᠵᠢ ᠬᠠᠩᠭ᠋ᠠᠵᠠᠢ᠃ 《ᠬᠦᠳᠡᠬᠡ ᠲᠤᠰᠬᠤᠨ ᠢ ᠬᠦᠭ᠍ᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ》  ᠂ 《ᠭᠤᠷᠪᠠᠨ ᠬᠦᠳᠡᠬᠡ》 ᠶ᠋ᠢ ᠴᠢᠩᠭ᠋ᠠᠳᠬᠠᠬᠤ ᠶ᠋ᠢ ᠲᠤᠷᠠᠳᠴᠠᠢ ᠁ ᠢᠯᠡᠳᠬᠡᠯ ᠳᠤ ᠪᠦᠬᠦ ᠤᠷᠤᠨ ᠪᠠᠶᠢᠷᠢ᠂ ᠤᠯᠠᠨ ᠲᠠᠯ᠎ᠠ ᠡᠴᠡ ᠴᠤᠪᠤᠷᠠᠯ ᠴᠢᠬᠤᠯᠠ ᠠᠷᠭ᠎ᠠ ᠬᠡᠮᠵᠢᠶ᠎ᠡ ᠲᠤᠷᠠᠳᠤᠬᠰᠠᠨ ᠡᠴᠡ ᠨᠠᠮ ᠪᠤᠯᠤᠨ ᠤᠯᠤᠰ ᠤᠨ ᠦᠢᠯᠡᠰ ᠤᠨ ᠬᠦᠭ᠍ᠵᠢᠯᠳᠡ ᠶᠢ ᠬᠦᠴᠦᠯᠡᠨ ᠠᠬᠢᠭᠤᠯᠬᠤ ᠨᠢ ᠯᠠᠪᠳᠠᠢ᠃

    ᠢᠯᠡᠳᠬᠡᠯ ᠳᠤ᠂ ᠢᠷᠡᠬᠡᠳᠤᠢ ᠶᠢᠨ ᠤᠷᠤᠭᠰᠢᠯᠠᠯᠳᠠ ᠶᠢᠨ ᠵᠠᠮ ᠳᠤ 《ᠲᠠᠪᠤ ᠶᠢ ᠨᠢᠬᠡ ᠴᠤᠭᠴᠠᠵᠢᠭᠤᠯᠬᠤ》 ᠶᠡᠷᠦᠩᠬᠡᠢ ᠪᠦᠲᠦᠴᠡ ᠪᠤᠯᠤᠨ 《 ᠲᠦᠷᠪᠡᠨ ᠪᠦᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠦᠲᠦᠴᠡ ᠶᠢ ᠲᠤᠳᠤᠷᠬᠠᠢ ᠴᠢᠬᠤᠯᠠᠴᠢᠯᠠᠬᠤ ᠶᠢᠨ ᠬᠠᠮᠳᠤ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠦᠨᠳᠦᠰᠦᠯᠡᠨ ᠪᠠᠰᠠ ᠤᠯᠠᠨ ᠰᠢᠨ᠎ᠡ ᠠᠷᠭ᠎ᠠ ᠬᠡᠮᠵᠢᠶ᠎ᠡ ᠶᠢ ᠲᠤᠷᠠᠳᠴᠤ᠂ ᠨᠢᠬᠡᠨ ᠲᠦᠰᠦᠯ ᠢ ᠪᠠᠷᠢᠮᠳᠠᠯᠠᠨ ᠲᠤᠤᠱᠳᠠᠢ ᠤᠷᠤᠭᠰᠢᠯᠠᠬᠤ ᠶᠢ ᠪᠠᠳᠤᠯᠠᠨ᠎ᠠ᠎ ᠬᠡᠵᠤ ᠵᠢᠭᠠᠵᠤ ᠭᠠᠷᠭᠠᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121832676