ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠤᠬᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠲᠡᠷᠢᠬᠦᠯᠡᠭᠴᠢ ᠶᠢᠨ ᠪᠦᠯᠬᠦᠮ ᠬᠤᠶᠠᠲᠤᠭᠠᠷ ᠤᠳᠠᠭᠠᠨ ᠤ ᠬᠤᠷᠠᠯ ᠬᠤᠷᠠᠯᠳᠤᠭᠤᠯᠪᠠ 2017-10-20 22:18

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ   20 ᠤ ᠡᠲᠦᠷ ᠤᠨ ᠦᠲᠡ ᠡᠴᠡ ᠬᠤᠶᠢᠰᠢ᠂ ᠠᠷᠠᠳ ᠤᠨ ᠶᠡᠬᠡ ᠬᠤᠷᠠᠯ ᠤᠨ ᠲᠠᠩᠬᠢᠮ ᠳ᠋ᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠤᠬᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠲᠡᠷᠢᠬᠦᠯᠡᠭᠴᠢ ᠶᠢᠨ ᠪᠦᠯᠬᠦᠮ ᠬᠤᠶᠠᠲᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃

    ᠰᠢ ᠵᠢᠨ ᠫᠢᠩ ᠨᠦᠬᠦᠷ ᠬᠤᠷᠠᠯ ᠢ ᠡᠷᠬᠢᠯᠡᠪᠡ᠃

    ᠶᠡᠬᠡ ᠬᠤᠷᠠᠯ ᠤᠨ ᠨᠠᠷᠢᠨ ᠪᠢᠴᠢᠭ᠌ ᠤᠨ ᠲᠠᠷᠤᠭ᠎ᠠ ᠯᠢᠦ ᠶᠦᠨ ᠱᠠᠨ ᠠᠷᠪᠠ ᠶᠢᠰᠦᠲᠦᠭᠡᠷ ᠬᠤᠭᠤᠴᠠᠭᠠᠨ ᠤ ᠲᠦᠪ ᠬᠤᠷᠢᠶᠠᠨ ᠤ ᠭᠡᠰᠢᠬᠦᠨ᠂ ᠤᠷᠤᠯᠠᠭᠴᠢ ᠭᠡᠰᠢᠬᠦᠨ ᠪᠠ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠬᠦᠨ ᠤ ᠵᠢᠱᠢᠭᠲᠡᠭᠴᠢ ᠶᠢᠨ ᠪᠡᠯᠡᠳᠭᠡᠯ ᠵᠢᠱᠢᠭᠲᠡᠭᠴᠢ ᠶᠢᠨ ᠨᠡᠷᠡᠰ ᠤᠨ ᠲᠤᠬᠠᠢ ᠲᠤᠲᠤᠷᠬᠠᠶᠢᠯᠠᠯᠲᠠ ᠬᠢᠪᠡ᠃

    ᠬᠤᠷᠠᠯ ᠡᠴᠡ ᠠᠷᠪᠠᠨ ᠨᠠᠶ᠋ᠮᠠᠲᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠭᠡᠯ ᠤᠨ ᠰᠢᠢᠳᠪᠦᠷᠢ ( ᠲᠦᠰᠦᠯ )᠂ ᠠᠷᠪᠠᠨ ᠨᠠᠶ᠋ᠮᠠᠲᠤᠭᠠᠷ ᠬᠤᠭᠤᠴᠠᠭᠠᠨ ᠤ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ ᠤᠨ ᠰᠢᠢᠳᠪᠦᠷᠢ ( ᠲᠦᠰᠦᠯ)᠂ 《ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠷᠢᠮ ( ᠵᠠᠰᠠᠪᠤᠷᠢ ᠤᠷᠤᠭᠤᠯᠤᠭᠰᠠᠨ ᠲᠦᠰᠦᠯ ) 》 ᠋ᠤᠨ ᠰᠢᠢᠳᠪᠦᠷᠢ ( ᠲᠦᠰᠦᠯ)   ᠶ᠋ᠢ ᠪᠠᠲᠤᠯᠠᠵᠤ ᠡᠯ᠎ᠡ ᠲᠦᠯᠦᠭᠡᠯᠡᠭᠴᠢᠳ ᠤᠨ ᠪᠦᠯᠬᠦᠮ ᠳ᠋ᠤ ᠲᠡᠪᠰᠢᠬᠦᠯᠵᠦ ᠶᠠᠷᠢᠯᠴᠠᠭᠤᠯᠬᠤ ᠪᠡᠷ ᠲᠤᠭᠲᠠᠪᠠ᠃

    ᠬᠤᠷᠠᠯ ᠡᠴᠡ ᠠᠷᠪᠠ ᠶᠢᠰᠦᠲᠦᠭᠡᠷ ᠤᠲᠠᠭᠠᠨ ᠤ ᠲᠦᠪ ᠬᠤᠷᠢᠶᠠᠨ ᠤ ᠭᠡᠰᠢᠬᠦᠨ᠂ ᠤᠷᠤᠯᠠᠭᠴᠢ ᠭᠡᠰᠢᠬᠦᠨ ᠪᠠ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠬᠦᠨ ᠤ ᠵᠢᠱᠢᠭᠲᠡᠭᠴᠢ ᠶᠢᠨ ᠪᠡᠯᠡᠳᠭᠡᠯ ᠵᠢᠱᠢᠭᠲᠡᠭᠴᠢ ᠶᠢᠨ ᠰᠠᠨᠠᠭᠤᠯᠭ᠎ᠠ ᠶᠢᠨ ᠨᠡᠷᠡᠰ ᠢ ᠪᠠᠲᠤᠯᠠᠵᠤ ᠡᠯ᠎ᠡ ᠲᠦᠯᠦᠭᠡᠯᠡᠭᠴᠢᠳ ᠤᠨ ᠪᠦᠯᠬᠦᠮ ᠳ᠋ᠤ ᠲᠡᠪᠰᠢᠬᠦᠯᠵᠦ ᠶᠠᠷᠢᠯᠴᠠᠭᠤᠯᠬᠤ ᠪᠡᠷ ᠲᠤᠭᠲᠠᠪᠠ᠃

    ᠬᠤᠷᠠᠯ ᠡᠴᠡ ᠡᠯ᠎ᠡ ᠲᠦᠯᠦᠭᠡᠯᠡᠭᠴᠢᠳ ᠤᠨ ᠪᠦᠯᠬᠦᠮ ᠳ᠋ᠤ ᠲᠡᠪᠰᠢᠬᠦᠯᠦᠨ ᠶᠠᠷᠢᠯᠴᠠᠭᠤᠯᠤᠭᠰᠠᠨ ᠶᠡᠬᠡ ᠬᠤᠷᠠᠯ ᠤᠨ ᠰᠤᠩᠭ᠋ᠤᠭᠤᠯᠢ ᠶᠢᠨ ᠠᠷᠭ᠎ᠠ ᠶᠢ ᠪᠠᠲᠤᠯᠠᠪᠠ᠃ ᠮᠦᠨ ᠬᠤᠷᠠᠯ ᠡᠴᠡ ᠪᠢᠯᠧᠲ ᠬᠢᠨᠠᠭᠴᠢ᠂ ᠶᠡᠷᠦᠩᠬᠡᠢ ᠪᠢᠯᠧᠲ ᠬᠢᠨᠠᠭᠴᠢ ᠶᠢ ᠪᠠᠲᠤᠯᠠᠵᠤ᠂ ᠵᠢᠩᠭᠢᠨᠢ ᠰᠤᠩᠭ᠋ᠤᠭᠤᠯᠢ ᠶᠢᠨ ᠦᠶ᠎ᠠ ᠪᠡᠷ ᠶᠡᠬᠡ ᠬᠤᠷᠠᠯ ᠳ᠋ᠤ ᠦᠭᠴᠦ ᠵᠦᠪᠰᠢᠶᠡᠷᠡᠬᠦᠯᠦᠨ᠎ᠡ ᠃

    

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121833390