蒙古文网站Logo
ᠰᠢᠨᠬᠤᠸᠠ ᠮᠤᠩᠭ᠋ᠤᠯ ᠨᠧᠲ

ᠰᠤᠷᠭᠠᠭᠤᠯᠢ ᠶᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ ᠪᠠ ᠨᠡᠶᠢᠭᠡᠮ ᠤᠨ ᠪᠠᠭᠤᠷᠠᠶᠢᠴᠤᠤᠯ ᠢ ᠬᠠᠯᠠᠮᠵᠢᠯᠠᠬᠤ ᠨᠢ ᠠᠷᠠᠳ ᠤᠨ ᠠᠮᠢᠲᠤᠷᠠᠯ ᠤᠨ ᠰᠢᠨ᠎ᠡ ᠠᠭᠤᠯᠤᠬᠲᠠᠬᠤᠨ ᠢ ᠦᠷᠭᠡᠳᠬᠡᠨ ᠰᠠᠶᠢᠵᠢᠷᠠᠭᠤᠯᠤᠨ᠎ᠠ

2017-10-20 22:16

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 20 ᠤ᠋ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠴᠢ ᠵᠦᠩ ᠰᠢ᠂ ᠠᠨ ᠪᠧᠢ ) ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠢᠯᠡᠳᠭᠡᠯ ᠳ᠋ᠤ ᠠᠷᠠᠳ ᠤᠨ ᠠᠮᠢᠲᠤᠷᠠᠯ ᠢ ᠰᠠᠶᠢᠵᠢᠷᠠᠭᠤᠯᠤᠨ ᠪᠠᠲᠤᠯᠠᠬᠤ ᠪᠡᠷ ᠠᠭᠤᠯᠭ᠎ᠠ ᠶᠢ ᠨᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠨᠡᠶᠢᠭᠡᠮ ᠤᠨ ᠪᠠᠭᠤᠷᠠᠶᠢᠴᠤᠤᠯ ᠢ ᠬᠠᠮᠤᠷᠴᠤ ᠨᠡᠩ ᠤᠨᠤᠪᠴᠢᠲᠠᠢ ᠨᠡᠩ ᠪᠦᠬᠦ ᠲᠠᠯ᠎ᠠ ᠪᠡᠷ ᠠᠷᠠᠳ ᠤᠨ ᠠᠮᠢᠲᠤᠷᠠᠯ ᠢ ᠬᠠᠮᠤᠷᠪᠠ᠃

    ᠪᠦᠷᠢᠳᠭᠡᠯ ᠢ ᠦᠨᠳᠦᠰᠦᠯᠡᠪᠡᠯ᠂ ᠮᠠᠨ ᠤ ᠤᠯᠤᠰ ᠤᠨ 0  ᠡᠴᠡ 6 ᠨᠠᠰᠤᠨ ᠤ ᠬᠡᠦᠬᠡᠳ 1 ᠳ᠋ᠦᠩᠰᠢᠭᠤᠷ ᠢ ᠲᠠᠪᠠᠪᠠ᠃ ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢ ᠮᠠᠨ ᠤ ᠤᠯᠤᠰ ᠤᠨ ᠰᠠᠭᠤᠷᠢ ᠰᠤᠷᠭᠠᠨ ᠬᠦᠮᠦᠵᠢᠯ ᠮᠡᠲᠡᠭᠲᠡᠮ᠎ᠡ ᠦᠷ᠎ᠡ ᠪᠦᠲᠦᠮᠵᠢ ᠲᠠᠢ᠃ ᠰᠤᠷᠭᠠᠭᠤᠯᠢ ᠶᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ ᠤᠨ ᠲᠠᠯ᠎ᠠ ᠪᠡᠷ᠂ 2016 ᠤᠨ ᠳ᠋ᠤ ᠪᠦᠬᠦ ᠤᠯᠤᠰ ᠤᠨ ᠰᠤᠷᠭᠠᠭᠤᠯᠢ ᠶᠢᠨ ᠨᠠᠰᠤᠨ ᠡᠴᠡ ᠡᠮᠦᠨᠡᠬᠢ ᠭᠤᠷᠪᠠᠨ ᠵᠢᠯ ᠤᠨ ᠴᠡᠴᠡᠷᠯᠢᠭ᠌᠌ ᠲᠤ ᠤᠷᠤᠭᠰᠠᠨ ᠨᠤᠷᠮ᠎ᠠ 77.4 % ᠬᠦᠷᠴᠦ᠂ 2012 ᠤᠨ ᠤ ᠬᠢ ᠡᠴᠡ 12.9 ᠵᠠᠭᠤᠨ ᠤ ᠬᠤᠪᠢ ᠪᠡᠷ ᠨᠡᠮᠡᠭᠲᠡᠵᠦ᠂ ᠰᠤᠷᠭᠠᠨ ᠬᠦᠮᠦᠵᠢᠯ ᠤᠨ ᠲᠦᠯᠦᠪᠵᠢᠬᠦᠯᠭᠡ ᠶᠢᠨ ᠲᠦᠰᠦᠯ ᠳ᠋ᠤ ᠲᠤᠷᠠᠲᠤᠭᠰᠠᠨ 2020 ᠤᠨ ᠳ᠋ᠤ 70% ᠳ᠋ᠤ ᠬᠦᠷᠭᠡᠬᠦ ᠬᠠᠷᠠᠯᠲᠠ ᠪᠠᠨ ᠤᠷᠢᠳᠴᠢᠯᠠᠨ ᠪᠡᠶᠡᠯᠡᠬᠦᠯᠪᠡ᠃

    ᠡᠭᠦᠨ ᠡᠴᠡ ᠭᠠᠲᠠᠨ᠎ᠠ᠂ ᠮᠠᠨ ᠤ ᠤᠯᠤᠰ ᠲᠤ ᠪᠠᠷᠤᠭ 850 ᠲᠦᠮᠡ ᠭᠠᠷᠤᠢ ᠬᠦᠭ᠍ᠵᠢᠯ ᠤᠨ ᠪᠡᠷᠬᠡᠰᠢᠶᠡᠯ ᠲᠠᠢ ᠬᠦᠮᠦᠨ ᠪᠤᠢ᠃ ᠰᠡᠬᠦᠯ ᠤᠨ 5 ᠵᠢᠯ ᠳ᠋ᠤ ᠮᠠᠨ ᠤ ᠤᠯᠤᠰ 440 ᠲᠦᠮᠡ ᠭᠠᠷᠤᠢ ᠬᠦᠲᠡᠭᠡ ᠲᠤᠰᠬᠤᠨ ᠤ ᠶᠠᠲᠠᠭᠤ ᠬᠦᠴᠢᠷᠲᠡᠯᠲᠡᠢ ᠬᠦᠭ᠍ᠵᠢᠯ ᠤᠨ ᠪᠡᠷᠬᠡᠰᠢᠶᠡᠯ ᠲᠠᠢ ᠬᠦᠮᠦᠨ ᠠᠮᠠ ᠶᠢ ᠶᠠᠲᠠᠭᠤ ᠡᠴᠡ ᠠᠩᠬᠢᠵᠢᠷᠠᠭᠤᠯᠵᠤ᠂ ᠬᠤᠲᠠ ᠪᠠᠯᠭᠠᠰᠤ ᠶᠢᠨ 100 ᠲᠦᠮᠡᠨ ᠬᠦᠭ᠍ᠵᠢᠯ ᠤᠨ ᠪᠡᠷᠬᠡᠰᠢᠶᠡᠯ ᠲᠠᠢ ᠬᠦᠮᠦᠨ ᠤ ᠠᠵᠢᠯ ᠤᠯᠭᠤᠯᠲᠠ ᠶᠢ ᠲᠡᠮᠵᠢᠵᠦ᠂ ᠶᠠᠲᠠᠭᠤ ᠬᠦᠴᠢᠷᠲᠡᠯᠲᠡᠢ ᠬᠦᠭ᠍ᠵᠢᠯ ᠤᠨ ᠪᠡᠷᠬᠡᠰᠢᠶᠡᠯ ᠲᠠᠢ ᠬᠦᠮᠦᠨ ᠤ ᠠᠮᠢᠲᠤᠷᠠᠯ ᠤᠨ ᠨᠦᠬᠦᠪᠦᠷᠢ ᠪᠠ ᠬᠦᠨᠳᠦ ᠬᠦᠭ᠍ᠵᠢᠯ ᠤᠨ ᠪᠡᠷᠬᠡᠰᠢᠶᠡᠯ ᠲᠠᠢ ᠬᠦᠮᠦᠨ ᠢ ᠠᠰᠠᠷᠠᠨ ᠰᠤᠪᠢᠯᠠᠬᠤ ᠨᠦᠬᠦᠪᠦᠷᠢ ᠶᠢᠨ ᠲᠤᠭᠲᠠᠯᠴᠠᠭ᠎ᠠ ᠨᠢ 2000 ᠲᠦᠮᠡ ᠭᠠᠷᠤᠢ ᠬᠦᠭ᠍ᠵᠢᠯ ᠤᠨ ᠪᠡᠷᠬᠡᠰᠢᠶᠡᠯ ᠲᠠᠢ ᠬᠦᠮᠦᠨ ᠳ᠋ᠤ ᠠᠰᠢᠭ ᠬᠦᠷᠲᠡᠭᠡᠵᠦ᠂ ᠲᠠᠪᠬᠤᠷᠲᠠᠭᠰᠠᠨ ᠲᠤᠭ᠎ᠠ ᠪᠡᠷ 1500 ᠲᠦᠮᠡ ᠭᠠᠷᠤᠢ ᠬᠦᠭ᠍ᠵᠢᠯ ᠤᠨ ᠪᠡᠷᠬᠡᠰᠢᠶᠡᠯ ᠲᠠᠢ ᠬᠦᠮᠦᠨ ᠡᠷᠡᠬᠦᠯᠵᠢᠬᠦ ᠦᠢᠯᠡᠴᠢᠯᠡᠭᠡ ᠬᠦᠷᠲᠡᠨ᠂ ᠨᠡᠩ ᠤᠯᠠᠨ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠨᠠᠷ᠎ᠠ ᠲᠦᠷᠦ ᠲᠠᠢ ᠠᠮᠢᠲᠤᠷᠠᠬᠤ ᠪᠤᠯᠪᠠ᠃

    ᠨᠠᠮ ᠤᠨ ᠠᠷᠪᠠᠨ ᠶᠢᠰᠦᠲᠦᠭᠡᠷ ᠶᠡᠬᠡ ᠬᠤᠷᠠᠯ ᠤᠨ ᠲᠦᠯᠦᠭᠡᠯᠡᠭᠴᠢ᠂ ᠲᠤᠮᠲᠠᠲᠤ ᠤᠯᠤᠰ ᠤᠨ ᠲᠡᠮᠦᠷ ᠵᠠᠮ ᠪᠦᠯᠦᠭᠯᠡᠯ ᠤᠨ ᠨᠢᠭᠡᠲᠦᠭᠡᠷ ᠲᠤᠪᠴᠢᠶ᠎ᠠ ᠶᠢᠨ ᠮᠡᠷᠭᠡᠵᠢᠯ ᠤᠨ ᠠᠵᠢᠯᠲᠠᠨ ᠵᠢᠦᠢ ᠰᠢᠶᠤᠤ ᠯᠢᠨ ᠬᠡᠯᠡᠬᠦ ᠳ᠋ᠡᠭᠡᠨ᠂ ᠨᠠᠮ ᠤᠨ ᠠᠷᠪᠠᠨ ᠶᠢᠰᠦᠲᠦᠭᠡᠷ ᠶᠡᠬᠡ ᠬᠤᠷᠠᠯ ᠤᠨ ᠢᠯᠡᠳᠭᠡᠯ ᠳ᠋ᠤ ᠰᠤᠷᠭᠠᠭᠤᠯᠢ ᠶᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ ᠪᠠ ᠨᠡᠶᠢᠭᠡᠮ ᠤᠨ ᠪᠠᠭᠤᠷᠠᠶᠢᠴᠤᠤᠯ ᠢ ᠬᠠᠯᠠᠮᠵᠢᠯᠠᠬᠤ ᠠᠭᠤᠯᠭ᠎ᠠ ᠶᠢ ᠪᠠᠭᠲᠠᠭᠠᠭᠰᠠᠨ ᠨᠢ ᠮᠠᠨ ᠤ ᠨᠠᠮ ᠤᠨ ᠦᠨᠡᠨ ᠬᠦ ᠠᠷᠠᠳ ᠲᠦᠮᠡᠨ ᠳ᠋ᠡᠭᠡᠨ ᠠᠵᠠ ᠪᠤᠶᠠᠨ ᠦᠢᠯᠡᠳᠬᠦ ᠨᠠᠮ᠂ ᠠᠮᠠᠯᠠᠯᠲᠠ ᠪᠠᠨ ᠮᠠᠷᠲᠠᠬᠤ ᠦᠭᠡᠢ ᠨᠠᠮ ᠭᠡᠲᠡᠭ ᠢ ᠲᠤᠲᠤᠷᠬᠠᠶᠢᠯᠠᠪᠠ᠃ ᠡᠭᠦᠨ ᠤ ᠵᠡᠷᠭᠡ ᠳ᠋ᠤ ᠡᠨᠡ ᠨᠢ ᠮᠦᠨ ᠴᠤ ᠠᠷᠠᠳ ᠤᠨ ᠠᠮᠢᠲᠤᠷᠠᠯ ᠤᠨ ᠠᠵᠢᠯ ᠤᠯᠠᠮ ᠨᠢᠭᠡ ᠠᠯᠬᠤᠮ ᠦᠷᠭᠡᠵᠢᠨ ᠲᠡᠯᠡᠵᠦ᠂ 《ᠴᠢᠨᠡᠭᠡᠯᠢᠭ᠌ ᠨᠡᠶᠢᠭᠡᠮ ᠤᠨ ᠠᠶᠠᠨ ᠳ᠋ᠤ ᠨᠢᠭᠡ ᠶᠢ ᠴᠤ ᠬᠠᠶᠠᠬᠤ ᠦᠭᠡᠢ》 ᠶ᠋ᠢ ᠵᠢᠩᠬᠢᠨᠢ ᠪᠡᠶᠡᠯᠡᠬᠦᠯᠬᠦ ᠪᠤᠯᠤᠨ᠎ᠠ ᠭᠡᠲᠡᠭ ᠢ ᠲᠤᠲᠤᠷᠬᠠᠶᠢᠯᠠᠵᠠᠢ ᠭᠡᠪᠡ᠃  

    ᠰᠤᠷᠭᠠᠨ ᠬᠦᠮᠦᠵᠢᠯ ᠤᠨ ᠠᠵᠢᠯᠲᠠᠨ ᠪᠤᠯᠤᠭᠰᠠᠨ ᠤ ᠬᠤᠪᠢ ᠳ᠋ᠤ ᠨᠠᠮ ᠤᠨ ᠠᠷᠪᠠᠨ ᠶᠢᠰᠦᠲᠦᠭᠡᠷ ᠶᠡᠬᠡ ᠬᠤᠷᠠᠯ ᠤᠨ ᠲᠦᠯᠦᠭᠡᠯᠡᠭᠴᠢ᠂ ᠰᠧᠴᠤᠧᠠᠨ ᠤ ᠡᠾᠧᠢ ᠽᠢ ᠡᠯ ᠰᠤᠷᠭᠠᠨ ᠬᠦᠮᠦᠵᠢᠯ ᠤᠨ ᠦᠢᠯᠡᠴᠢᠯᠡᠭᠡᠨ ᠤ ᠪᠦᠯᠦᠭᠯᠡᠯ ᠤᠨ ᠨᠠᠮ ᠤᠨ ᠶᠡᠷᠦᠩᠬᠡᠢ ᠡᠭᠦᠷ ᠤᠨ ᠱᠦᠵᠢ ᠵᠠᠨ ᠳᠢ ᠰᠧ ᠮᠧᠨ ᠢᠯᠡᠷᠬᠡᠶᠢᠯᠡᠬᠦ ᠳ᠋ᠡᠭᠡᠨ᠂ ᠲᠤᠰ ᠬᠤᠶᠠᠷ ᠠᠭᠤᠯᠭ᠎ᠠ ᠶᠢ ᠨᠡᠮᠡᠭᠰᠡᠨ ᠨᠢ ᠮᠠᠨ ᠤ ᠤᠯᠤᠰ ᠡᠭᠦᠨ ᠡᠴᠡ ᠰᠡᠭᠦᠯᠡᠷ ᠠᠯᠪᠠᠨ ᠵᠢᠷᠤᠮ ᠤᠨ ᠰᠤᠷᠭᠠᠨ ᠬᠦᠮᠦᠵᠢᠯ ᠢ ᠰᠠᠶᠢᠲᠦᠷ ᠡᠷᠬᠢᠯᠡᠬᠦ ᠪᠡᠷ ᠪᠠᠷᠠᠬᠤ ᠦᠭᠡᠢ ᠰᠤᠷᠭᠠᠭᠤᠯᠢ ᠶᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ ᠵᠡᠷᠭᠡ ᠶᠢ ᠰᠠᠶᠢᠲᠦᠷ ᠡᠷᠬᠢᠯᠡᠵᠦ᠂ ᠬᠡᠦᠬᠡᠳ ᠨᠢᠭᠡᠪᠦᠷᠢ ᠳᠤ ᠡᠷᠬᠡ ᠲᠡᠭᠰᠢ ᠴᠢᠨᠠᠷ ᠰᠠᠶᠢᠲᠠᠢ ᠰᠤᠷᠭᠠᠨ ᠬᠦᠮᠦᠵᠢᠯ ᠢ ᠴᠢᠷᠮᠠᠶᠢᠨ ᠡᠳ᠋ᠯᠡᠬᠦᠯᠦᠨ᠎ᠡ᠃ ᠬᠠᠮᠲᠤ ᠳ᠋ᠤᠨᠢ ᠪᠦᠬᠦ ᠨᠡᠶᠢᠭᠡᠮ ᠶᠢᠡᠷ ᠶᠢᠡᠨ ᠨᠡᠩ ᠶᠡᠬᠡ ᠬᠦᠴᠦᠨ ᠤᠷᠤᠭᠤᠯᠵᠤ ᠪᠠᠭᠤᠷᠠᠢ ᠬᠦᠮᠦᠰ ᠢ ᠬᠠᠪᠰᠤᠷᠤᠨ ᠦᠭᠡᠷᠡᠴᠢᠯᠡᠯᠲᠡ ᠶᠢᠨ ᠦᠷ᠎ᠡ ᠪᠦᠲᠦᠭᠡᠯ ᠢ ᠨᠡᠩ ᠤᠯᠠᠨ ᠨᠡᠩ ᠡᠷᠬᠡ ᠲᠡᠭᠰᠢ ᠪᠡᠷ ᠨᠢ ᠪᠦᠬᠦ ᠠᠷᠠᠳ ᠲᠦᠮᠡᠨ ᠳ᠋ᠤ ᠡᠳ᠋ᠯᠡᠬᠦᠯᠦᠨ᠎ᠡ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121833400