蒙古文网站Logo
ᠰᠢᠨᠬᠤᠸᠠ ᠮᠤᠩᠭ᠋ᠤᠯ ᠨᠧᠲ

ᠡᠷᠡᠬᠦᠯ ᠡᠩᠬᠡ ᠲᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠤᠨ᠎ᠠ

2017-10-23 12:09

2017 ᠤᠨ ᠤ 1 ᠰᠠᠷ᠎ᠠ ᠶᠢᠨ 24 ᠤ ᠡᠳᠦᠷ᠂ ᠬᠤᠪᠧᠢ ᠮᠤᠵᠢ ᠶᠢᠨ ᠽᠢ ᠬᠦᠢ ᠰᠢᠶᠠᠨ ᠤ ᠬᠦᠧᠧ ᠵᠢᠶᠠ ᠪᠠ ᠪᠠᠯᠭᠠᠰᠤᠨ ᠤ ᠡᠷᠡᠬᠦᠯ ᠬᠠᠮᠠᠭᠠᠯᠠᠯ ᠤᠨ ᠭᠠᠵᠠᠷ ᠤᠨ ᠬᠡᠷ ᠪᠦᠯᠢ ᠶᠢᠨ ᠡᠮᠴᠢᠯᠡᠬᠡᠨ ᠤ ᠦᠢᠯᠡᠴᠢᠯᠡᠬᠡᠨ ᠤ ᠪᠠᠭ ᠶᠠᠳᠠᠭᠤ ᠬᠦᠴᠢᠷᠳᠡᠯᠳᠡᠢ ᠤᠯᠠᠨ ᠳᠦᠮᠡᠨ ᠢ ᠪᠤᠯᠭᠤᠭᠠᠨ ᠳᠤᠬᠤᠨᠢᠭᠤᠯᠵᠤ ᠪᠠᠶᠢᠭ᠎ᠠ ᠨᠢ

    ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠢᠯᠡᠳᠬᠡᠯ ᠳᠤ᠂ ᠠᠷᠠᠳ ᠢᠷᠬᠡᠳ ᠤᠨ ᠡᠷᠡᠬᠦᠯ ᠮᠡᠨᠳᠤ ᠶᠢᠨ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠵᠤ᠂ ᠠᠷᠠᠳ ᠤᠯᠠᠨ ᠳᠤ ᠪᠦᠬᠦ ᠲᠠᠯ᠎ᠠ ᠶᠢᠨ ᠪᠦᠬᠡᠳ ᠪᠦᠬᠦ ᠦᠶᠡᠯᠡᠯ ᠤᠨ ᠡᠷᠡᠬᠦᠯ ᠮᠡᠨᠳᠤ ᠶᠢᠨ ᠦᠢᠯᠡᠴᠢᠯᠡᠭᠡ ᠬᠠᠩᠭ᠋ᠠᠬᠤ ᠬᠡᠷᠡᠭᠳᠡᠢ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠲᠤᠮᠳᠠᠳᠤ ᠤᠯᠤᠰ ᠤᠨ ᠤᠨᠴᠠᠯᠢᠭ ᠪᠦᠬᠦᠢ ᠦᠨᠳᠦᠰᠦᠨ ᠡᠮᠴᠢᠯᠡᠭᠡ ᠡᠷᠡᠬᠦᠯ ᠬᠠᠮᠠᠭᠠᠯᠠᠯ ᠤᠨ ᠲᠦᠷᠢᠮ᠂ ᠡᠮᠴᠢᠯᠡᠬᠡᠨ ᠤ ᠪᠠᠳᠤᠯᠠᠭ᠎ᠠ ᠶᠢᠨ ᠲᠦᠷᠢᠮ ᠪᠠ ᠴᠢᠨᠠᠷ ᠰᠠᠶᠢᠳᠠᠢ ᠪᠦᠬᠡᠳ ᠦᠨᠳᠦᠷ ᠪᠦᠳᠦᠮᠵᠢᠳᠠᠢ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠂ ᠤᠳᠤ ᠦᠶ᠎ᠠ ᠶᠢᠨ ᠡᠮᠨᠡᠯᠬᠡ ᠶᠢᠨ ᠬᠤᠷᠢᠶᠠᠨ ᠤ ᠬᠠᠮᠢᠶᠠᠷᠤᠯᠳᠠ ᠶᠢᠨ ᠲᠦᠷᠢᠮ ᠢ ᠪᠦᠷᠢᠨᠰᠢᠬᠦᠯᠦᠨ᠎ᠠ᠃ ᠦᠨᠳᠦᠰᠦᠨ ᠱᠠᠳᠤᠨ ᠤ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠪᠠ ᠶᠡᠷᠦᠩᠬᠡᠢ ᠡᠮᠴᠢᠯᠡᠬᠡᠨ ᠤ ᠡᠮᠴᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭ᠋ᠠᠳᠬᠠᠨ᠎ᠠ ᠬᠡᠵᠡᠢ᠃

    ᠨᠠᠮ ᠤᠨ ᠠᠯᠢᠪᠠ ᠠᠵᠢᠯ ᠵᠠᠪᠠᠯ ᠦᠷᠬᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠡᠷ ᠬᠠᠮᠤᠭ ᠤᠨ ᠦᠨᠳᠤᠷ ᠪᠠᠷᠢᠮᠵᠢᠶ᠎ᠠ ᠪᠤᠯᠭᠠᠬᠤ ᠬᠡᠷᠡᠭᠲᠡᠢ᠃ ᠠᠷᠠᠳ ᠲᠦᠮᠡᠨ ᠤ ᠵᠤᠯ ᠵᠢᠷᠭᠠᠯ ᠤᠨ ᠵᠢᠵᠢᠭ᠌ ᠠᠰᠠᠭᠤᠳᠠᠯ ᠢ ᠦᠪᠡᠷ ᠤᠨ ᠢᠶᠡᠨ ᠲᠤᠮᠤ ᠠᠰᠠᠭᠤᠳᠠᠯ ᠢᠶᠡᠷ ᠦᠵᠡᠬᠦ ᠶᠢ ᠪᠠᠷᠢᠮᠳᠠᠯᠠᠵᠤ᠂ ᠠᠷᠠᠳ ᠲᠦᠮᠡᠨ ᠤ ᠠᠩᠬᠠᠷᠴᠤ ᠪᠤᠢ ᠠᠰᠠᠭᠤᠳᠠᠯ ᠡᠴᠡ ᠭᠠᠷᠳᠠᠵᠤ᠂ ᠠᠷᠠᠳ ᠲᠦᠮᠡᠨ ᠤ ᠰᠠᠨᠠᠭᠠᠨ ᠳᠤ ᠬᠦᠷᠳᠡᠯ᠎ᠠ ᠬᠢᠵᠤ ᠡᠬᠢᠯᠡᠨ᠂ ᠠᠷᠠᠳ ᠲᠦᠮᠡᠨ ᠢ ᠲᠠᠭᠠᠭᠤᠯᠤᠨ ᠰᠠᠶᠢᠨ ᠰᠠᠶᠢᠬᠠᠨ ᠠᠮᠢᠳᠤᠷᠠᠯ ᠢ ᠲᠠᠰᠤᠷᠠᠯᠳᠠ ᠦᠭᠡᠢ ᠴᠤᠬᠴᠠᠯᠠᠨ᠎ᠠ᠃

2017 ᠤᠨ ᠤ 10 ᠰᠠᠷ᠎ᠠ ᠶᠢᠨ 18 ᠤ ᠡᠳᠦᠷ᠂ ᠭᠤᠧᠠᠩᠰᠢ ᠶᠢᠨ ᠨᠠᠨᠨᠢᠩ ᠬᠤᠳᠠ ᠶᠢᠨ ᠳᠦᠷᠪᠡᠳᠦᠬᠡᠷ ᠡᠮᠨᠡᠯᠬᠡ ᠳᠤ᠂ ᠬᠤᠶᠠᠷ ᠠᠵᠢᠯᠳᠠᠨ ᠡᠮ ᠤᠨ ᠦᠷᠦᠬᠡᠨ ᠡᠴᠡ ᠡᠮ ᠠᠪᠴᠤ ᠪᠠᠶᠢᠭ᠎ᠠ ᠨᠢ

2017 ᠤᠨ ᠤ 10 ᠰᠠᠷ᠎ᠠ ᠶᠢᠨ 18 ᠤ ᠡᠳᠦᠷ᠂ ᠭᠤᠧᠠᠩᠰᠢ ᠶᠢᠨ ᠨᠠᠨᠨᠢᠩ ᠬᠤᠳᠠ ᠶᠢᠨ ᠳᠦᠷᠪᠡᠳᠦᠬᠡᠷ ᠡᠮᠨᠡᠯᠬᠡ ᠶᠢᠨ ᠠᠵᠢᠯᠳᠠᠨ ᠡᠮ ᠤᠨ ᠦᠷᠦᠬᠡᠨ ᠡᠴᠡ ᠡᠮ ᠠᠪᠴᠤ ᠪᠠᠶᠢᠭ᠎ᠠ ᠨᠢ

2016 ᠤᠨ ᠤ 8 ᠰᠠᠷ᠎ᠠ ᠶᠢᠨ 9 ᠤ ᠡᠳᠦᠷ᠂  ᠵᠢᠶᠠᠩ ᠰᠤ ᠵᠧᠨ ᠤ ᠵᠢᠶᠠᠩ ᠷᠦᠨ ᠵᠧᠤ ᠳᠡᠬᠦᠷᠬᠡ ᠶᠢᠨ ᠯᠢ ᠮᠢᠩ ᠬᠤᠷᠢᠶᠠᠯᠠᠯ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠳᠦᠪ ᠲᠤ ᠡᠮᠨᠡᠯᠬᠡ ᠶᠢᠨ ᠠᠵᠢᠯᠳᠠᠨ ᠡᠪᠡᠳᠴᠢᠳᠡᠨ ᠳᠤ ᠳᠤᠰᠠᠯᠠᠨ ᠡᠷᠡᠬᠦᠯᠵᠢᠬᠦᠯᠵᠤ ᠪᠠᠶᠢᠭ᠎ᠠ ᠨᠢ

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121840402