蒙古文网站Logo
ᠰᠢᠨᠬᠤᠸᠠ ᠮᠤᠩᠭ᠋ᠤᠯ ᠨᠧᠲ

ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠲᠦᠷᠬᠡᠳᠬᠡᠵᠦ ᠦᠵᠡᠰᠬᠦᠯᠡᠩᠳᠤ ᠰᠠᠶᠢᠬᠠᠨ ᠳᠤᠮᠳᠠᠳᠤ ᠤᠯᠤᠰ ᠢ ᠪᠦᠳᠦᠬᠡᠨ ᠪᠠᠶᠢᠭᠤᠯᠤᠨ᠎ᠠ

2017-10-23 12:36

    ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠢᠯᠡᠳᠬᠡᠯ ᠳᠤ᠂ ᠠᠮᠢ ᠠᠬᠤᠢ ᠶᠢᠨ ᠪᠤᠯᠪᠠᠰᠤᠨ ᠢ ᠪᠦᠲᠦᠬᠡᠨ ᠪᠠᠶᠢᠭᠤᠯᠬᠤ ᠪᠤᠯ ᠲᠤᠮᠳᠠᠳᠤ ᠶᠢᠨ ᠦᠨᠳᠦᠰᠦᠳᠡᠨ ᠤ ᠡᠬᠦᠷᠢᠳᠡ ᠶᠢᠨ ᠬᠦᠭ᠍ᠵᠢᠯᠳᠡ ᠶᠢᠨ ᠤᠷᠳᠤ ᠬᠤᠭᠤᠴᠠᠭᠠᠨ ᠤ ᠲᠤᠮᠤ ᠶᠠᠪᠤᠳᠠᠯ ᠪᠤᠯᠤᠨ᠎ᠠ᠃ ᠬᠦᠬᠡᠮᠳᠦᠭ ᠨᠤᠭᠤᠭᠠᠨ ᠠᠭᠤᠯᠠ ᠤᠰᠤ ᠪᠤᠯ ᠡᠳ᠋ ᠡᠷᠳᠡᠨᠢᠰ ᠬᠡᠬᠦ ᠤᠨᠤᠯ ᠢ ᠵᠠᠪᠠᠯ ᠪᠤᠢ ᠪᠤᠯᠭᠠᠬᠤ ᠪᠦᠭᠡᠳ ᠦᠢᠯᠡᠳᠤᠯᠬᠡᠵᠢᠬᠦᠯᠵᠤ᠂ ᠡᠬᠢ ᠪᠠᠶᠠᠯᠢᠭ ᠢ ᠠᠷᠪᠢᠯᠠᠬᠤ ᠪᠤᠯᠤᠨ ᠤᠷᠴᠢᠨ ᠲᠤᠭᠤᠷᠢᠨ ᠢ ᠬᠠᠮᠠᠭᠠᠯᠠᠬᠤ ᠦᠨᠳᠦᠰᠤᠨ ᠤᠯᠤᠰ ᠤᠨ ᠪᠤᠳᠤᠯᠭ᠎ᠠ ᠶᠢ ᠪᠠᠷᠢᠮᠳᠠᠯᠠᠨ᠂ ᠠᠮᠢ ᠠᠬᠤᠢ ᠶᠢᠨ ᠤᠷᠴᠢᠨ ᠢ ᠠᠮᠢ ᠨᠠᠰᠤ ᠪᠠᠨ ᠰᠢᠭ ᠨᠠᠨᠳᠢᠡᠭ᠍ᠨᠠᠵᠦ᠂ ᠠᠭᠤᠯᠠ ᠤᠰᠤ ᠤᠢ ᠲᠠᠷᠢᠶ᠎ᠠ ᠨᠠᠭᠤᠷ ᠡᠪᠡᠰᠤ ᠵᠡᠷᠬᠡ ᠶᠢ ᠰᠢᠰᠲ᠋ᠧᠮ ᠲᠠᠢ ᠵᠠᠰᠠᠬᠤ ᠶᠢ ᠲᠦᠯᠦᠪᠵᠢᠬᠦᠯᠵᠤ᠂ ᠪᠠᠶᠢᠭᠠᠯᠢ ᠤᠷᠴᠢᠨ ᠢ ᠬᠠᠮᠠᠭᠠᠯᠠᠬᠤ ᠬᠠᠮᠤᠭ ᠤᠨ ᠴᠢᠩᠭ᠋᠎ᠠ ᠲᠦᠷᠢᠮ ᠢ ᠬᠡᠷᠡᠭᠵᠢᠬᠦᠯᠵᠤ᠂ ᠪᠤᠬᠢᠷᠳᠤᠯ ᠦᠭᠡᠢ ᠬᠦᠭ᠍ᠵᠢᠯᠳᠡ ᠶᠢᠨ ᠪᠤᠯᠤᠨ ᠠᠮᠢᠳᠤᠷᠠᠯ ᠤᠨ ᠠᠷᠭ᠎ᠠ ᠬᠡᠮᠵᠢᠶ᠎ᠡ ᠶᠢ ᠪᠦᠷᠢᠯᠳᠦᠬᠦᠯᠵᠤ᠂ ᠦᠢᠯᠡᠳᠪᠦᠷᠢᠯᠡᠯ ᠤᠨ ᠬᠦᠭ᠍ᠵᠢᠯᠳᠡ᠂ ᠠᠮᠢᠳᠤᠷᠠᠯ ᠤᠨ ᠪᠠᠶᠠᠯᠢᠬ᠂ ᠠᠮᠢ ᠠᠬᠤᠢ ᠶᠢᠨ ᠪᠤᠯᠪᠠᠰᠤᠨ ᠤ ᠬᠦᠭ᠍ᠵᠢᠯᠳᠡ ᠶᠢᠨ ᠵᠠᠮ ᠢ ᠪᠠᠷᠢᠮᠳᠠᠯᠠᠨ᠂ ᠦᠵᠡᠰᠬᠦᠯᠡᠩᠳᠤ ᠲᠤᠮᠳᠠᠳᠤ ᠤᠯᠤᠰ ᠢ ᠪᠦᠲᠦᠬᠡᠨ ᠪᠠᠶᠢᠭᠤᠯᠵᠤ᠂ ᠬᠦᠮᠦᠨ ᠲᠦᠷᠦᠯᠬᠢᠳᠡᠨ ᠳᠤ ᠰᠠᠶᠢᠨ ᠰᠠᠶᠢᠬᠠᠨ ᠦᠢᠯᠡᠳᠪᠦᠷᠢᠯᠡᠯ ᠠᠮᠢᠳᠤᠷᠠᠯ ᠤᠨ ᠤᠷᠴᠢᠨ ᠢ ᠪᠤᠢ ᠪᠤᠯᠭᠠᠵᠤ᠂ ᠲᠡᠯᠡᠬᠡᠢ ᠶᠢᠨ ᠠᠮᠢ ᠠᠬᠤᠢ ᠶᠢᠨ ᠠᠶᠤᠯᠬᠦᠢ ᠳᠤ ᠬᠤᠪᠢ ᠨᠡᠮᠡᠷᠢ ᠦᠵᠡᠬᠦᠯᠦᠨ᠎ᠡ ᠬᠡᠵᠡᠢ᠃

    ᠨᠠᠮ ᠤᠨ ᠠᠯᠢᠪᠠ ᠠᠵᠢᠯ ᠵᠠᠪᠠᠯ ᠦᠷᠬᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠡᠷ ᠬᠠᠮᠤᠭ ᠤᠨ ᠦᠨᠳᠤᠷ ᠪᠠᠷᠢᠮᠵᠢᠶ᠎ᠠ ᠪᠤᠯᠭᠠᠬᠤ ᠬᠡᠷᠡᠭᠲᠡᠢ᠃ ᠠᠷᠠᠳ ᠲᠦᠮᠡᠨ ᠤ ᠵᠤᠯ ᠵᠢᠷᠭᠠᠯ ᠤᠨ ᠵᠢᠵᠢᠭ᠌ ᠠᠰᠠᠭᠤᠳᠠᠯ ᠢ ᠦᠪᠡᠷ ᠤᠨ ᠢᠶᠡᠨ ᠲᠤᠮᠤ ᠠᠰᠠᠭᠤᠳᠠᠯ ᠢᠶᠡᠷ ᠦᠵᠡᠬᠦ ᠶᠢ ᠪᠠᠷᠢᠮᠳᠠᠯᠠᠵᠤ᠂ ᠠᠷᠠᠳ ᠲᠦᠮᠡᠨ ᠤ ᠠᠩᠬᠠᠷᠴᠤ ᠪᠤᠢ ᠠᠰᠠᠭᠤᠳᠠᠯ ᠡᠴᠡ ᠭᠠᠷᠳᠠᠵᠤ᠂ ᠠᠷᠠᠳ ᠲᠦᠮᠡᠨ ᠤ ᠰᠠᠨᠠᠭᠠᠨ ᠳᠤ ᠬᠦᠷᠳᠡᠯ᠎ᠠ ᠬᠢᠵᠤ ᠡᠬᠢᠯᠡᠨ᠂ ᠠᠷᠠᠳ ᠲᠦᠮᠡᠨ ᠢ ᠲᠠᠭᠠᠭᠤᠯᠤᠨ ᠰᠠᠶᠢᠨ ᠰᠠᠶᠢᠬᠠᠨ ᠠᠮᠢᠳᠤᠷᠠᠯ ᠢ ᠲᠠᠰᠤᠷᠠᠯᠳᠠ ᠦᠭᠡᠢ ᠴᠤᠬᠴᠠᠯᠠᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121842221