蒙古文网站Logo
ᠰᠢᠨᠬᠤᠸᠠ ᠮᠤᠩᠭ᠋ᠤᠯ ᠨᠧᠲ

ᠬᠦᠳᠡᠭᠡ ᠲᠤᠰᠬᠤᠨ ᠢ ᠬᠦᠭ᠍ᠵᠢᠬᠦᠯᠦᠨ ᠮᠠᠨᠳᠤᠭᠤᠯᠬᠤ ᠪᠠᠢᠢᠯᠳᠤᠬᠤ ᠪᠤᠳᠤᠯᠭ᠎ᠠ《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》 ᠤ᠋ ᠰᠢᠨ᠎ᠠ ᠬᠦᠰᠡᠯ ᠢ ᠲᠤᠳᠤᠷᠠᠭᠤᠯᠤᠯ᠎ᠠ

2017-10-23 11:51

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠵᠢᠨ 22 ᠤ᠋ᠨ ᠡᠳᠤᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠳ᠋ᠦᠩ ᠵᠢᠶᠦ᠋ᠨ᠂ ᠯᠧᠤ ᠴᠧᠨ)  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳ᠋ᠦ ᠬᠦᠳᠡᠭᠡ ᠲᠤᠰᠬᠤᠨ ᠢ ᠬᠦᠭ᠍ᠵᠢᠬᠦᠯᠦᠨ ᠮᠠᠨᠳᠤᠭᠤᠯᠬᠤ ᠪᠠᠢᠢᠯᠳᠤᠬᠤ ᠪᠤᠳᠤᠯᠭ᠎ᠠ ᠵᠢ ᠳᠤᠷᠠᠳᠴᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ ᠰᠤᠷᠪᠤᠯᠵᠢᠯᠠᠭ᠎ᠠ ᠬᠦᠯᠢᠶᠡᠬᠦ ᠳ᠋ᠡᠭᠡᠨ᠂ ᠬᠦᠳᠡᠭᠡ ᠲᠤᠰᠬᠤᠨ ᠢ ᠬᠦᠭ᠍ᠵᠢᠬᠦᠯᠦᠨ ᠮᠠᠨᠳᠤᠭᠤᠯᠬᠤ ᠪᠠᠢᠢᠯᠳᠤᠬᠤ ᠪᠤᠳᠤᠯᠭ᠎ᠠ ᠪᠤᠯ ᠬᠤᠢᠢᠰᠢᠳᠠ《ᠬᠦᠳᠡᠭᠡ ᠠᠵᠤ ᠠᠬᠤᠢ᠂ ᠬᠦᠳᠡᠭᠡ ᠲᠤᠰᠬᠤᠨ᠂ ᠲᠠᠷᠢᠶᠠᠴᠢᠨ》 ᠤ᠋ ᠠᠰᠠᠭᠤᠳᠠᠯ ᠢ ᠰᠢᠢᠳᠪᠤᠷᠢᠯᠡᠬᠦ᠂ ᠬᠦᠳᠡᠭᠡ ᠲᠤᠰᠬᠤᠨ ᠤ ᠬᠦᠭ᠍ᠵᠢᠯᠳᠠ ᠵᠢᠨ ᠰᠢᠨ᠎ᠠ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠡᠷ ᠬᠦᠭ᠍ᠵᠢᠭᠡᠬᠦ ᠴᠢᠬᠤᠯᠠ ᠶᠡᠭᠡ ᠠᠵᠢᠯᠯᠠᠭ᠎ᠠ ᠮᠦᠨ ᠭᠡᠵᠦ ᠢᠯᠡᠳᠭᠡᠪᠡ᠃

    ᠳᠤᠮᠳᠠᠳᠤ ᠤᠯᠤᠰ ᠤᠨ ᠨᠡᠢᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠦᠳᠡᠭᠡ ᠲᠤᠰᠬᠤᠨ ᠤ ᠬᠦᠭ᠍ᠵᠢᠯᠳᠠ ᠵᠢᠨ ᠰᠤᠳᠤᠯᠭᠠᠨ ᠤ ᠭᠠᠵᠠᠷ ᠤᠨ ᠨᠠᠮ ᠤᠨ ᠬᠤᠷᠢᠶ᠎ᠠ ᠵᠢᠨ ᠱᠦᠵᠢ ᠶᠠᠨ ᠺᠦᠨ ᠲᠦᠯᠦᠭᠡᠯᠡᠭᠴᠢ᠂ ᠴᠢᠨᠡᠭᠡᠯᠢᠭ᠌ ᠨᠡᠢᠢᠭᠡᠮ ᠢ ᠪᠦᠬᠦ ᠲᠠᠯ᠎ᠠ ᠪᠡᠷ ᠪᠡᠶᠡᠯᠡᠬᠦᠯᠬᠦ ᠰᠢᠢᠳᠪᠤᠷᠢᠳᠦ ᠢᠯᠠᠯᠳᠠ ᠵᠢ ᠤᠯᠬᠤ ᠠᠬᠤᠢ ᠪᠠᠢᠢᠳᠠᠯ ᠳᠤᠤᠷ᠎ᠠ ᠲᠠᠷᠢᠶᠠᠴᠢᠳ ᠤᠨ ᠰᠠᠢᠢᠨ ᠰᠠᠢᠢᠬᠠᠨ ᠠᠮᠢᠳᠤᠷᠠᠯ ᠢ ᠬᠦᠭᠡᠭᠡᠴᠡᠯᠳᠦᠬᠦ ᠭᠡᠷᠡᠭᠴᠡᠭᠡ ᠵᠢ ᠭᠡᠷᠬᠢᠨ ᠬᠠᠩᠭ᠋ᠠᠬᠤ ᠶᠠᠪᠤᠳᠠᠯ ᠤᠯᠠᠮ ᠲᠤᠯᠭᠠᠮ᠎ᠠ ᠪᠤᠯᠵᠠᠢ᠃ ᠬᠤᠳᠠ ᠬᠦᠳᠡᠭᠡ ᠵᠢ ᠠᠭᠤᠰᠤᠯᠴᠠᠭᠤᠯᠤᠨ ᠬᠦᠭ᠍ᠵᠢᠬᠦᠯᠬᠦ ᠪᠠᠢᠢᠭᠤᠯᠤᠮᠵᠢ ᠲᠤᠭᠳᠠᠴᠠ ᠪᠠ ᠲᠦᠷᠦ ᠵᠢᠨ ᠪᠤᠳᠤᠯᠭ᠎ᠠ ᠵᠢᠨ ᠰᠢᠰᠲ᠋ᠧᠮ ᠢ ᠴᠢᠨᠠᠬᠰᠢᠳᠠ ᠪᠠᠢᠢᠭᠤᠯᠤᠨ ᠪᠦᠷᠢᠨᠰᠢᠬᠦᠯᠵᠦ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠵᠢ ᠲᠦᠷᠭᠡᠳᠭᠡᠪᠡᠯ ᠰᠠᠶ᠊ᠢ ᠬᠦᠳᠡᠭᠡ ᠲᠤᠰᠬᠤᠨ ᠤ ᠠᠮᠢᠵᠢᠷᠠᠯ ᠤᠨ ᠬᠦᠴᠦᠨ ᠢ ᠦᠨᠡᠨᠬᠦ ᠬᠦᠭ᠍ᠵᠢᠭᠡᠵᠦ ᠴᠢᠳᠠᠨ᠎ᠠ ᠭᠡᠪᠡ᠃

    ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳᠠᠪᠡᠷ ᠬᠦᠭ᠍ᠵᠢᠭᠦᠯᠬᠦ᠂ ᠬᠦᠳᠡᠭᠡ ᠲᠤᠰᠬᠤᠨ ᠤ ᠦᠨᠳᠦᠰᠦᠨ ᠡᠵᠡᠩᠨᠡᠯᠲᠡ ᠵᠢᠨ ᠳᠦᠷᠢᠮ ᠢ ᠪᠡᠬᠢᠵᠢᠭᠦᠯᠦᠨ ᠲᠡᠭᠦᠯᠳᠡᠷᠵᠢᠭᠦᠯᠬᠦ᠂ ᠭᠠᠵᠠᠷ ᠰᠢᠷᠤᠢ ᠵᠢᠨ ᠳᠠᠭᠠᠭᠠᠴᠢᠯᠠᠯᠲᠠ ᠵᠢᠨ ᠬᠠᠷᠢᠴᠠᠭ᠎ᠠ ᠵᠢᠨ ᠲᠤᠭᠳᠠᠭᠤᠨ ᠪᠦᠭᠡᠳ ᠤᠷᠳᠦ ᠬᠤᠭᠤᠴᠠᠭ᠎ᠠ ᠬᠤᠪᠢᠷᠠᠬᠤ ᠦᠭᠡᠢ ᠪᠠᠢᠢᠬᠤ ᠵᠢ ᠪᠠᠲᠤᠯᠠᠬᠤ᠂ ᠳᠤᠮᠳᠠᠳᠤ ᠤᠯᠤᠰ ᠤᠨ ᠠᠷᠠᠳ ᠲᠦᠮᠡᠨ ᠤ ᠠᠮᠤ ᠬᠦᠨᠡᠰᠦᠨ ᠤ ᠠᠰᠠᠭᠤᠳᠠᠯ ᠢ ᠦᠪᠡᠷ ᠢᠶᠡᠨ ᠡᠵᠡᠮᠳᠡᠬᠦ᠂ ᠤᠳᠤ ᠦᠶ᠎ᠠ ᠵᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠪᠠᠢᠢᠭᠤᠯᠬᠤ᠂ ᠬᠦᠳᠡᠭᠡ ᠲᠤᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭ᠍ᠵᠢᠭᠦᠯᠬᠦ ᠵᠡᠷᠭᠡ ᠵᠢ ᠪᠠᠷᠢᠮᠲᠠᠯᠠᠬᠤ ᠴᠢᠬᠤᠯᠠᠳᠠᠢ᠃《ᠡᠳᠡᠭᠡᠷ ᠦᠭᠡᠷᠡᠴᠢᠯᠡᠯᠲᠡ ᠪᠠᠢᠢᠷᠢᠯᠠᠭᠤᠯᠤᠯᠲᠠ ᠪᠤᠯᠤᠨ ᠴᠢᠬᠤᠯᠠ ᠶᠡᠬᠡ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠠ ᠴᠦᠮ ᠤᠨᠤᠯ ᠪᠠ ᠦᠢᠯᠡᠳᠦᠯᠭᠡ ᠵᠢᠨ ᠰᠢᠯᠭᠠᠯᠲᠠ ᠵᠢ ᠦᠩᠭᠡᠷᠡᠭᠡᠵᠤ᠂ ᠬᠦᠳᠡᠭᠡ ᠲᠤᠰᠬᠤᠨ ᠢ ᠬᠦᠭ᠍ᠵᠢᠬᠦᠯᠦᠨ ᠮᠠᠨᠳᠤᠭᠤᠯᠬᠤ ᠳ᠋ᠤ ᠠᠰᠢᠭᠲᠠᠢ ᠴᠢᠬᠤᠯᠠ ᠠᠷᠭ᠎ᠠ ᠪᠠᠷᠢᠯ ᠤᠳ ᠪᠤᠯᠤᠨ᠎ᠠ᠂ ᠬᠤᠢᠢᠰᠢᠳᠠ ᠶᠢᠨ ᠠᠵᠢᠯ ᠳᠤᠮᠳᠠ ᠦᠷᠭᠦᠯᠵᠢᠯᠡᠨ ᠰᠠᠢᠢᠲᠤᠷ ᠪᠠᠷᠢᠮᠲᠠᠯᠠᠵᠤ ᠰᠠᠢᠢᠲᠤᠷ ᠨᠠᠢᠢᠳᠠᠪᠤᠷᠢᠵᠢᠭᠤᠯᠬᠤ ᠴᠢᠬᠤᠯᠠᠲᠠᠢ》ᠭᠡᠵᠤ ᠶᠠᠨ ᠺᠦᠨ ᠢᠯᠡᠳᠭᠡᠪᠡ᠃

    ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠭᠡᠯ ᠳᠤ《ᠬᠦᠲᠡᠭᠡ ᠠᠵᠦ ᠠᠬᠤᠢ ᠬᠦᠲᠡᠭᠡ ᠲᠤᠰᠬᠤᠨ ᠤ ᠤᠲᠤᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ》ᠭᠡᠵᠦ ᠲᠤᠷᠠᠳᠤᠭᠰᠠᠨ ᠨᠢ ᠬᠦᠲᠡᠭᠡ ᠲᠤᠰᠬᠤᠨ ᠤ ᠤᠲᠤᠬᠢᠴᠢᠯᠠᠯᠲᠠ ᠪᠠᠷ ᠲᠠᠷᠢᠶᠠᠴᠢᠳ ᠲᠦ ᠨᠡᠩ ᠰᠠᠢᠢᠨ ᠰᠠᠢᠢᠬᠠᠠ ᠠᠮᠢᠲᠤᠷᠠᠯ ᠢ ᠡᠳ᠋ᠯᠡᠭᠦᠯᠬᠦ ᠪᠤᠯᠤᠨ᠎ᠠ;《ᠬᠤᠶᠠᠲᠤᠭᠠᠷ ᠡᠭᠡᠯᠵᠢ ᠶᠢᠨ ᠭᠠᠵᠠᠷ ᠰᠢᠷᠤᠢ ᠶᠢᠨ ᠲᠠᠭᠠᠭᠠᠴᠢᠯᠠᠯᠲᠠ  ᠶᠢᠨ ᠬᠤᠭᠤᠴᠠᠭ᠎ᠠ ᠲᠠᠭᠤᠰᠤᠬᠰᠠᠨ ᠤ ᠲᠠᠷᠠᠭ᠎ᠠ ᠲᠠᠬᠢᠭᠠᠳ 30 ᠵᠢᠯ ᠤᠷᠲᠤᠳᠬᠠᠨ᠎ᠠ》ᠭᠡᠵᠦ ᠲᠤᠷᠠᠳᠤᠭᠰᠠᠨ ᠨᠢ ᠲᠠᠷᠢᠶᠠᠴᠢᠳ ᠪᠤᠯᠤᠨ ᠬᠦᠲᠡᠭᠡ ᠠᠵᠦ ᠠᠬᠤᠢ ᠳ᠋ᠤ ᠪᠡᠯᠡ ᠤᠷᠤᠭᠤᠯᠤᠭᠴᠢᠳ ᠢ ᠰᠨᠨᠠᠭ᠎ᠠ ᠠᠮᠤᠷ ᠪᠤᠯᠭᠠᠵᠠᠢ;《ᠲᠠᠷᠢᠶᠠᠯᠠᠬᠤ ᠡᠷᠦᠭᠡ ᠪᠤᠯᠤᠨ ᠤᠲᠤ ᠦᠶ᠎ᠠ ᠶᠢᠨ ᠬᠦᠲᠡᠭᠡ ᠠᠵᠦ ᠠᠬᠤᠢ ᠶᠢᠨ ᠬᠦᠭ᠍ᠵᠢᠯᠲᠠ ᠶᠢ ᠤᠷᠭᠠᠨᠢᠭ ᠢᠶᠡᠷ ᠬᠤᠯᠪᠤᠯᠳᠤᠭᠤᠯᠬᠤ ᠶᠢ ᠪᠡᠶᠡᠯᠡᠭᠦᠯᠦᠨ᠎ᠠ》ᠭᠡᠵᠦ ᠲᠤᠷᠠᠳᠤᠭᠰᠠᠨ ᠨᠢ ᠲᠠᠷᠢᠶᠠᠯᠠᠬᠤ ᠡᠷᠦᠭᠡ ᠵᠢᠨ ᠤᠷᠲᠤ ᠬᠤᠭᠤᠴᠠᠭ᠎ᠠ ᠪᠠᠷ ᠤᠷᠤᠰᠢᠬᠤ ᠳ᠋ᠤ ᠲᠦᠷᠦ ᠶᠢᠨ ᠪᠤᠲᠤᠯᠭ᠎ᠠ ᠶᠢᠨ ᠦᠨᠳᠦᠰᠦᠯᠡᠯ ᠬᠠᠩᠭ᠋ᠠᠵᠠᠢ;《ᠦᠪᠡᠷᠲᠡᠭᠡᠡ ᠵᠠᠰᠬᠠᠤ᠂ ᠬᠠᠤᠯᠢ ᠪᠠᠷ ᠵᠠᠰᠬᠠᠤ᠂ ᠶᠤᠰᠤ ᠰᠤᠷᠲᠠᠬᠤᠨ ᠢᠶᠡᠷ ᠵᠠᠰᠬᠠᠤ ᠶᠢ ᠬᠠᠷᠢᠯᠴᠠᠠ ᠤᠶᠠᠯᠲᠤᠭᠤᠯᠬᠤ ᠬᠦᠲᠡᠭᠡ ᠲᠤᠰᠬᠤᠨ ᠤ ᠵᠠᠰᠠᠬᠤ ᠰᠢᠰᠲ᠋ᠧᠮ ᠢ ᠲᠡᠭᠦᠯᠲᠡᠷᠵᠢᠭᠦᠯᠤᠨ᠎ᠠ》ᠭᠡᠵᠦ ᠲᠤᠷᠠᠳᠤᠭᠰᠠᠨ ᠨᠢ ᠬᠤᠢᠢᠰᠢᠲᠠ ᠶᠢᠨ ᠬᠦᠲᠡᠭᠡ ᠲᠤᠰᠬᠤᠨ ᠢ ᠵᠠᠰᠠᠬᠤ ᠰᠢᠨ᠎ᠠ ᠴᠢᠭᠯᠡᠯ ᠢ ᠲᠤᠳᠤᠷᠬᠠᠢᠢᠯᠠᠭᠰᠠᠨ ᠪᠠᠢᠢᠨ᠎ᠠ;《ᠬᠦᠲᠡᠭᠡ ᠠᠵᠦ ᠠᠬᠤᠢ ᠶᠢ ᠤᠶᠢᠯᠠᠭᠠᠬᠤ᠂ ᠬᠦᠲᠡᠭᠡ ᠲᠤᠰᠬᠤᠨ ᠢ ᠬᠠᠢᠢᠷᠠᠯᠠᠬᠤ᠂ ᠲᠠᠷᠢᠶᠠᠴᠢᠨ ᠢ ᠬᠠᠢᠢᠷᠠᠯᠠᠬᠤ〈ᠬᠦᠲᠡᠭᠡ ᠠᠵᠦ ᠠᠬᠤᠢ᠂ ᠬᠦᠲᠡᠭᠡ ᠲᠤᠰᠬᠤᠨ᠂ ᠲᠠᠷᠢᠶᠠᠴᠢᠠ〉 ᠤ᠋ ᠠᠵᠢᠯ ᠤᠨ ᠡᠩᠨᠡᠭᠡ ᠶᠢ ᠬᠦᠮᠦᠵᠢᠭᠦᠯᠦᠨ᠎ᠠ》ᠭᠡᠵᠦ ᠲᠤᠷᠠᠲᠤᠭᠰᠠᠠ ᠨᠢ ᠬᠦᠲᠡᠭᠡ ᠲᠤᠰᠬᠤᠨ ᠤ ᠠᠵᠢᠯ ᠤᠨ ᠬᠦᠭ᠍ᠵᠢᠯᠲᠠ ᠶᠢ ᠴᠢᠨᠠᠭᠰᠢᠲᠠ ᠠᠬᠢᠭᠤᠯᠬᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121842379