蒙古文网站Logo
ᠰᠢᠨᠬᠤᠸᠠ ᠮᠤᠩᠭ᠋ᠤᠯ ᠨᠧᠲ

ᠸᠠᠩ ᠮᠧᠩ ᠡᠾᠦ᠋ᠢ᠄ ᠤᠷᠤᠨ ᠰᠠᠭᠤᠴᠠ ᠨᠢ ᠤᠷᠤᠰᠢᠨ ᠠᠮᠢᠳᠤᠷᠠᠬᠤ ᠳᠤ ᠵᠤᠷᠢᠭᠤᠯᠤᠯᠳᠠ ᠲᠠᠢ ᠡᠴᠡ ᠪᠢᠰᠢ ᠬᠤᠳᠠᠯᠳᠤᠭᠠᠯᠠᠬᠤ ᠳᠤ ᠵᠤᠷᠢᠭᠤᠯᠤᠭᠰᠠᠨ ᠪᠢᠰᠢ

2017-10-23 15:37

    ᠰᠢᠨᠬᠤᠧᠠ ᠨᠧᠲ   ᠪᠡᠬᠡᠵᠢᠩ ᠤᠨ 10 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠬᠡ   ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠬᠡᠪᠯᠡᠯ ᠮᠡᠳᠡᠬᠡᠯᠡᠯ ᠤᠨ ᠳᠦᠪ ᠤᠨ 10 ᠰᠠᠷ᠎ᠠ ᠶᠢᠨ 22 ᠤᠨ ᠡᠳᠦᠷ ᠵᠤᠬᠢᠶᠠᠨ ᠪᠠᠶᠢᠭᠤᠯᠤᠭᠰᠠᠨ ᠬᠠᠮᠳᠤᠷᠠᠭᠰᠠᠨ ᠰᠤᠷᠪᠤᠯᠵᠢᠯᠠᠭ᠎ᠠ ᠪᠡᠷ ᠤᠷᠤᠨ ᠰᠠᠭᠤᠴᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠶᠠᠮᠤᠨ ᠤ ᠨᠠᠮ ᠤᠨ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠸᠠᠩ ᠮᠧᠩ ᠡᠾᠦ᠋ᠢ ᠰᠤᠷᠪᠤᠯᠵᠢᠯᠠᠭᠴᠢᠳ ᠤᠨ ᠠᠰᠠᠭᠤᠯᠳᠠ ᠶᠢ ᠬᠠᠷᠢᠭᠤᠯᠤᠭᠰᠠᠨ ᠪᠠᠶᠢᠨ᠎ᠠ᠃

    ᠳᠡᠷᠡᠪᠡᠷ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠳᠦᠪ ᠬᠤᠷᠢᠶᠠᠨ ᠤ ᠤᠳᠤᠷᠢᠳᠤᠯᠭ᠎ᠠ ᠳᠤᠤᠷ᠎ᠠ ᠮᠠᠨ ᠤ ᠤᠷᠤᠨ ᠰᠠᠭᠤᠴᠠ ᠬᠤᠳᠠ ᠬᠦᠳᠡᠭᠡ  ᠶᠢᠨ ᠪᠦᠳᠦᠬᠡᠨ ᠪᠠᠶᠢᠭᠤᠯᠤᠯᠳᠠ ᠶᠢᠨ ᠦᠢᠯᠡᠰ ᠦᠬᠡᠷᠡᠴᠢᠯᠡᠯᠳᠡ ᠬᠦᠭᠵᠢᠯᠳᠡ ᠶᠢᠨ ᠶᠠᠪᠤᠴᠠ ᠳ᠋ᠠᠭᠠᠨ ᠳᠤᠮᠤ ᠠᠮᠵᠢᠯᠳᠠ ᠪᠦᠳᠦᠮᠵᠢ ᠤᠯᠤᠭᠰᠠᠨ᠃ ᠢᠷᠬᠡᠳ ᠤᠨ ᠠᠮᠢᠳᠤᠷᠠᠯ ᠢ ᠪᠠᠳᠤᠯᠠᠵᠤ ᠰᠠᠶᠢᠵᠢᠷᠠᠭᠤᠯᠬᠤ ᠳᠠᠯ᠎ᠠ ᠪᠡᠷ ᠠᠮᠵᠢᠯᠳᠠ ᠪᠦᠳᠦᠮᠵᠢ ᠮᠡᠳᠡᠭᠳᠡᠮ᠎ᠡ ᠪᠤᠯᠤᠭᠰᠠᠨ᠂ ᠳᠤᠳᠤᠷᠠᠭᠤᠯᠵᠤ ᠶᠠᠷᠢᠪᠠᠯ᠄ ᠨᠢᠬᠡ ᠳᠤ᠂ ᠤᠷᠤᠨ ᠰᠠᠭᠤᠴᠠ ᠶᠢᠨ ᠪᠠᠳᠤᠯᠠᠭ᠎ᠠ ᠮᠡᠳᠡᠭᠳᠡᠮ᠎ᠡ ᠠᠮᠵᠢᠯᠳᠠ ᠤᠯᠵᠤ ᠨᠠᠶ᠋ᠮᠠᠨ ᠮᠢᠩᠭ᠎ᠠ ᠭᠠᠷᠤᠢ ᠳᠦᠮᠡᠨ ᠠᠮᠢᠳᠤᠷᠠᠯ ᠨᠢ ᠬᠦᠴᠢᠷᠳᠡᠯᠳᠡᠢ ᠤᠯᠠᠨ ᠳᠦᠮᠡᠨ ᠤ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠤᠭᠰᠠᠨ; ᠬᠤᠶᠠᠷ ᠲᠤ᠂ ᠬᠡᠷ ᠬᠦᠷᠦᠩᠬᠡ ᠶᠢᠨ ᠳᠤᠬᠢᠷᠠᠭᠤᠯᠤᠯᠳᠠ ᠮᠡᠳᠡᠭᠳᠡᠮ᠎ᠡ ᠠᠮᠵᠢᠯᠳᠠ ᠤᠯᠵᠤ ᠬᠡᠷ ᠬᠦᠷᠦᠩᠬᠡ ᠶᠢᠨ ᠵᠠᠬ᠎ᠠ ᠵᠡᠬᠡᠯᠢ ᠶᠡᠷᠦᠩᠬᠡᠢ ᠳ᠋ᠡᠬᠡᠨ ᠳᠤᠭᠳᠠᠭᠤᠨ ᠢᠶᠡᠨ ᠪᠠᠳᠤᠯᠠᠭᠰᠠᠨ; ᠭᠤᠷᠪᠠ ᠳᠤ᠂ ᠬᠤᠳᠠ ᠶᠢᠨ ᠳᠦᠯᠦᠪᠵᠢᠬᠦᠯᠬᠡ ᠶᠢᠨ ᠦᠬᠡᠷᠡᠴᠢᠯᠡᠯᠳᠡ ᠬᠦᠨᠵᠡᠬᠡᠢ ᠠᠬᠢᠵᠤ ᠬᠤᠳᠠ ᠶᠢᠨ ᠬᠦᠭᠵᠢᠯᠳᠡ ᠶᠢᠨ ᠠᠷᠭ᠎ᠠ ᠦᠳᠳᠦᠷ ᠬᠤᠪᠢᠷᠠᠭᠰᠠᠨ; ᠳᠦᠷᠪᠡ ᠳᠤ᠂ ᠬᠤᠳᠠ ᠶᠢᠨ ᠪᠠᠶᠢᠭᠤᠯᠤᠯᠳᠠ ᠶᠢᠨ ᠳᠦᠪᠰᠢᠨ ᠳᠠᠰᠤᠷᠠᠯᠳᠠ ᠦᠬᠡᠢ ᠳᠡᠬᠡᠭᠰᠢᠯᠡᠵᠤ᠂ ᠬᠤᠳᠠ ᠶᠢᠨ ᠤᠷᠴᠢᠨ ᠠᠬᠤᠢ ᠤᠯᠠᠮ ᠡᠺᠤᠯᠤᠬᠢ ᠪᠤᠯᠵᠤ ᠤᠷᠤᠰᠢᠨ ᠠᠮᠢᠳᠤᠷᠠᠬᠤ ᠳᠤ ᠤᠯᠠᠮ ᠳᠠᠭᠠᠳᠠᠢ ᠪᠤᠯᠤᠭᠰᠠᠨ ᠬᠡᠵᠡᠢ᠃

    ᠳᠡᠷᠡ ᠪᠠᠰᠠ ᠤᠷᠤᠨ ᠰᠠᠭᠤᠴᠠ ᠪᠠ ᠬᠤᠳᠠ ᠬᠦᠳᠡᠭᠡ  ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠤᠨ ᠳᠠᠯ᠎ᠠ ᠳᠤ ᠴᠦᠬᠡᠨ ᠪᠤᠰᠤ ᠠᠰᠠᠭᠤᠳᠠᠯ ᠨᠢᠭᠤᠷᠯᠠᠵᠤ ᠪᠠᠶᠢᠭ᠎ᠠ᠂ ᠳᠠᠷᠠᠭ᠎ᠠ ᠶᠢᠨ ᠠᠯᠬᠤᠮ ᠳᠤ ᠪᠢᠳᠡ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠤᠱᠯᠠᠭᠤᠯᠵᠤ᠂ ᠤᠨᠴᠠᠭᠠᠶᠢᠯᠠᠨ ᠰᠢ ᠵᠢᠨ ᠫᠢᠩ ᠨᠦᠬᠦᠷ ᠤᠨ ᠰᠢᠨ᠎ᠡ ᠴᠠᠭ ᠡᠷᠢᠨ ᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠤᠱᠯᠠᠭᠤᠯᠵᠤ᠂ ᠢᠷᠬᠡᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠦᠬᠡᠳᠦᠯ ᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠬᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠮᠦᠷᠦᠬᠡᠳᠦᠯ ᠢ ᠪᠡᠶᠡᠯᠡᠬᠦᠯᠬᠦ ᠳᠤ ᠬᠤᠪᠢ ᠨᠡᠮᠡᠷᠢ ᠦᠵᠡᠬᠦᠯᠦᠨ᠎ᠡ ᠬᠡᠵᠡᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121843618