蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠ ᠶᠢᠰᠦᠳᠤᠭᠡᠷ ᠶᠡᠬᠡ ᠬᠤᠷᠠᠯ ᠲᠠᠪᠤᠳᠤᠭᠠᠷ ᠤᠳᠠᠭ᠎ᠠ ᠶᠢᠨ ᠰᠤᠷᠪᠤᠯᠵᠢᠯᠠᠭᠴᠢᠳ ᠤᠨ ᠲᠠᠢᠢᠯᠠᠯᠭ᠎ᠠ ᠬᠢᠵᠥ ᠠᠷᠠᠳ ᠤᠨ ᠠᠮᠢᠳᠤᠷᠠᠯ ᠢ ᠪᠠᠳᠤᠯᠠᠵᠤ ᠰᠠᠢᠢᠵᠢᠷᠠᠭᠤᠯᠤᠭᠰᠠᠠ ᠪᠠᠢᠢᠳᠠᠯ ᠢ ᠲᠠᠨᠢᠯᠴᠠᠭᠤᠯᠪᠠ

2017-10-23 20:10

    ᠰᠢᠨᠬᠤᠸᠠ ᠬᠤᠷᠢᠶ᠎ᠠ  ᠪᠡᠭᠡᠵᠢᠩ ᠤᠨ 10 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠯᠢᠦ ᠶᠠᠩ ᠶᠠᠩ᠂ ᠴᠢ ᠵᠦᠩ ᠰᠢ᠂ ᠬᠠᠨ ᠵᠢᠶᠧ )ᠨᠠᠮ ᠤᠨ ᠠᠷᠪᠠ ᠶᠢᠰᠦᠳᠤᠭᠡᠷ ᠶᠡᠬᠡ ᠬᠤᠷᠠᠯ ᠤᠨ ᠰᠤᠨᠢᠨ ᠮᠡᠳᠡᠬᠡᠨ ᠤ ᠲᠦᠪ 22 ᠤ᠋ᠨ ᠦᠳᠡ ᠡᠴᠡ ᠡᠮᠤᠨ᠎ᠡ ᠲᠠᠪᠤᠳᠤᠭᠠᠷ ᠤᠳᠠᠭ᠎ᠠ ᠶᠢᠨ ᠰᠤᠷᠪᠤᠯᠵᠢᠯᠠᠭᠴᠢᠳ ᠤᠨ ᠲᠠᠢᠢᠯᠠᠯᠭ᠎ᠠ ᠬᠢᠵᠥ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠰᠤᠨᠢᠨ ᠮᠡᠳᠡᠬᠡᠨ ᠤ ᠦᠬᠦᠯᠡᠭᠴᠢ ᠬᠦᠧᠧ ᠸᠧᠢ ᠮᠢᠨ᠂ ᠰᠤᠷᠭᠠᠨ ᠬᠦᠮᠥᠵᠢᠯ ᠤᠨ ᠶᠠᠮᠤᠨ ᠤ ᠰᠠᠢᠢᠳ ᠴᠧᠨ ᠪᠤᠤ ᠱᠧᠩ᠂ ᠠᠷᠠᠳ ᠤᠨ ᠶᠠᠪᠤᠳᠠᠯ ᠤᠨ ᠶᠠᠮᠤᠨ ᠤ ᠰᠠᠢᠢᠳ ᠬᠤᠧᠠᠩ ᠱᠦ ᠰᠢᠶᠠᠨ᠂ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠢᠢᠬᠡᠮ ᠤᠨ ᠪᠠᠳᠤᠯᠠᠪᠤᠷᠢ ᠶᠢᠨ ᠶᠠᠮᠤᠨ ᠤ ᠰᠠᠢᠢᠳ ᠶᠢᠨ ᠸᠧᠢ ᠮᠢᠨ᠂ ᠤᠷᠤᠨ ᠰᠠᠭᠤᠴᠠ ᠪᠠ ᠬᠤᠳᠠ ᠬᠦᠳᠡᠬᠡ ᠶᠢᠨ ᠪᠦᠳᠦᠭᠡᠨ ᠪᠠᠢᠢᠭᠤᠯᠤᠯᠳᠠ ᠶᠢᠨ ᠶᠠᠮᠤᠨ ᠤ ᠰᠠᠢᠢᠳ ᠸᠠᠩ ᠮᠧᠩ ᠾᠦᠢ᠂ ᠤᠯᠤᠰ ᠤᠨ ᠡᠷᠡᠬᠦᠯ ᠬᠠᠮᠠᠭᠠᠯᠠᠯ ᠲᠦᠯᠥᠪᠯᠡᠬᠡᠳᠤ ᠦᠷᠡᠵᠢᠯ ᠤᠨ ᠵᠦᠪᠯᠡᠯ ᠤᠨ ᠡᠷᠬᠢᠯᠡᠭᠴᠢ ᠯᠢ ᠪᠢᠨ ᠢ ᠤᠷᠢᠵᠥ᠂《ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠢ ᠬᠠᠩᠭ᠋ᠠᠵᠥ᠂ ᠠᠷᠠᠳ ᠤᠨ ᠠᠮᠢᠳᠤᠷᠠᠯ ᠢ ᠪᠠᠳᠤᠯᠠᠨ ᠰᠠᠢᠢᠵᠢᠷᠠᠭᠤᠯᠬᠤ》ᠵᠢᠨ ᠲᠤᠭᠤᠷᠢᠨ ᠳ᠋ᠤ ᠪᠠᠢᠢᠳᠠᠯ ᠢ ᠲᠠᠨᠢᠯᠴᠠᠭᠤᠯᠵᠥ᠂ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃

ᠰᠤᠷᠭᠠᠨ ᠬᠦᠮᠥᠵᠢᠯ ᠤᠨ ᠤᠳᠤᠬᠢᠴᠢᠯᠠᠯᠳᠠ ᠶᠢ ᠲᠦᠷᠬᠡᠳᠭᠡᠵᠥ ᠠᠷᠠᠳ ᠲᠦᠮᠡᠨ ᠳ᠋ᠤ ᠲᠠᠭᠠᠰᠢᠶᠠᠭᠳᠠᠭᠰᠠᠠ ᠰᠤᠷᠭᠠᠨ ᠬᠦᠮᠥᠵᠢᠯ ᠢ ᠰᠠᠢᠢᠳᠤᠷ ᠡᠷᠬᠢᠯᠡᠪᠡ

    ᠴᠧᠨ ᠪᠤᠤ ᠱᠸ᠋ᠩ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠰᠤᠷᠭᠠᠨ ᠬᠦᠮᠥᠵᠢᠯ ᠤᠨ ᠦᠢᠯᠡᠰ ᠤᠨ ᠲᠤᠮᠳᠠᠳᠤ ᠤᠯᠤᠰ ᠤᠨ ᠤᠨᠴᠠᠯᠢᠭ ᠤᠯᠠᠮ ᠢᠯᠡ ᠲᠤᠳᠤ ᠪᠤᠯᠵᠥ᠂ ᠨᠠᠮ ᠤᠨ ᠰᠤᠷᠭᠠᠨ ᠬᠦᠮᠥᠵᠢᠯ ᠤᠨ ᠠᠵᠢᠯ ᠳ᠋ᠡᠬᠢ ᠤᠳᠤᠷᠢᠳᠤᠯᠭ᠎ᠠ ᠶᠢ ᠪᠠᠷᠢᠮᠳᠠᠯᠠᠨ ᠴᠢᠩ᠋ᠭᠠᠳᠬᠠᠵᠥ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩ᠋ᠭᠠᠳᠬᠠᠨ ᠰᠠᠢᠢᠵᠢᠷᠠᠭᠤᠯᠵᠥ᠂ ᠨᠡᠢᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠶᠢ ᠶᠡᠬᠡᠪᠡᠷ ᠪᠠᠳᠠᠷᠠᠭᠤᠯᠵᠥ᠂ ᠰᠤᠷᠤᠭᠴᠢᠳ ᠢ ᠬᠦᠳᠦᠯᠥᠨ ᠲᠠᠭᠠᠭᠤᠯᠵᠥ ᠪᠠᠢᠢᠭᠠᠳ ᠵᠦᠪ ᠲᠡᠤᠬᠡ ᠶᠢᠨ ᠦᠵᠡᠯᠳᠡ᠂ ᠦᠨᠳᠦᠰᠦᠳᠡᠨ ᠤ ᠦᠵᠡᠯᠳᠡ᠂ ᠤᠯᠤᠰ ᠤᠨ ᠦᠵᠡᠯᠳᠡ ᠪᠤᠯᠤᠨ ᠰᠤᠶᠤᠯ ᠤᠨ ᠦᠵᠡᠯᠳᠡ ᠲᠠᠢ ᠪᠤᠯᠭᠠᠨ ᠬᠦᠮᠥᠵᠢᠬᠦᠯᠪᠠ; ᠰᠤᠷᠭᠠᠨ ᠬᠦᠮᠥᠵᠢᠯ ᠤᠨ ᠤᠳᠤᠬᠢᠴᠢᠯᠠᠯᠳᠠ ᠶᠢ ᠲᠦᠷᠬᠡᠳᠭᠡᠨ ᠠᠬᠢᠭᠤᠯᠵᠥ᠂ ᠰᠤᠷᠭᠠᠨ ᠬᠦᠮᠥᠵᠢᠯ ᠳ᠋ᠡᠬᠢ ᠤᠷᠤᠭᠤᠯᠤᠯᠳᠠ ᠵᠢᠨ ᠤᠯᠤᠰ ᠤᠨ ᠲᠤᠳᠤᠭᠠᠳᠤ ᠶᠢᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠲᠦ ᠡᠵᠡᠯᠡᠬᠦ ᠬᠠᠷᠢᠴᠠᠯ 4% ᠳ᠋ᠥ ᠬᠦᠷᠴᠦ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠢᠨᠲ᠋ᠧᠷ ᠰᠦᠯᠵᠢᠶ᠎ᠡ ᠨᠡᠪᠳᠡᠷᠡᠭᠦᠯᠦᠭᠰᠡᠨ ᠨᠤᠷᠮ᠎ᠠ ᠲᠠᠪᠤᠨ ᠵᠢᠯ ᠤᠨ ᠡᠮᠤᠨ᠎ᠡ 20% ᠭᠠᠷᠤᠢ ᠪᠠᠢᠢᠭᠰᠠᠠ ᠡᠴᠡ ᠪᠠᠨ ᠤᠳᠤ 90% ᠪᠤᠯᠤᠨ ᠲᠡᠭᠡᠭ᠍ᠰᠢᠯᠡᠪᠡ; ᠠᠷᠠᠳ ᠲᠦᠮᠡᠨ ᠤ ᠰᠤᠷᠭᠠᠨ ᠬᠦᠮᠦᠵᠢᠯ ᠤᠨ ᠬᠦᠷᠳᠡᠮᠵᠢ ᠵᠢᠨ ᠲᠦᠷᠦᠭᠳᠡᠯ ᠳᠠᠰᠤᠷᠠᠯᠳᠠ ᠦᠭᠡᠢ ᠨᠡᠮᠡᠭᠳᠡᠵᠦ᠂ ᠭᠡᠷ ᠤᠨ ᠠᠮᠢᠳᠤᠷᠠᠯ ᠨᠢ ᠬᠦᠴᠢᠷᠳᠡᠯᠲᠠᠢ ᠨᠢᠭᠡ ᠭᠡᠦᠭᠡᠳ ᠢ ᠴᠦ ᠰᠤᠷᠤᠯᠭ᠎ᠠ ᠶᠢ ᠨᠢ ᠲᠤᠷᠭᠤᠨ ᠵᠤᠬᠰᠤᠭᠠᠬᠤ ᠦᠭᠡᠢ ᠪᠠᠢᠢᠬᠤ ᠬᠠᠷᠠᠯᠳᠠ ᠵᠢ ᠦᠨᠳᠦᠰᠦᠨ ᠳ᠋ᠡᠭᠡᠨ ᠪᠡᠶᠡᠯᠡᠬᠦᠯᠵᠦ᠂ 90% ᠡᠴᠡ ᠳᠡᠭᠡᠭ᠍ᠰᠢᠬᠢ ᠵᠡᠮᠳᠡᠭ ᠭᠡᠦᠭᠡᠳ ᠢ ᠰᠤᠷᠭᠠᠨ ᠬᠦᠮᠦᠵᠢᠯ ᠬᠦᠷᠳᠡᠬᠦ ᠠᠵᠠ ᠲᠤᠬᠢᠶᠠᠯ ᠲᠠᠢ ᠪᠤᠯᠭᠠᠪᠠ; ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠤᠯᠠᠨ ᠤᠯᠤᠰ ᠲᠡᠬᠢ ᠨᠦᠯᠦᠭᠡᠯᠡᠬᠦ ᠬᠦᠴᠦᠨ ᠳᠠᠰᠤᠷᠠᠯᠳᠠ ᠦᠭᠡᠢ ᠨᠡᠮᠡᠭᠳᠡᠵᠦ᠂ 180 ᠭᠠᠷᠤᠢ ᠤᠯᠤᠰ ᠪᠠ ᠭᠠᠵᠠᠷ ᠤᠷᠤᠨ ᠤ ᠬᠢᠨ ᠮᠠᠨ ᠤ ᠤᠯᠤᠰ ᠲᠠᠢ ᠰᠤᠷᠭᠠᠨ ᠬᠦᠮᠦᠵᠢᠯ ᠤᠨ ᠬᠠᠮᠳᠤᠷᠠᠯᠴᠠᠭᠠᠨ ᠤ ᠬᠠᠷᠢᠯᠴᠠᠭ᠎ᠠ ᠪᠠᠢᠢᠭᠤᠯᠵᠦ᠂ 47 ᠤᠯᠤᠰ ᠪᠠ ᠭᠠᠵᠠᠷ ᠤᠷᠤᠨ ᠤ ᠬᠢᠨ ᠮᠠᠨ ᠤ ᠤᠯᠤᠰ ᠲᠠᠢ ᠰᠤᠷᠤᠯᠭ᠎ᠠ ᠵᠢᠨ ᠨᠠᠮᠳᠠᠷ ᠡᠷᠳᠡᠮ ᠤᠨ ᠴᠤᠯᠠ ᠵᠢ ᠬᠠᠷᠢᠯᠴᠠᠨ ᠮᠡᠳᠡᠷᠡᠬᠦ ᠵᠦᠪᠯᠡᠯᠴᠡᠭᠡᠷ ᠲᠤᠭᠳᠠᠵᠦ᠂ ᠳᠤᠮᠳᠠᠳᠤ ᠤᠯᠤᠰ ᠨᠢᠭᠡᠨᠳᠡ ᠳᠡᠯᠡᠭᠡᠢ ᠳ᠋ᠤ ᠭᠤᠷᠪᠠᠳᠤᠭᠠᠷ᠂ ᠠᠽᠢᠶ᠎ᠠ ᠲᠢᠪ ᠲᠦ ᠬᠠᠮᠤᠭ ᠤᠨ ᠶᠡᠭᠡ ᠭᠠᠳᠠᠭᠠᠳᠤ ᠳᠤ ᠰᠤᠷᠤᠯᠴᠠᠬᠤ ᠰᠤᠷᠤᠬᠴᠢ ᠵᠢᠨ ᠬᠠᠷᠠᠯᠳᠠᠳᠦ ᠤᠯᠤᠰ ᠪᠤᠯᠪᠠ; ᠰᠤᠷᠭᠠᠨ ᠬᠦᠮᠦᠵᠢᠯ ᠤᠨ ᠦᠭᠡᠷᠡᠴᠢᠯᠡᠯᠳᠠ ᠳᠠᠰᠤᠷᠠᠯᠳᠠ ᠦᠭᠡᠢ ᠬᠦᠨᠵᠡᠭᠡᠢᠢᠷᠡᠵᠦ᠂ ᠨᠢᠭᠡ ᠪᠦᠯᠦᠭ ᠪᠡᠯᠭᠡ ᠳᠡᠮᠳᠡᠭ ᠤᠨ ᠴᠢᠨᠠᠷᠳᠠᠢ ᠰᠤᠷᠭᠠᠨ ᠬᠦᠮᠦᠵᠢᠯ ᠤᠨ ᠦᠭᠡᠷᠡᠴᠢᠯᠡᠯᠳᠠ ᠵᠢᠨ ᠲᠦᠰᠦᠯ ᠢ ᠨᠡᠢᠢᠳᠡᠯᠡᠵᠦ᠂ ᠰᠤᠷᠭᠠᠨ ᠬᠦᠮᠦᠵᠢᠯ ᠤᠨ ᠦᠭᠡᠷᠡᠴᠢᠯᠡᠯᠳᠠ ᠵᠢᠨ ᠭᠤᠤᠯ ᠪᠦᠳᠦᠴᠡ ᠵᠠᠬᠪᠤᠷ ᠢ ᠪᠠᠢᠢᠭᠤᠯᠵᠠᠢ ᠬᠡᠪᠡ᠃

    ᠴᠧᠨ ᠪᠤᠤ ᠱᠧᠩ᠂ ᠭᠡᠦᠭᠡᠳ ᠤᠳ ᠢ ᠭᠡᠷᠬᠢᠨ ᠰᠤᠷᠭᠠᠭᠤᠯᠢ ᠳ᠋ᠦ ᠰᠠᠢᠢᠳᠤᠷ ᠰᠤᠷᠤᠯᠴᠠᠭᠤᠯᠬᠤ ᠠᠰᠠᠭᠤᠯᠳᠠ ᠵᠢ ᠬᠠᠷᠢᠭᠤᠯᠬᠤ ᠳ᠋ᠠᠭᠠᠨ᠂ ᠳᠠᠷᠠᠭᠠᠴᠢ ᠵᠢᠨ ᠠᠯᠬᠤᠮ ᠳ᠋ᠦ᠂ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ ᠤᠨ ᠲᠦᠭᠡᠮᠡᠯ ᠠᠰᠢᠬ ᠬᠦᠷᠳᠡᠭᠡᠬᠦ ᠴᠢᠨᠠᠷᠳᠠᠢ ᠡᠬᠢ ᠪᠠᠶᠠᠯᠢᠭ ᠢ ᠦᠷᠬᠦᠯᠵᠢᠯᠡᠨ ᠦᠷᠭᠡᠳᠭᠡᠵᠦ᠂ 2020 ᠤᠨ ᠪᠤᠯᠬᠤ ᠳ᠋ᠦ ᠰᠤᠷᠭᠠᠭᠤᠯᠢ ᠵᠢᠨ ᠨᠠᠰᠤᠨ ᠡᠴᠡ ᠡᠮᠦᠨᠡᠬᠢ ᠭᠤᠷᠪᠡᠨ ᠵᠢᠯ ᠤᠨ ᠴᠡᠴᠡᠷᠯᠢᠭ᠌ ᠲᠦ ᠤᠷᠤᠬᠤ ᠪᠦᠬᠦ ᠨᠤᠷᠮ᠎ᠠ ᠵᠢ 85% ᠳ᠋ᠤ ᠬᠦᠷᠭᠡᠵᠦ᠂ ᠲᠦᠭᠡᠮᠡᠯ ᠠᠰᠢᠬ ᠬᠦᠷᠳᠡᠭᠡᠬᠦ ᠴᠢᠨᠠᠷᠳᠠᠢ ᠴᠡᠴᠡᠷᠯᠢᠭ᠌᠌  ᠤᠨ ᠪᠦᠷᠬᠦᠴᠠ ᠵᠢᠨ ᠨᠤᠷᠮ᠎ᠠ ᠵᠢ 80% ᠤᠷᠴᠢᠮ ᠳ᠋ᠦ ᠬᠦᠷᠭᠡᠨ᠎ᠠ; ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠳᠠᠢ ᠴᠢᠨᠠᠷ ᠰᠠᠢᠢᠳᠠᠢ ᠬᠦᠭ᠍ᠵᠢᠯᠳᠡ ᠵᠢ ᠠᠬᠢᠭᠤᠯᠵᠦ᠂《ᠰᠤᠷᠭᠠᠭᠤᠯᠢ ᠰᠤᠩᠭ᠋ᠤᠬᠤ ᠬᠠᠯᠠᠮᠰᠢᠯ》《ᠤᠷᠤᠨ ᠲᠤᠭ᠎ᠠ ᠡᠴᠡ ᠪᠡᠨ ᠬᠡᠳᠦᠷᠡᠭᠰᠡᠨ ᠲᠤᠮᠤ ᠠᠩᠬᠢ》ᠵᠢᠨ ᠠᠰᠠᠭᠤᠳᠠᠯ ᠢ ᠰᠢᠢᠳᠪᠤᠷᠢᠯᠡᠨ᠎ᠠ; ᠦᠨᠳᠦᠷ ᠳᠤᠮᠳᠠᠳᠤ ᠵᠢᠨ ᠱᠠᠳᠤᠨ ᠤ ᠰᠤᠷᠭᠠᠨ ᠬᠦᠮᠦᠵᠢᠯ ᠢ ᠪᠦᠬᠦ ᠲᠠᠯ᠎ᠠ ᠪᠡᠷ ᠲᠦᠭᠡᠮᠡᠯᠵᠢᠬᠦᠯᠵᠦ᠂ 2020 ᠤᠨ ᠪᠤᠯᠬᠤ ᠳ᠋ᠦ ᠦᠨᠳᠦᠷ ᠳᠤᠮᠳᠠᠳᠤ ᠵᠢᠨ ᠱᠠᠳᠤᠨ ᠤ ᠰᠤᠷᠭᠠᠭᠤᠯᠢ ᠳ᠋ᠦ ᠤᠷᠤᠬᠤ ᠪᠦᠬᠦ ᠨᠤᠷᠮ᠎ᠠ ᠵᠢ 90% ᠡᠴᠡ ᠳᠡᠭᠡᠭ᠍ᠰᠢ ᠳᠤ ᠬᠦᠷᠭᠡᠨ᠎ᠡ; ᠶᠡᠭᠡ ᠳᠡᠭᠡᠳᠦ ᠰᠤᠷᠭᠠᠭᠤᠯᠢ ᠵᠢᠨ ᠰᠤᠷᠭᠠᠨ ᠬᠦᠮᠦᠵᠢᠯ ᠤᠨ ᠴᠢᠳᠠᠪᠤᠷᠢᠳᠠᠨ ᠬᠦᠮᠦᠵᠢᠬᠦᠯᠬᠦ ᠴᠢᠨᠠᠷ ᠴᠢᠨᠰᠠᠭ᠎ᠠ ᠶᠢ ᠪᠦᠬᠦ ᠲᠠᠯ᠎ᠠ ᠪᠡᠷ ᠳᠡᠭᠡᠭ᠍ᠰᠢᠯᠡᠬᠦᠯᠵᠦ᠂ 2020 ᠤᠨ ᠪᠤᠯᠬᠤ ᠳ᠋ᠦ ᠶᠡᠭᠡ ᠳᠡᠭᠡᠳᠦ ᠰᠤᠷᠭᠠᠭᠤᠯᠢ ᠵᠢᠨ ᠰᠤᠷᠭᠠᠨ ᠬᠦᠮᠦᠵᠢᠯ ᠤᠨ ᠰᠤᠷᠭᠠᠭᠤᠯᠢ ᠳ᠋ᠦ ᠤᠷᠤᠬᠤ ᠪᠦᠬᠦ ᠨᠤᠷᠮ᠎ᠠ ᠵᠢ 50% ᠳ᠋ᠤ ᠬᠦᠷᠭᠡᠨ᠎ᠠ ᠭᠡᠪᠡ᠃

ᠶᠠᠳᠠᠭᠤ ᠡᠴᠡ ᠠᠩᠭᠢᠵᠢᠷᠠᠭᠤᠯᠬᠤ ᠪᠤᠭᠤᠮᠲᠠ ᠰᠢᠪᠳᠤᠯᠬᠤ ᠠᠵᠢᠯ ᠳᠤᠮᠳᠠ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠳᠠᠷᠠᠭᠤᠯᠪᠠ

    ᠬᠤᠧᠠᠩ ᠱᠦ ᠰᠢᠶᠠᠨ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠡᠯ᠎ᠠ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ ᠤᠨ ᠬᠤᠷᠢᠶ᠎ᠠ ᠵᠢᠨ ᠰᠢᠢᠳᠪᠦᠷᠢᠳᠦ ᠪᠤᠳᠤᠯᠭ᠎ᠠ ᠪᠠᠢᠢᠷᠢᠯᠠᠭᠤᠯᠤᠯᠲᠠ ᠵᠢ ᠪᠦᠬᠦ ᠲᠠᠯ᠎ᠠ ᠪᠡᠷ ᠨᠠᠢᠢᠳᠠᠪᠤᠷᠢᠵᠢᠭᠤᠯᠵᠤ᠂ ᠶᠠᠳᠠᠭᠤ ᠬᠦᠴᠢᠷᠳᠡᠯᠳᠠᠢ ᠤᠯᠠᠨ ᠲᠦᠮᠡᠨ ᠤ ᠪᠠᠲᠤᠯᠠᠪᠤᠷᠢ ᠵᠡᠷᠭᠡ ᠠᠷᠠᠳ ᠤᠨ ᠠᠮᠢᠳᠤᠷᠠᠯ ᠤᠨ ᠠᠵᠢᠯ ᠮᠡᠳᠡᠭᠳᠡᠮ᠎ᠠ ᠠᠮᠵᠢᠯᠳᠠ ᠤᠯᠪᠠ᠃ ᠬᠤᠲᠠ ᠬᠦᠳᠡᠭᠡ ᠵᠢᠨ ᠨᠠᠭᠠᠳᠦ ᠵᠠᠬ᠎ᠠ ᠵᠢᠨ ᠠᠮᠢᠳᠤᠷᠠᠯ ᠤᠨ ᠪᠠᠲᠤᠯᠠᠪᠤᠷᠢ ᠳᠤ ᠤᠷᠤᠭᠤᠯᠪᠠᠰᠤ ᠵᠤᠬᠢᠬᠤ ᠶᠢ ᠨᠢ ᠠᠯᠢ ᠴᠢᠳᠠᠬᠤ ᠪᠡᠷ ᠪᠦᠬᠦᠨ ᠢ ᠤᠷᠤᠭᠤᠯᠵᠤ᠂ ᠨᠡᠢᠢᠬᠡᠮ ᠤᠨ ᠲᠤᠰᠠᠯᠠᠮᠵᠢ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠰᠠᠢᠢᠲᠤᠷ ᠪᠠᠳᠠᠷᠠᠭᠤᠯᠪᠠ; ᠨᠠᠰᠤᠵᠢᠯ ᠤᠨ ᠦᠢᠯᠡᠴᠢᠯᠡᠭᠡᠨ ᠤ ᠦᠢᠯᠡᠰ ᠲᠦᠷᠭᠡᠨ ᠬᠦᠭ᠍ᠵᠢᠵᠤ᠂ ᠪᠦᠬᠦ ᠤᠯᠤᠰ ᠤᠨ ᠳᠠᠩᠰᠠᠯᠠᠭᠤᠯᠤᠭᠰᠠᠨ ᠨᠠᠰᠤᠳᠠᠨ ᠢ ᠠᠰᠠᠷᠠᠬᠤ ᠪᠠᠢᠢᠭᠤᠯᠤᠮᠵᠢ 2.8 ᠲᠦᠮᠡ ᠭᠠᠷᠤᠢ ᠳᠤ ᠬᠦᠷᠴᠤ᠂ ᠨᠠᠰᠤᠳᠠᠨ ᠢ ᠠᠰᠠᠷᠠᠬᠤ ᠤᠷᠤ 700 ᠲᠦᠮᠠ ᠳᠤ ᠬᠦᠷᠴᠤ᠂ ᠨᠡᠢᠢᠭᠡᠮ ᠲᠤᠭᠤᠷᠢᠬ ᠤᠨ ᠭᠡᠷ ᠲᠡᠭᠡᠨ ᠨᠠᠰᠤᠵᠢᠯ ᠤᠨ ᠦᠢᠯᠡᠴᠢᠯᠡᠭᠡ ᠬᠦᠷᠳᠡᠬᠦ ᠲᠦᠬᠦᠭᠡᠷᠤᠮᠵᠢ ᠡᠯ᠎ᠠ ᠬᠤᠳᠠ ᠪᠠᠯᠭᠠᠰᠤ ᠵᠢᠨ ᠨᠡᠢᠢᠭᠡᠮ ᠲᠤᠭᠤᠷᠢᠭ ᠪᠤᠯᠤᠨ 50% ᠡᠴᠡ ᠳᠡᠭᠡᠭ᠍ᠰᠢᠬᠢ ᠬᠦᠳᠡᠭᠡ ᠲᠤᠰᠬᠤᠨ ᠤ ᠨᠡᠢᠢᠭᠡᠮ ᠲᠤᠭᠤᠷᠢᠭ ᠢ ᠪᠦᠷᠬᠦᠵᠠᠢ; ᠪᠠᠢᠢᠭᠠᠯᠢ ᠵᠢᠨ ᠭᠠᠮᠰᠢᠭ ᠢ ᠠᠷᠭᠠᠴᠠᠬᠤ ᠠᠵᠢᠯ ᠪᠦᠲᠦᠮᠵᠢᠲᠠᠢ ᠪᠦᠭᠡᠳ ᠡᠮᠬᠢ ᠵᠢᠷᠤᠮ ᠲᠠᠢ ᠶᠠᠪᠤᠭᠳᠠᠪᠠ; ᠵᠡᠮᠳᠡᠭᠴᠤᠳ ᠤᠨ ᠠᠰᠠᠷᠠᠮᠵᠢ ᠪᠤᠯᠤᠨ ᠬᠡᠤᠬᠡᠳ ᠢ ᠬᠠᠮᠠᠭᠠᠯᠠᠬᠤ ᠳᠦᠷᠢᠮ ᠨᠡᠩ ᠪᠦᠷᠢᠨᠰᠢᠪᠡ; ᠴᠡᠷᠢᠭ᠌ ᠤᠨ ᠬᠦᠮᠦᠰ ᠲᠦ ᠠᠰᠠᠷᠠᠮᠵᠢ ᠬᠠᠷᠠᠭᠠᠯᠵᠠᠯ ᠤᠯᠭᠤᠬᠤ ᠲᠦᠪᠰᠢᠨ ᠵᠢᠯ ᠳᠠᠷᠠᠭᠠᠯᠠᠨ ᠳᠡᠭᠡᠭ᠍ᠰᠢᠯᠡᠪᠡ; ᠨᠢᠭᠦᠯᠡᠰᠦᠩᠭᠦᠢ ᠶᠢᠨ ᠪᠠ ᠰᠠᠢᠢᠨ ᠳᠤᠷ᠎ᠠ ᠵᠢᠨ ᠦᠢᠯᠡᠴᠢᠯᠡᠭᠡᠨ ᠤ ᠦᠢᠯᠡᠰ ᠦᠷᠨᠢᠭᠦᠨ ᠬᠦᠭ᠍ᠵᠢᠵᠠᠢ ᠭᠡᠵᠤ ᠬᠡᠯᠡᠪᠡ᠃

    ᠬᠤᠧᠠᠩ ᠱᠦ ᠰᠢᠶᠠᠠ᠂ ᠶᠠᠲᠠᠭᠤ ᠡᠴᠡ ᠠᠩᠬᠢᠵᠢᠷᠠᠭᠤᠯᠬᠤ ᠪᠤᠭᠤᠮᠲᠠ ᠰᠢᠪᠲᠤᠯᠬᠤ ᠲᠤᠮᠲᠠ ᠨᠡᠢᠢᠭᠡᠮ ᠤᠨ ᠠᠪᠤᠷᠠᠠ ᠲᠤᠰᠠᠯᠠᠯᠳᠠ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠪᠤᠷᠢ ᠶᠢᠨ ᠦᠢᠯᠡᠲᠦᠯ ᠢ ᠬᠡᠷᠬᠢᠨ ᠪᠠᠳᠠᠷᠠᠭᠤᠯᠬᠤ ᠲᠤᠬᠠᠢ ᠬᠤᠯᠪᠤᠭᠲᠠᠯ ᠪᠦᠬᠦᠢ ᠠᠰᠠᠭᠤᠯᠳᠠ ᠶᠢ ᠬᠠᠷᠢᠭᠤᠯᠬᠤ ᠳ᠋ᠠᠭᠠᠠ᠂ ᠭᠤᠷᠪᠠᠠ ᠲᠠᠯ᠎ᠠ ᠶᠢᠨ ᠠᠵᠢᠯ ᠢ ᠭᠤᠤᠯᠲᠠᠯᠭ᠎ᠠ ᠲᠠᠢ ᠰᠠᠢᠢᠲᠤᠷ ᠬᠢᠬᠦ ᠬᠡᠷᠡᠭᠲᠡᠢ ᠭᠡᠵᠦ ᠬᠡᠯᠡᠪᠡ᠄ ᠨᠢᠭᠡ ᠳ᠋ᠤ᠂ ᠠᠪᠤᠷᠠᠠ ᠲᠤᠰᠠᠯᠠᠬᠤ ᠪᠠᠲᠤᠯᠠᠪᠤᠷᠢ ᠶᠢᠨ ᠲᠦᠷᠢᠮ ᠢ ᠪᠦᠬᠦ ᠲᠠᠯ᠎ᠠ ᠪᠠᠷ ᠲᠡᠭᠦᠯᠲᠡᠷᠵᠢᠭᠦᠯᠤᠨ᠎ᠠ᠃ 《ᠨᠡᠢᠢᠭᠡᠮ ᠤᠨ ᠠᠪᠤᠷᠠᠠ ᠲᠤᠰᠠᠯᠠᠬᠤ ᠲᠦᠷ ᠭᠡᠷᠡᠭᠵᠢᠭᠦᠯᠬᠦ ᠠᠷᠭ᠎ᠠ》  ᠶ᠋ᠢ ᠭᠡᠷᠡᠭᠵᠢᠭᠦᠯᠵᠦ᠂《8+1》 ᠶ᠋ᠢᠨ ᠨᠡᠢᠢᠭᠡᠮ ᠤᠨ ᠠᠪᠤᠷᠠᠠ ᠲᠤᠰᠠᠯᠠᠬᠤ ᠰᠢᠰᠲ᠋ᠧᠮ ᠤᠨ ᠪᠠᠢᠢᠭᠤᠯᠤᠯᠲᠠ ᠶᠢ ᠠᠬᠢᠭᠤᠯᠤᠨ᠎ᠠ᠃ ᠲᠦᠷ ᠴᠠᠭ ᠤᠨ ᠠᠪᠤᠷᠠᠠ ᠲᠤᠰᠠᠯᠠᠬᠤ ᠲᠦᠷᠢᠮ ᠢ ᠪᠦᠬᠦ ᠲᠠᠯ᠎ᠠ ᠪᠠᠷ ᠲᠤᠬᠳᠠᠭᠠᠵᠤ᠂ ᠤᠨᠴᠠ ᠬᠦᠨᠲᠦ ᠶᠡᠭᠡ ᠡᠪᠡᠳᠴᠢᠨ ᠡᠮᠭᠡᠭ᠌ ᠢ ᠡᠮᠨᠡᠵᠤ ᠠᠪᠤᠷᠠᠠ ᠲᠤᠰᠠᠯᠠᠬᠤ ᠶᠢ ᠪᠦᠬᠦ ᠲᠠᠯ᠎ᠠ ᠪᠠᠷ ᠭᠡᠷᠡᠭᠵᠢᠭᠦᠯᠦᠨ᠎ᠠ᠃ ᠬᠤᠲᠠ ᠬᠦᠲᠡᠬᠡ ᠶᠢᠨ ᠤᠨᠴᠠ ᠬᠦᠴᠢᠷᠲᠡᠯᠲᠡᠢ ᠬᠦᠮᠦᠰ ᠢ ᠠᠪᠤᠷᠠᠠ ᠲᠤᠰᠠᠯᠠᠵᠦ ᠠᠰᠠᠷᠠᠠ ᠲᠡᠵᠢᠭᠡᠬᠦ ᠲᠦᠷᠢᠮ ᠢ ᠨᠢᠭᠡᠲᠦᠯᠲᠡᠢ ᠲᠦᠯᠦᠪᠵᠢᠭᠦᠯᠤᠨ᠎ᠠ᠃ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠪᠤᠷᠢ ᠶᠢᠨ ᠲᠦᠷᠢᠮ ᠪᠤᠯᠤᠨ ᠶᠠᠲᠠᠭᠤ ᠶᠢ ᠲᠡᠳᠭᠦᠵᠦ ᠨᠡᠭᠡᠭᠡᠡ ᠬᠦᠭ᠍ᠵᠢᠭᠦᠯᠬᠦ ᠲᠦᠷᠦ ᠶᠢᠨ ᠪᠤᠲᠤᠯᠭ᠎ᠠ ᠶᠢ ᠪᠦᠲᠦᠮᠵᠢᠲᠠᠢ ᠵᠤᠯᠭᠠᠭᠤᠯᠬᠤ ᠶᠢ ᠠᠬᠢᠭᠤᠯᠤᠨ᠎ᠠ᠃ ᠬᠤᠶᠠᠷ ᠲᠦ᠂ ᠠᠪᠤᠷᠠᠠ ᠲᠤᠰᠠᠯᠠᠬᠤ ᠪᠠᠲᠤᠯᠠᠪᠤᠷᠢ ᠶᠢᠨ ᠲᠦᠪᠰᠢᠨ ᠢ ᠯᠠᠪᠲᠠᠭᠤᠨ ᠢᠶᠡᠷ ᠲᠡᠭᠡᠭ᠍ᠰᠢᠯᠡᠭᠦᠯᠤᠨ᠎ᠠ᠃ ᠪᠦᠬᠦ ᠤᠯᠤᠰ ᠤᠨ ᠬᠤᠲᠠ ᠪᠤᠯᠤᠨ ᠬᠦᠲᠡᠭᠡ ᠲᠤᠰᠬᠤᠨ ᠤ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠪᠤᠷᠢ ᠶᠢᠨ ᠪᠠᠷᠢᠮᠵᠢᠶ᠎ᠠ ᠶᠢ ᠵᠢᠯ ᠪᠦᠷᠢ ᠲᠤᠮᠲᠠᠴᠢ ᠪᠠᠷ 10.7%᠂ 16% ᠨᠡᠮᠡᠭᠲᠡᠭᠦᠯᠵᠦ᠂ ᠪᠦᠬᠦ ᠤᠯᠤᠰ ᠤᠨ ᠬᠦᠲᠡᠭᠡ ᠲᠤᠰᠬᠤᠨ ᠤ ᠤᠨᠴᠠ ᠬᠦᠴᠢᠷᠲᠡᠯᠲᠡᠢ ᠬᠦᠮᠦᠰ ᠢ ᠲᠦᠪᠯᠡᠷᠡᠩᠭᠦᠢ ᠪᠡᠷ ᠪᠠ ᠲᠠᠷᠠᠬᠠᠢ ᠪᠡᠷ ᠠᠰᠠᠷᠠᠠ ᠲᠡᠵᠢᠭᠡᠬᠦ ᠪᠠᠷᠢᠮᠵᠢᠶ᠎ᠠ ᠶᠢ ᠵᠢᠯ ᠪᠦᠷᠢ ᠲᠤᠮᠲᠠᠴᠢ ᠪᠠᠷ 13.7%᠂ 14.7% ᠨᠡᠮᠡᠭᠲᠡᠭᠦᠯᠦᠨ᠎ᠠ᠃ ᠪᠦᠬᠦ ᠤᠯᠤᠰ ᠤᠨ ᠬᠦᠲᠡᠭᠡ ᠲᠤᠰᠬᠤᠨ ᠤ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠪᠤᠷᠢ ᠶᠢᠨ ᠪᠠᠷᠢᠮᠵᠢᠶ᠎ᠠ ᠨᠢ ᠤᠯᠤᠰ ᠤᠨ ᠶᠠᠲᠠᠭᠤ ᠶᠢ ᠲᠡᠳᠭᠦᠬᠦ ᠪᠠᠷᠢᠮᠵᠢᠶ᠎ᠠ ᠡᠴᠡ ᠲᠤᠤᠷ᠎ᠠ ᠪᠠᠢᠢᠭ᠎ᠠ ᠰᠢᠶᠠᠠ 2015 ᠤᠨ ᠤ ᠡᠴᠤᠰ ᠲᠦ 1521 ᠪᠠᠢᠢᠭᠰᠠᠠ ᠡᠴᠡ ᠪᠠᠨ ᠬᠠᠰᠤᠭᠲᠠᠭᠠᠳ 72 ᠪᠤᠯᠵᠠᠢ᠃ ᠭᠤᠷᠪᠠ ᠳ᠋ᠤ᠂ ᠠᠪᠤᠷᠠᠠ ᠲᠤᠰᠠᠯᠠᠬᠤ ᠪᠠᠲᠤᠯᠠᠪᠤᠷᠢ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ ᠲᠡᠭᠦᠯᠲᠡᠷᠵᠢᠭᠦᠯᠵᠦ᠂ ᠠᠪᠤᠷᠠᠠ ᠲᠤᠰᠠᠯᠠᠬᠤ ᠬᠦᠮᠦᠰ ᠢ ᠢᠯᠭᠠᠠ ᠲᠤᠲᠤᠯᠠᠬᠤ ᠤᠨᠤᠪᠴᠢᠲᠦ ᠴᠢᠨᠠᠷ ᠪᠤᠯᠤᠨ ᠲᠦᠷᠢᠮ ᠤᠨ ᠭᠤᠤᠯᠴᠢ ᠴᠢᠨᠠᠷ ᠢ ᠲᠡᠭᠡᠭ᠍ᠰᠢᠯᠡᠭᠦᠯᠦᠨ᠎ᠠ ᠭᠡᠪᠡ᠃

ᠠᠵᠢᠯ ᠤᠯᠭᠤᠯᠳᠠ ᠶᠠᠷᠤᠩᠬᠡᠢ ᠳ᠋ᠡᠬᠡᠨ ᠲᠤᠭᠳᠠᠭᠤᠨ ᠪᠠᠢᠢᠬᠤ ᠶᠢ ᠪᠠᠳᠤᠯᠠᠵᠤ᠂ ᠲᠡᠯᠡᠬᠡᠢ ᠲᠡᠭᠡᠷᠡᠬᠢ ᠬᠠᠮᠤᠭ ᠤᠨ ᠲᠤᠮᠤ ᠨᠡᠢᠢᠬᠡᠮ ᠤᠨ ᠪᠠᠳᠤᠯᠠᠪᠤᠷᠢ ᠶᠢᠨ ᠠᠮᠤᠷ ᠲᠦᠪᠰᠢᠨ ᠤ ᠲᠤᠤᠷ ᠢ ᠪᠠᠢᠢᠭᠤᠯᠪᠠ

    ᠶᠢᠨ ᠸᠧᠢ ᠮᠢᠨ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠮᠠᠨ ᠤ ᠤᠯᠤᠰ ᠤᠨ ᠠᠵᠢᠯ ᠤᠯᠭᠤᠯᠳᠠ ᠶᠢᠨ ᠪᠠᠢᠢᠳᠠᠯ ᠦᠷᠬᠦᠯᠵᠢᠯᠠᠨ ᠰᠠᠢᠢᠵᠢᠷᠠᠵᠤ᠂ ᠠᠵᠤ ᠠᠬᠤᠢ ᠨᠡᠢᠢᠬᠡᠮ ᠤᠨ ᠬᠦᠭ᠍ᠵᠢᠯᠳᠠ ᠶᠢᠨ ᠬᠢᠯᠠᠰ ᠴᠡᠭ ᠪᠤᠯᠵᠤ᠂ ᠠᠵᠤ ᠠᠬᠤᠢ ᠶᠢᠨ ᠬᠦᠭ᠍ᠵᠢᠯᠳᠠ ᠳᠤ ᠦᠨᠳᠤᠰᠤᠨ ᠲᠤᠯᠭᠠᠭᠤᠷᠢᠯᠠᠬᠤ ᠤᠢᠢᠯᠡᠳᠤᠯ ᠦᠵᠡᠬᠦᠯᠪᠠ᠃ 5 ᠵᠢᠯ ᠤᠨ ᠲᠤᠷᠰᠢ᠂ 6500 ᠲᠦᠮᠡ ᠭᠠᠷᠤᠢ ᠬᠦᠮᠤᠨ ᠳᠤ ᠠᠵᠢᠯ ᠤᠯᠭᠤᠬᠤ ᠠᠰᠠᠭᠤᠳᠠᠯ᠂ ᠠᠵᠢᠯ ᠠᠯᠳᠠᠬᠰᠠᠨ 2790 ᠲᠦᠮᠡ ᠭᠠᠷᠤᠢ ᠬᠦᠮᠦᠨ ᠳᠤ ᠲᠠᠬᠢᠨ ᠠᠵᠢᠯ ᠤᠯᠭᠤᠬᠤ ᠠᠰᠠᠭᠤᠳᠠᠯ ᠪᠤᠯᠤᠨ ᠬᠤᠳᠠ ᠪᠠᠯᠭᠠᠰᠤᠨ ᠤ 880 ᠲᠦᠮᠡ ᠭᠠᠷᠤᠢ ᠶᠠᠳᠠᠭᠤ ᠬᠦᠴᠢᠷᠳᠠᠯᠳᠠᠢ ᠬᠦᠮᠤᠰ ᠲᠤ ᠠᠵᠢᠯ ᠤᠯᠭᠤᠬᠤ ᠠᠰᠠᠭᠤᠳᠠᠯ ᠢ ᠰᠢᠢᠳᠪᠤᠷᠢᠯᠠᠪᠠ᠃ ᠦᠯᠡᠬᠦᠤ ᠤᠢᠢᠯᠡᠳᠪᠤᠷᠢᠯᠡᠯ ᠤᠨ ᠴᠢᠳᠠᠪᠤᠷᠢ ᠶᠢ ᠰᠢᠢᠳᠪᠤᠷᠢᠯᠡᠬᠦ ᠶᠠᠪᠤᠴᠠ ᠳᠤ᠂ ᠵᠠᠭᠤᠨ ᠲᠦᠮᠡ ᠰᠢᠬᠠᠮ ᠠᠵᠢᠯᠳᠠᠨ ᠠᠵᠢᠯᠴᠢᠨ ᠢ ᠲᠤᠬᠳᠠᠭᠤᠨ ᠢᠶᠡᠷ ᠳᠦᠪᠬᠢᠨᠡᠬᠦᠯᠪᠡ; ᠶᠠᠳᠠᠭᠤ ᠡᠴᠡ ᠠᠩᠬᠢᠵᠢᠷᠠᠭᠤᠯᠵᠤ ᠪᠤᠭᠤᠮᠳᠠ ᠰᠢᠪᠳᠤᠯᠬᠤ ᠳᠤ᠂ ᠬᠦᠳᠡᠬᠡ ᠲᠤᠰᠬᠤᠨ ᠤ ᠲᠠᠨᠭᠰᠠᠯᠠᠵᠤ ᠺᠠᠷᠲ᠋ᠯᠠᠬᠰᠠᠨ 480 ᠲᠦᠮᠡ ᠭᠠᠷᠤᠢ ᠶᠠᠳᠠᠭᠤ ᠬᠦᠴᠢᠷᠳᠠᠯᠳᠠᠢ ᠬᠦᠮᠤᠰ ᠢ ᠰᠢᠯᠵᠢᠬᠦᠯᠤᠨ ᠠᠵᠢᠯ ᠤᠯᠭᠤᠬᠤ ᠠᠰᠠᠭᠤᠳᠠᠯ ᠢ ᠰᠢᠢᠳᠪᠤᠷᠢᠯᠡᠪᠡ᠃ ᠬᠤᠳᠠ ᠬᠦᠳᠡᠬᠡ ᠶᠢᠨ ᠰᠠᠭᠤᠭᠠᠯᠢ ᠠᠷᠠᠳ ᠤᠨ ᠨᠢᠬᠡᠳᠤᠯᠳᠠᠢ ᠨᠠᠰᠤᠵᠢᠯ ᠤᠨ ᠲᠠᠭᠠᠳᠬᠠᠯ ᠤᠨ ᠲᠦᠷᠢᠮ ᠢ ᠲᠤᠬᠳᠠᠭᠠᠵᠤ᠂ ᠪᠠᠢᠢᠭᠤᠯᠤᠯᠭ᠎ᠠ ᠠᠵᠢᠯ ᠤᠢᠢᠯᠡᠰ ᠤᠨ ᠨᠢᠬᠡᠴᠠ ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠦᠬᠡᠷᠡᠴᠢᠯᠠᠯᠳᠠ ᠶᠢ ᠠᠬᠢᠭᠤᠯᠵᠤ᠂ ᠡᠮ ᠡᠮᠨᠡᠯᠬᠡ ᠶᠢᠨ ᠲᠠᠭᠠᠳᠬᠠᠯ ᠤᠨ ᠲᠦᠷᠢᠮ ᠤᠨ ᠦᠬᠡᠷᠡᠴᠢᠯᠠᠯᠳᠠ ᠶᠢ ᠬᠦᠨᠵᠡᠬᠡᠢᠢᠷᠡᠬᠦᠯᠵᠤ᠂ ᠲᠡᠯᠡᠬᠡᠢ ᠲᠡᠭᠡᠷᠡᠬᠢ ᠬᠠᠮᠤᠭ ᠤᠨ ᠲᠤᠮᠤ ᠨᠡᠢᠢᠬᠡᠮ ᠤᠨ ᠪᠠᠳᠤᠯᠠᠪᠤᠷᠢ ᠶᠢᠨ ᠠᠮᠤᠷ ᠲᠦᠪᠰᠢᠨ ᠤ ᠲᠤᠤᠷ ᠢ ᠪᠠᠢᠢᠭᠤᠯᠪᠠ᠃ ᠤᠳᠤᠬᠠᠨ ᠳᠤ᠂ ᠨᠠᠰᠤᠵᠢᠯ ᠤᠨ ᠲᠠᠭᠠᠳᠬᠠᠯ 9 ᠳ᠋ᠦᠩᠰᠢᠭᠤᠷ ᠭᠠᠷᠤᠢ ᠬᠦᠮᠤᠨ ᠢ ᠬᠠᠮᠤᠷᠴᠤ᠂ ᠡᠮ ᠡᠮᠨᠡᠯᠬᠡ ᠶᠢᠨ ᠲᠠᠭᠠᠳᠬᠠᠯ 13 ᠳ᠋ᠦᠩᠰᠢᠭᠤᠷ ᠭᠠᠷᠤᠢ ᠬᠦᠮᠤᠨ ᠢ ᠬᠠᠮᠤᠷᠴᠤ᠂ ᠪᠦᠬᠦ ᠠᠷᠠᠳ ᠡᠮ ᠡᠮᠨᠡᠯᠬᠡ ᠶᠢᠨ ᠲᠠᠭᠠᠳᠬᠠᠯ ᠳᠤ ᠤᠷᠤᠬᠤ ᠶᠢ ᠪᠡᠶᠡᠯᠡᠬᠦᠯᠵᠤ᠂ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠦᠨᠳᠤᠰᠤᠨ ᠨᠠᠰᠤᠵᠢᠯ ᠤᠨ ᠲᠠᠭᠠᠳᠬᠠᠯ ᠤᠨ ᠰᠠᠷ᠎ᠠ ᠲᠤᠮᠳᠠᠴᠢ ᠶᠢᠨ ᠤᠯᠭᠤᠮᠵᠢ 2300 ᠲᠦᠬᠦᠷᠢᠭ᠌ ᠢ ᠲᠠᠪᠠᠵᠤ᠂ ᠬᠤᠳᠠ ᠬᠦᠳᠡᠬᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠲᠠᠭᠠᠳᠬᠠᠯ ᠤᠨ ᠤᠯᠭᠤᠮᠵᠢ 120 ᠲᠦᠬᠦᠷᠢᠭ᠌ ᠢ ᠲᠠᠪᠠᠵᠠᠢ ᠭᠡᠪᠡ᠃

    ᠠᠵᠢᠯ ᠤᠯᠭᠤᠯᠳᠠ ᠵᠢ ᠶᠡᠷᠦᠩᠬᠡᠢ ᠳ᠋ᠤᠨᠢ ᠲᠤᠭᠳᠠᠭᠤᠨ ᠪᠠᠶᠢᠯᠭᠠᠬᠤ ᠶᠢ ᠬᠡᠷᠬᠢᠨ ᠪᠠᠲᠤᠯᠠᠬᠤ ᠠᠰᠠᠭᠤᠯᠳᠠ ᠶᠢ ᠬᠠᠷᠢᠭᠤᠯᠬᠤ ᠳ᠋ᠠᠭᠠᠨ ᠶᠢᠨ ᠸᠧᠢ ᠮᠢᠨ᠂ ᠡᠩ ᠲᠡᠷᠢᠬᠦᠨ ᠳ᠋ᠤ᠂ ᠨᠠᠮ ᠤᠨ ᠲᠦᠪ ᠬᠤᠷᠢᠶᠠᠨ ᠡᠴᠡ ᠠᠵᠢᠯ ᠤᠯᠭᠤᠯᠳᠠ ᠵᠢᠨ ᠠᠵᠢᠯ ᠢ ᠲᠡᠭᠡᠳᠤ ᠬᠡᠮᠵᠢᠶ᠎ᠠ ᠪᠡᠷ ᠴᠢᠬᠤᠯᠠᠴᠢᠯᠠᠵᠦ᠂ ᠴᠤᠪᠤᠷᠠᠯ ᠴᠢᠬᠤᠯᠠ ᠶᠡᠬᠡ ᠠᠷᠭ᠎ᠠ ᠬᠡᠮᠵᠢᠶ᠎ᠡ ᠠᠪᠴᠠᠢ᠂ ᠡᠨᠡ ᠪᠤᠯ ᠦᠨᠳᠦᠰᠦᠨ ᠴᠢᠨᠠᠷᠳᠠᠢ ᠬᠦᠴᠦᠨ ᠵᠦᠢᠯ ᠮᠦᠨ᠃ ᠬᠤᠶᠠᠷ ᠲᠤ᠂ ᠮᠠᠨ ᠤ ᠤᠯᠤᠰ ᠤᠨ ᠠᠵᠦ ᠠᠬᠤᠢ ᠵᠢᠨ ᠲᠤᠭᠳᠠᠭᠤᠨ ᠡᠷᠡᠬᠦᠯ ᠬᠦᠭ᠍ᠵᠢᠯᠳᠡ ᠶᠢᠨ ᠠᠴᠢ ᠪᠡᠷ《ᠠᠷᠪᠠᠨ ᠭᠤᠷᠪᠠᠳᠤᠭᠠᠷ ᠲᠠᠪᠤᠨ ᠵᠢᠯ》 ᠤ᠋᠋ᠨ ᠬᠦᠭ᠍ᠵᠢᠯᠳᠡ ᠶᠢᠨ ᠲᠦᠰᠦᠯ ᠤᠨ ᠬᠤᠭᠤᠴᠠᠭᠠᠨ ᠳ᠋ᠡᠬᠢ GDP ᠵᠠᠭᠤᠨ ᠤ ᠬᠠᠷᠢᠴᠠᠯ ᠢᠶᠡᠷ ᠨᠢᠭᠡ ᠬᠤᠪᠢ ᠨᠡᠮᠡᠭᠳᠡᠬᠦ ᠪᠦᠷᠢ᠂ 180 ᠲᠦᠮᠨ ᠤᠷᠴᠢᠮ ᠬᠦᠮᠦᠨ ᠤ ᠠᠵᠢᠯ ᠤᠯᠬᠤ ᠵᠢ ᠲᠠᠢᠢᠴᠢᠯᠠᠪᠠ᠃ ᠭᠤᠷᠪᠠ ᠳ᠋ᠤ᠂ ᠦᠬᠡᠷᠡᠴᠢᠯᠡᠯᠳᠡ ᠵᠢᠨ ᠪᠦᠳᠦᠭᠡᠭ᠍ᠰᠡᠨ ᠠᠰᠢᠬ ᠤᠨ ᠠᠴᠢ ᠪᠡᠷ᠂ ᠵᠠᠰᠠᠬ ᠢ ᠴᠤᠮᠬᠠᠳᠬᠠᠵᠦ ᠡᠷᠬᠡ ᠵᠢ ᠲᠠᠯᠪᠢᠬᠤ ᠬᠢᠬᠡᠳ《ᠲᠠᠯᠪᠢᠬᠤ ᠬᠠᠮᠢᠶᠠᠷᠬᠤ ᠦᠢᠯᠡᠴᠢᠯᠡᠬᠦ》ᠬᠠᠷᠢᠯᠴᠠᠨ ᠤᠶᠠᠯᠳᠤᠵᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠵᠦ᠂ ᠨᠡᠢᠢᠬᠡᠮ ᠪᠠ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠦᠨ ᠢ ᠬᠦᠭ᠍ᠵᠢᠭᠡᠨ᠂ ᠠᠵᠢᠯ ᠤᠯᠭᠤᠬᠤ ᠦᠢᠯᠡᠰ ᠪᠤᠰᠬᠠᠬᠤ ᠪᠤᠱᠤᠭ᠎ᠠ ᠶᠢ ᠦᠷᠬᠦᠯᠵᠢᠯᠡᠨ ᠲᠤᠤᠷ᠎ᠠ ᠪᠤᠯᠭᠠᠪᠠ᠃ ᠲᠦᠷᠪᠡ ᠳ᠋ᠤ᠂ ᠢᠳᠡᠪᠬᠢᠳᠡᠢ ᠠᠵᠢᠯ ᠤᠯᠭᠤᠯᠳᠠ ᠵᠢᠨ ᠲᠦᠷᠦ ᠶᠢᠨ ᠪᠤᠳᠤᠯᠭ᠎ᠠ ᠶᠢᠨ ᠨᠦᠯᠦᠬᠡᠯᠡᠯ ᠤᠨ ᠠᠴᠢ ᠪᠡᠷ᠂ ᠤᠳᠤ ᠵᠢᠯ ᠪᠦᠷᠢ ᠡᠳ᠋ ᠤᠨ ᠵᠠᠰᠠᠬ ᠤᠨ ᠠᠵᠢᠯ ᠤᠯᠭᠤᠯᠳᠠ ᠳ᠋ᠡᠬᠢ ᠲᠤᠰᠬᠠᠢ ᠲᠦᠷᠦᠯ ᠤᠨ ᠪᠡᠯᠡ ᠤᠷᠤᠭᠤᠯᠤᠯᠳᠠ ᠮᠢᠩᠭ᠋ᠠᠨ ᠳ᠋ᠦᠩᠰᠢᠭᠤᠷ ᠰᠢᠬᠠᠮ ᠲᠦᠬᠦᠷᠢᠭ᠌ ᠲᠤ ᠬᠦᠷᠴᠤ ᠪᠠᠢᠢᠨ᠎ᠠ᠃ ᠲᠠᠪᠤ ᠳ᠋ᠤ᠂ ᠦᠷᠬᠡᠨ ᠤᠯᠠᠨ ᠬᠦᠳᠡᠯᠮᠦᠷᠢᠴᠢᠳ ᠤᠨ ᠢᠳᠡᠪᠬᠢᠳᠡᠢ ᠤᠷᠤᠯᠴᠠᠯᠭ᠎ᠠ ᠶᠢᠨ ᠠᠴᠢ ᠲᠤᠰᠠ ᠪᠤᠢ ᠬᠡᠵᠤ ᠬᠡᠯᠡᠪᠡ᠃

《ᠭᠡᠷ ᠪᠠᠢᠢᠰᠢᠩ ᠪᠤᠯ ᠠᠷᠠᠯᠵᠢᠶᠠᠯᠠᠬᠤ ᠳᠤ ᠵᠤᠷᠢᠭᠤᠯᠤᠬᠰᠠᠨ ᠪᠢᠰᠢ ᠰᠠᠭᠤᠬᠤ ᠳᠤ ᠵᠤᠷᠢᠭᠤᠯᠤᠬᠰᠠᠨ ᠶᠤᠮ》ᠭᠡᠳᠡᠭ ᠢ ᠪᠠᠷᠢᠮᠳᠠᠯᠠᠪᠠ

    ᠸᠠᠩ ᠮᠧᠩ ᠾᠦᠢ ᠬᠡᠯᠡᠬᠦ ᠳ᠋ᠡᠬᠡᠨ᠂ ᠨᠠᠮ ᠤᠨ ᠠᠷᠪᠠ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠤᠷᠤᠨ ᠰᠠᠭᠤᠴᠠ ᠶᠢᠨ ᠪᠠᠲᠤᠯᠠᠪᠤᠷᠢ ᠶᠢᠨ ᠠᠮᠵᠢᠯᠳᠠ ᠪᠦᠲᠦᠮᠵᠢ ᠢᠯᠡᠷᠬᠡᠢ ᠪᠤᠯᠵᠦ᠂ 8000 ᠲᠦᠮᠡ ᠰᠢᠬᠠᠮ ᠶᠠᠳᠠᠭᠤ ᠬᠦᠴᠢᠷᠳᠡᠯᠳᠡᠢ ᠤᠯᠠᠨ ᠲᠦᠮᠡᠨ ᠤ ᠤᠷᠤᠨ ᠰᠠᠭᠤᠴᠠ ᠶᠢᠨ ᠨᠦᠬᠦᠴᠡᠯ ᠢ ᠰᠠᠢᠢᠵᠢᠷᠠᠭᠤᠯᠪᠠ᠂ ᠬᠡᠷ ᠭᠠᠵᠠᠷ ᠬᠦᠷᠦᠩᠬᠡ ᠶᠢᠨ ᠲᠤᠬᠢᠷᠠᠭᠤᠯᠭ᠎ᠠ ᠡᠵᠡᠮᠳᠡᠯ ᠤᠨ ᠦᠷ᠎ᠠ ᠪᠦᠲᠦᠮᠵᠢ ᠢᠯᠡᠷᠬᠡᠢᠢᠰᠢᠵᠦ᠂《ᠭᠡᠷ ᠪᠠᠢᠢᠰᠢᠩ ᠪᠤᠯ ᠠᠷᠠᠯᠵᠢᠶᠠᠯᠠᠬᠤ ᠳᠤ ᠵᠤᠷᠢᠭᠤᠯᠤᠬᠰᠠᠨ ᠪᠢᠰᠢ ᠰᠠᠭᠤᠬᠤ ᠳᠤ ᠵᠤᠷᠢᠭᠤᠯᠤᠬᠰᠠᠨ ᠶᠤᠮ》ᠭᠡᠳᠡᠭ ᠢᠶᠡᠷ ᠦᠨᠳᠦᠰᠦᠨ ᠪᠠᠷᠢᠮᠳᠠᠯᠠᠯ ᠪᠤᠯᠭᠠᠵᠦ᠂ ᠲᠦᠷᠦᠯ ᠬᠤᠪᠢᠶᠠᠵᠦ ᠲᠤᠬᠢᠷᠠᠭᠤᠯᠤᠨ ᠡᠵᠡᠮᠳᠡᠵᠦ᠂ ᠬᠤᠳᠠ ᠪᠠ ᠭᠠᠵᠠᠷ ᠤᠷᠤᠨ ᠤ ᠪᠠᠢᠢᠳᠠᠯ ᠳ᠋ᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠬᠦᠯᠵᠦ᠂ ᠬᠡᠷ ᠭᠠᠵᠠᠷ ᠬᠦᠷᠦᠩᠬᠡ ᠶᠢᠨ ᠵᠠᠬ᠎ᠠ ᠲᠡᠯᠬᠡᠬᠦᠷ ᠶᠡᠷᠦᠩᠬᠡᠢ ᠳ᠋ᠡᠬᠡᠨ ᠲᠤᠭᠳᠠᠭᠤᠨ ᠪᠠᠢᠢᠳᠠᠯ ᠢ ᠪᠠᠲᠤᠯᠠᠪᠠ; ᠬᠤᠳᠠ ᠶᠢᠨ ᠲᠦᠯᠦᠪᠵᠢᠬᠦᠯᠬᠡ ᠶᠢᠨ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠦ᠂ ᠲᠦᠯᠦᠪᠵᠢᠬᠦᠯᠬᠡ ᠶᠢᠨ ᠬᠡᠷᠡᠭᠵᠢᠬᠦᠯᠦᠯᠳᠡ ᠶᠢ ᠨᠢᠬᠡᠳᠦᠯᠳᠡᠢ ᠲᠦᠯᠦᠪᠵᠢᠬᠦᠯᠦᠨ ᠰᠠᠢᠢᠳᠤᠷ ᠠᠳᠬᠤᠵᠦ᠂ ᠬᠤᠳᠠ ᠶᠢᠨ ᠬᠦᠭ᠍ᠵᠢᠯᠳᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠬᠤᠪᠢᠷᠠᠭᠤᠯᠪᠠ; ᠬᠤᠳᠠ ᠶᠢᠨ ᠪᠦᠳᠦᠬᠡᠨ ᠪᠠᠢᠢᠭᠤᠯᠤᠯᠳᠠ ᠶᠢᠨ ᠲᠦᠪᠰᠢᠨ ᠲᠠᠰᠤᠷᠠᠯᠳᠠ ᠦᠬᠡᠢ ᠲᠡᠭᠡᠭ᠍ᠰᠢᠯᠡᠵᠦ᠂ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠢᠢᠭᠤᠯᠤᠯᠳᠠ ᠢᠯᠡᠷᠬᠡᠢ ᠠᠬᠢᠴᠠ ᠲᠠᠢ ᠪᠤᠯᠵᠦ᠂ ᠬᠤᠳᠠ ᠶᠢᠨ ᠤᠷᠴᠢᠨ ᠲᠤᠭᠤᠷᠢᠨ ᠨᠡᠩ ᠰᠠᠢᠢᠵᠢᠷᠠᠵᠦ ᠤᠷᠤᠰᠢᠨ ᠠᠮᠢᠳᠤᠷᠠᠬᠤ ᠳ᠋ᠤ ᠲᠠᠭᠠᠯᠠᠮᠵᠢᠲᠠᠢ ᠪᠤᠯᠪᠠ ᠭᠡᠵᠠᠢ᠃

    ᠭᠡᠷ ᠭᠠᠵᠠᠷ ᠬᠦᠷᠦᠩᠬᠡ ᠶᠢᠨ ᠪᠠᠢᠢᠳᠠᠯ ᠪᠠ ᠲᠠᠷᠠᠭᠠᠴᠢ ᠵᠢᠨ ᠠᠯᠬᠤᠮ ᠤᠨ ᠲᠤᠬᠢᠷᠠᠭᠤᠯᠭ᠎ᠠ ᠡᠵᠡᠮᠳᠡᠯ ᠤᠨ ᠬᠠᠷᠠᠯᠳᠠ ᠶᠢᠨ ᠲᠤᠬᠠᠢ ᠬᠠᠷᠢᠭᠤᠯᠬᠤ ᠳ᠋ᠠᠭᠠᠨ ᠸᠠᠩ ᠮᠧᠩ ᠾᠦᠢ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠢᠢᠷᠢᠯᠠᠭᠤᠯᠤᠯᠳᠠ ᠶᠤᠰᠤᠭᠠᠷ᠂ ᠲᠦᠷᠦᠯ ᠬᠤᠪᠢᠶᠠᠵᠦ ᠲᠤᠬᠢᠷᠠᠭᠤᠯᠤᠨ ᠡᠵᠡᠮᠳᠡᠬᠦ ᠵᠢ ᠪᠠᠷᠢᠮᠳᠠᠯᠠᠨ᠂ ᠬᠤᠳᠠ ᠪᠠ ᠭᠠᠵᠠᠷ ᠤᠷᠤᠨ ᠤ ᠪᠠᠢᠢᠳᠠᠯ ᠳ᠋ᠤᠨᠢ ᠲᠤᠬᠢᠷᠠᠭᠤᠯᠤᠨ ᠲᠦᠷᠦ ᠵᠢᠨ ᠪᠤᠳᠤᠯᠭ᠎ᠠ ᠬᠡᠷᠡᠭᠵᠢᠬᠦᠯᠵᠦ᠂ ᠴᠢᠭᠯᠡᠬᠦᠯᠬᠦ ᠴᠢᠨᠠᠷᠳᠠᠢ ᠠᠷᠭ᠎ᠠ ᠠᠪᠴᠠᠯ  ᠠᠪᠴᠤ᠂ ᠤᠷᠤᠨ ᠨᠤᠲᠤᠬ ᠤᠨ ᠵᠠᠰᠠᠬ ᠤᠨ ᠤᠷᠳᠤᠨ ᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠲᠠᠧᠠᠷ ᠤᠨ ᠭᠡᠷ ᠪᠠᠢᠢᠰᠢᠩ ᠤᠨ ᠪᠤᠷᠤᠯᠠᠭᠤᠯᠭ᠎ᠠ ᠶᠢᠨ ᠨᠡᠮᠡᠭᠳᠡᠯ ᠤᠨ ᠬᠤᠷᠳᠤᠴᠠ ᠲᠤᠭᠳᠠᠭᠤᠨ ᠢᠶᠡᠷ ᠪᠠᠭᠤᠷᠠᠵᠦ᠂ ᠭᠡᠷ ᠪᠠᠢᠢᠰᠢᠩ ᠤᠨ ᠦᠨ᠎ᠠ ᠬᠠᠩᠰᠢ ᠬᠡᠳᠦ ᠲᠦᠷᠬᠡᠨ ᠦᠰᠬᠦ ᠪᠠᠢᠢᠳᠠᠯ ᠪᠦᠲᠦᠮᠵᠢᠳᠡᠢ ᠬᠤᠷᠢᠬᠯᠠᠬᠳᠠᠵᠦ᠂ ᠭᠡᠷ ᠭᠠᠵᠠᠷ ᠬᠦᠷᠦᠩᠬᠡ ᠶᠢᠨ ᠲᠤᠬᠢᠷᠠᠭᠤᠯᠭ᠎ᠠ ᠡᠵᠡᠮᠳᠡᠯ ᠤᠨ ᠦᠷ᠎ᠠ ᠪᠦᠲᠦᠮᠵᠢ ᠦᠷᠬᠦᠯᠵᠢᠯᠡᠨ ᠢᠯᠡᠷᠬᠡᠢᠢᠰᠢᠪᠡ᠃ ᠵᠢᠱᠢᠯᠳᠡ ᠪᠡᠷ ᠪᠦᠬᠦ ᠤᠯᠤᠰ ᠤᠨ ᠬᠡᠷ ᠭᠠᠵᠠᠷ  ᠬᠦᠷᠦᠩᠬᠡ ᠶᠢᠨ ᠵᠠᠬ᠎ᠠ ᠲᠡᠯᠬᠡᠬᠦᠷ ᠤᠨ ᠠᠷᠠᠯᠵᠢᠶ᠎ᠠ ᠪᠦᠲᠦᠭᠰᠡᠨ ᠬᠡᠮᠵᠢᠶ᠎ᠠ ᠶᠢᠨ ᠨᠡᠮᠡᠭᠳᠡᠯ ᠤᠨ ᠬᠤᠷᠳᠤᠴᠠ ᠪᠠᠭᠤᠷᠠᠬᠤ᠂ ᠠᠷᠠᠯᠵᠢᠶ᠎ᠠ ᠪᠦᠲᠦᠭᠰᠡᠨ ᠦᠨ᠎ᠠ ᠬᠠᠩᠰᠢ ᠲᠤᠭᠳᠠᠭᠤᠨ ᠪᠤᠯᠬᠤ ᠬᠠᠨᠳᠤᠰᠢ ᠪᠠᠰᠠ ᠦᠷᠬᠦᠯᠵᠢᠯᠡᠬᠦ ᠪᠤᠯᠤᠨ᠎ᠠ᠃ ᠲᠠᠷᠠᠭᠠᠴᠢ ᠶᠢᠨ ᠠᠯᠬᠤᠮ ᠳ᠋ᠤ᠂ ᠲᠤᠬᠢᠷᠠᠭᠤᠯᠭ᠎ᠠ ᠡᠵᠡᠮᠳᠡᠯ ᠤᠨ ᠬᠠᠷᠠᠯᠳᠠ ᠶᠢ ᠭᠤᠶᠢᠪᠢᠯᠵᠠᠭᠤᠯᠬᠤ ᠦᠬᠡᠢ᠂ ᠬᠦᠴᠦᠯᠡᠴᠡ ᠶᠢ ᠪᠠᠭᠤᠷᠠᠭᠤᠯᠬᠤ ᠦᠬᠡᠢ ᠪᠠᠢᠢᠬᠤ ᠵᠢ ᠪᠠᠳᠤᠯᠠᠨ᠂ ᠲᠦᠷᠦ ᠶᠢᠨ ᠪᠤᠳᠤᠯᠭ᠎ᠠ ᠶᠢᠨ ᠦᠷᠬᠦᠯᠵᠢᠯᠡᠬᠦ ᠴᠢᠨᠠᠷ ᠪᠠ ᠲᠤᠭᠳᠠᠭᠤᠨ ᠴᠢᠨᠠᠷ ᠢ ᠪᠠᠷᠢᠮᠳᠠᠯᠠᠨ᠎ᠠ᠃ ᠤᠨᠴᠠᠭᠠᠢᠢᠯᠠᠨ《ᠭᠡᠷ ᠪᠠᠢᠢᠰᠢᠩ ᠪᠤᠯ ᠠᠷᠠᠯᠵᠢᠶᠠᠯᠠᠬᠤ ᠳᠤ ᠵᠤᠷᠢᠭᠤᠯᠤᠬᠰᠠᠨ ᠪᠢᠰᠢ ᠰᠠᠭᠤᠬᠤ ᠳᠤ ᠵᠤᠷᠢᠭᠤᠯᠤᠬᠰᠠᠨ ᠶᠤᠮ》ᠬᠡᠬᠦ ᠪᠠᠢᠢᠷᠢ ᠲᠤᠭᠳᠠᠭᠠᠯᠳᠠ ᠶᠢ ᠪᠠᠷᠢᠮᠳᠠᠯᠠᠵᠤ᠂ ᠤᠯᠠᠨ ᠭᠤᠤᠯ ᠴᠤᠭᠴᠠ ᠪᠡᠷ ᠬᠠᠩᠭ᠋ᠠᠬᠰᠠᠨ᠂ ᠤᠯᠠᠨ ᠠᠷᠭ᠎ᠠ ᠵᠠᠮ ᠢᠶᠡᠷ ᠪᠠᠳᠤᠯᠬᠠᠰᠠᠨ᠂ ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡᠪᠡᠷ ᠴᠢᠬᠤᠯᠠᠴᠢᠯᠠᠭᠰᠠᠨ ᠤᠷᠤᠨ ᠰᠠᠭᠤᠴᠠ ᠶᠢᠨ ᠲᠦᠷᠢᠮ ᠢ ᠲᠦᠷᠭᠡᠳᠭᠡᠨ ᠪᠠᠢᠢᠭᠤᠯᠵᠤ᠂ ᠪᠦᠬᠦᠢᠢᠯᠡ ᠠᠷᠠᠳ ᠲᠦᠮᠡᠨ ᠢ ᠰᠠᠭᠤᠬᠤ ᠡᠴᠡ ᠤᠷᠤᠨ ᠰᠠᠭᠤᠴᠠ ᠲᠠᠢ ᠪᠤᠯᠭᠠᠨ᠎ᠠ ᠬᠡᠵᠦ ᠬᠡᠯᠡᠪᠡ᠃

ᠡᠷᠡᠭᠦᠯ ᠡᠩᠭᠡ ᠲᠤᠮᠳᠠᠳᠤ ᠤᠯᠤᠰ ᠤᠨ ᠪᠦᠳᠦᠭᠡᠨ ᠪᠠᠢᠢᠭᠤᠯᠤᠯᠳᠠ ᠶᠢᠨ ᠰᠢᠨ᠎ᠠ ᠠᠶᠠᠨ ᠢ ᠡᠬᠢᠯᠡᠭᠦᠯᠪᠡ

    ᠯᠢ ᠪᠢᠨ ᠤ ᠬᠡᠯᠡᠬᠦ ᠪᠡᠷ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠡᠷᠡᠭᠦᠯ ᠬᠠᠮᠠᠭᠠᠯᠠᠯ ᠬᠢᠭᠡᠳ ᠡᠷᠡᠭᠦᠯ ᠡᠩᠭᠡ ᠶᠢᠨ ᠦᠢᠯᠡᠰ ᠤᠨ ᠬᠦᠭ᠍ᠵᠢᠯᠳᠡ ᠢᠯᠡᠷᠭᠡᠢ ᠦᠷ᠎ᠠ ᠪᠦᠳᠦᠮᠵᠢ ᠤᠯᠵᠤ᠂ ᠡᠷᠡᠭᠦᠯ ᠡᠩᠭᠡ ᠲᠤᠮᠳᠠᠳᠤ ᠤᠯᠤᠰ ᠢ ᠪᠦᠳᠦᠭᠡᠨ ᠪᠠᠢᠢᠭᠤᠯᠬᠤ ᠰᠢᠨ᠎ᠠ ᠠᠶᠠᠨ ᠢ ᠡᠬᠢᠯᠡᠭᠦᠯᠵᠠᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠢᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠠᠵᠢᠯ ᠴᠢᠬᠤᠯᠠ ᠶᠡᠬᠡ ᠱᠠᠳᠤᠴᠢ ᠴᠢᠨᠠᠷᠳᠠᠢ ᠦᠷ᠎ᠠ ᠪᠦᠳᠦᠮᠵᠢ ᠤᠯᠵᠤ᠂ ᠤᠯᠠᠨ ᠨᠡᠢᠢᠳᠡ ᠶᠢᠨ ᠡᠷᠡᠭᠦᠯ ᠬᠠᠮᠠᠭᠠᠯᠠᠯ ᠤᠨ ᠪᠦᠬᠦᠯᠢ ᠴᠤᠭᠴᠠ ᠶᠢᠨ ᠪᠤᠳᠠᠳᠤ ᠬᠦᠴᠦᠨ ᠰᠢᠨ᠎ᠠ ᠱᠠᠳᠤᠨ ᠳ᠋ᠤ ᠠᠬᠢᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠪᠤᠯᠤᠨ ᠬᠢᠷᠢ ᠲᠦᠪᠰᠢᠨ ᠢᠯᠡᠷᠭᠡᠢ ᠰᠠᠢᠢᠵᠢᠷᠠᠵᠠᠢ᠃ ᠰᠢᠨᠳᠠᠷᠠᠰᠢ ᠦᠭᠡᠢ ᠴᠢᠷᠮᠠᠢᠢᠯᠭ᠎ᠠ ᠪᠠᠷ ᠲᠠᠮᠵᠢᠨ᠂ ᠮᠠᠨ ᠤ ᠤᠯᠤᠰ ᠤᠨ ᠰᠠᠭᠤᠭᠠᠯᠢ ᠠᠷᠠᠳ ᠤᠨ ᠡᠷᠡᠭᠦᠯ ᠡᠩᠭᠡ ᠶᠢᠨ ᠭᠤᠤᠯ ᠭᠦᠢᠴᠡᠳᠭᠡᠬᠦ ᠲᠤᠭ᠎ᠠ ᠶᠡᠷᠦᠩᠬᠡᠢ ᠳ᠋ᠡᠭᠡᠨ ᠲᠤᠮᠳᠠ ᠦᠨᠳᠦᠷ ᠤᠷᠤᠯᠭ᠎ᠠ ᠲᠠᠢ ᠤᠯᠤᠰ ᠤᠨ ᠲᠤᠮᠳᠠᠴᠢ ᠬᠢᠷᠢ ᠲᠦᠪᠰᠢᠨ ᠡᠴᠡ ᠰᠠᠢᠢᠨ ᠪᠤᠯᠵᠠᠢ᠃ 2010 ᠤᠨ ᠤ ᠬᠢ ᠲᠠᠢ ᠬᠠᠷᠢᠴᠠᠭᠤᠯᠪᠠᠯ᠂ ᠬᠦᠮᠦᠨ ᠲᠤᠮᠳᠠᠴᠢ ᠶᠢᠨ ᠵᠢᠱᠢᠭᠰᠡᠨ ᠨᠠᠰᠤᠨ ᠬᠤᠳᠤᠭ 74.83  ᠡᠴᠡ ᠨᠡᠮᠡᠭᠳᠡᠭᠡᠳ 76.3 ᠨᠠᠰᠤᠨ ᠡᠴᠡ ᠲᠡᠭᠡᠭ᠍ᠰᠢ ᠪᠤᠯᠵᠤ᠂ ᠵᠢᠷᠮᠦᠰᠦᠯᠡᠬᠦ ᠬᠦᠩᠭᠡᠵᠢᠬᠦ ᠦᠶ᠎ᠠ ᠳᠤ ᠡᠨᠳᠡᠯ ᠡᠭᠦᠰᠬᠦ ᠨᠤᠷᠮ᠎ᠠ 30/10 ᠲᠦᠮᠡ ᠡᠴᠡ ᠪᠠᠭᠤᠷᠠᠭᠠᠳ 19.9/10 ᠲᠦᠮᠡ ᠪᠤᠯᠵᠤ᠂ ᠨᠢᠯᠬ᠎ᠠ ᠬᠡᠦᠭᠡᠳ ᠤᠨ ᠡᠨᠳᠡᠯ ᠤᠨ ᠨᠤᠷᠮ᠎ᠠ 13.1% ᠡᠴᠡ ᠪᠠᠭᠤᠷᠠᠭᠠᠳ 7.5‰ ᠪᠤᠯᠵᠤ᠂ ᠨᠡᠯᠢᠶᠡᠳ ᠲᠤᠤᠷ᠎ᠠ ᠦᠪᠡᠷ ᠤᠨ ᠦᠷᠳᠡᠭ ᠢᠶᠡᠷ ᠨᠡᠯᠢᠶᠡᠳ ᠦᠨᠳᠦᠷ ᠡᠷᠡᠭᠦᠯ ᠡᠩᠭᠡ ᠶᠢᠨ ᠦᠷ᠎ᠠ ᠪᠦᠳᠦᠮᠵᠢ ᠶᠢ ᠤᠯᠵᠠᠢ ᠬᠡᠪᠡ᠃

    ᠠᠯᠪᠠᠨ ᠡᠴᠡ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠡ ᠶᠢ ᠭᠦᠨᠵᠡᠭᠡᠢᠢᠷᠡᠭᠦᠯᠵᠦ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠬᠠᠷᠢᠭᠤᠯᠬᠤ ᠳ᠋ᠠᠭᠠᠨ ᠯᠢ ᠪᠢᠨ᠂ ᠡᠷᠡᠭᠦᠯ ᠬᠠᠮᠠᠭᠠᠯᠠᠯ ᠬᠢᠭᠡᠳ ᠡᠷᠡᠭᠦᠯ ᠡᠩᠭᠡ ᠪᠤᠯ ᠴᠢᠬᠤᠯᠠ ᠶᠡᠬᠡ ᠠᠷᠠᠳ ᠤᠨ ᠠᠮᠢᠳᠤᠷᠠᠯ ᠮᠦᠨ᠂ ᠠᠷᠠᠳ ᠤᠯᠠᠨ ᠤ ᠡᠷᠡᠭᠦᠯ ᠡᠩᠭᠡ ᠶᠢ ᠬᠠᠮᠠᠭᠠᠯᠠᠬᠤ ᠪᠤᠯ ᠠᠷᠠᠳ ᠲᠦᠮᠡᠨ ᠢᠶᠡᠷ ᠭᠤᠤᠯ ᠪᠤᠯᠭᠠᠭᠰᠠᠨ ᠬᠦᠭ᠍ᠵᠢᠯᠳᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ᠎ᠠ᠃ ᠪᠢᠳᠡ ᠡᠭᠦᠨ ᠢᠶᠡᠷ ᠵᠤᠷᠢᠯᠳᠠ ᠪᠠ ᠬᠠᠷᠠᠯᠳᠠ ᠪᠤᠯᠭᠠᠵᠤ᠂ ᠠᠯᠪᠠᠨ ᠡᠴᠡ ᠪᠠᠢᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢ ᠠᠷᠠᠳ ᠤᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠶᠢᠨ ᠭᠤᠭᠴᠤᠭ᠎ᠠ ᠪᠤᠯᠭᠠᠨ᠎ᠠ᠃ ᠲᠦᠪᠡᠭ᠍ᠲᠠᠢ ᠠᠰᠠᠭᠤᠳᠠᠯ ᠳ᠋ᠤ ᠠᠨᠭᠬᠠᠷᠤᠯ ᠲᠦᠪᠯᠡᠷᠡᠭᠦᠯᠬᠦ ᠶᠢ ᠪᠠᠷᠢᠮᠳᠠᠯᠠᠵᠤ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠤ᠂ ᠲᠠᠪᠤᠨ ᠲᠠᠯ᠎ᠠ ᠶᠢᠨ ᠢᠳᠡᠪᠬᠢᠳᠡᠢ ᠦᠷ᠎ᠠ ᠪᠦᠳᠦᠮᠵᠢ  ᠤᠯᠪᠠ᠄ ᠶᠡᠷᠦᠩᠬᠡᠢᠢᠯᠡᠭᠰᠡᠨ ᠦᠢᠯᠡᠴᠢᠯᠡᠭᠡᠨ ᠤ ᠴᠢᠳᠠᠪᠤᠷᠢ ᠦᠷᠭᠦᠯᠵᠢᠯᠡᠨ ᠴᠢᠩᠭ᠋ᠠᠷᠠᠵᠦ᠂ ᠡᠮ ᠡᠮᠨᠡᠯᠭᠡ ᠶᠢᠨ ᠡᠬᠢ ᠪᠠᠶᠠᠯᠢᠭ ᠢᠯᠡᠷᠭᠡᠢ ᠨᠡᠮᠡᠭᠳᠡᠵᠡᠢ; ᠤᠯᠠᠨ ᠲᠦᠮᠡᠨ ᠤ ᠡᠪᠡᠳᠴᠢᠨ ᠦᠵᠡᠭᠦᠯᠬᠦ ᠶᠢᠨ ᠲᠠᠷᠤᠭᠠᠰᠤ ᠦᠷᠭᠦᠯᠵᠢᠯᠡᠨ ᠬᠦᠩᠭᠡᠷᠡᠵᠡᠢ ; ᠠᠷᠠᠳ ᠲᠤ ᠲᠦᠭᠦᠮ ᠠᠷᠠᠳ ᠲᠤ ᠠᠰᠢᠠᠠᠳᠠᠢ ᠠᠷᠭ᠎ᠠ ᠠᠪᠴᠠᠯ ᠢ ᠦᠷᠭᠦᠯᠵᠢᠯᠡᠨ ᠬᠡᠷᠡᠭᠵᠢᠬᠦᠯᠪᠡ ; ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠦᠷᠭᠦᠯᠵᠢᠯᠡᠨ ᠲᠡᠭᠡᠭ᠍ᠰᠢᠯᠡᠵᠦ᠂ ᠡᠮ ᠡᠮᠨᠡᠯᠭᠡ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠪᠠᠷᠢᠮᠵᠢᠶ᠎ᠠ ᠪᠤᠯᠤᠨ ᠰᠢᠰᠲ᠋ᠧᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠤᠤᠷ ᠰᠦᠯᠵᠢᠶ᠎ᠠ ᠶᠢ ᠪᠦᠷᠢᠯᠳᠤᠭᠦᠯᠵᠡᠢ; ᠤᠯᠠᠨ ᠲᠦᠮᠡᠨ ᠤ ᠡᠷᠡᠭᠦᠯ ᠡᠩᠭᠡ ᠶᠢᠨ ᠬᠢᠷᠢ ᠲᠦᠪᠰᠢᠨ ᠦᠷᠭᠦᠯᠵᠢᠯᠡᠨ ᠲᠡᠭᠡᠭ᠍ᠰᠢᠯᠡᠵᠡᠢ ᠭᠡᠪᠡ᠃

    240 ᠭᠠᠷᠤᠢ ᠲᠤᠮᠳᠠᠳᠤ ᠭᠠᠳᠠᠭᠠᠳᠤ ᠵᠢᠨ ᠰᠤᠷᠪᠤᠯᠵᠢᠯᠠᠭᠴᠢ ᠲᠠᠢᠢᠯᠠᠯᠭ᠎ᠠ ᠳ᠋ᠤ ᠤᠷᠤᠯᠴᠠᠵᠠᠢ᠃

ᠢᠷᠡᠯᠳᠡ᠄ ᠥᠪᠦᠷ ᠮᠣᠩᠭ᠋ᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121844645