ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠲᠠᠷᠢᠭᠦᠯᠡᠭᠴᠢ ᠶᠢᠨ ᠪᠦᠯᠬᠦᠮ ᠠᠷᠪᠠ ᠶᠢᠰᠦᠳᠦᠭᠡᠷ ᠬᠤᠭᠤᠴᠠᠭᠠᠨ ᠤ《ᠬᠤᠶᠠᠷ ᠬᠤᠷᠢᠶᠠᠨ ᠤ ᠵᠢᠱᠢᠭᠳᠡᠭᠴᠢ ᠶᠢᠨ ᠨᠡᠷᠡᠰ》 ᠢ᠋(ᠲᠦᠰᠦᠯ) ᠪᠠᠲᠤᠯᠠᠪᠠ 2017-10-23 21:19

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ   ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠤᠬᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠲᠡᠷᠢᠭᠦᠯᠡᠭᠴᠢ ᠶᠢᠨ ᠪᠦᠯᠬᠦᠮ 22 ᠤᠨ ᠡᠳᠦᠷ ᠤᠨ ᠤᠷᠤᠢ ᠪᠤᠯᠤᠨ 23 ᠤ ᠡᠳᠦᠷ ᠤᠨ ᠦᠳᠡ ᠡᠴᠡ ᠡᠮᠦᠨ᠎ᠠ ᠠᠷᠠᠳ ᠤᠨ ᠶᠡᠬᠡ ᠬᠤᠷᠠᠯ ᠤᠨ ᠲᠠᠩᠬᠢᠮ ᠳᠤ ᠭᠤᠷᠪᠠᠳᠤᠭᠠᠷ ᠬᠤᠷᠠᠯ ᠪᠤᠯᠤᠨ ᠳᠦᠷᠪᠡᠳᠦᠭᠡᠷ ᠬᠤᠷᠠᠯ ᠢ ᠬᠤᠷᠠᠯᠳᠤᠭᠤᠯᠵᠤ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠭᠡᠰᠢᠭᠦᠨ᠂ ᠲᠦᠪ ᠬᠤᠷᠢᠶᠠᠨ ᠤ ᠤᠷᠤᠯᠠᠭᠴᠢ ᠭᠡᠰᠢᠭᠦᠨ ᠪᠤᠯᠤᠨ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠰᠢᠭᠦᠨ ᠤ ᠵᠢᠱᠢᠭᠳᠡᠭᠴᠢ ᠶᠢᠨ ᠨᠡᠷᠡᠰ(ᠲᠦᠰᠦᠯ) ᠢ᠋ ᠪᠠᠲᠤᠯᠠᠵᠤ ᠡᠯ᠎ᠠ ᠲᠦᠯᠦᠭᠡᠯᠡᠭᠴᠢᠳ ᠤᠨ ᠪᠦᠯᠬᠦᠮ ᠳᠤ ᠳᠡᠪᠰᠢᠭᠦᠯᠵᠤ ᠶᠠᠷᠢᠯᠴᠠᠭᠤᠯᠪᠠ᠃

    ᠰᠢ ᠵᠢᠨ ᠫᠢᠩ ᠨᠦᠬᠦᠷ ᠬᠤᠷᠠᠯ ᠡᠷᠬᠢᠯᠡᠪᠡ᠃

    ᠬᠤᠷᠠᠯ ᠳᠤ ᠡᠯ᠎ᠠ ᠲᠦᠯᠦᠭᠡᠯᠡᠭᠴᠢᠳ ᠤᠨ ᠪᠦᠯᠬᠦᠮ ᠤᠨ ᠵᠦᠷᠢᠶᠡᠲᠤ ᠪᠡᠯᠡᠳᠭᠡᠯ ᠰᠤᠩᠭ᠋ᠤᠭᠤᠯᠢ ᠪᠡᠷ ᠭᠠᠷᠤᠭᠰᠠᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠭᠡᠰᠢᠭᠦᠨ᠂ ᠲᠦᠪ ᠬᠤᠷᠢᠶᠠᠨ ᠤ ᠤᠷᠤᠯᠠᠭᠴᠢ ᠭᠡᠰᠢᠭᠦᠨ ᠪᠤᠯᠤᠨ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠰᠢᠭᠦᠨ ᠤ ᠵᠢᠱᠢᠭᠳᠡᠭᠴᠢ ᠶᠢᠨ ᠨᠡᠷᠡᠰ(ᠲᠦᠰᠦᠯ) ᠢ᠋ ᠪᠠᠲᠤᠯᠠᠵᠤ ᠡᠯ᠎ᠠ ᠲᠦᠯᠦᠭᠡᠯᠡᠭᠴᠢᠳ ᠤᠨ ᠪᠦᠯᠬᠦᠮ ᠳᠤ ᠳᠡᠪᠰᠢᠭᠦᠯᠵᠤ ᠶᠠᠷᠢᠯᠴᠠᠭᠤᠯᠬᠤ ᠪᠡᠷ ᠲᠤᠭᠲᠠᠪᠠ᠃

    ᠤᠶᠢᠯᠠᠭᠠᠭᠰᠠᠨ ᠢᠶᠡᠷ᠂ 10 ᠰᠠᠷ᠎ᠠ ᠶᠢᠨ 21 ᠤ ᠡᠳᠦᠷ ᠡᠴᠡ ᠡᠬᠢᠯᠡᠨ᠂ ᠡᠯ᠎ᠠ ᠲᠦᠯᠦᠭᠡᠯᠡᠭᠴᠢᠳ ᠤᠨ ᠪᠦᠯᠬᠦᠮ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠤᠨ ᠤᠯᠤᠰ ᠲᠦᠷᠦ ᠶᠢᠨ ᠲᠤᠪᠴᠢᠶᠠᠨ ᠡᠴᠡ ᠳᠤᠷᠠᠳᠴᠤ ᠶᠡᠬᠡ ᠬᠤᠷᠠᠯ ᠤᠨ ᠲᠠᠷᠢᠭᠦᠯᠡᠭᠴᠢ ᠶᠢᠨ ᠪᠠᠭ ᠤᠨ ᠬᠢᠨ ᠢᠶᠡᠷ ᠪᠠᠲᠤᠯᠠᠭᠤᠯᠤᠭᠰᠠᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠬᠡᠰᠢᠬᠦᠨ᠂ ᠲᠦᠪ ᠬᠤᠷᠢᠶᠠᠨ ᠤ ᠤᠷᠤᠯᠠᠭᠴᠢ ᠭᠡᠰᠢᠭᠦᠨ ᠪᠤᠯᠤᠨ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠰᠢᠭᠦᠨ ᠤ ᠵᠢᠱᠢᠭᠳᠡᠭᠴᠢ ᠶᠢᠨ ᠨᠡᠷᠡᠰ ᠢ ᠶᠠᠷᠢᠯᠴᠠᠪᠠ᠃ ᠲᠦᠯᠦᠭᠡᠯᠡᠭᠴᠢᠳ ᠤᠨ ᠦᠵᠡᠬᠦ ᠪᠡᠷ᠂ ᠡᠨᠡᠬᠦ ᠨᠡᠷᠡᠰ ᠨᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠯᠲᠠ ᠶᠢᠨ ᠶᠠᠪᠤᠴᠠ ᠶᠢ ᠦᠩᠭᠡᠷᠡᠵᠤ᠂ ᠨᠠᠮ ᠤᠨ ᠳᠤᠲᠤᠭᠠᠲᠤᠬᠢ ᠠᠷᠠᠳᠴᠢᠯᠠᠯ ᠢ ᠬᠦᠢᠴᠡᠳ ᠪᠠᠳᠠᠷᠠᠭᠤᠯᠤᠨ ᠪᠤᠢ ᠪᠤᠯᠵᠤ᠂ ᠡᠯ᠎ᠠ ᠪᠦᠰᠡ ᠨᠤᠲᠤᠭ᠂ ᠡᠯ᠎ᠠ ᠰᠠᠯᠠᠭ᠎ᠠ ᠮᠦᠴᠢᠷ᠂ ᠡᠯ᠎ᠠ ᠹᠷᠤᠨᠲ᠂ ᠡᠯ᠎ᠠ ᠠᠵᠢᠯ ᠮᠡᠷᠭᠡᠵᠢᠯ ᠳᠡᠬᠢ ᠨᠠᠮ ᠤᠨ ᠲᠦᠷᠦ ᠪᠠᠶᠢᠬᠤ ᠭᠤᠤᠯᠯᠠᠭᠴᠢ ᠬᠦᠴᠦᠨ ᠪᠤᠯᠤᠨ ᠰᠢᠯᠢᠳᠡᠭ ᠲᠦᠯᠦᠭᠡᠯᠡᠭᠴᠢᠳ ᠢ ᠲᠦᠪᠯᠡᠷᠡᠭᠦᠯᠵᠤ᠂ ᠶᠡᠷᠦᠩᠬᠡᠶᠢᠯᠡᠭᠰᠡᠨ ᠬᠡᠪ ᠪᠤᠯᠪᠠᠰᠤᠷᠠᠯ ᠢᠶᠡᠷ ᠰᠢᠯᠢᠳᠡᠭ᠂ ᠪᠦᠲᠦᠴᠡ ᠨᠢ ᠵᠦᠢ ᠵᠤᠬᠢᠰᠲᠠᠢ᠂ ᠲᠠᠷᠬᠠᠴᠠ ᠨᠢ ᠲᠡᠩᠴᠠᠭᠦᠷᠢ ᠲᠠᠢ᠂ ᠤᠯᠠᠨ ᠲᠦᠮᠡᠨ ᠤ ᠰᠠᠭᠤᠷᠢ ᠨᠡᠯᠢᠶᠡᠳ ᠰᠠᠶᠢᠨ᠂ ᠨᠡᠯᠢᠶᠡᠳ ᠪᠦᠷᠢᠨ ᠬᠦᠢᠴᠡᠳ ᠪᠤᠳᠤᠯᠬᠢᠯᠠᠭᠰᠠᠨ ᠲᠦᠰᠦᠯ ᠮᠦᠨ ᠭᠡᠵᠠᠢ᠃

    10 ᠰᠠᠷ᠎ᠠ ᠶᠢᠨ 22 ᠤᠨ ᠡᠳᠦᠷ ᠤᠨ ᠦᠳᠡ ᠡᠴᠡ ᠬᠤᠶᠢᠰᠢ ᠪᠤᠯᠤᠨ 23 ᠤ ᠡᠳᠦᠷ ᠤᠨ ᠦᠳᠡ ᠡᠴᠡ ᠡᠮᠦᠨ᠎ᠠ᠂ ᠶᠠᠬᠡ ᠬᠤᠷᠠᠯ ᠡᠯ᠎ᠠ ᠲᠦᠯᠦᠭᠡᠯᠡᠭᠴᠢᠳ ᠤᠨ ᠪᠦᠯᠭᠦᠮ ᠤᠨ ᠪᠦᠬᠦ ᠭᠡᠰᠢᠭᠦᠳ ᠤᠨ ᠬᠤᠷᠠᠯ ᠬᠤᠷᠠᠯᠳᠤᠭᠤᠯᠵᠤ ᠲᠦᠪ ᠬᠤᠷᠢᠶᠠᠨ ᠤ ᠭᠡᠰᠢᠭᠦᠨ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠰᠢᠭᠦᠨ ᠤ ᠵᠢᠱᠢᠭᠳᠡᠭᠴᠢ ᠪᠤᠯᠤᠨ ᠲᠦᠪ ᠬᠤᠷᠢᠶᠠᠨ ᠤ ᠤᠷᠤᠯᠠᠭᠴᠢ ᠭᠡᠰᠢᠭᠦᠳ ᠤᠨ ᠨᠡᠷᠡᠰ ᠲᠤ ᠪᠡᠯᠡᠳᠭᠡᠯ ᠰᠤᠩᠭ᠋ᠤᠭᠤᠯᠢ ᠬᠢᠪᠠ᠃ ᠶᠡᠬᠡ ᠬᠤᠷᠠᠯ ᠤᠨ ᠰᠤᠩᠭ᠋ᠤᠭᠤᠯᠢ ᠶᠢᠨ ᠠᠷᠭ᠎ᠠ ᠶᠢᠨ ᠲᠦᠷᠢᠮ ᠲᠤᠭᠲᠠᠭᠠᠯ ᠢ ᠦᠨᠳᠦᠰᠦᠯᠡᠨ ᠪᠡᠯᠡᠳᠭᠡᠯ ᠰᠤᠩᠭ᠋ᠤᠭᠤᠯᠢ ᠳᠤ ᠵᠦᠷᠢᠶᠡᠲᠤ ᠰᠤᠩᠭ᠋ᠤᠭᠤᠯᠢ ᠶᠢᠨ ᠠᠷᠭ᠎ᠠ ᠶᠢ ᠬᠡᠷᠡᠭᠯᠡᠪᠠ᠂ ᠵᠦᠷᠢᠶ᠎ᠠ ᠶᠢᠨ ᠬᠠᠷᠢᠴᠠᠯ ᠨᠢ ᠴᠦᠮ 8% ᠡᠴᠡ ᠢᠯᠡᠭᠦᠦ ᠪᠠᠶᠢᠯ᠎ᠠ᠃ ᠪᠦᠬᠦᠶᠢᠯᠡ ᠪᠡᠯᠡᠳᠭᠡᠯ ᠰᠤᠩᠭ᠋ᠤᠭᠤᠯᠢ ᠶᠢᠨ ᠠᠵᠢᠯ ᠶᠡᠬᠡ ᠬᠤᠷᠠᠯ ᠤᠨ ᠲᠠᠷᠢᠭᠦᠯᠡᠭᠴᠢ ᠶᠢᠨ ᠪᠦᠯᠬᠦᠮ ᠤᠨ ᠤᠳᠤᠷᠢᠳᠤᠯᠭ᠎ᠠ᠂ ᠰᠤᠩᠭ᠋ᠤᠭᠤᠯᠢ ᠶᠢᠨ ᠬᠢᠨᠠᠭᠴᠢ ᠶᠢᠨ ᠬᠢᠨᠠᠯᠲᠠ ᠳᠤᠤᠷ᠎ᠠ ᠶᠡᠬᠡ ᠬᠤᠷᠠᠯ ᠤᠨ ᠰᠤᠩᠭ᠋ᠤᠭᠤᠯᠢ ᠶᠢᠨ ᠠᠷᠭ᠎ᠠ ᠢ ᠴᠢᠩᠭ᠋᠎ᠠ ᠵᠢᠷᠤᠮᠯᠠᠨ ᠶᠠᠪᠤᠭᠳᠠᠵᠠᠢ᠂ ᠪᠡᠯᠡᠳᠭᠡᠯ ᠰᠤᠩᠭ᠋ᠤᠭᠤᠯᠢ ᠶᠢᠨ ᠦᠷ᠎ᠠ ᠳ᠋ᠦᠩ ᠬᠠᠤᠯᠢ ᠳᠤ ᠨᠡᠶᠢᠴᠡᠭᠰᠡᠨ ᠪᠦᠭᠡᠳ ᠬᠦᠴᠦᠨ ᠲᠠᠢ᠃

    ᠶᠡᠬᠡ ᠬᠤᠷᠠᠯ ᠤᠨ ᠰᠤᠩᠭᠤᠭᠤᠯᠢ ᠶᠢᠨ ᠠᠷᠭ᠎᠎ᠠ ᠪᠠᠷᠢᠯ ᠤᠨ ᠳᠦᠷᠢᠮ ᠲᠤᠭᠲᠠᠭᠠᠯ ᠪᠤᠯᠤᠨ ᠴᠠᠭ ᠤᠨ ᠬᠤᠪᠢᠶᠠᠷᠢ ᠶᠢᠨ ᠲᠤᠬᠢᠷᠠᠭᠤᠯᠤᠯ ᠢ ᠦᠨᠳᠦᠰᠦᠯᠡᠨ 23 ᠤ ᠦᠳᠡ ᠡᠴᠡ ᠬᠤᠶᠢᠰᠢ᠂ ᠶᠡᠬᠡ ᠬᠤᠷᠠᠯ ᠤᠨ ᠡᠯ᠎ᠠ ᠲᠦᠯᠦᠭᠡᠯᠡᠭᠴᠢᠳ ᠤᠨ ᠪᠦᠯᠬᠦᠮ ᠲᠤᠭᠤᠶᠢᠯᠠᠩ ᠬᠤᠪᠢᠶᠠᠨ ᠬᠤᠷᠠᠯᠳᠤᠵᠤ᠂ ᠲᠡᠷᠢᠭᠦᠯᠡᠭᠴᠢ ᠶᠢᠨ ᠪᠦᠯᠬᠦᠮ ᠤᠨ ᠭᠤᠷᠪᠠᠳᠤᠭᠠᠷ᠂ ᠲᠦᠷᠪᠡᠳᠦᠭᠡᠷ ᠤᠳᠠᠭᠠᠨ ᠤ ᠬᠤᠷᠠᠯ ᠢᠶᠡᠷ ᠪᠠᠲᠤᠯᠠᠭᠳᠠᠭᠰᠠᠨ ᠲᠦᠪ ᠬᠤᠷᠢᠶᠠᠨ ᠤ ᠭᠡᠰᠢᠭᠦᠨ᠂ ᠲᠦᠪ ᠬᠤᠷᠢᠶᠠᠨ ᠤ ᠤᠷᠤᠯᠠᠭᠴᠢ ᠭᠡᠰᠢᠭᠦᠨ ᠪᠤᠯᠤᠨ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠰᠢᠭᠦᠨ ᠤ ᠵᠢᠱᠢᠭᠳᠡᠭᠴᠢ ᠶᠢᠨ ᠨᠡᠷᠡᠰ ᠢ ᠶᠠᠷᠢᠯᠴᠠᠪᠠ᠃

    24 ᠤ ᠡᠳᠦᠷ ᠤᠨ ᠦᠳᠡ ᠡᠴᠡ ᠡᠮᠦᠨ᠎᠎ᠡ ᠬᠤᠷᠠᠯᠳᠤᠬᠤ ᠶᠡᠬᠡ ᠬᠤᠷᠠᠯ ᠪᠡᠷ ᠵᠢᠩᠬᠢᠨᠢ ᠰᠤᠩᠭ᠋ᠤᠭᠤᠯᠢ ᠶᠠᠪᠤᠭᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121845281