蒙古文网站Logo
ᠰᠢᠨᠬᠤᠸᠠ ᠮᠤᠩᠭ᠋ᠤᠯ ᠨᠧᠲ

ᠠᠷᠪᠠ ᠶᠢᠰᠦᠲᠦᠭᠡᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠨᠭᠭᠤ ᠶᠢᠨ ᠭᠡᠰᠢᠬᠦᠳ ᠲᠤᠲᠤᠭᠠᠲᠤ ᠭᠠᠲᠠᠭᠠᠲᠤ ᠶᠢᠨ ᠰᠤᠷᠪᠤᠯᠵᠢᠯᠠᠭᠴᠢᠳ ᠲᠠᠢ ᠠᠭᠤᠯᠵᠠᠨ᠎ᠠ

2017-10-24 12:59

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 24 ᠤ ᠡᠲᠦᠷ ᠤᠨ ᠴᠠᠬᠢᠯᠭᠠᠨ ᠮᠡᠲᠡᠭᠡ   ᠨᠠᠮ ᠤᠨ ᠠᠷᠪᠠ ᠶᠢᠰᠦᠲᠦᠭᠡᠷ ᠬᠤᠭᠤᠴᠠᠭᠠᠨ ᠤ ᠲᠦᠪ ᠬᠤᠷᠢᠶᠠᠨ ᠤ ᠠᠩᠬᠠᠲᠤᠭᠠᠷ ᠤᠲᠠᠭᠠᠨ ᠤ ᠪᠦᠬᠦᠲᠠ ᠬᠤᠷᠠᠯᠲᠤᠭᠠᠨ ᠡᠴᠡ ᠰᠤᠩᠭ᠋ᠤᠵᠤ ᠭᠠᠷᠭᠠᠭᠰᠠᠨ ᠲᠦᠪ ᠤᠨ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠳ 10 ᠰᠠᠷ᠎ᠠ ᠶᠢᠨ 25 ᠤ ᠡᠲᠦᠷ ᠤᠨ ᠦᠲᠡ ᠡᠴᠡ ᠡᠮᠦᠨᠡᠬᠢ 11᠄ 45 ᠴᠠᠭ ᠤᠨ ᠦᠶ᠎ᠠ ᠪᠡᠷ ᠲᠤᠲᠤᠭᠠᠲᠤ ᠭᠠᠲᠠᠭᠠᠲᠤ ᠶᠢᠨ ᠰᠤᠷᠪᠤᠯᠵᠢᠯᠠᠭᠴᠢᠳ ᠲᠠᠢ ᠠᠭᠤᠯᠵᠠᠵᠤ ᠰᠤᠷᠪᠤᠯᠵᠢᠯᠠᠭ᠎ᠠ ᠬᠦᠯᠢᠶᠡᠬᠦ ᠪᠤᠯᠤᠨ᠎ᠠ᠃

    ᠲᠤᠬᠠᠢ ᠶᠢᠨ ᠦᠶ᠎ᠠ ᠳ᠋ᠤ ᠲᠦᠪ ᠤᠨ ᠠᠷᠠᠳ ᠤᠨ ᠷᠠᠳᠢᠤ᠋ ᠨᠡᠪᠲᠡᠷᠡᠬᠦᠯᠭᠡ ᠶᠢᠨ ᠬᠤᠷᠢᠶᠠᠨ ᠤ ᠲᠤᠮᠲᠠᠲᠤ ᠶᠢᠨ ᠲᠠᠭᠤᠨ᠂ ᠡᠳ᠋ ᠤᠨ ᠵᠠᠰᠠᠭ ᠤᠨ ᠲᠠᠭᠤᠨ᠂ ᠬᠤᠧᠠᠰᠢᠶᠠ ᠶᠢᠨ ᠲᠠᠭᠤᠨ ᠪᠠ ᠵᠦᠩᠬᠤᠧᠠ ᠶᠢᠨ ᠲᠠᠭᠤᠨ᠂ ᠲᠦᠪ ᠤᠨ ᠲᠧᠯᠸᠢᠰ ᠬᠤᠷᠢᠶᠠᠨ ᠤ ᠶᠡᠷᠦᠩᠬᠡᠶᠢᠯᠡᠭᠰᠡᠨ ᠰᠤᠪᠠᠭ᠂ ᠬᠢᠲᠠᠳ ᠬᠡᠯᠡᠨ ᠤ ᠤᠯᠠᠨ ᠤᠯᠤᠰ ᠤᠨ ᠰᠤᠪᠠᠭ᠂ ᠰᠤᠨᠢᠨ ᠮᠡᠲᠡᠭᠡᠯᠡᠯ ᠤᠨ ᠰᠤᠪᠠᠭ ᠵᠢᠴᠢ ᠲᠤᠮᠲᠠᠲᠤ ᠤᠯᠤᠰ ᠤᠨ ᠤᠯᠠᠨ ᠤᠯᠤᠰ ᠤᠨ ᠲᠧᠯᠸᠢᠰ ᠬᠤᠷᠢᠶᠠᠨ ᠤ ᠭᠠᠲᠠᠭᠠᠲᠤ ᠬᠡᠯᠡᠨ ᠤ ᠰᠤᠪᠠᠭ ᠤᠳ᠂ ᠲᠤᠮᠲᠠᠲᠤ ᠤᠯᠤᠰ ᠤᠨ ᠤᠯᠠᠨ ᠤᠯᠤᠰ ᠤᠨ ᠷᠠᠳᠢᠤ᠋ ᠬᠤᠷᠢᠶ᠎ᠠ ᠶᠢᠨ ᠬᠢᠲᠠᠳ ᠬᠡᠯᠡ᠂ ᠠᠩᠭ᠍ᠯᠢ ᠬᠡᠯᠡ᠂ ᠤᠷᠤᠰ ᠬᠡᠯᠡᠨ ᠤ ᠷᠠᠳᠢᠤ᠋ ᠲᠤᠬᠠᠢ ᠶᠢᠨ ᠭᠠᠵᠠᠷ ᠡᠴᠡ ᠨᠢ ᠰᠢᠭᠤᠳ ᠲᠠᠮᠵᠢᠭᠤᠯᠤᠨ᠎ᠠ᠃ ᠠᠷᠠᠳ ᠤᠨ ᠰᠦᠯᠵᠢᠶ᠎ᠠ᠂ ᠰᠢᠨᠬᠤᠧᠠ ᠨᠧᠲ᠂ ᠲᠤᠮᠲᠠᠲᠤ ᠤᠯᠤᠰ ᠤᠨ ᠰᠦᠯᠵᠢᠶᠠᠨ ᠲᠧᠯᠸᠢᠰ ᠬᠤᠷᠢᠶ᠎ᠠ᠂ ᠲᠤᠮᠲᠠᠲᠤ ᠤᠯᠤᠰ ᠤᠨ ᠰᠦᠯᠵᠢᠶ᠎ᠠ᠂ ᠠᠷᠠᠳ ᠤᠨ ᠡᠲᠦᠷ ᠤᠨ ᠰᠤᠨᠢᠨ ᠤ APP᠂ ᠰᠢᠨᠬᠤᠧᠠ ᠬᠤᠷᠢᠶ᠎ᠠ ᠶᠢᠨ APP᠂ ᠲᠦᠪ ᠲᠧᠯᠸᠢᠰ ᠤᠨ ᠮᠡᠲᠡᠭᠡ ᠮᠡᠲᠡᠭᠡᠯᠡᠯ ᠤᠨ APP ᠮᠦᠨ ᠰᠢᠭᠤᠳ ᠲᠠᠮᠵᠢᠭᠤᠯᠬᠤ ᠪᠤᠯᠤᠨ᠎ᠠ᠃

    ᠤᠯᠤᠰ ᠲᠠᠶᠠᠭᠠᠷ ᠤᠨ ᠮᠤᠵᠢ ᠶᠢᠨ ᠵᠡᠷᠭᠡᠯᠡᠯ ᠤᠨ ᠲᠧᠯᠸᠢᠰ ᠬᠤᠷᠢᠶ᠎ᠠ᠂ ᠷᠠᠳᠢᠤ᠋ ᠨᠡᠪᠲᠡᠷᠡᠬᠦᠯᠭᠡ ᠶᠢᠨ ᠬᠤᠷᠢᠶ᠎ᠠ ᠲᠤᠬᠠᠢ ᠶᠢᠨ ᠴᠠᠭ ᠲᠤᠨᠢ ᠲᠦᠪ ᠤᠨ ᠲᠧᠯᠸᠢᠰ ᠬᠤᠷᠢᠶ᠎ᠠ᠂ ᠲᠦᠪ ᠤᠨ ᠠᠷᠠᠳ ᠤᠨ ᠷᠠᠳᠢᠤ᠋ ᠨᠡᠪᠲᠡᠷᠡᠬᠦᠯᠭᠡ ᠶᠢᠨ ᠬᠤᠷᠢᠶᠠᠨ ᠤ ᠰᠢᠭᠤᠳ ᠨᠡᠪᠲᠡᠷᠡᠬᠦᠯᠭᠡ ᠶᠢᠨ ᠠᠭᠤᠯᠭ᠎ᠠ ᠶᠢ ᠲᠠᠮᠵᠢᠭᠤᠯᠬᠤ ᠪᠤᠯᠤᠨ᠎ᠠ᠃ 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121848650