蒙古文网站Logo
ᠰᠢᠨᠬᠤᠸᠠ ᠮᠤᠩᠭ᠋ᠤᠯ ᠨᠧᠲ

ᠪᠠᠢᠢᠯᠳᠤᠬᠤ ᠪᠤᠳᠤᠯᠭ᠎ᠠ ᠵᠢᠨ ᠲᠤᠯᠭᠠᠭᠤᠷᠢᠯᠠᠯ•ᠪᠠᠢᠢᠯᠳᠤᠬᠤ ᠪᠤᠳᠤᠯᠭ᠎ᠠ ᠵᠢᠨ ᠬᠦᠴᠦᠨ •ᠪᠠᠢᠢᠯᠳᠤᠬᠤ ᠪᠤᠳᠤᠯᠭ᠎ᠠ ᠵᠢᠨ ᠴᠢᠳᠠᠪᠤᠷᠢᠳᠠᠨ- ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠲᠦᠯᠦᠭᠡᠯᠡᠭᠴᠢᠳ ᠰᠢᠨ᠎ᠠ ᠵᠢ ᠡᠬᠦᠳᠬᠦ ᠪᠡᠷ ᠬᠦᠳᠡᠯᠬᠡᠬᠦᠷ ᠪᠤᠯᠭᠠᠬᠤ ᠬᠦᠭᠵᠢᠯᠳᠡ ᠳ᠋ᠦ ᠠᠩᠬᠠᠷᠤᠯ ᠢᠶᠡᠨ ᠲᠦᠪᠯᠡᠷᠡᠭᠦᠯᠦᠭᠰᠡᠨ ᠨᠢ

2017-10-24 17:30

    ᠰᠢᠨᠬᠤᠧᠠ ᠬᠤᠷᠢᠶ᠍᠎ᠠ   ᠪᠡᠭᠡᠵᠢᠩ ᠤᠨ 10 ᠰᠠᠷ᠎ᠠ ᠵᠢᠨ 23 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠬᠴᠢ ᠢᠤᠢ ᠰᠢᠶᠤᠤ ᠵᠢᠶᠧ᠂ ᠯᠢ ᠸᠧᠢ ᠳ᠋ᠦᠩ᠂ ᠰᠢᠶᠤᠤ ᠬᠤᠩ) ᠨᠠᠮ ᠤᠨ ᠠᠷᠪᠠ ᠶᠢᠰᠦᠳᠦᠬᠡᠷ ᠶᠡᠬᠡ ᠬᠤᠷᠠᠯ᠋ ᠤᠨ ᠢᠯᠡᠳᠬᠡᠯ᠋ ᠳ᠋ᠤ᠄ ᠬᠦᠭᠵᠢᠯᠳᠡ ᠪᠤᠯ᠋ ᠮᠠᠨ ᠤ ᠤᠯᠤᠰ ᠤᠨ ᠠᠯᠢᠪᠠ ᠠᠰᠠᠭᠤᠳᠠᠯ᠋ ᠢ ᠰᠢᠢᠳᠪᠦᠷᠢᠯᠡᠬᠦ ᠰᠠᠭᠤᠷᠢ ᠪᠠ ᠵᠠᠩᠬᠢᠯᠠᠭ᠎ᠠ ᠮᠦᠨ᠂ ᠬᠦᠭᠵᠢᠯᠳᠡ ᠡᠷᠬᠡᠪᠰᠢ ᠰᠢᠨᠵᠢᠯᠡᠬᠦ ᠤᠬᠠᠭᠠᠨᠴᠢ ᠬᠦᠭᠵᠢᠯᠳᠡ ᠪᠠᠢᠢᠬᠤ ᠬᠡᠷᠡᠭᠳᠡᠢ᠂ ᠡᠷᠭᠡᠪᠰᠢ ᠰᠢᠨ᠎ᠠ ᠵᠢ ᠡᠬᠦᠳᠬᠦ᠂ ᠵᠤᠬᠢᠴᠠᠩᠭᠤᠢ᠂ ᠪᠤᠬᠢᠷᠳᠤᠯ᠋ ᠦᠬᠡᠢ᠂ ᠨᠡᠬᠡᠬᠡᠯᠳᠡᠳᠤ᠂ ᠬᠠᠮᠳᠤᠪᠡᠷ ᠡᠳ᠋ᠯᠡᠬᠦ ᠬᠦᠭᠵᠢᠯᠳᠡ ᠵᠢᠨ ᠤᠢᠢᠯᠠᠭᠠᠬᠳᠠᠬᠤᠨ ᠢ ᠭᠤᠢᠢᠪᠢᠰᠢ ᠦᠬᠡᠢ ᠲᠤᠤᠱᠯᠠᠭᠤᠯᠬᠤ ᠬᠡᠷᠡᠭᠳᠡᠢ ᠬᠡᠵᠦ ᠵᠢᠭᠠᠵᠦ ᠭᠠᠷᠭᠠᠵᠠᠢ᠃

    ᠰᠢᠨᠵᠢᠯᠡᠬᠦ ᠤᠬᠠᠭᠠᠨ ᠮᠡᠷᠬᠡᠵᠢᠯ᠋ ᠪᠤᠯ᠋ ᠨᠢᠬᠡᠳᠦᠬᠡᠷ ᠦᠢᠯᠡᠳᠪᠦᠷᠢᠯᠡᠯ᠋ ᠤᠨ ᠬᠦᠴᠦᠨ ᠮᠦᠨ᠂ ᠴᠢᠳᠠᠪᠤᠷᠢᠳᠠᠨ ᠪᠤᠯ᠋ ᠨᠢᠬᠡᠳᠦᠬᠡᠷ ᠡᠬᠢ ᠪᠠᠶᠠᠯᠢᠬ ᠮᠦᠨ᠂ ᠰᠢᠨ᠎ᠠ ᠵᠢ ᠡᠬᠦᠳᠬᠦ ᠪᠤᠯ᠋ ᠬᠦᠭᠵᠢᠯᠳᠡ ᠵᠢ ᠬᠦᠲᠦᠯᠦᠨ ᠲᠠᠭᠠᠭᠤᠯᠬᠤ ᠨᠢᠬᠡᠳᠦᠬᠡᠷ ᠬᠦᠳᠡᠯᠬᠡᠬᠦ ᠬᠦᠴᠦᠨ ᠮᠦᠨ ᠁

    ᠨᠠᠮ ᠤᠨ ᠠᠷᠪᠠ ᠶᠢᠰᠦᠳᠦᠬᠡᠷ ᠶᠡᠬᠡ ᠬᠤᠷᠠᠯ᠋ ᠡᠬᠢᠯᠡᠨ ᠬᠤᠷᠠᠯᠳᠤᠬᠰᠠᠨ ᠡᠴᠡ ᠨᠠᠰᠢ᠂ ᠰᠢᠨ᠎ᠠ ᠵᠢ ᠡᠬᠦᠳᠬᠦ ᠪᠡᠷ ᠬᠦᠳᠡᠯᠬᠡᠬᠦᠷ ᠪᠤᠯᠭᠠᠬᠤ ᠨᠢ ᠲᠦᠯᠦᠭᠡᠯᠡᠭᠴᠢᠳ ᠤᠨ ᠬᠠᠯᠠᠮ ᠶᠠᠷᠢᠯᠴᠠᠭᠠᠨ ᠤ ᠰᠡᠳᠦᠪ ᠪᠤᠯᠤᠬᠰᠠᠨ ᠪᠠᠢᠢᠨ᠎ᠠ᠃

    ᠪᠠᠢᠢᠯᠳᠤᠬᠤ ᠪᠤᠳᠤᠯᠭ᠎ᠠ ᠵᠢᠨ ᠲᠤᠯᠭᠠᠭᠤᠷᠢᠯᠠᠯ ᠢ ᠪᠠᠲᠤᠳᠬᠠᠨ᠎ᠠ

    ᠢᠯᠡᠳᠬᠡᠯ᠋ ᠳ᠋ᠤ《ᠰᠢᠨ᠎ᠠ ᠵᠢ ᠡᠬᠦᠳᠬᠦ ᠪᠤᠯ᠋ ᠬᠦᠭᠵᠢᠯᠳᠡ ᠵᠢ ᠬᠦᠲᠦᠯᠦᠨ ᠲᠠᠭᠠᠭᠤᠯᠬᠤ ᠨᠢᠬᠡᠳᠦᠬᠡᠷ ᠬᠦᠳᠡᠯᠬᠡᠬᠦ ᠬᠦᠴᠦᠨ ᠮᠦᠨ᠂ ᠤᠳᠤᠬᠢᠴᠢᠯᠠᠬᠰᠠᠨ ᠠᠵᠦ ᠠᠬᠤᠢ ᠵᠢᠨ ᠰᠢᠰᠲ᠋ᠧᠮ ᠢ ᠪᠦᠲᠦᠬᠡᠨ ᠪᠠᠢᠢᠭᠤᠯᠬᠤ ᠪᠠᠢᠢᠯᠳᠤᠬᠤ ᠪᠤᠳᠤᠯᠭ᠎ᠠ ᠵᠢᠨ ᠲᠤᠯᠭᠠᠭᠤᠷᠢᠯᠠᠯ᠋ ᠮᠦᠨ》ᠬᠡᠵᠦ ᠲᠤᠳᠤᠷᠬᠠᠢ ᠲᠤᠷᠠᠳᠴᠠᠢ᠃

    《ᠲᠡᠯᠡᠬᠡᠢ ᠵᠢᠨ ᠠᠨᠭᠬᠠᠳᠠᠬᠴᠢ ᠵᠤᠷᠪᠤᠰ ᠮᠢᠩᠭᠠᠨ ᠺᠢᠯᠤᠮᠧᠲ᠋ᠷ ᠤᠨ ᠲᠡᠰ  ᠤᠨ ᠺᠧᠨᠨ᠋ᠲ ᠤᠨ ᠨᠢᠭᠤᠴᠠ ᠴᠢᠮᠡᠬᠡ ᠬᠤᠯᠪᠤᠭ᠎ᠠ ᠵᠢᠨ ᠭᠤᠤᠯ᠋ ᠤᠳᠠᠰᠤ -〈ᠪᠡᠬᠡᠵᠢᠩ ᠡᠴᠡ ᠱᠠᠩᠬᠠᠢ ᠬᠦᠷᠬᠦ ᠭᠤᠤᠯ᠋ ᠤᠳᠠᠰᠤ〉 ᠶ᠋ᠢ ᠨᠡᠪᠲᠡᠷᠡᠬᠦᠯᠦᠭᠰᠡᠨ ᠤ ᠲᠠᠷᠠᠭ᠎ᠠ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ᠋ ᠤᠨ ᠶᠡᠬᠡ ᠰᠤᠷᠭᠠᠭᠤᠯᠢ ᠵᠢᠨ ᠪᠦᠯᠬᠦᠮ ᠨᠢ ᠲᠠᠮᠵᠢᠭᠤᠯᠬᠤ ᠬᠡᠮᠵᠢᠶ᠎ᠠ ᠪᠠᠨ ᠰᠢᠯᠢᠳᠡᠭᠵᠢᠬᠦᠯᠵᠦ᠂ ᠤᠢᠢᠷ᠎ᠠ ᠳ᠋ᠤ ᠨᠡᠩ ᠤᠷᠳᠤ ᠵᠠᠩᠬᠢᠯᠠᠭ᠎ᠠ ᠵᠢᠨ ᠴᠡᠭ ᠤᠨ ᠵᠠᠢ ᠳ᠋ᠡᠬᠢ ᠰᠤᠳᠤᠯᠤᠨ ᠨᠡᠬᠡᠬᠡᠬᠦ ᠲᠠᠯ᠎ᠠ ᠪᠡᠷ ᠲᠠᠪᠠᠯᠳᠠ ᠭᠠᠷᠭᠠᠬᠤ ᠪᠤᠯᠤᠮᠵᠢ ᠲᠠᠢ ᠪᠤᠯᠤᠯ᠎ᠠ》ᠬᠡᠵᠦ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ᠋ ᠤᠨ ᠶᠡᠬᠡ ᠰᠤᠷᠭᠠᠭᠤᠯᠢ ᠵᠢᠨ ᠨᠠᠮ ᠤᠨ ᠬᠤᠷᠢᠶ᠎ᠠ ᠵᠢᠨ ᠱᠦᠵᠢ ᠰᠢᠤᠢ ᠦ᠋ ᠲᠦᠯᠦᠭᠡᠯᠡᠭᠴᠢ ᠺᠧᠨᠨ᠋ᠲ ᠤᠨ ᠴᠢᠮᠡᠬᠡ ᠬᠤᠯᠪᠤᠭ᠎ᠠ ᠵᠢᠨ ᠬᠠᠮᠤᠬ ᠤᠨ ᠰᠢᠨ᠎ᠠ ᠮᠡᠷᠬᠡᠵᠢᠯ᠋ ᠤᠨ ᠪᠠᠢᠢᠳᠠᠯ᠋ ᠢ ᠲᠠᠨᠢᠯᠴᠠᠭᠤᠯᠪᠠ᠃

    ᠬᠦᠮᠦᠨ ᠲᠦᠷᠦᠯᠬᠢᠳᠡᠨ ᠠᠩᠬ᠎ᠠ ᠤᠳᠠᠭ᠎ᠠ ᠵᠦᠢᠷᠡᠢ ᠤᠳᠤᠨ ᠪᠠ ᠨᠧᠲ᠋ᠷᠤᠨ ᠤᠳᠤᠨ ᠨᠡᠢᠢᠯᠡᠬᠡᠳ ᠡᠬᠦᠰᠭᠡᠭᠰᠡᠨ ᠲᠠᠳᠠᠯᠳᠠ ᠵᠢᠨ ᠬᠦᠴᠦᠨ ᠤ ᠲᠤᠯᠬᠢᠶᠠᠨ ᠢ ᠰᠢᠭᠤᠳ ᠬᠠᠢᠢᠨ ᠬᠡᠮᠵᠢᠵᠦ᠂ ᠲᠤᠮᠳᠠᠳᠤ ᠤᠯᠤᠰ ᠤᠨ ᠡᠮᠦᠨᠡᠳᠤ ᠲᠤᠢᠢᠯ᠋ ᠤᠨ ᠰᠠᠨᠰᠠᠷ ᠤᠨ ᠲᠤᠷᠠᠨ ᠵᠡᠷᠬᠡ ᠤᠯᠠᠨ ᠲᠦᠬᠦᠬᠡᠷᠦᠮᠵᠢ ᠨᠢ ᠬᠡᠮᠵᠢᠯᠳᠡ ᠳ᠋ᠤ ᠤᠷᠤᠯᠴᠠᠪᠠ; ᠲᠤᠮᠳᠠᠳᠤ ᠤᠯᠤᠰ ᠤᠨ ᠵᠦᠩ ᠴᠧ ᠬᠤᠪᠢᠴᠠᠭᠠᠳᠤ ᠬᠢᠵᠠᠭᠠᠷᠳᠤ ᠺᠤᠮᠫᠠᠨᠢ ᠵᠢᠨ ᠴᠠᠩᠴᠦ᠋ᠨ ᠤ ᠵᠢᠮᠳᠤ ᠵᠠᠮ ᠤᠨ ᠠᠶᠠᠨᠴᠢᠨ ᠤ ᠮᠠᠰᠢᠨ ᠲᠡᠷᠬᠡ ᠵᠢᠨ ᠬᠤᠪᠢᠴᠠᠭᠠᠳᠤ ᠭᠢᠵᠠᠭᠠᠷᠳᠤ ᠺᠤᠮᠫᠠᠨᠢ ᠵᠢᠨ ᠰᠤᠳᠤᠯᠤᠨ ᠦᠢᠯᠡᠳᠪᠦᠷᠢᠯᠡᠭᠰᠡᠨ ᠠᠮᠧᠷᠢᠺᠠ ᠵᠢᠨ ᠪᠤᠰᠲ᠋ᠤᠨ ᠬᠤᠳᠠ ᠵᠢᠨ ᠠᠮᠤᠷ ᠲᠦᠪᠰᠢᠨ ᠤ ᠬᠠᠮᠠᠭᠠᠯᠠᠯᠳᠠ ᠵᠢᠨ ᠱᠤᠭᠤᠮ ᠤᠨ ᠭᠠᠵᠠᠷ ᠲᠤᠤᠷᠠᠬᠢ ᠨᠦᠬᠡᠨ ᠵᠠᠮ ᠤᠨ ᠲᠦᠷᠦᠬᠦᠦ ᠪᠦᠯᠦᠭ ᠭᠠᠯᠳᠤ ᠲᠡᠷᠬᠡ ᠵᠢ ᠦᠢᠯᠡᠳᠪᠦᠷᠢᠯᠡᠵᠦ ᠡᠬᠢᠯᠡᠪᠡ; ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠦᠯᠬᠦᠮ ᠨᠢ 2 ᠮᠧᠲ᠋ᠷ ᠢᠯᠡᠬᠦᠦ ᠦᠨᠳᠦᠷ ᠤᠨᠴᠠ ᠦᠨᠳᠦᠷ ᠤᠨᠠᠯᠳᠠ ᠲᠠᠢ ᠰᠢᠯᠢᠳᠡᠭ ᠰᠢᠨ᠎ᠠ ᠡᠬᠦᠯᠳᠡᠷ《ᠲᠤᠮᠤ ᠬᠡᠯᠪᠡᠷᠢ ᠵᠢᠨ ᠲᠤᠳᠤᠷᠭ᠎ᠠ》  ᠶ᠋ᠢ ᠰᠤᠩᠭᠤᠨ ᠪᠤᠢᠢᠵᠢᠭᠤᠯᠪᠠ ᠁

    ᠤᠢᠢᠷ᠎ᠠ ᠵᠢᠨ ᠡᠳᠦᠷ ᠤᠳ ᠲᠤ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ᠋ ᠤᠨ ᠦᠷ᠎ᠠ ᠪᠦᠲᠦᠬᠡᠯ᠋ ᠤᠳ ᠬᠤᠢᠢᠨ᠎ᠠ ᠬᠤᠢᠢᠨ᠎ᠠ ᠡᠴᠡ ᠪᠠᠨ ᠮᠡᠨᠳᠦᠯᠡᠭᠰᠡᠨ ᠰᠡᠢᠢᠬᠠᠨ ᠮᠡᠳᠡᠭᠡ ᠨᠢ ᠰᠢᠵᠢᠯᠡᠭᠦ ᠤᠬᠠᠭᠠᠨ ᠮᠡᠷᠬᠡᠵᠢᠯ᠋ ᠤᠨ ᠬᠦᠷᠢᠶ᠎ᠠ ᠴᠠᠷᠠᠭ᠎ᠠ ᠵᠢᠨ ᠲᠦᠯᠦᠬᠡᠯᠡᠭᠴᠢᠳ ᠤᠨ ᠤᠷᠮ᠎ᠠ ᠵᠤᠷᠢᠬ ᠢ ᠨᠢ ᠤᠨᠴᠠᠭᠠᠢ ᠬᠦᠪᠴᠢᠯᠡᠵᠡᠢ᠃ ᠤᠯᠠᠨ ᠢᠶᠡᠷ ᠢᠶᠡᠨ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ᠋ ᠤᠨ ᠰᠢᠨ᠎ᠠ ᠵᠢ ᠡᠬᠦᠳᠬᠦ ᠨᠢ ᠦᠢᠯᠡᠳᠪᠦᠷᠢᠯᠡᠯ᠋᠂ ᠠᠵᠦ ᠠᠬᠤᠢ᠂ ᠢᠯᠠᠩᠭᠤᠶ᠎ᠠ ᠰᠠᠨᠰᠠᠷ ᠤᠨ ᠠᠶᠠᠯᠠᠯ᠋᠂ ᠴᠢᠮᠡᠬᠡ ᠬᠤᠯᠪᠤᠭ᠎ᠠ᠂ ᠰᠢᠨ᠎ᠠ ᠡᠨᠧᠷᠬᠢ ᠵᠡᠷᠬᠡ ᠪᠠᠢᠢᠯᠳᠤᠬᠤ ᠪᠤᠳᠤᠯᠭ᠎ᠠ ᠵᠢᠨ ᠰᠢᠨ᠎ᠠ ᠪᠡᠷ ᠮᠠᠨᠳᠤᠵᠦ ᠪᠠᠢᠢᠭ᠎ᠠ ᠠᠵᠦ ᠦᠢᠯᠡᠰ ᠲᠡᠬᠢ ᠬᠦᠲᠦᠯᠦᠨ ᠲᠠᠭᠠᠭᠤᠯᠬᠤ ᠪᠠ ᠲᠤᠯᠭᠠᠭᠤᠷᠢᠯᠠᠬᠤ ᠤᠢᠢᠯᠡᠳᠤᠯ᠋ ᠨᠢ ᠶᠠᠪᠤᠬᠤ ᠲᠤᠳᠤᠮ ᠬᠦᠴᠦᠳᠡᠢ ᠪᠤᠯᠵᠠᠢ ᠬᠡᠵᠤ ᠦᠵᠡᠵᠦ ᠪᠠᠢᠢᠨ᠎ᠠ᠃ ᠨᠢᠬᠡᠳᠦᠬᠡᠷ ᠬᠦᠳᠡᠯᠬᠡᠬᠦ ᠬᠦᠴᠦᠨ ᠨᠢ ᠬᠤᠷᠢᠬᠯᠠᠬᠳᠠᠰᠢ ᠦᠬᠡᠢ ᠬᠦᠴᠦᠨ ᠲᠠᠢ ᠪᠤᠯᠵᠦ᠂ ᠢᠷᠡᠭᠡᠳᠦᠢ ᠳ᠋ᠤ ᠨᠡᠩ ᠢᠯᠡᠬᠦᠦ ᠭᠦᠴᠦᠨ ᠢᠶᠡᠨ ᠪᠠᠳᠠᠷᠠᠭᠤᠯᠬᠤ ᠨᠢ ᠯᠠᠪᠳᠠᠢ ᠭᠡᠵᠤ ᠦᠵᠡᠵᠡᠢ᠃

    《ᠲᠤᠮᠳᠠᠳᠤ ᠤᠯᠤᠰ ᠤᠨ LED  ᠤ᠋ᠨ ᠮᠡᠷᠭᠡᠵᠢᠯ᠋ ᠲᠡᠯᠡᠭᠡᠢ ᠵᠢᠨ ᠲᠡᠷᠢᠭᠦᠨ ᠤ ᠡᠩᠨᠡᠭᠡᠨ ᠳ᠋ᠦ ᠤᠷᠤᠵᠠᠢ᠃ ᠠᠵᠤ ᠦᠢᠯᠡᠰ ᠤᠨ ᠲᠠᠯ᠎ᠠ ᠡᠴᠡ ᠶᠠᠷᠢᠪᠠᠯ᠋᠂ ᠲᠤᠮᠳᠠᠳᠤ ᠤᠯᠤᠰ ᠤᠳᠤ ᠲᠡᠭᠡᠷ᠎ᠠ ᠪᠠᠨ LED  ᠤ᠋ᠨ ᠬᠠᠮᠤᠭ ᠤᠨ ᠲᠤᠮᠤ ᠦᠢᠯᠡᠳᠪᠦᠷᠢᠯᠡᠯ᠋ ᠤᠨ ᠤᠯᠤᠰ᠂ ᠬᠡᠷᠡᠭᠯᠡᠭᠡᠨ ᠤ ᠤᠯᠤᠰ ᠪᠠ ᠭᠠᠳᠠᠭᠠᠳᠤ ᠳ᠋ᠦ ᠭᠠᠷᠭᠠᠬᠤ ᠤᠯᠤᠰ ᠪᠤᠯᠤᠨ᠎ᠠ》 ᠭᠡᠵᠦ ᠨᠠᠨᠴᠠᠩ ᠶᠡᠬᠡ ᠰᠤᠷᠭᠠᠭᠤᠯᠢ ᠵᠢᠨ ᠨᠠᠮ ᠤᠨ ᠬᠤᠷᠢᠶ᠎ᠠ ᠵᠢᠨ ᠪᠠᠢᠢᠩᠭᠤ ᠵᠢᠨ ᠭᠡᠰᠢᠭᠦᠨ᠂ ᠲᠡᠳ᠋ ᠵᠠᠬᠢᠷᠤᠯ᠋ ᠵᠢᠶᠠᠩ ᠹᠧᠩ ᠢ ᠲᠦᠯᠦᠭᠡᠯᠡᠭᠴᠢ ᠶᠠᠷᠢᠵᠤ ᠪᠠᠢᠢᠯ᠎ᠠ᠃

    ᠤᠯᠤᠰ ᠤᠨ ᠭᠡᠳᠤ ᠪᠤᠳᠤᠯᠳᠠ ᠵᠢᠨ ᠲᠢᠶᠠᠨᠵᠢᠨ ᠳ᠋ᠡᠬᠢ ᠲᠦᠪ ᠤᠨ ᠬᠡᠷᠡᠭᠯᠡᠭᠡᠨ ᠤ ᠰᠤᠳᠤᠯᠤᠨ ᠨᠡᠭᠡᠭᠡᠬᠦ ᠬᠡᠯᠳᠡᠰ ᠤᠨ ᠲᠠᠷᠤᠭ᠎ᠠ ᠮᠧᠩ ᠰᠢᠶᠠᠩ ᠹᠧᠢ ᠲᠦᠯᠦᠭᠡᠯᠡᠭᠴᠢ ᠵᠢᠨ ᠲᠠᠨᠢᠯᠴᠠᠭᠤᠯᠬᠤ ᠪᠡᠷ᠂ ᠲᠤᠮᠳᠠᠳᠤ ᠤᠯᠤᠰ ᠤᠨ ᠰᠢᠨ᠎ᠠ ᠨᠢᠭᠡ ᠦᠶ᠎ᠠ ᠵᠢᠨ ᠵᠠᠭᠤᠨ ᠳ᠋ᠦᠩᠰᠢᠭᠤᠷ ᠤᠳᠠᠭ᠎ᠠ ᠵᠢᠨ ᠭᠡᠳᠤ ᠪᠤᠳᠤᠯᠳᠠ ᠵᠢᠨ 《ᠲᠡᠭᠷᠢ ᠵᠢᠨ ᠤᠶᠤᠳᠠᠯ᠋ ᠭᠤᠷᠪᠠᠳᠤᠭᠠᠷ ᠨᠤᠮᠧᠷᠳᠤ》 ᠶ᠋ᠢ ᠤᠷᠢᠳᠴᠢᠯᠠᠨ ᠰᠤᠳᠤᠯᠬᠤ ᠠᠵᠢᠯ᠋ ᠶᠠᠭ ᠰᠠᠢᠢᠬᠠᠨ ᠤᠷᠤᠭᠰᠢᠳᠠᠢ ᠠᠬᠢᠵᠤ᠂ 2020 ᠤᠨ ᠤ ᠤᠷᠴᠢᠮ ᠢᠶᠡᠷ ᠪᠦᠬᠦᠢᠢᠯᠡ ᠮᠠᠰᠢᠨ ᠤ ᠰᠢᠰᠲ᠋ᠧᠮ ᠢ ᠪᠠᠢᠢᠷᠢᠯᠠᠭᠤᠯᠤᠨ ᠲᠠᠭᠤᠰᠬᠤ ᠪᠤᠯᠤᠮᠵᠢᠲᠠᠢ᠃ ᠮᠧᠩ ᠰᠢᠶᠠᠩ ᠹᠧᠢ ᠵᠢᠨ ᠬᠡᠯᠡᠬᠦ ᠪᠡᠷ᠂ ᠲᠡᠷᠡ ᠪᠤᠯᠤᠨ ᠲᠡᠭᠦᠨ ᠤ ᠪᠦᠯᠬᠦᠮ ᠤᠨ ᠬᠢᠨ ᠨᠡᠩ ᠤᠯᠠᠨ ᠬᠡᠷᠡᠭᠯᠡᠬᠦ ᠳ᠋ᠦ ᠰᠠᠢᠢᠨ ᠪᠤᠳᠠᠳᠠᠢ ᠬᠡᠷᠡᠭᠯᠡᠭᠡᠨ ᠤ APP ᠳᠤ ᠨᠡᠭᠡᠭᠡᠯᠳᠠ ᠭᠢᠭᠦ ᠪᠡᠷ ᠬᠦᠴᠦᠯᠡᠵᠦ᠂ ᠭᠡᠳᠤ ᠪᠤᠳᠤᠯᠳᠠ ᠵᠢᠨ ᠦᠢᠯᠡᠳᠦᠯ᠋ ᠢ ᠨᠡᠩ ᠤᠯᠠᠨ ᠬᠦᠷᠢᠶ᠎ᠠ ᠴᠠᠷᠠᠭᠠᠨ ᠳ᠋ᠦ ᠪᠠᠳᠠᠷᠠᠭᠤᠯᠬᠤ ᠪᠡᠷ ᠪᠤᠢ᠃

    《ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ᠋ ᠡᠴᠡ ᠨᠠᠰᠢ᠂ ᠲᠤᠮᠳᠠᠳᠤ ᠤᠯᠤᠰ ᠤᠨ ᠤᠯᠤᠰ ᠤᠨ ᠪᠠᠳᠤᠯᠠᠨ ᠬᠠᠮᠠᠭᠠᠯᠠᠯᠳᠠ ᠵᠢᠨ ᠰᠢᠨᠵᠢᠯᠡᠬᠦ ᠤᠬᠠᠭᠠᠨ ᠮᠡᠷᠭᠡᠵᠢᠯ᠋ ᠤᠨ ᠰᠢᠨ᠎ᠠ ᠶᠢ ᠡᠭᠦᠳᠬᠦ ᠰᠢᠰᠲ᠋ᠧᠮ ᠲᠠᠰᠤᠷᠠᠯᠳᠠ ᠦᠭᠡᠢ ᠲᠡᠭᠦᠯᠳᠡᠷᠵᠢᠵᠦ᠂ ᠨᠢᠭᠡ ᠪᠦᠯᠦᠭ ᠮᠡᠳᠡᠭᠡ ᠵᠠᠩᠭᠢᠵᠢᠯᠳᠠ ᠵᠢᠨ ᠬᠢᠷᠢ ᠬᠡᠮᠵᠢᠶ᠎ᠠ ᠦᠨᠳᠦᠷ᠂ ᠲᠡᠯᠡᠭᠡᠢ ᠵᠢᠨ ᠲᠡᠷᠢᠭᠦᠨ ᠤ ᠬᠢᠷᠢ ᠲᠦᠪᠰᠢᠨ ᠳ᠋ᠦ ᠬᠦᠷᠦᠭᠰᠡᠨ ᠵᠡᠪᠰᠡᠭ ᠲᠤᠨᠤᠭᠯᠠᠯ᠋ ᠪᠦᠬᠦᠢ ᠵᠢᠬᠰᠠᠭᠠᠯ᠋ ᠤᠨ ᠡᠩᠨᠡᠭᠡ ᠵᠢ ᠪᠦᠷᠢᠯᠳᠦᠭᠦᠯᠵᠡᠢ᠃ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠰᠢᠨ᠎ᠠ ᠴᠠᠭ ᠦᠶ᠎ᠠ ᠳ᠋ᠦ ᠤᠷᠤᠵᠤ᠂ ᠪᠠᠰᠠ ᠰᠢᠨ᠎ᠠ ᠶᠢ ᠡᠭᠦᠳᠬᠦ ᠬᠡᠯᠪᠡᠷᠢ ᠵᠢᠨ ᠤᠯᠤᠰ ᠤᠨ ᠰᠢᠨ᠎ᠠ ᠠᠶᠠᠯᠠᠯ᠋ ᠢ ᠡᠭᠢᠯᠡᠭᠦᠯᠵᠡᠢ᠃ ᠴᠡᠷᠢᠭ ᠤᠨ ᠠᠵᠤ ᠦᠢᠯᠡᠳᠪᠦᠷᠢ ᠵᠢᠨ ᠠᠵᠤ ᠠᠬᠤᠢᠢᠯᠠᠯ᠋ ᠤᠨ ᠠᠵᠢᠯᠳᠠᠨ ᠪᠤᠯᠤᠭᠰᠠᠨ ᠤ ᠬᠤᠪᠢ ᠳ᠋ᠦ᠂ ᠪᠢ ᠡᠭᠦᠷᠭᠡ ᠵᠢᠨ ᠢᠶᠡᠨ ᠢᠷᠠᠭᠤ ᠠᠯᠳᠠᠷ᠂ ᠬᠠᠷᠢᠭᠤᠴᠠᠯᠭ᠎ᠠ ᠵᠢᠨ ᠢᠶᠡᠨ ᠬᠦᠨᠳᠦ ᠴᠢᠬᠤᠯᠠ ᠶᠢ ᠮᠡᠳᠡᠷᠡᠵᠦ ᠪᠤᠢ》 ᠭᠡᠵᠦ ᠲᠤᠮᠳᠠᠳᠤ ᠤᠯᠤᠰ ᠤᠨ ᠴᠦᠮ᠎ᠠ ᠵᠢᠨ ᠬᠦᠳᠡᠯᠭᠡᠬᠦ ᠬᠦᠴᠦᠨ ᠤ ᠰᠤᠳᠤᠯᠭᠠᠨ ᠪ ᠵᠢᠷᠤᠭ ᠲᠦᠯᠦᠪᠯᠡᠭᠡ ᠵᠢᠨ ᠬᠦᠷᠢᠶᠡᠯᠡᠩ ᠤᠨ ᠬᠤᠶᠠᠳᠤᠭᠠᠷ ᠰᠤᠳᠤᠯᠭᠠᠨ ᠤ ᠭᠠᠵᠠᠷ ᠤᠨ ᠲᠡᠳ᠋ ᠶᠡᠷᠦᠩᠬᠡᠢ ᠢᠨᠵᠧᠨᠧᠷ ᠸᠠᠩ ᠭᠤᠸᠠᠩ ᠵᠢᠨ ᠲᠦᠯᠦᠭᠡᠯᠡᠭᠴᠢ ᠶᠠᠷᠢᠵᠤ ᠪᠠᠢᠢᠯ᠎ᠠ᠃

    ᠪᠠᠢᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠨ᠎ᠠ

    ᠲᠡᠯᠡᠭᠡᠢ ᠵᠢᠨ ᠬᠦᠭᠵᠢᠯᠳᠡ ᠵᠢᠨ ᠲᠡᠦᠭᠡ ᠬᠡᠷᠡᠴᠢᠯᠡᠭᠰᠡᠨ ᠨᠢ᠄ ᠰᠢᠨᠵᠢᠯᠡᠬᠦ ᠤᠬᠠᠭᠠᠨ ᠮᠡᠷᠭᠡᠵᠢᠯ᠋ ᠤᠨ ᠰᠢᠨ᠎ᠠ ᠶᠢ ᠡᠭᠦᠳᠬᠦ ᠨᠢ ᠬᠠᠮᠢᠭ᠎ᠠ ᠡᠴᠡ ᠡᠭᠦᠰᠦᠭᠰᠡᠨ ᠪᠤᠯ᠋ ᠬᠦᠭᠵᠢᠯᠳᠡ ᠵᠢᠨ ᠬᠦᠳᠡᠯᠭᠡᠬᠦ ᠬᠦᠴᠦᠨ ᠲᠡᠨᠳᠡ ᠡᠴᠡ ᠤᠷᠬᠢᠯᠤᠨ ᠪᠠᠳᠠᠷᠠᠳᠠᠭ᠂ ᠬᠦᠭᠵᠢᠯᠳᠡ ᠵᠢᠨ ᠠᠰᠢᠭᠳᠠᠢ ᠪᠠᠢᠢᠷᠢ ᠪᠤᠯᠤᠨ ᠠᠵᠤ ᠠᠬᠤᠢ ᠵᠢᠨ ᠦᠷᠢᠰᠦᠯᠳᠦᠬᠦ ᠬᠦᠴᠦᠨ ᠪ ᠴᠢᠭᠯᠡᠯ᠋ ᠢᠶᠡᠨ ᠬᠠᠮᠢᠭᠠᠰᠢ ᠬᠤᠪᠢᠷᠠᠭᠤᠯᠤᠭᠰᠠᠨ ᠪᠤᠯ᠋ ᠤᠳᠤᠬᠢᠴᠢᠯᠠᠯᠳᠠ ᠵᠢᠨ ᠬᠦᠴᠦᠳᠤ ᠦᠷᠨᠢᠯᠳᠡ ᠲᠡᠨᠳᠡ ᠪᠤᠢ ᠪᠤᠯᠳᠠᠬ᠃

    ᠢᠯᠡᠳᠭᠡᠯ᠋ ᠳ᠋ᠦ᠂ ᠤᠯᠤᠰ ᠤᠨ ᠰᠢᠨ᠎ᠠ ᠶᠢ ᠡᠭᠦᠳᠬᠦ ᠰᠢᠰᠲ᠋ᠧᠮ ᠤᠨ ᠪᠠᠢᠢᠭᠤᠯᠤᠯᠳᠠ ᠶᠢ ᠴᠢᠩᠭᠠᠳᠬᠠᠵᠤ᠂ ᠪᠠᠢᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭᠠᠨ ᠮᠡᠷᠭᠡᠵᠢᠯ᠋ ᠤᠨ ᠬᠦᠴᠦᠨ ᠢ ᠴᠢᠩᠭᠠᠳᠬᠠᠨ᠎ᠠ ᠭᠡᠵᠦ ᠲᠤᠷᠠᠳᠴᠠᠢ᠃ ᠰᠢᠨᠵᠢᠯᠡᠬᠦ ᠤᠬᠠᠭᠠᠨ ᠮᠡᠷᠭᠡᠵᠢᠯ᠋ ᠤᠨ ᠪᠠᠢᠢᠭᠤᠯᠤᠮᠵᠢ ᠵᠢᠨ ᠦᠭᠡᠷᠡᠴᠢᠯᠡᠯᠳᠡ ᠶᠢ ᠭᠦᠨᠵᠡᠭᠡᠢᠢᠷᠡᠭᠦᠯᠵᠦ᠂ ᠠᠵᠤ ᠠᠬᠤᠢᠢᠯᠠᠯ᠋ ᠢᠶᠡᠷ ᠭᠤᠤᠯ᠋ ᠴᠤᠭᠴᠠ ᠪᠤᠯᠭᠠᠵᠤ᠂ ᠵᠠᠬ᠎ᠠ ᠲᠡᠯᠭᠡᠭᠦᠷ ᠢᠶᠡᠷ ᠤᠳᠤᠷᠢᠳᠤᠮᠵᠢ ᠪᠤᠯᠭᠠᠵᠤ᠂ ᠦᠢᠯᠡᠳᠪᠦᠷᠢᠯᠡᠯ᠋ ᠵᠢᠭᠠᠨ ᠰᠤᠷᠭᠠᠯᠳᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠤᠭᠰᠠᠨ ᠮᠡᠷᠭᠡᠵᠢᠯ᠋ ᠤᠨ ᠰᠢᠨ᠎ᠠ ᠶᠢ ᠡᠭᠦᠳᠬᠦ ᠰᠢᠰᠲ᠋ᠧᠮ ᠢ ᠪᠠᠢᠢᠭᠤᠯᠵᠤ᠂ ᠲᠤᠮᠳᠠ ᠪᠠᠭ᠎ᠠ ᠠᠵᠤ ᠠᠬᠤᠢᠢᠯᠠᠯ᠋ ᠤᠨ ᠰᠢᠨ᠎ᠠ ᠶᠢ ᠡᠭᠦᠳᠬᠦ ᠶᠢ ᠲᠡᠮᠵᠢᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ᠋ ᠤᠨ ᠦᠷ᠎ᠠ ᠪᠦᠳᠦᠭᠡᠯ᠋ ᠢ ᠬᠤᠪᠢᠷᠠᠭᠤᠯᠬᠤ ᠶᠢ ᠠᠬᠢᠭᠤᠯᠤᠨ᠎ᠠ ᠭᠡᠵᠦ ᠲᠤᠷᠠᠳᠴᠠᠢ᠃

    《ᠡᠨᠡ ᠪᠤᠯ᠋ ᠤᠯᠤᠰ ᠤᠨ ᠪᠠᠢᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭᠠᠨ ᠮᠡᠷᠭᠡᠵᠢᠯ᠋ ᠤᠨ ᠬᠦᠴᠦᠨ ᠤ ᠡᠭᠦᠷᠭᠡ ᠬᠠᠷᠢᠭᠤᠴᠠᠯᠭ᠎ᠠ ᠪᠤᠯᠤᠨ᠎ᠠ》 ᠭᠡᠵᠦ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠤᠭ᠎ᠠ ᠪᠠᠢ ᠴᠦᠨ ᠯᠢ ᠲᠦᠯᠦᠭᠡᠯᠡᠭᠴᠢ ᠬᠡᠯᠡᠵᠦ ᠪᠠᠢᠢᠯ᠎ᠠ᠃

    ᠢᠯᠡᠳᠭᠡᠯ᠋ ᠳ᠋ᠦ ᠨᠡᠢᠢᠭᠡᠮ ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠢ ᠪᠠᠢᠢᠭᠤᠯᠬᠤ ᠠᠤᠭ᠎ᠠ ᠶᠡᠬᠡ ᠲᠦᠰᠦᠪ ᠢ ᠵᠢᠷᠤᠠᠠᠯᠠᠯ᠎ᠠ᠃ ᠡᠨᠡᠬᠦ ᠲᠡᠦᠭᠡᠨ ᠠᠬᠢᠴᠠ ᠲᠤᠮᠳᠠ ᠲᠤᠮᠳᠠᠳᠤ ᠤᠯᠤᠰ ᠪᠦᠬᠦ ᠪᠦᠮᠪᠦᠷᠴᠡᠭ ᠤᠨ ᠰᠢᠨ᠎ᠠ ᠶᠢ ᠡᠭᠦᠳᠬᠦ ᠲᠠᠭᠠᠭᠤᠯᠤᠭᠴᠢ ᠪᠤᠯᠬᠤ᠂ ᠬᠤᠰᠢᠭᠤᠴᠢ ᠰᠠᠭᠤᠷᠢ ᠰᠤᠳᠤᠯᠭᠠᠨ ᠪᠤᠯᠤᠨ ᠪᠠᠢᠢᠯᠳᠤᠬᠤ ᠪᠤᠳᠤᠯᠭ᠎ᠠ ᠵᠢᠨ ᠮᠡᠷᠭᠡᠵᠢᠯ᠋ ᠤᠨ ᠭᠤᠤᠯ᠋ ᠪᠤᠯᠬᠤ ᠬᠦᠷᠢᠶ᠎ᠠ ᠴᠠᠷᠠᠭ᠎ᠠ ᠲᠤᠳᠤᠷ᠎ᠠ ᠪᠦᠬᠦ ᠪᠦᠮᠪᠦᠷᠴᠡᠭ ᠤᠨ ᠰᠢᠨᠵᠢᠯᠡᠬᠦ ᠤᠬᠠᠭᠠᠨ ᠮᠡᠷᠭᠡᠵᠢᠯ᠋ ᠤᠨ ᠰᠢᠨ᠎ᠠ ᠶᠢ ᠡᠭᠦᠳᠬᠦ ᠲᠦᠪ ᠪᠤᠯᠬᠤ ᠪᠤᠯᠤᠮᠵᠢ ᠲᠠᠢ᠃

    《ᠠᠵᠤ ᠠᠬᠤᠢᠢᠯᠠᠯ᠋ ᠨᠢ ᠪᠡᠯᠡ ᠮᠦᠩᠭᠦ ᠳᠠᠢ᠂ ᠲᠦᠷᠦᠯ᠋ ᠵᠦᠢᠯ᠋ ᠳᠠᠢ᠂ ᠰᠢᠨᠵᠢᠯᠡᠭᠦ ᠤᠬᠠᠭᠠᠨ ᠤ ᠰᠤᠳᠤᠯᠭᠠᠨ ᠦ ᠪᠠᠢᠢᠭᠤᠯᠤᠮᠵᠢ ᠨᠢ ᠰᠢᠨᠵᠢᠯᠡᠭᠦ ᠤᠬᠠᠭᠠᠨ ᠪ ᠰᠤᠳᠤᠯᠭᠠᠨ ᠦ ᠡᠯᠪᠡᠭ᠌ ᠪᠠᠶᠠᠯᠢᠭ ᠡᠬᠢ ᠪᠠᠶᠠᠯᠢᠭ ᠳᠠᠢ᠂ ᠦᠢᠯᠡᠳᠪᠦᠷᠢᠯᠡᠯ᠋ ᠵᠢᠭᠠᠨ ᠰᠤᠷᠭᠠᠯᠳᠠ ᠰᠤᠳᠤᠯᠭᠠᠨ ᠢ ᠬᠦᠨᠵᠡᠭᠡᠢ ᠠᠭᠤᠰᠤᠯᠴᠠᠭᠤᠯᠪᠠᠯ᠋ ᠰᠠᠶ᠊ᠢ ᠰᠢᠨ᠎ᠠ ᠨᠡᠢᠢᠯᠡᠯ᠋ ᠬᠦᠴᠦᠨ ᠢ ᠪᠦᠷᠢᠯᠳᠦᠭᠦᠯᠵᠤ ᠴᠢᠳᠠᠨ᠎ᠠ》ᠭᠡᠵᠤ ᠶᠦᠨᠨᠠᠨ ᠦ ᠦᠩᠭᠡᠳᠤ ᠳᠡᠮᠦᠷᠯᠢᠭ᠌ ᠤᠨ ᠪᠦᠯᠦᠭᠯᠡᠯ᠋ ᠤᠨ ᠺᠦᠨᠮᠢᠩ ᠦᠨ ᠬᠦᠨᠳᠤ ᠠᠵᠤ ᠦᠢᠯᠡᠳᠪᠦᠷᠢ ᠵᠢᠨ ᠬᠢᠵᠠᠭᠠᠷᠳᠤ ᠺᠤᠮᠫᠠᠨᠢ ᠵᠢᠨ ᠳᠡᠷᠢᠭᠦᠨ ᠮᠡᠷᠭᠡᠵᠢᠯᠳᠡᠨ ᠭᠧᠩ ᠵᠢᠶᠠ ᠱᠧᠩ ᠲᠦᠯᠦᠭᠡᠯᠡᠭᠴᠢ ᠬᠡᠯᠡᠪᠡ᠃

    《ᠠᠵᠤ ᠠᠬᠤᠢ ᠰᠢᠨᠵᠢᠯᠡᠭᠦ ᠤᠬᠠᠭᠠᠨ ᠮᠡᠷᠭᠡᠵᠢᠯ᠋ ᠬᠤᠶᠠᠷ ᠰᠠᠯᠤᠩᠬᠢᠷᠠᠵᠤ᠂ ᠰᠢᠨᠵᠢᠯᠡᠭᠦ ᠤᠬᠠᠭᠠᠨ ᠮᠡᠷᠭᠡᠵᠢᠯ᠋ ᠦᠨ ᠦᠷ᠎ᠠ ᠪᠦᠳᠦᠮᠵᠢ ᠵᠢ ᠨᠢᠬᠡ ᠲᠠᠯ᠎ᠠ ᠳ᠋ᠤᠨᠢ ᠬᠠᠶᠠᠬᠤ ᠪᠠᠢᠢᠳᠠᠯ᠋ ᠠᠭᠠᠵᠢᠮ ᠵᠢᠡᠷ ᠦᠬᠡᠷᠡᠴᠢᠯᠡᠭᠳᠡᠵᠦ ᠪᠠᠢᠢᠨ᠎ᠠ᠃ ᠪᠢᠳᠡ ᠦᠮᠴᠢᠯᠡᠯ᠋ ᠦᠨ ᠡᠷᠭᠡ ᠪᠡᠷ ᠡᠭᠦᠳᠦᠨ ᠪᠦᠳᠦᠭᠡᠭᠴᠢ ᠵᠢᠨ ᠰᠢᠨᠵᠢᠯᠡᠭᠦ ᠤᠬᠠᠭᠠᠨ ᠮᠡᠷᠭᠡᠵᠢᠯ᠋ ᠦᠨ ᠦᠷ᠎ᠠ ᠪᠦᠳᠦᠮᠵᠢ ᠵᠢ ᠬᠤᠪᠢᠷᠠᠭᠤᠯᠬᠤ ᠵᠢ ᠲᠦᠷᠭᠡᠳᠭᠡᠭᠦ ᠵᠢ ᠵᠤᠷᠢᠭᠵᠢᠭᠤᠯᠪᠠ᠃ ᠳᠤᠷᠰᠢᠯᠳᠠ ᠵᠢᠨ ᠴᠢᠬ ᠦᠨ ᠠᠵᠢᠯ᠋ ᠦᠷᠨᠢᠭᠦᠯᠦᠭᠰᠡᠨ ᠨᠢᠭᠡ ᠵᠢᠯ᠋ ᠤᠨ ᠳᠤᠷᠰᠢ᠂ ᠵᠠᠭᠤ ᠭᠠᠷᠤᠢ ᠵᠦᠢᠯ᠋ ᠦᠨ ᠳᠤᠰᠢᠶᠠᠯ᠋ ᠦᠨ ᠡᠭᠦᠳᠦᠨ ᠪᠦᠳᠦᠭᠡᠯᠳᠡ ᠵᠢᠨ ᠳᠤᠰᠬᠠᠢ ᠠᠰᠢᠭ ᠤᠨ ᠡᠷᠭᠡ ᠵᠢ ᠳᠤᠳᠤᠷᠬᠠᠢᠢᠯᠠᠵᠤ᠂ ᠳᠡᠭᠡᠳᠤ ᠰᠢᠨᠵᠢᠯᠡᠭᠦ ᠤᠬᠠᠭᠠᠨ ᠮᠡᠷᠭᠡᠵᠢᠯ᠋ ᠦᠨ ᠤᠯᠠᠨ ᠠᠵᠤ ᠠᠬᠤᠢᠢᠯᠠᠯ᠋ ᠢ ᠪᠠᠢᠢᠭᠤᠯᠤᠨ᠂ ᠦᠷ᠎ᠠ ᠪᠦᠳᠦᠮᠵᠢ ᠵᠢ ᠬᠤᠪᠢᠷᠠᠭᠤᠯᠤᠭᠰᠠᠨ ᠨᠢ ᠠᠩᠬ᠎ᠠ ᠠᠯᠬᠤᠮ ᠠᠮᠵᠢᠯᠳᠠ ᠪᠦᠳᠦᠮᠵᠢ ᠤᠯᠤᠭᠰᠠᠨ ᠪᠠᠢᠢᠨ᠎ᠠ》ᠭᠡᠵᠤ ᠳᠤᠮᠳᠠᠳᠤ ᠤᠯᠤᠰ ᠦᠨ ᠰᠢᠨᠵᠢᠯᠡᠭᠦ ᠤᠬᠠᠭᠠᠨ ᠦ ᠬᠦᠷᠢᠶᠡᠯᠡᠩ ᠦᠨ ᠠᠺᠠᠳᠧᠮᠢᠴᠢ᠂ ᠪᠠᠷᠠᠭᠤᠨ ᠡᠮᠤᠨᠡᠳᠤ ᠵᠢᠨ ᠵᠠᠮ ᠬᠠᠷᠢᠯᠴᠠᠭᠠᠨ ᠦ ᠶᠡᠭᠡ ᠰᠤᠷᠭᠠᠭᠤᠯᠢ ᠵᠢᠨ ᠡᠷᠳᠡᠮ ᠰᠢᠨᠵᠢᠯᠡᠭᠡᠨ ᠦ ᠵᠦᠪᠯᠡᠯ᠋ ᠦᠨ ᠡᠷᠬᠢᠯᠡᠭᠴᠢ ᠵᠠᠢ ᠸᠠᠨ ᠮᠢᠩ ᠲᠦᠯᠦᠭᠡᠯᠡᠭᠴᠢ ᠬᠡᠯᠡᠨ᠎ᠠ᠃

    ᠠᠵᠢᠯ᠋ ᠦᠨ ᠨᠢᠭᠡᠳᠦᠭᠡᠷ ᠹᠷᠤᠨᠲ ᠲᠦ 30 ᠰᠢᠬᠠᠮ ᠵᠢᠯ᠋ ᠭᠠᠪᠰᠢᠭᠠᠢᠢᠯᠠᠭᠰᠠᠨ ᠬᠤᠪᠧᠢ ᠮᠤᠵᠢ ᠵᠢᠨ ᠳᠠᠷᠢᠶᠠᠯᠠᠩ ᠦᠨ ᠰᠢᠨᠵᠢᠯᠡᠭᠦ ᠤᠬᠠᠭᠠᠨ ᠦ ᠬᠦᠷᠢᠶᠡᠯᠡᠩ ᠦᠨ ᠠᠮᠤ ᠪᠤᠳᠠᠭᠠᠨ ᠦ ᠳᠠᠷᠢᠮᠠᠯ᠋  ᠦᠨ ᠰᠤᠳᠤᠯᠭᠠᠨ ᠦ ᠭᠠᠵᠠᠷ ᠦᠨ ᠳᠠᠷᠤᠭ᠎ᠠ ᠠᠢ ᠴᠢᠩ ᠲᠦᠯᠦᠭᠡᠯᠡᠭᠴᠢ ᠬᠡᠯᠡᠭᠦ ᠳ᠋ᠡᠭᠡᠨ᠂《ᠪᠢᠳᠡ ᠬᠦᠳᠡᠭᠡ ᠠᠵᠤ ᠠᠬᠤᠢ ᠵᠢᠨ ᠰᠤᠳᠤᠯᠭᠠᠨ ᠬᠢᠵᠤ ᠪᠠᠢᠢᠳᠠᠭ ᠨᠢ ᠡᠷᠭᠡᠪᠰᠢ ᠬᠦᠳᠡᠭᠡ ᠠᠵᠤ ᠠᠬᠤᠢ ᠵᠢᠨ ᠠᠵᠤ ᠦᠢᠯᠡᠰ ᠦᠨ ᠬᠦᠭᠵᠢᠯᠳᠡ ᠳ᠋ᠤ ᠦᠷᠭᠦᠯᠵᠢᠯᠡᠭᠦ ᠰᠢᠨᠵᠢᠯᠡᠭᠦ ᠤᠬᠠᠭᠠᠨ ᠮᠡᠷᠭᠡᠵᠢᠯ᠋ ᠦᠨ ᠳᠤᠯᠭᠠᠭᠤᠷᠢᠯᠠᠯ᠋ ᠬᠠᠩᠭᠠᠬᠤ ᠬᠡᠷᠡᠭᠳᠠᠢ ᠶᠤᠮ᠃ ᠳᠤᠮᠳᠠᠳᠤᠴᠤᠳ ᠲᠤ ᠦᠪᠡᠷ ᠦᠨ ᠪᠤᠳᠠᠭᠠᠨ ᠠᠶᠠᠭ᠎ᠠ ᠵᠢ ᠨᠢ ᠯᠠᠪᠳᠠᠭᠤᠨ ᠠᠳᠬᠤᠭᠤᠯᠬᠤ ᠵᠢᠨ ᠬᠠᠮᠳᠤ ᠨᠡᠩ ᠠᠮᠳᠠ ᠰᠢᠮᠳᠠ ᠳᠠᠢ ᠢᠳᠡᠭᠦᠯᠬᠦ ᠵᠢᠨ ᠲᠦᠯᠦᠭᠡ ᠶᠤᠮ》ᠭᠡᠯ᠎ᠠ᠃

    ᠪᠠᠢᠢᠯᠳᠤᠬᠤ ᠪᠤᠳᠤᠯᠭ᠎ᠠ ᠵᠢᠨ ᠰᠢᠨᠵᠢᠯᠡᠭᠦ ᠤᠬᠠᠭᠠᠨ ᠮᠡᠷᠭᠡᠵᠢᠯ ᠦᠨ ᠴᠢᠳᠠᠪᠤᠷᠢᠳᠠᠨ ᠢ ᠬᠦᠮᠦᠵᠢᠭᠦᠯᠦᠨ᠎ᠠ

    ᠴᠢᠳᠠᠪᠤᠷᠢᠳᠠᠨ ᠪᠤᠯ᠋ ᠨᠢᠭᠡᠳᠦᠭᠡᠷ ᠡᠬᠢ ᠪᠠᠶᠠᠯᠢᠭ ᠪᠤᠯᠤᠨ᠎ᠠ᠃ ᠰᠢᠨ᠎ᠠ ᠵᠢ ᠡᠭᠦᠳᠭᠦ ᠬᠦᠳᠡᠯᠭᠡᠭᠦ ᠬᠦᠴᠦᠨ ᠨᠢ ᠦᠨᠡᠨ ᠳ᠋ᠡᠭᠡᠨ ᠴᠢᠳᠠᠪᠤᠷᠢᠳᠠᠨ ᠦ ᠬᠦᠳᠡᠯᠭᠡᠭᠦ ᠬᠦᠴᠦᠨ ᠪᠤᠯᠤᠨ᠎ᠠ᠃ ᠴᠢᠳᠠᠪᠤᠷᠢᠳᠠᠨ ᠬᠦᠴᠦᠷᠭᠡᠭ᠌᠂ ᠰᠢᠨᠵᠢᠯᠡᠭᠦ ᠤᠬᠠᠭᠠᠨ ᠮᠡᠷᠭᠡᠵᠢᠯ᠋ ᠬᠦᠴᠦᠷᠭᠡᠭ ᠪᠤᠯ᠋ ᠰᠠᠶ᠊ᠢ ᠠᠵᠤ ᠦᠢᠯᠡᠰ ᠦᠨ ᠬᠦᠴᠦᠷᠭᠡᠭᠵᠢᠯ᠋᠂ ᠠᠵᠤ ᠠᠬᠤᠢ ᠵᠢᠨ ᠬᠦᠴᠦᠷᠭᠡᠭᠵᠢᠯ᠋᠂ ᠤᠯᠤᠰ ᠤᠷᠤᠨ ᠦ ᠬᠦᠴᠦᠷᠭᠡᠭᠵᠢᠯ᠋ ᠢ ᠳᠠᠢᠢᠴᠢᠯᠠᠵᠤ ᠴᠢᠳᠠᠨ᠎ᠠ᠃

    ᠢᠯᠡᠳᠭᠡᠯ᠋ ᠳ᠋ᠤ᠂ ᠤᠯᠠᠨ ᠤᠯᠤᠰ ᠦᠨ ᠬᠢᠷᠢ ᠲᠦᠪᠰᠢᠨ ᠳᠠᠢ ᠨᠢᠭᠡᠨ ᠪᠦᠯᠦᠭ ᠪᠠᠢᠢᠯᠳᠤᠬᠤ ᠪᠤᠳᠤᠯᠭ᠎ᠠ ᠵᠢᠨ ᠰᠢᠨᠵᠢᠯᠡᠭᠦ ᠤᠬᠠᠭᠠᠨ ᠮᠡᠷᠭᠡᠵᠢᠯ᠋ ᠦᠨ ᠴᠢᠳᠠᠪᠤᠷᠢᠳᠠᠨ᠂ ᠰᠢᠨᠵᠢᠯᠡᠭᠦ ᠤᠬᠠᠭᠠᠨ ᠮᠡᠷᠭᠡᠵᠢᠯ᠋ ᠦᠨ ᠳᠠᠭᠠᠭᠤᠯᠤᠭᠴᠢ ᠴᠢᠳᠠᠪᠤᠷᠢᠳᠠᠨ᠂ ᠰᠢᠨᠵᠢᠯᠡᠭᠦ ᠤᠬᠠᠭᠠᠨ ᠮᠡᠷᠭᠡᠵᠢᠯ᠋ ᠦᠨ ᠵᠠᠯᠠᠭᠤ ᠴᠢᠳᠠᠪᠤᠷᠢᠳᠠᠨ ᠪᠤᠯᠤᠨ ᠦᠨᠳᠦᠷ ᠬᠢᠷᠢ ᠲᠦᠪᠰᠢᠨ ᠳᠠᠢ ᠰᠢᠨ᠎ᠠ ᠵᠢ ᠡᠭᠦᠳᠭᠦ ᠪᠦᠯᠬᠦᠮ ᠢ ᠬᠦᠮᠦᠵᠢᠭᠦᠯᠦᠨ ᠪᠤᠢᠢᠵᠢᠭᠤᠯᠬᠤ ᠬᠡᠷᠡᠭᠳᠠᠢ ᠭᠡᠵᠤ ᠳᠤᠳᠤᠷᠬᠠᠢ ᠱᠠᠭᠠᠷᠳᠠᠭᠰᠠᠨ ᠪᠠᠢᠢᠨ᠎ᠠ᠃

    ᠲᠦᠯᠦᠭᠡᠯᠡᠭᠴᠢᠳ᠂ ᠡᠷᠭᠡᠪᠰᠢ ᠰᠢᠨ᠎ᠠ ᠵᠢ ᠡᠭᠦᠳᠭᠦ ᠴᠢᠳᠠᠪᠤᠷᠢᠳᠠᠨ ᠢ ᠬᠦᠮᠦᠵᠢᠭᠦᠯᠬᠦ ᠲᠦᠷᠦ ᠵᠢᠨ ᠪᠤᠳᠤᠯᠭ᠎ᠠ ᠪᠠ ᠵᠤᠷᠢᠭᠵᠢᠭᠤᠯᠬᠤ ᠳᠤᠭᠳᠠᠴᠠ ᠵᠢ ᠤᠷᠤᠭᠤᠯᠤᠨ ᠠᠪᠴᠢᠷᠠᠵᠦ᠂ ᠡᠷᠳᠡᠮ ᠰᠢᠨᠵᠢᠯᠡᠭᠡᠨ ᠦ ᠬᠦᠮᠦᠰ ᠲᠦ ᠰᠡᠳᠬᠢᠯ᠋ ᠠᠮᠤᠷ ᠰᠤᠳᠤᠯᠭᠠᠨ ᠬᠢᠭᠦ᠂ ᠨᠢᠭᠡᠨ ᠰᠡᠳᠭᠢᠯ᠋ ᠢᠶᠡᠷ ᠰᠢᠨ᠎ᠠ ᠵᠢ ᠡᠭᠦᠳᠭᠦ ᠰᠠᠢᠢᠨ ᠰᠠᠢᠢᠬᠠᠨ ᠨᠦᠭᠦᠴᠡᠯ᠋ ᠢ ᠪᠦᠷᠢᠯᠳᠦᠭᠦᠯᠦᠨ ᠦᠭᠴᠦ᠂ ᠡᠯ᠎ᠠ ᠲᠦᠷᠦᠯ᠋ ᠦᠨ ᠴᠢᠳᠠᠪᠤᠷᠢᠳᠠᠨ ᠦ ᠰᠢᠨ᠎ᠠ ᠵᠢ ᠡᠭᠦᠳᠭᠦ ᠠᠮᠢᠵᠢᠷᠠᠯ᠋ ᠦᠨ ᠬᠦᠴᠦᠨ ᠢ ᠨᠢ ᠬᠠᠷᠢᠯᠴᠠᠨ ᠦᠷᠢᠰᠦᠯᠳᠦᠭᠦᠯᠦᠨ ᠬᠦᠭᠵᠢᠭᠡᠵᠦ᠂ ᠠᠪᠢᠶᠠᠰ ᠡᠷᠳᠡᠮ ᠤᠶᠤᠨ ᠤᠬᠠᠭᠠᠨ ᠢ ᠨᠢ ᠬᠦᠢᠴᠡᠳ ᠪᠠᠳᠠᠷᠠᠭᠤᠯᠵᠤ᠂ ᠦᠷᠬᠡᠨ ᠤᠯᠠᠨ ᠰᠤᠳᠤᠯᠭᠠᠨ ᠤ ᠠᠵᠢᠯᠳᠠᠳ  ᠢ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠦᠨ ᠤᠨᠴᠠᠯᠢᠭ ᠳᠠᠢ ᠨᠡᠢᠢᠭᠡᠮ ᠵᠢᠷᠤᠮ ᠦᠨ ᠠᠤᠭ᠎ᠠ ᠦᠢᠯᠡᠰ ᠲᠦ ᠲᠦᠪᠯᠡᠷᠡᠭᠦᠯᠦᠨ ᠤᠷᠤᠯᠴᠠᠭᠤᠯᠪᠠᠯ᠋ ᠵᠤᠬᠢᠨ᠎ᠠ ᠭᠡᠵᠤ ᠢᠯᠡᠷᠭᠡᠢᠢᠯᠡᠵᠡᠭᠡᠪᠡ᠃

    《ᠰᠢᠨ᠎ᠠ ᠵᠢ ᠡᠭᠦᠳᠭᠦ ᠪᠡᠷ ᠬᠦᠭᠵᠢᠯᠳᠡ ᠢᠢᠨ ᠬᠦᠳᠡᠯᠬᠡᠬᠦᠷ ᠪᠤᠯᠭᠠᠵᠦ᠂ ᠦᠭᠡᠷᠡᠴᠢᠯᠡᠯᠳᠡ ᠪᠡᠷ ᠰᠢᠨ᠎ᠠ ᠵᠢ ᠡᠭᠦᠳᠭᠦ ᠢᠢᠨ ᠬᠦᠳᠡᠯᠬᠡᠬᠦᠷ ᠪᠤᠯᠭᠠᠨ᠎ᠠ》ᠭᠡᠵᠤ ᠰᠢᠨᠵᠢᠯᠡᠭᠦ ᠤᠬᠠᠭᠠᠨ ᠮᠡᠷᠭᠡᠵᠢᠯ᠋ ᠦᠨ ᠶᠠᠮᠤᠨ ᠦ ᠨᠠᠮ ᠦᠨ ᠤᠳᠤᠷᠢᠳᠬᠤ ᠳᠤᠭᠤᠢᠢᠯᠠᠩ ᠦᠨ ᠱᠦᠵᠢ᠂ ᠳᠡᠳ᠋ ᠰᠠᠢᠢᠳ ᠸᠠᠩ ᡁᠢ ᠭᠠᠩ ᠲᠦᠯᠦᠭᠡᠯᠡᠭᠴᠢ ᠢᠯᠡᠷᠭᠡᠢᠢᠯᠡᠵᠤ᠂ ᠳᠠᠷᠠᠭᠠᠴᠢ ᠵᠢᠨ ᠠᠯᠬᠤᠮ ᠳ᠋ᠤ ᠬᠦᠮᠦᠨ ᠦ ᠢᠳᠡᠪᠬᠢᠵᠢᠯ᠋ ᠢ ᠪᠠᠳᠠᠷᠠᠭᠤᠯᠬᠤ ᠵᠢᠨ ᠳᠤᠭᠤᠷᠢᠨ ᠳ᠋ᠤ ᠠᠵᠢᠯ᠋ ᠢᠶᠡᠨ ᠦᠷᠨᠢᠭᠦᠯᠵᠤ᠂ ᠰᠢᠨᠵᠢᠯᠡᠭᠦ ᠤᠬᠠᠭᠠᠨ ᠮᠡᠷᠭᠡᠵᠢᠯ᠋ ᠦᠨ ᠪᠠᠢᠢᠭᠤᠯᠤᠮᠵᠢ ᠵᠢᠨ ᠦᠭᠡᠷᠡᠴᠢᠯᠡᠯᠳᠡ ᠵᠢ ᠴᠢᠨᠠᠭᠰᠢᠳᠠ ᠬᠦᠨᠵᠡᠭᠡᠢᠢᠷᠡᠭᠦᠯᠵᠤ᠂ ᠰᠤᠳᠤᠯᠭᠠᠨ ᠤ ᠠᠵᠢᠯᠳᠠᠨ ᠳᠤ ᠡᠷᠭᠡ ᠳᠡᠭᠰᠢ᠂ ᠲᠦᠪ ᠭᠤᠤᠯᠴᠢ᠂ ᠠᠰᠢᠭᠳᠠᠢ ᠪᠠᠢᠢᠬᠤ ᠰᠢᠨᠵᠢᠯᠡᠭᠦ ᠤᠬᠠᠭᠠᠨ ᠮᠡᠷᠭᠡᠵᠢᠯ᠋ ᠦᠨ ᠰᠢᠨ᠎ᠠ ᠵᠢ ᠡᠭᠦᠳᠭᠦ ᠠᠮᠢ ᠠᠬᠤᠢ ᠵᠢᠨ ᠰᠢᠰᠲ᠋ᠧᠮ ᠢ ᠪᠠᠢᠢᠭᠤᠯᠤᠨ ᠦᠭᠭᠦᠨ᠎ᠠ ᠭᠡᠵᠠᠢ᠃

    ᠲᠦᠪ ᠤᠨ ᠠᠵᠤ ᠠᠬᠤᠢᠢᠯᠠᠯ᠋ ᠪᠤᠯ᠋ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ᠋ ᠤᠨ ᠰᠢᠨ᠎ᠠ ᠵᠢ ᠡᠬᠦᠳᠬᠦ ᠲᠤᠯᠭᠠᠭᠤᠷᠢ ᠪᠤᠯᠤᠨ᠎ᠠ᠂ ᠮᠠᠰᠢ ᠶᠡᠬᠡ ᠬᠡᠮᠵᠢᠶᠡᠨ ᠳ᠋ᠤ ᠤᠯᠤᠰ ᠤᠨ ᠰᠢᠨ᠎ᠠ ᠵᠢ ᠡᠬᠦᠳᠬᠦ ᠴᠢᠳᠠᠪᠤᠷᠢ ᠢᠢᠨ ᠬᠢᠷᠢ ᠲᠦᠪᠰᠢᠨ ᠢ ᠲᠦᠯᠦᠬᠡᠯᠡᠵᠤ ᠪᠠᠢᠢᠨ᠎ᠠ᠃《ᠬᠦᠮᠦᠨ ᠤ ᠡᠬᠦᠳᠦᠨ ᠪᠦᠳᠦᠬᠡᠬᠦ ᠴᠢᠳᠠᠪᠤᠷᠢ ᠪᠤᠯ᠋ ᠬᠠᠮᠤᠭ ᠤᠨ ᠴᠢᠬᠤᠯᠡ ᠡᠬᠢ ᠪᠠᠶᠠᠯᠢᠭ ᠪᠤᠯᠤᠨ᠎ᠠ᠃ ᠡᠯᠧᠺᠲ᠋ᠷᠤᠨ ᠰᠢᠨᠵᠢᠯᠡᠬᠦ ᠤᠬᠠᠭᠠᠨ ᠮᠡᠷᠬᠡᠵᠢᠯ᠋ ᠨᠢ ᠰᠦᠯᠵᠢᠶᠡᠨ ᠪ ᠮᠡᠳᠡᠬᠡ ᠵᠠᠩᠬᠢ ᠮᠡᠷᠬᠡᠵᠢᠯ᠋ ᠬᠡᠬᠦ ᠡᠨᠡᠬᠦ ᠪᠦᠮᠪᠦᠷᠴᠡᠭ ᠤᠨ ᠰᠤᠳᠤᠯᠤᠨ ᠨᠡᠬᠡᠬᠡᠯᠳᠡ ᠵᠢᠨ ᠪᠡᠯᠡ ᠤᠷᠤᠭᠤᠯᠤᠯᠳᠠ ᠬᠠᠮᠤᠭ ᠡᠴᠠ ᠲᠦᠪᠯᠡᠷᠡᠭᠰᠡᠨ᠂ ᠰᠢᠨ᠎ᠠ ᠵᠢ ᠡᠬᠦᠳᠬᠦ ᠲᠠᠯ᠎ᠠ ᠪᠡᠷ ᠬᠠᠮᠤᠭ ᠬᠦᠭᠵᠢᠶᠡᠨᠳᠡᠢ ᠬᠦᠷᠢᠶ᠎ᠠ ᠴᠠᠷᠠᠭ᠎ᠠ ᠳᠤ ᠪᠤᠢ᠃ ᠪᠢᠳᠡ ᠤᠢᠢᠯᠠᠭᠠᠬᠳᠠᠬᠤᠨ᠂ ᠪᠠᠢᠢᠭᠤᠯᠤᠮᠵᠢ ᠲᠤᠬᠳᠠᠴᠡ ᠢᠢᠨ ᠰᠢᠨ᠎ᠠ ᠵᠢ ᠡᠬᠦᠳᠬᠦ ᠪᠡᠷ ᠲᠠᠮᠵᠢᠵᠦ᠂ ᠬᠦᠮᠦᠨ ᠪ ᠤᠷᠮ᠎ᠠ ᠬᠦᠴᠦ ᠵᠢ ᠪᠠᠳᠠᠷᠠᠭᠤᠯᠤᠨ᠎ᠠ᠃ ᠵᠢᠱᠢᠶᠡᠯᠡᠪᠡᠯ᠋᠂ 2012 ᠤᠨ ᠪ ᠵᠢᠯ᠋ ᠤᠨ ᠡᠴᠤᠰ ᠲᠤ᠂ ᠲᠤᠮᠳᠠᠳᠤ ᠤᠯᠤᠰ ᠤᠨ ᠡᠯᠧᠺᠲ᠋ᠷᠤᠨ ᠰᠢᠨᠵᠢᠯᠡᠬᠦ ᠤᠬᠠᠭᠠᠨ ᠮᠡᠷᠬᠡᠵᠢᠯ᠋ ᠤᠨ ᠪᠦᠯᠦᠭᠯᠡᠯ᠋ ᠤᠨ ᠺᠤᠮᠫᠠᠨᠢ ᠨᠢ ᠲᠡᠷᠢᠬᠦᠨ ᠰᠢᠨᠵᠢᠯᠡᠬᠦ ᠤᠬᠠᠭᠠᠨᠳᠠᠨ ᠪ ᠲᠦᠷᠢᠮ ᠢ ᠬᠡᠷᠡᠭᠵᠢᠬᠦᠯᠵᠤ᠂ ᠲᠠᠭᠠᠭᠤᠯᠤᠬᠴᠢ ᠰᠢᠨᠵᠢᠯᠡᠬᠦ ᠤᠬᠠᠭᠠᠨᠳᠠᠨ ᠳ᠋ᠤ ᠢᠷᠠᠭᠤ ᠠᠯᠳᠠᠷ ᠪᠤᠯᠤᠨ ᠭᠦᠯᠦᠰᠤ ᠬᠠᠷᠡᠮᠵᠢ ᠤᠯᠭᠤᠬᠰᠡᠨ ᠢᠶᠡᠷ ᠦᠯᠤ ᠪᠠᠷᠠᠮ᠂ ᠭᠤᠤᠯ᠋ ᠨᠢ ᠲᠡᠳᠡᠨᠦᠰ ᠲᠤ ᠪᠦᠯᠬᠦᠮ ᠲᠠᠭᠠᠭᠤᠯᠬᠤ᠂ ᠠᠵᠢᠯ᠋ ᠤᠨ ᠦᠷ᠎ᠠ ᠪᠦᠳᠦᠬᠡᠯ᠋ ᠭᠠᠷᠭᠠᠬᠤ ᠲᠡᠪᠴᠡᠩ ᠬᠠᠩᠭᠠᠵᠤ᠂ ᠵᠢᠱᠢᠶᠡᠴᠢ ᠪᠤᠯᠤᠨ ᠲᠠᠭᠠᠭᠤᠯᠤᠬᠴᠢ ᠢᠢᠨ ᠦᠢᠯᠡᠳᠤᠯ᠋ ᠢ ᠨᠢ ᠨᠡᠩ ᠰᠠᠢᠢᠨ ᠪᠠᠳᠠᠷᠠᠭᠤᠯᠵᠡᠢ》ᠬᠡᠵᠤ ᠲᠤᠮᠳᠠᠳᠤ ᠤᠯᠤᠰ ᠤᠨ ᠡᠯᠧᠺᠲ᠋ᠷᠤᠨ ᠰᠢᠨᠵᠢᠯᠡᠬᠦ ᠤᠬᠠᠭᠠᠨ ᠮᠡᠷᠬᠡᠵᠢᠯ᠋ ᠤᠨ ᠪᠦᠯᠦᠭᠯᠡᠯ᠋ ᠺᠤᠮᠫᠠᠨᠢ ᠢᠢᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠬᠡᠷᠡᠭ ᠮᠡᠳᠡᠭᠴᠢᠳ ᠤᠨ ᠲᠠᠷᠤᠭ᠎ᠠ ᠰᠢᠶᠦ᠋ᠩ ᠴᠢᠶᠦ᠋ᠨ ᠯᠢ ᠲᠦᠯᠦᠭᠡᠯᠡᠭᠴᠢ ᠶᠠᠷᠢᠨ᠎ᠠ᠃

    ᠬᠦᠢᠵᠧᠤ ᠶᠡᠬᠡ ᠰᠤᠷᠭᠠᠭᠤᠯᠢ ᠢᠢᠨ ᠨᠠᠮ ᠤᠨ ᠬᠤᠷᠢᠶᠡᠨ ᠪ ᠱᠦᠵᠢ᠂ ᠵᠠᠬᠢᠷᠤᠯ᠋ ᠴᠧᠨ ᠵᠢᠶᠠᠨ ᠲᠦᠯᠦᠬᠡᠯᠡᠭᠴᠢ ᠢᠢᠨ ᠦᠵᠡᠬᠦ ᠪᠡᠷ᠂ ᠶᠡᠬᠡ ᠲᠡᠬᠡᠳᠤ ᠰᠤᠷᠭᠠᠭᠤᠯᠢ ᠪᠤᠯ᠋ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠠ ᠵᠢ ᠡᠬᠦᠳᠬᠦ ᠮᠠᠰᠢ ᠴᠢᠬᠤᠯᠡ ᠰᠠᠭᠤᠷᠢᠨ ᠪᠤᠯᠤᠨ᠎ᠠ᠃ ᠲᠤᠮᠳᠠᠳᠤ ᠤᠯᠤᠰ ᠤᠨ ᠠᠷᠪᠠᠨ ᠤ ᠲᠤᠯᠤᠭᠠᠨ ᠬᠤᠪᠢ ᠤᠷᠴᠢᠮ ᠤᠨ ᠰᠢᠨᠵᠢᠯᠡᠬᠦ ᠤᠬᠠᠭᠠᠨ ᠮᠡᠷᠬᠡᠵᠢᠯ᠋ ᠤᠨ ᠰᠤᠳᠤᠯᠭᠠᠨ ᠪ ᠦᠷ᠎ᠠ ᠪᠦᠳᠦᠬᠡᠯ᠋᠂ ᠡᠬᠦᠳᠦᠨ ᠪᠦᠳᠦᠬᠡᠭᠰᠡᠨ ᠡᠬᠦᠳᠦᠯᠳᠡ ᠨᠢ ᠪᠦᠷ ᠶᠡᠬᠡ ᠲᠡᠬᠡᠳᠤ ᠰᠤᠷᠭᠠᠭᠤᠯᠢ ᠡᠴᠡ ᠢᠷᠡᠯᠳᠡ ᠲᠠᠢ᠃

    《ᠡᠷᠬᠡᠪᠰᠢ ᠡᠨᠡᠬᠦ ᠰᠠᠭᠤᠷᠢᠨ ᠤ ᠦᠢᠯᠡᠳᠤᠯ᠋ ᠢ ᠰᠠᠢᠢᠳᠤᠷ ᠪᠠᠳᠠᠷᠠᠭᠤᠯᠵᠤ᠂ ᠤᠷᠤᠯᠭ᠎ᠠ ᠢᠢᠨ ᠬᠤᠪᠢᠶᠠᠷᠢᠯᠠᠯᠳᠡ ᠢᠢᠨ ᠦᠬᠡᠷᠡᠴᠢᠯᠡᠯᠳᠡ ᠪᠡᠷ ᠲᠠᠮᠵᠢᠨ᠂ ᠡᠬᠦᠳᠦᠨ ᠪᠦᠳᠦᠬᠡᠯᠳᠡ ᠲᠠᠢ ᠪᠠᠬᠰᠢ ᠵᠢ〈ᠨᠡᠷ᠎ᠠ ᠠᠯᠳᠠᠷ ᠪᠠ ᠠᠰᠢᠬ ᠤᠷᠤᠯᠭ᠎ᠠ ᠵᠢ ᠬᠠᠮᠳᠤᠪᠡᠷ ᠤᠯᠭᠤᠬᠤ〉ᠪᠤᠯᠭᠠᠨ᠎ᠠ》ᠬᠡᠪᠡ᠃

    ᠪᠠᠢᠢᠯᠳᠤᠬᠤ ᠪᠤᠳᠤᠯᠭ᠎ᠠ ᠢᠢᠨ ᠴᠢᠳᠠᠪᠤᠷᠢᠳᠠᠨ ᠢ ᠬᠦᠮᠦᠵᠢᠬᠦᠯᠬᠦ ᠳ᠋ᠤ ᠲᠡᠪᠴᠡᠩ ᠢᠶᠡᠨ ᠰᠠᠢᠢᠳᠤᠷ ᠪᠠᠢᠢᠭᠤᠯᠬᠤ ᠬᠡᠷᠡᠭᠳᠡᠢ᠃ ᠰᠦᠵᠧᠤ ᠠᠵᠤ ᠦᠢᠯᠡᠳᠪᠤᠷᠢ ᠢᠢᠨ ᠬᠦᠷᠢᠶᠡᠯᠡᠩ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠢᠢᠨ ᠱᠦᠵᠢ ᠰᠢᠤᠢ ᠬᠤᠢ ᠮᠢᠨ ᠲᠦᠯᠦᠬᠡᠯᠡᠭᠴᠢ ᠢᠢᠨ ᠬᠡᠯᠡᠬᠦ ᠪᠡᠷ᠂ ᠲᠤᠬᠠᠢ ᠢᠢᠨ ᠭᠠᠵᠡᠷ ᠨᠢ 10 ᠭᠠᠷᠤᠢ《ᠤᠯᠤᠰ ᠤᠨ ᠠᠩᠬᠢ》 ᠶ᠋ᠢᠨ ᠰᠢᠨᠵᠢᠯᠡᠬᠦ ᠤᠬᠠᠭᠠᠨ ᠮᠡᠷᠬᠡᠵᠢᠯ᠋ ᠤᠨ ᠰᠤᠳᠤᠯᠭᠠᠨ ᠪ ᠬᠦᠷᠢᠶᠠᠯᠠᠩ ᠲᠠᠰᠤᠭ ᠢ ᠤᠷᠤᠭᠤᠯᠤᠨ ᠠᠪᠴᠢᠷᠠᠵᠦ᠂ 500 ᠰᠢᠨ᠎ᠠ ᠬᠡᠯᠪᠡᠷᠢ ᠢᠢᠨ ᠰᠤᠳᠤᠯᠤᠨ ᠨᠡᠬᠡᠬᠡᠬᠦ ᠪᠠᠢᠢᠭᠤᠯᠤᠮᠵᠢ ᠵᠢ ᠲᠦᠪᠯᠡᠷᠡᠬᠦᠯᠵᠤ᠂ ᠤᠯᠤᠰ ᠤᠨ《ᠮᠢᠩᠭᠠᠨ ᠬᠦᠮᠦᠨ ᠪ ᠲᠦᠯᠦᠪᠯᠡᠬᠡ》 ᠶ᠋ᠢᠨ 143 ᠴᠢᠳᠠᠪᠤᠷᠢᠳᠠᠨ ᠢ ᠤᠷᠤᠭᠤᠯᠤᠨ ᠠᠪᠴᠢᠷᠠᠵᠠᠢ᠃ ᠡᠳᠡᠬᠡᠷ ᠴᠢᠳᠠᠪᠤᠷᠢᠳᠠᠨ ᠨᠢ ᠰᠢᠨᠵᠢᠯᠡᠬᠦ ᠤᠬᠠᠭᠠᠨ ᠮᠡᠷᠬᠡᠵᠢᠯ᠋ ᠤᠨ ᠰᠤᠳᠤᠯᠭᠠᠨ ᠤ ᠰᠢᠨ᠎ᠠ ᠵᠢ ᠡᠬᠦᠳᠬᠦ ᠪᠡᠷ ᠲᠠᠮᠵᠢᠨ ᠤᠯᠠᠨ ᠦᠢᠯᠡᠳᠬᠦᠨ ᠤ ᠤᠯᠠᠨ ᠤᠯᠤᠰ ᠤᠨ ᠭᠠᠬᠴᠠᠭᠠᠷ ᠡᠵᠡᠮᠰᠢᠯ᠋ ᠢ ᠡᠪᠳᠡᠵᠤ᠂ ᠭᠠᠵᠡᠷ ᠤᠷᠤᠨ ᠪ ᠬᠦᠭᠵᠢᠯᠳᠡ ᠳ᠋ᠤ ᠮᠠᠰᠢ ᠶᠡᠬᠡ ᠬᠦᠳᠡᠯᠬᠡᠬᠦ ᠬᠦᠴᠦ ᠵᠢ ᠤᠷᠤᠭᠤᠯᠤᠬᠰᠠᠨ ᠪᠠᠢᠢᠨ᠎ᠠ᠃

    ᠨᠠᠮ ᠤᠨ ᠠᠷᠪᠡ ᠶᠢᠰᠦᠳᠦᠬᠡᠷ ᠶᠡᠬᠡ ᠬᠤᠷᠠᠯ᠋ ᠤᠨ ᠢᠯᠡᠳᠬᠡᠯ᠋ ᠳ᠋ᠤ᠂ ᠮᠡᠳᠡᠯᠬᠡ ᠲᠠᠢ᠂ ᠮᠡᠷᠬᠡᠵᠢᠯ᠋ ᠲᠡᠢ᠂ ᠰᠢᠨ᠎ᠠ ᠵᠢ ᠡᠬᠦᠳᠦᠭᠰᠡᠨ ᠬᠦᠳᠡᠯᠮᠤᠷᠢᠴᠢᠨ ᠤ ᠡᠩᠨᠡᠬᠡ ᠵᠢ ᠪᠠᠢᠢᠭᠤᠯᠵᠤ᠂ ᠬᠦᠳᠡᠯᠮᠤᠷᠢ ᠵᠢᠨ ᠵᠢᠱᠢᠶᠡᠴᠢ ᠵᠢᠨ ᠵᠤᠷᠢᠭ ᠰᠠᠨᠠᠭ᠎ᠠ ᠪᠤᠯᠤᠨ ᠤᠷᠠᠨ ᠲᠠᠷᠬᠠᠨ ᠪ ᠵᠤᠷᠢᠭ ᠰᠠᠨ᠋ᠨᠭ᠎ᠠ ᠵᠢ ᠪᠠᠳᠠᠷᠠᠭᠤᠯᠤᠨ᠎ᠠ ᠬᠡᠵᠤ ᠵᠢᠭᠠᠵᠤ ᠭᠠᠷᠭᠠᠪᠠ᠃

    《ᠨᠢᠬᠡ ᠮᠡᠷᠬᠡᠵᠢᠯ᠋ ᠤᠨ ᠠᠵᠢᠯᠴᠢᠨ ᠪᠤᠯᠤᠬᠰᠠᠨ ᠪ ᠬᠤᠪᠢ ᠳ᠋ᠤ᠂ ᠪᠢ ᠬᠤᠢᠢᠰᠢᠳᠡ ᠢᠢᠨ ᠠᠵᠢᠯ᠋ ᠤᠨ ᠲᠤᠮᠳᠡ ᠪᠠᠨ ᠬᠤᠪᠢ ᠲᠠᠬᠢᠨ ᠴᠢᠷᠮᠠᠢᠢᠨ᠂ ᠠᠵᠢᠯ᠋ ᠳ᠋ᠠᠭᠠᠨ ᠨᠡᠩ ᠨᠠᠷᠢᠨ ᠨᠢᠮᠪᠠᠢ ᠪᠠᠢᠢᠵᠤ᠂ ᠬᠤᠪᠢᠳᠠᠬᠰᠠᠨ ᠠᠵᠢᠯ᠋ ᠤᠨ ᠢᠶᠡᠨ ᠨᠢᠬᠡ ᠰᠡᠯᠪᠢᠭ᠌ ᠲᠤᠨᠤᠭ ᠢ ᠴᠤ ᠦᠨᠳᠦᠷ ᠪᠠᠷᠢᠮᠵᠢᠶ᠎ᠠ ᠪᠡᠷ ᠪᠡᠶᠡᠯᠡᠬᠦᠯᠵᠦ᠂ ᠬᠦᠨ ᠲᠠᠯᠠᠢ ᠳ᠋ᠡᠬᠢ ᠲᠤᠨᠤᠬᠯᠠᠯ᠋ ᠲᠦᠭᠦᠭᠡᠷᠦᠮᠵᠢ ᠵᠢᠨ ᠠᠵᠢᠯᠯᠠᠭᠠᠨ ᠤ ᠠᠮᠤᠷ ᠲᠦᠪᠰᠢᠨ ᠢ ᠪᠠᠳᠤᠯᠠᠵᠤ᠂ ᠡᠬᠡ ᠤᠯᠤᠰ ᠤᠨ ᠲᠠᠯᠠᠢ ᠲᠠᠩᠬᠢᠰ ᠤᠨ ᠬᠦᠴᠦᠷᠬᠡᠭ᠌ ᠤᠯᠤᠰ ᠤᠨ ᠬᠦᠰᠡᠯ᠋ ᠵᠡᠬᠦᠳᠦ ᠵᠢ ᠪᠡᠶᠡᠯᠡᠬᠦᠯᠬᠦ ᠳ᠋ᠤ ᠦᠪᠡᠷ ᠤᠨ ᠠᠯᠢᠪᠠ ᠪᠠᠨ ᠵᠤᠷᠢᠭᠤᠯᠤᠨ᠎ᠠ》 ᠬᠡᠵᠤ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠪ ᠬᠦᠷᠢᠶᠡᠯᠡᠩ ᠤᠨ ᠬᠦᠨ ᠲᠠᠯᠠᠢ ᠢᠢᠨ ᠰᠢᠨᠵᠢᠯᠡᠬᠦ ᠤᠬᠠᠭᠠᠨ ᠪᠤᠯᠤᠨ ᠢᠨᠵᠧᠨᠧᠷᠢᠩ ᠤᠨ ᠰᠤᠳᠤᠯᠭᠠᠨ ᠤ ᠭᠠᠵᠡᠷ ᠤᠨ ᠲᠤᠷᠰᠢᠯᠳᠡ ᠢᠢᠨ ᠲᠠᠰᠤᠭ ᠤᠨ ᠦᠷᠦᠯᠪᠢ ᠢᠢᠨ ᠠᠵᠢᠯᠴᠢᠨ ᠵᠧᠤ ᠬᠤᠤ ᠲᠦᠯᠦᠬᠡᠯᠡᠭᠴᠢ ᠶᠠᠷᠢᠵᠤ ᠪᠠᠢᠢᠯ᠎ᠠ᠃

ᠢᠷᠡᠯᠳᠡ᠄ ᠰᠢᠨᠬᠤᠧᠠ ᠬᠤᠷᠢᠶ᠍᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121850339