蒙古文网站Logo
ᠰᠢᠨᠬᠤᠸᠠ ᠮᠤᠩᠭ᠋ᠤᠯ ᠨᠧᠲ

ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠡᠤᠬᠡᠳᠤ ᠡᠬᠦᠷᠬᠡ ᠶᠢ ᠡᠬᠦᠷᠬᠡᠯᠡᠨᠡᠮ

2017-10-24 21:19

ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠡᠤᠬᠡᠳᠤ ᠡᠬᠦᠷᠬᠡ ᠶᠢ ᠡᠬᠦᠷᠬᠡᠯᠡᠨᠡᠮ-ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠠᠭᠤᠤ ᠶᠡᠭᠡ ᠲᠡᠮᠡᠴᠡᠯ ᠠᠭᠤᠤ ᠶᠡᠭᠡ ᠢᠨᠵᠧᠨᠧᠷᠢᠩ ᠠᠭᠤᠤ ᠶᠡᠭᠡ ᠦᠢᠯᠡᠰ ᠠᠭᠤᠤ ᠶᠡᠭᠡ ᠬᠦᠰᠡᠯ ᠵᠡᠬᠦᠳᠤ ᠶᠢ ᠬᠠᠷᠠᠬᠤᠢ

    ᠦᠨᠳᠦᠰᠦᠳᠡᠨ ᠤ ᠠᠯᠤᠰ ᠢᠷᠡᠬᠡᠳᠤᠢ ᠬᠤᠪᠢ ᠵᠠᠶᠠᠭ᠎ᠠ ᠶᠢ ᠡᠬᠦᠷᠬᠡᠯᠡᠬᠦ ᠠᠴᠠ ᠢᠯᠡᠬᠦᠤ ᠠᠭᠤᠤ ᠶᠡᠭᠡ ᠡᠬᠦᠷᠬᠡᠯᠡᠯ ᠬᠡᠮᠡᠨ ᠪᠠᠶᠢᠬᠤ ᠦᠭᠡᠢ ᠶᠤᠮ᠃

    ᠠᠷᠠᠳ ᠲᠦᠮᠡᠨ ᠤ ᠬᠠᠮᠳᠤ ᠶᠢᠨ ᠬᠦᠰᠡᠯ ᠵᠡᠬᠦᠳᠤ ᠶᠢ ᠪᠡᠶᠡᠯᠡᠬᠦᠯᠬᠦ ᠠᠴᠠ ᠢᠯᠡᠬᠦᠤ ᠡᠷᠬᠢᠮ ᠲᠡᠬᠡᠳᠤ ᠲᠡᠤᠬᠡᠳᠤ ᠡᠬᠦᠷᠬᠡ ᠬᠡᠮᠡᠨ ᠪᠠᠶᠢᠬᠤ ᠦᠭᠡᠢ ᠶᠤᠮ᠃

    ᠪᠤᠰᠴᠦ ᠵᠤᠭᠰᠤᠨ᠂ ᠪᠠᠶᠠᠵᠢᠨ ᠴᠢᠨᠡᠭᠡᠯᠢᠭ᠍ᠵᠢᠬᠦ ᠠᠴᠠ ᠬᠦᠴᠦᠷᠭᠡᠭ᠍ᠵᠢᠬᠦ ᠬᠦᠷᠳᠡᠯ᠎ᠡ᠂ ᠭᠠᠰᠠᠯᠠᠩ ᠵᠤᠪᠠᠯᠠᠩ ᠢ ᠬᠠᠰᠢᠷᠠᠳᠠᠯ᠎ᠠ ᠠᠮᠰᠠᠵᠥ ᠬᠦᠴᠦᠷᠭᠡᠭ᠍ᠵᠢᠬᠦ ᠪᠠᠷ ᠬᠦᠴᠦᠯᠡᠨ ᠴᠢᠷᠮᠠᠶᠢᠭᠰᠠᠠ ᠲᠤᠮᠳᠠᠳᠤ ᠤᠯᠤᠰ ᠤᠨ ᠠᠷᠠᠳ ᠲᠦᠮᠡᠨ ᠦᠨᠳᠦᠰᠦᠳᠡᠨ ᠤ ᠰᠡᠷᠬᠦᠨ ᠮᠠᠨᠳᠤᠯᠳᠠ ᠶᠢ ᠪᠡᠶᠡᠯᠡᠭᠦᠯᠬᠦ ᠠᠤᠭ᠎ᠠ ᠬᠠᠷᠠᠯᠳᠡ ᠳᠤ ᠪᠡᠨ ᠡᠶᠢᠨᠬᠦ ᠤᠢᠢᠷᠡᠳᠤᠵᠤ ᠦᠵᠡᠬᠡᠳᠤᠢ᠃

    ᠠᠭᠤᠤ ᠶᠡᠭᠡ ᠦᠢᠯᠡᠰ ᠢ ᠴᠤᠬᠴᠠᠯᠠᠵᠤ᠂ ᠠᠭᠤᠤ ᠶᠡᠭᠡ ᠲᠡᠮᠡᠴᠡᠯ ᠤᠨ ᠲᠤᠮᠳᠠ ᠤᠷᠮᠠᠰᠢᠵᠥ᠂ ᠠᠭᠤᠤ ᠶᠡᠭᠡ ᠢᠨᠵᠧᠨᠧᠷᠢᠩ ᠢᠶᠡᠷ ᠲᠤᠯᠭᠠᠭᠤᠷᠢᠯᠠᠵᠥ᠂ ᠠᠭᠤᠤ ᠶᠡᠭᠡ ᠬᠦᠰᠡᠯ ᠵᠡᠬᠦᠳᠤ ᠲᠡᠰᠢ ᠤᠷᠤᠭᠰᠢᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠲᠤᠤᠷ᠎ᠠ᠂ ᠲᠤᠮᠳᠠᠳᠤ ᠤᠯᠤᠰ ᠤᠨ ᠠᠪᠤᠷᠭᠤ ᠬᠦᠯᠬᠡ ᠤᠩ᠋ᠭᠤᠴᠠ ᠲᠠᠪᠠᠯᠭᠠᠨ ᠢ ᠰᠦᠷᠦᠨ ᠤᠷᠤᠭᠰᠢᠯᠠᠵᠥ᠂ ᠰᠢᠨ᠎ᠡ ᠠᠶᠠᠯᠠᠯ ᠳᠠᠭᠠᠨ ᠰᠢᠨ᠎ᠡ ᠠᠭᠤᠤ ᠶᠡᠭᠡ ᠬᠠᠭᠤᠳᠠᠰᠤ ᠶᠢ ᠪᠢᠴᠢᠭᠯᠡᠨ᠎ᠡ᠃

ᠬᠢᠵᠠᠭᠠᠯᠠᠰᠢ ᠦᠭᠡᠢ ᠠᠷᠢᠭᠤᠨ ᠲᠠᠷᠬᠠᠨ ᠡᠬᠦᠷᠬᠡ᠄ ᠤᠢᠢᠷ᠎ᠠ ᠦᠶ᠎ᠡ ᠠᠴᠠ ᠨᠠᠰᠢᠬᠢ ᠠᠭᠤᠤ ᠶᠡᠭᠡ ᠬᠦᠰᠡᠯ ᠵᠡᠬᠦᠳᠤ ᠶᠢ ᠡᠭᠦᠷᠭᠡᠯᠡᠵᠤ᠂ ᠲᠤᠮᠳᠠᠳᠤ ᠤᠯᠤᠰ ᠤᠨ ᠡᠪ ᠬᠠᠮᠳᠤ ᠨᠠᠮ ᠲᠦᠭ ᠲᠦᠮᠡᠨ ᠠᠷᠠᠳ ᠲᠦᠮᠡᠨ ᠢ ᠲᠠᠭᠠᠭᠤᠯᠤᠨ ᠠᠭᠤᠤ ᠶᠡᠭᠡ ᠰᠡᠷᠬᠦᠨ ᠮᠠᠨᠳᠤᠯᠳᠠ ᠶᠢᠨ ᠰᠢᠨ᠎ᠡ ᠠᠶᠠᠯᠠᠯ ᠳᠠᠭᠠᠨ ᠡᠷᠡᠯᠬᠡᠭ᠌ ᠢᠶᠡᠷ ᠤᠷᠤᠭᠰᠢᠯᠠᠨ᠎ᠠ

    2017 ᠤᠨ ᠤ 10 ᠰᠠᠷ᠎ᠠ ᠶᠢᠨ 18 ᠤ ᠦᠳᠡ  ᠶᠢᠨ ᠡᠮᠤᠨ᠎ᠡ᠂ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ᠃ ᠰᠢ ᠶᠢᠨ ᠫᠢᠩ ᠨᠦᠬᠦᠷ ᠤᠨ ᠬᠦᠩᠬᠢᠨᠡᠮ᠎ᠡ ᠲᠠᠭᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠭᠰᠠᠠ ᠲᠦᠯᠥᠬᠡᠯᠡᠭᠴᠢᠳ ᠤᠨ ᠴᠢᠬᠢᠨ ᠳᠤ ᠲᠠᠭᠤᠷᠢᠰᠴᠦ᠂ ᠲᠤᠮᠳᠠᠳᠤ ᠶᠢᠨ ᠬᠦᠪᠡᠬᠦᠳ ᠦᠬᠢᠳ ᠤᠨ ᠰᠡᠳᠬᠢᠯ ᠳᠤ ᠴᠤᠤᠷᠢᠶᠠᠳᠤᠨ᠎ᠠ᠃

    《ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠪᠤᠯ ᠤᠢᠢᠷ᠎ᠠ ᠦᠶ᠎ᠡ ᠠᠴᠠ ᠨᠠᠰᠢᠬᠢ ᠲᠤᠮᠳᠠᠳᠤ ᠶᠢᠨ ᠦᠨᠳᠦᠰᠦᠳᠡᠨ ᠤ ᠬᠠᠮᠤᠭ ᠤᠨ ᠠᠭᠤᠤ ᠶᠡᠭᠡ ᠬᠦᠰᠡᠯ ᠵᠡᠬᠦᠳᠤ ᠮᠦᠨ》᠃

    ᠡᠨᠡ ᠪᠤᠯ ᠡᠷᠬᠢᠴᠡᠬᠦᠯᠥᠯ ᠪᠤᠯᠬᠤ ᠪᠦᠭᠡᠳ ᠲᠤᠩᠬᠠᠭᠯᠠᠯ ᠪᠤᠯᠤᠨ᠎ᠠ᠂ 5 ᠵᠢᠯ ᠤᠨ ᠡᠮᠤᠨ᠎ᠡ 《ᠰᠡᠷᠬᠦᠨ ᠮᠠᠨᠳᠤᠯᠳᠠ ᠶᠢᠨ ᠵᠠᠮ》ᠬᠡᠬᠦ ᠦᠵᠡᠰᠬᠦᠯᠡᠩ ᠢ ᠲᠤᠭᠤᠷᠢᠨ ᠦᠵᠡᠬᠦ ᠦᠶ᠎ᠡ ᠳᠤ 《ᠲᠤᠮᠳᠠᠳᠤ ᠶᠢᠨ ᠵᠡᠬᠦᠳᠤ》 ᠶ᠋ᠢ ᠲᠠᠶᠢᠯᠪᠤᠷᠢᠯᠠᠭᠰᠠᠠ ᠲᠠᠢ ᠠᠳᠠᠯᠢᠬᠠᠨ ᠰᠡᠳᠬᠢᠯᠬᠡ ᠬᠦᠨ ᠵᠤᠷᠢᠭ ᠪᠠᠲᠤ ᠠᠵᠢ᠃

    ᠡᠨᠡ ᠪᠤᠯ ᠡᠷᠢᠯᠬᠢᠯᠡᠯ ᠪᠤᠯᠬᠤ ᠪᠦᠭᠡᠳ ᠡᠬᠦᠷᠬᠡᠯᠡᠯ ᠪᠤᠯᠤᠨ᠎ᠠ᠂ ᠲᠤᠮᠳᠠᠳᠤ ᠤᠯᠤᠰ ᠤᠨ ᠡᠪ ᠬᠠᠮᠳᠤᠴᠤᠳ ᠤᠨ ᠲᠡᠤᠬᠡᠳᠤ ᠡᠬᠦᠷᠬᠡ ᠶᠢ ᠦᠪᠡᠷ ᠤᠨ ᠠᠶᠠᠯᠠᠯ ᠳᠠᠭᠠᠨ ᠵᠤᠷᠢᠭᠳᠠᠢ ᠪᠢᠴᠢᠭᠯᠡᠵᠡᠢ᠃

    《ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠮᠡᠨᠳᠦᠯᠡᠮᠡᠭᠴᠡ ᠪᠠᠨ ᠡᠬᠦᠷᠬᠡᠯᠡᠭᠰᠡᠡ ᠲᠦᠪ ᠴᠢᠩᠭ᠎ᠠ ᠡᠬᠦᠷᠬᠡ ᠮᠥᠨ》ᠬᠡᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠥᠬᠡᠯᠡᠭᠴᠢ᠂ ᠲᠦᠪ ᠤᠨ ᠨᠠᠮ ᠤᠨ ᠲᠡᠤᠬᠡ ᠰᠤᠳᠤᠯᠬᠤ ᠲᠠᠰᠤᠭ ᠤᠨ ᠡᠷᠬᠢᠯᠡᠭᠴᠢ ᠴᠢᠤᠢ ᠴᠢᠩ ᠱᠠᠨ ᠬᠡᠯᠡᠭᠰᠡᠨ ᠨᠢ᠂ 《ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠦᠢᠯᠡᠰ》 ᠢ᠋《ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ》 ᠲᠠᠢ ᠵᠡᠷᠬᠡᠴᠡᠬᠦᠯᠥᠭᠰᠡᠡ ᠠᠴᠠ ᠠᠪᠤᠭᠠᠳ 《ᠮᠠᠰᠢ ᠤᠯᠠᠨ ᠰᠢᠨ᠎ᠡ ᠲᠡᠤᠬᠡᠳᠤ ᠤᠨᠴᠠᠯᠢᠭ ᠲᠠᠢ ᠠᠭᠤᠤ ᠶᠡᠭᠡ ᠲᠡᠮᠡᠴᠡᠯ》 ᠢ᠋ ᠲᠤᠳᠤᠷᠬᠠᠢᠢᠯᠠᠭᠰᠠᠠ ᠬᠦᠷᠳᠡᠯ᠎ᠡ᠂ ᠲᠠᠬᠢᠭᠠᠳ 《ᠠᠭᠤᠤ ᠶᠡᠭᠡ ᠬᠦᠰᠡᠯ ᠵᠡᠬᠦᠳᠤ》 ᠶ᠋ᠢ ᠲᠤᠳᠤᠷᠬᠠᠢ ᠲᠤᠷᠠᠳᠤᠭᠰᠠᠠ ᠬᠦᠷᠳᠡᠯ᠎ᠡ᠂ 《ᠠᠭᠤᠤ ᠶᠡᠭᠡ ᠲᠡᠮᠡᠴᠡᠯ》᠂ 《ᠠᠭᠤᠤ ᠶᠡᠭᠡ ᠢᠨᠵᠧᠨᠧᠷᠢᠩ》᠂ 《ᠠᠭᠤᠤ ᠶᠡᠭᠡ ᠦᠢᠯᠡᠰ》 ᠲᠠᠢ ᠨᠢᠬᠳᠠ ᠬᠤᠯᠪᠤᠯᠳᠤᠭᠰᠠᠠ᠂ ᠬᠠᠷᠢᠯᠴᠠᠨ ᠨᠡᠪᠳᠡᠷᠡᠯᠴᠡᠭᠰᠡᠡ᠂ ᠬᠠᠷᠢᠯᠴᠠᠨ ᠦᠢᠯᠡᠳᠦᠯᠴᠡᠭᠰᠡᠡ ᠤᠷᠭᠠᠨᠢᠭ ᠪᠦᠬᠦᠯᠢ ᠴᠤᠭᠴᠠ ᠪᠤᠯᠤᠬᠰᠠᠨ ᠪᠠᠶᠢᠨ᠎ᠠ ᠬᠡᠪᠡ᠃

    ᠲᠡᠤᠬᠡ ᠶᠠᠷᠤᠨᠢ ᠬᠦᠮᠥᠰ ᠲᠤ ᠲᠤᠳᠤᠷᠬᠠᠢ ᠲᠤᠬᠢᠶ᠎ᠠ ᠦᠭᠳᠡᠭ ᠰᠠᠨ᠃

    ᠬᠤᠪᠢᠰᠬᠠᠯ ᠤᠨ ᠤᠨ ᠰᠠᠷ᠎ᠠ ᠶᠢᠨ ᠰᠦᠷ ᠲᠠᠯᠠᠶᠢᠴᠠᠳᠠᠢ ᠬᠦᠴᠦᠳᠤ ᠤᠷᠤᠰᠬᠠᠯ ᠢ ᠲᠤᠭᠤᠯᠵᠥ᠂ ᠪᠦᠳᠦᠭᠡᠨ ᠪᠠᠶᠢᠭᠤᠯᠤᠯᠳᠠ ᠶᠢᠨ ᠤᠨ ᠵᠢᠯ ᠤᠳ ᠤᠨ ᠭᠠᠯ ᠬᠠᠯᠠᠭᠤᠨ ᠲᠠᠪᠠᠯᠭᠠᠨ ᠢ ᠦᠩᠬᠡᠷᠡᠭᠡᠵᠥ᠂ ᠪᠠᠢᠭᠤᠯᠤᠭᠳᠠᠭᠰᠠᠠ ᠡᠳᠤᠷ ᠠᠴᠠ ᠪᠠᠨ ᠡᠬᠢᠯᠡᠨ ᠲᠤᠮᠳᠠᠳᠤ ᠤᠯᠤᠰ ᠤᠨ ᠡᠪ ᠬᠠᠮᠳᠤ ᠨᠠᠮ ᠢᠮᠠᠬᠳᠠ ᠦᠨᠳᠦᠰᠦᠳᠡᠨ ᠤ ᠲᠤᠰᠠᠭᠠᠷ ᠲᠤᠭᠳᠠᠨᠢᠯ ᠪᠤᠯᠤᠨ ᠠᠷᠠᠳ ᠲᠦᠮᠡᠨ ᠤ ᠴᠢᠯᠥᠬᠡᠯᠡᠯᠳᠡ ᠶᠢ ᠲᠡᠮᠡᠴᠡᠨ ᠤᠯᠬᠤ᠂ ᠤᠯᠤᠰ ᠤᠨ ᠪᠠᠶᠠᠵᠢᠯ ᠬᠦᠴᠦᠷᠭᠡᠭ᠍ᠵᠢᠯ ᠪᠤᠯᠤᠨ ᠠᠷᠠᠳ ᠲᠦᠮᠡᠨ ᠤ ᠵᠤᠯ ᠵᠢᠷᠭᠠᠯ ᠢ ᠪᠡᠶᠡᠯᠡᠬᠦᠯᠬᠦ ᠪᠠᠷ ᠡᠬᠦᠷᠬᠡ ᠪᠠᠨ ᠪᠤᠯᠭᠠᠵᠥ᠂ ᠠᠷᠠᠳ ᠲᠦᠮᠡᠨ ᠢ ᠲᠠᠭᠠᠭᠤᠯᠤᠨ ᠰᠦᠷ ᠲᠠᠯᠠᠶᠢᠴᠠᠳᠠᠢ ᠲᠡᠮᠡᠴᠡᠯ ᠦᠷᠨᠢᠬᠦᠯᠪᠡ᠃

    ᠦᠭᠡᠷᠡᠴᠢᠯᠡᠯᠳᠡ ᠨᠡᠬᠡᠬᠡᠯᠳᠡ ᠶᠢᠨ ᠴᠠᠭ ᠦᠶ᠎ᠡ ᠶᠢᠨ ᠰᠠᠯᠬᠢ ᠪᠤᠷᠤᠭᠠᠨ ᠢ ᠲᠤᠭᠤᠯᠤᠨ ᠬᠦᠭ᠍ᠵᠢᠯᠳᠡ ᠶᠢ ᠬᠠᠷᠰᠢᠯᠠᠵᠥ ᠪᠠᠶᠢᠭ᠎ᠠ ᠠᠯᠢᠪᠠ ᠬᠠᠷᠰᠢ ᠰᠠᠭᠠᠳ ᠢ ᠠᠷᠢᠯᠭᠠᠵᠥ᠂ ᠲᠤᠮᠳᠠᠳᠤ ᠤᠯᠤᠰ ᠤᠨ ᠡᠪ ᠬᠠᠮᠳᠤ ᠨᠠᠮ ᠢᠮᠠᠬᠳᠠ ᠦᠵᠡᠯ ᠰᠠᠨᠠᠭ᠎ᠠ ᠪᠠᠨ ᠴᠢᠯᠥᠬᠡᠯᠡᠬᠦ᠂ ᠦᠨᠡᠨ ᠢ ᠪᠠᠷᠢᠮᠳᠠᠯᠠᠬᠤ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ ᠪᠠᠷᠢᠮᠳᠠᠯᠵᠥ᠂ ᠠᠷᠠᠳ ᠲᠦᠮᠡᠨ ᠢ ᠲᠠᠭᠠᠭᠤᠯᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠦᠢᠯᠡᠰ ᠢ ᠡᠬᠦᠳᠴᠦ᠂ ᠲᠤᠮᠳᠠᠳᠤ ᠤᠯᠤᠰ ᠢ ᠲᠤᠮᠤ ᠠᠯᠬᠤᠮ ᠢᠶᠠᠷ ᠬᠦᠮᠥᠨ ᠲᠦᠷᠦᠯᠬᠢᠳᠡᠨ ᠤ ᠪᠤᠯᠪᠠᠰᠤᠨ ᠬᠦᠭ᠍ᠵᠢᠯᠳᠡ ᠶᠢᠨ ᠤᠷᠤᠰᠬᠠᠯ ᠢ ᠬᠦᠬᠡᠬᠡᠵᠥ ᠬᠦᠢᠴᠡᠬᠦ ᠪᠤᠯᠭᠠᠭᠰᠠᠠ ᠪᠠᠶᠢᠨ᠎ᠠ᠃

    ᠨᠠᠮ ᠤᠨ ᠠᠷᠪᠠ ᠶᠢᠰᠦᠳᠦᠭᠡᠷ ᠬᠤᠷᠠᠯ ᠠᠴᠠ ᠡᠮᠤᠨᠡᠬᠡᠨ᠂ ᠠᠮᠧᠷᠢᠺᠠ ᠶᠢᠨ ᠰᠦᠪᠡᠭ᠍ᠴᠢᠯᠡᠯᠳᠡ ᠰᠤᠪᠠᠭ ᠤᠨ ᠦᠢᠯᠡᠳᠦᠭᠰᠡᠡ ᠲᠧᠯᠸᠶ᠋ᠰ ᠪᠠᠷᠢᠮᠳᠠᠳᠤ ᠺᠢᠨᠣ᠋ 《ᠲᠤᠮᠳᠠᠳᠤ ᠤᠯᠤᠰ᠄ ᠰᠢ ᠶᠢᠨ ᠫᠢᠩ ᠤᠨ ᠴᠠᠭ ᠦᠶ᠎ᠡ》ᠨᠡᠪᠳᠡᠷᠡᠬᠦᠯᠦᠭᠳᠡᠭᠡᠳ 37 ᠤᠯᠤᠰ ᠪᠤᠯᠤᠨ ᠭᠠᠵᠠᠷ ᠤᠷᠤᠨ ᠤ 2 ᠳ᠋ᠦᠩᠰᠢᠭᠤᠷ ᠭᠠᠷᠤᠢ ᠦᠵᠡᠭᠴᠢ ᠬᠦᠯᠢᠶᠡᠨ ᠠᠪᠴᠦ ᠦᠵᠡᠭᠰᠡᠡ ᠪᠠᠶᠢᠨ᠎ᠠ᠃

    ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ᠂ ᠬᠤᠷᠳᠤᠨ ᠤ ᠲᠡᠮᠤᠷ ᠵᠠᠮ ᠤᠨ ᠪᠦᠳᠦᠭᠡᠨ ᠪᠠᠶᠢᠭᠤᠯᠤᠯᠳᠠ ᠠᠴᠠ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠬᠦᠳᠦᠯᠳᠡ᠂ ᠤᠷᠴᠢᠨ ᠲᠤᠭᠤᠷᠢᠨ ᠤ ᠵᠠᠰᠠᠯᠳᠠ ᠬᠦᠷᠳᠡᠯ᠎ᠡ᠂ ᠲᠠᠬᠢᠭᠠᠳ《ᠨᠢᠬᠡ ᠪᠦᠰᠡ ᠨᠢᠬᠡ ᠵᠠᠮ》 ᠤ᠋ᠨ ᠪᠦᠳᠦᠭᠡᠨ ᠪᠠᠶᠢᠭᠤᠯᠤᠯᠳᠠ᠂ ᠲᠤᠮᠳᠠᠳᠤ ᠡᠸᠦ᠋ᠷᠦᠫᠠ ᠶᠢᠨ ᠵᠢᠱᠢᠶᠠᠨ ᠤ ᠭᠠᠯᠳᠤ ᠲᠡᠷᠭᠡ ᠬᠦᠷᠳᠡᠯ᠎ᠡ ᠁ ᠡᠳᠡᠭᠡᠷ ᠠᠮᠢᠳᠤᠯᠢᠭ ᠰᠠᠶᠢᠬᠠᠨ ᠦᠯᠢᠬᠡᠷ ᠤᠳ  ᠨᠢ ᠬᠤᠷᠢᠶᠠᠩ᠋ᠭᠤᠢ ᠲᠦᠷᠰᠦ ᠰᠢᠭ᠌ ᠢᠶᠠᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷᠠᠬᠢ ᠲᠤᠮᠳᠠᠳᠤ ᠤᠯᠤᠰ ᠤᠨ ᠦᠩᠬᠡᠷᠡᠭᠰᠡᠡ 5 ᠵᠢᠯ ᠳᠤ ᠤᠯᠤᠭᠰᠠᠠ ᠲᠡᠤᠬᠡᠳᠤ ᠴᠢᠨᠠᠷᠳᠠᠢ ᠠᠮᠵᠢᠯᠳᠠ ᠶᠢ ᠢᠯᠡᠷᠡᠭᠦᠯᠤᠨ᠎ᠡ᠃

    《ᠦᠩᠭᠡᠷᠡᠭᠰᠡᠨ 5 ᠵᠢᠯ ᠳᠤ ᠰᠢ ᠶᠢᠨ ᠫᠢᠩ ᠤᠨ ᠲᠦᠷᠦ ᠶᠢᠨ ᠪᠤᠳᠤᠯᠭ᠎ᠠ ᠶᠢᠨ ᠬᠠᠷᠠᠭᠠᠰᠤ ᠨᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠠ ᠶᠢ ᠡᠭᠦᠳᠬᠦ ᠶᠢ ᠬᠦᠢᠴᠡᠳ ᠢᠯᠡᠷᠡᠬᠦᠯᠵᠦ᠂ ᠳᠤᠮᠳᠠᠳᠤ ᠤᠯᠤᠰ ᠤᠨ ᠲᠡᠦᠭᠡ ᠶᠢᠨ ᠰᠢᠨ᠎ᠠ ᠬᠦᠰᠢᠶ᠎ᠠ ᠲᠤᠷᠠᠰᠬᠠᠯ ᠪᠤᠯᠵᠠᠢ》ᠬᠡᠵᠤ ᠲᠤᠰ ᠹᠢᠯᠢᠮ ᠢ ᠬᠢᠨᠡᠨ ᠦᠢᠯᠡᠳᠦᠭᠴᠢ᠂ ᠠᠽᠢᠶ᠎ᠠ ᠲᠢᠪ ᠨᠤᠮᠤᠬᠠᠨ ᠲᠠᠯᠠᠢ ᠶᠢᠨ ᠰᠦᠪᠡᠭ᠍ᠴᠢᠯᠡᠯᠳᠡ ᠲᠧᠯᠸᠶ᠋ᠰ ᠤᠨ ᠰᠦᠯᠵᠢᠶᠠᠨ ᠤ ᠳᠡᠳ᠋ ᠶᠡᠷᠦᠩᠭᠡᠢ ᠵᠠᠬᠢᠷᠤᠬᠴᠢ ᠸᠧᠢ ᠺᠧ ᠷᠠᠨ᠂ 《ᠳᠤᠮᠳᠠᠳᠤ ᠤᠯᠤᠰ ᠰᠢᠨ᠎ᠠ ᠱᠠᠳᠤ ᠦᠶ᠎ᠠ ᠳᠤ ᠤᠷᠤᠵᠦ ᠪᠠᠶᠢᠭ᠎ᠠ》 ᠶ᠋ᠢ ᠲᠡᠦᠭᠡ ᠶᠢᠨ ᠬᠠᠷᠠᠭᠠᠰᠤ ᠠᠴᠠ ᠤᠯᠵᠦ ᠮᠡᠳᠡᠵᠡᠢ ᠭᠡᠪᠡ᠃

    ᠳᠤᠮᠳᠠᠳᠤ ᠤᠯᠤᠰ ᠤᠨ ᠡᠪ ᠬᠠᠮᠳᠤᠴᠤᠳ ᠠᠴᠠ ᠢᠯᠡᠬᠦᠦ ᠳᠤᠮᠳᠠᠳᠤ ᠤᠯᠤᠰ ᠢ ᠤᠢᠢᠯᠠᠭᠠᠳᠠᠭ ᠬᠦᠮᠦᠨ ᠪᠠᠶᠢᠬᠤ ᠦᠭᠡᠢ᠃

    ᠲᠤᠰ ᠪᠡᠶ᠎ᠠ ᠶᠢᠨ ᠬᠦᠭ᠍ᠵᠢᠯᠳᠠ ᠶᠢᠨ ᠤᠷᠤᠰᠢᠵᠦ ᠪᠠᠶᠢᠬᠤ ᠲᠡᠦᠭᠡ ᠶᠢᠨ ᠤᠷᠤᠨ ᠪᠠᠶᠢᠷᠢ ᠶᠢᠨ ᠲᠤᠬᠠᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠬᠢᠭ᠍ᠰᠡᠨ ᠴᠢᠬᠤᠯᠠ ᠶᠡᠭᠡ ᠮᠠᠭᠠᠳᠯᠠᠯᠳᠠ ᠨᠡᠩ ᠳᠤᠳᠤᠷᠬᠠᠢ ᠪᠦᠭᠡᠳ ᠬᠦᠨᠵᠡᠭᠡᠢ ᠪᠤᠯᠪᠠ -《ᠤᠷᠳᠤ ᠬᠤᠭᠤᠴᠠᠭᠠᠨ ᠤ ᠴᠢᠷᠮᠠᠶᠢᠯᠭ᠎ᠠ ᠪᠠᠷ ᠳᠠᠮᠵᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠪᠠ》᠃

    《ᠰᠢᠨ᠎ᠠ ᠴᠠᠭ ᠦᠶ᠎ᠠ ᠳᠤ ᠤᠷᠤᠬᠰᠠᠨ ᠡᠴᠡ ᠶᠠᠮᠠᠷ ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ᠂ ᠶᠠᠮᠠᠷ ᠶᠠᠩᠵᠦ ᠶᠢᠨ ᠤᠶᠤᠨ ᠰᠠᠨᠠᠭᠠᠨ ᠤ ᠲᠦᠷᠰᠤ ᠪᠠᠶᠢᠳᠠᠯ ᠢᠶᠠᠷ ᠶᠠᠮᠠᠷ ᠶᠠᠩᠵᠦ ᠶᠢᠨ ᠲᠡᠦᠭᠡᠳᠦ ᠡᠬᠦᠷᠭᠡ ᠶᠢ ᠡᠬᠦᠷᠭᠡᠯᠡᠬᠦ᠂ ᠶᠠᠮᠠᠷ ᠶᠠᠩᠵᠦ ᠶᠢᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠶᠢ ᠳᠤᠳᠤᠷᠬᠠᠢ ᠨᠡᠶᠢᠳᠡᠯᠡᠬᠦ ᠴᠢᠬᠤᠯᠠᠳᠠᠢ᠂ <ᠲᠦᠷᠪᠡᠨ ᠠᠭᠤᠤ ᠶᠡᠭᠡ> ᠨᠢ ᠡᠨᠡᠬᠦ ᠴᠠᠭ ᠦᠶ᠎ᠠ ᠶᠢᠨ ᠰᠡᠳᠦᠪ ᠲᠤ ᠶᠡᠷᠦᠩᠭᠡᠢ ᠬᠠᠷᠢᠭᠤᠯᠳᠠ ᠦᠭᠴᠠᠢ᠃ ᠠᠭᠤᠤ ᠶᠡᠭᠡ ᠲᠡᠮᠡᠴᠡᠯ ᠬᠢᠵᠦ᠂ ᠠᠭᠤᠤ ᠶᠡᠭᠡ ᠢᠨᠵᠧᠨᠧᠷᠢᠩ ᠢ ᠪᠠᠶᠢᠭᠤᠯᠵᠦ᠂ ᠠᠭᠤᠤ ᠶᠡᠭᠡ ᠦᠢᠯᠡᠰ ᠢ ᠠᠬᠢᠭᠤᠯᠬᠤ ᠨᠢ ᠠᠭᠤᠤ ᠶᠡᠭᠡ ᠬᠦᠰᠡᠯ ᠵᠡᠬᠦᠳᠦ ᠪᠠᠨ ᠳᠡᠷᠭᠡᠯᠰᠢᠬᠦᠯᠬᠦ ᠶᠢᠨ ᠲᠦᠯᠦᠭᠡ ᠶᠤᠮ》ᠬᠡᠵᠤ ᠲᠦᠪ ᠤᠨ ᠨᠠᠮ ᠤᠨ ᠰᠤᠷᠭᠠᠭᠤᠯᠢ ᠶᠢᠨ ᠫᠷᠦᠹᠧᠰᠰᠤᠷ ᠰᠢᠨ ᠮᠢᠩ ᠭᠡᠯᠡᠨ᠎ᠠ᠃

    ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ ᠶᠢᠨ ᠤᠯᠠᠮ ᠢᠶᠠᠷ ᠨᠡᠶᠢᠭᠡᠮ ᠵᠢᠷᠤᠮ ᠤᠨ ᠤᠳᠤᠬᠢᠴᠢᠯᠠᠬᠰᠠᠨ ᠬᠦᠴᠦᠷᠭᠡᠭ᠌ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠠ; ᠰᠠᠶᠢᠨ ᠰᠠᠶᠢᠬᠠᠨ ᠠᠮᠢᠳᠤᠷᠠᠯ ᠢ ᠳᠠᠰᠤᠷᠠᠯᠳᠠ ᠦᠭᠡᠢ ᠴᠤᠬᠴᠠᠯᠠᠵᠦ᠂ ᠪᠦᠬᠦ ᠠᠷᠠᠳ ᠤᠨ ᠬᠠᠮᠳᠦ ᠶᠢᠨ ᠪᠠᠶᠠᠵᠢᠯ ᠴᠢᠨᠡᠭᠡᠯᠢᠭ᠍ᠵᠢᠯ ᠢ ᠠᠯᠬᠤᠮ ᠠᠯᠬᠤᠮ ᠢᠶᠠᠷ ᠪᠡᠶᠡᠯᠡᠬᠦᠯᠦᠨ᠎ᠠ; ᠲᠡᠯᠡᠭᠡᠢ ᠶᠢᠨ ᠲᠠᠪᠴᠠᠩ ᠤᠨ ᠲᠦᠪ ᠲᠤ ᠡᠳᠦᠷ ᠢᠷᠡᠬᠦᠶ᠎ᠠ ᠤᠢᠢᠷᠠᠳᠴᠦ᠂ ᠬᠦᠮᠦᠨ ᠲᠦᠷᠦᠯᠬᠢᠳᠡᠨ ᠳᠤ ᠲᠠᠰᠤᠷᠠᠯᠳᠠ ᠦᠭᠡᠢ ᠨᠡᠩ ᠶᠡᠭᠡ ᠬᠤᠪᠢ ᠨᠡᠮᠡᠷᠢ ᠦᠵᠡᠬᠦᠯᠦᠨ᠎ᠠ ᠁

    ᠴᠤ᠋ ᠰᠢᠨ᠎ᠠ ᠠᠶᠠᠯᠠᠯ ᠡᠬᠢᠯᠡᠯ᠎ᠠ᠃ ᠤᠨᠢᠨ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠳᠤ ᠠᠩᠬᠠᠷᠤᠯ ᠢᠶᠠᠨ ᠲᠦᠪᠯᠡᠷᠡᠬᠦᠯᠵᠦ᠂ ᠬᠦᠭ᠍ᠵᠢᠯᠳᠠ ᠶᠢᠨ ᠲᠤᠯᠭᠠᠮ᠎ᠠ ᠴᠢᠨᠠᠷ ᠢ ᠲᠤᠪᠤᠶᠢᠯᠭᠠᠨ᠎ᠠ; ᠪᠤᠬᠢᠷᠳᠤᠯ ᠤᠨ ᠭᠡᠮ ᠠᠷᠬᠠᠭ ᠢ ᠰᠡᠷᠭᠡᠶᠢᠯᠡᠨ ᠵᠠᠰᠠᠵᠤ᠂ ᠭᠡᠯᠪᠡᠷᠢ ᠶᠢ ᠬᠤᠪᠢᠷᠠᠭᠤᠯᠬᠤ ᠬᠦᠴᠢᠷᠳᠡᠯ ᠢ ᠲᠤᠰᠬᠠᠨ᠎ᠠ; ᠬᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠨᠠᠮᠳᠠᠭᠠᠬᠤ ᠳᠤ ᠬᠠᠮᠵᠢᠯᠴᠠᠨ ᠬᠠᠮᠳᠤᠪᠡᠷ ᠵᠠᠰᠠᠬᠤ ᠴᠢᠳᠠᠪᠤᠷᠢ ᠶᠢ ᠭᠡᠷᠡᠭᠰᠡᠨ᠎ᠠ; 《ᠲᠡᠮᠦᠷ ᠢ ᠳᠠᠪᠳᠠᠬᠤ ᠳᠤ ᠦᠪᠡᠷ ᠢᠶᠠᠨ ᠴᠢᠡᠭ᠍ᠭ᠎ᠠ ᠪᠠᠶᠢᠬᠤ》 ᠶ᠋ᠢ ᠪᠡᠶᠡᠯᠡᠬᠦᠯᠵᠦ᠂ ᠦᠪᠡᠷ ᠤᠨ ᠬᠢᠨᠢ ᠰᠢᠨ᠎ᠠ ᠶᠢ ᠡᠭᠦᠳᠬᠦ ᠴᠢᠳᠠᠪᠤᠷᠢ ᠶᠢ ᠰᠢᠯᠭᠠᠨ᠎ᠠ ᠁

    ᠤᠷᠤᠰᠬᠠᠯ ᠤᠨ ᠳᠤᠮᠳᠠ ᠨᠡᠩ ᠡᠷᠡᠮᠡᠭᠡᠶᠢᠯᠡᠨ ᠳᠠᠪᠰᠢᠬᠤ ᠭᠡᠷᠡᠭᠲᠡᠢ᠃

    ᠰᠢᠩ᠋ᠭᠠᠫᠤᠷ ᠤᠨ ᠤᠯᠤᠰ ᠤᠨ ᠶᠡᠭᠡ ᠰᠤᠷᠭᠠᠭᠤᠯᠢ ᠶᠢᠨ ᠵᠡᠬᠦᠨ ᠠᠽᠢᠶ᠎ᠠ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠵᠧᠩ ᠶᠦᠩ ᠨᠢᠶᠠᠨ᠂ ᠳᠤᠮᠳᠠᠳᠤ ᠤᠯᠤᠰ ᠤᠨ ᠡᠪ ᠬᠠᠮᠳᠦ ᠨᠠᠮ ᠪᠤᠯ ᠲᠦᠷᠦ ᠶᠢᠨ ᠨᠠᠮ ᠪᠤᠯᠬᠤ ᠪᠠᠷ ᠪᠠᠷᠠᠬᠤ ᠦᠭᠡᠢ ᠨᠡᠩ ᠴᠦ ᠡᠬᠦᠷᠭᠡ ᠬᠠᠷᠢᠭᠤᠴᠠᠬᠤ ᠨᠠᠮ ᠪᠤᠯᠤᠨ᠎ᠠ ᠭᠡᠯ᠎ᠠ᠃

    ᠬᠦᠢᠵᠸᠦ ᠶᠢᠨ ᠫᠢᠩ ᠲᠠᠩ ᠠᠭᠤᠯᠠ ᠲᠤᠯᠤᠭᠠᠳ ᠲᠤ ᠬᠦᠷᠢᠶᠡᠯᠡᠭᠳᠡᠨ᠎ᠠ᠃

    ᠠᠳᠡ《ᠲᠡᠭᠷᠢ ᠶᠢᠨ ᠨᠢᠳᠤ》ᠭᠡᠮᠡᠭᠳᠡᠭᠰᠡᠨ 500 ᠮᠧᠲ᠋ᠷ ᠤᠨ ᠳ᠋ᠢᠶᠠᠮᠧᠲ᠋ᠷ ᠲᠠᠢ ᠪᠦᠮᠪᠦᠷᠭᠡᠨ ᠭᠡᠯᠪᠡᠷᠢᠳᠦ ᠰᠠᠴᠤᠷᠠᠭ ᠲᠤᠷᠠᠨ ᠪᠠᠶᠢᠭᠤᠯᠤᠬᠳᠠᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠤᠤᠭᠠᠯ ᠡᠬᠦᠳᠦᠯᠳᠡ ᠶᠢᠨ ᠰᠢᠪᠳᠤᠯᠤᠯᠳᠠ ᠶᠢᠨ ᠪᠡᠯᠭᠡ ᠲᠡᠮᠳᠡᠭ ᠪᠤᠯᠵᠤ ᠪᠤᠢ᠃

    ᠠᠳᠡ ᠠᠴᠠ 7 ᠺᠢᠯᠣᠮᠧᠲ᠋ᠷ ᠵᠠᠶᠢᠳᠠᠢ ᠪᠠᠶᠢᠭ᠎ᠠ ᠯᠦᠸᠧ ᠳ᠋ᠢᠶᠠᠨ ᠰᠢᠶᠠᠨ ᠤ ᠮᠠ ᠬᠤᠸᠠᠢ ᠲᠤᠰᠬᠤᠨ ᠳᠤ ᠬᠦᠮᠦᠨ ᠤ ᠬᠦᠴᠦ ᠪᠠᠷ ᠵᠠᠰᠠᠵᠤ ᠨᠡᠪᠳᠡᠷᠡᠬᠦᠯᠦᠭᠰᠡᠨ ᠠᠭᠤᠯᠠᠨ ᠵᠠᠮ ᠠᠭᠤᠯᠠᠰ ᠢ ᠨᠡᠪᠳᠡᠯᠡᠨ ᠰᠤᠨᠤᠯᠵᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ᠂ 《ᠡᠮᠡᠭᠳᠡᠢ ᠲᠡᠨᠡᠭ ᠡᠪᠤᠭᠡᠨ》ᠭᠡᠮᠡᠭᠳᠡᠭᠰᠡᠨ ᠮᠠ ᠬᠤᠸᠠᠢ ᠲᠤᠰᠬᠤᠨ ᠤ ᠨᠠᠮ ᠤᠨ ᠡᠬᠦᠷ ᠤᠨ ᠱᠦᠵᠢ ᠳ᠋ᠧᠩ ᠶᠢᠩ ᠰᠢᠶᠠᠩ ᠲᠤᠰᠬᠤᠨ ᠤ ᠠᠷᠠᠳ ᠢᠶᠠᠨ ᠲᠠᠶᠢᠴᠢᠯᠠᠨ ᠠᠷᠪᠡᠨ ᠭᠡᠳᠦᠨ ᠵᠢᠯ ᠤᠨ ᠬᠤᠭᠤᠴᠠᠭ᠎ᠠ ᠭᠡᠷᠡᠭᠰᠡᠨ ᠠᠭᠤᠯᠠᠠ ᠵᠠᠮ ᠵᠠᠰᠠᠵᠤ᠂ ᠮᠠ ᠬᠤᠸᠠᠢ ᠲᠤᠰᠬᠤᠨ ᠢ ᠠᠭᠤᠯᠠᠨ ᠭᠠᠳᠠᠨᠠᠬᠢ ᠳᠡᠯᠡᠭᠡᠢ ᠶᠢᠷᠳᠢᠨᠴᠦ ᠲᠠᠢ ᠵᠤᠯᠭᠠᠭᠤᠯᠵᠦ᠂ ᠶᠠᠳᠠᠭᠤ ᠠᠴᠠ ᠠᠩᠬᠢᠵᠢᠷᠠᠵᠦ ᠪᠠᠶᠠᠵᠢᠨ ᠴᠢᠨᠡᠭᠡᠯᠢᠭ᠍ᠵᠢᠬᠦ ᠰᠢᠨ᠎ᠠ ᠬᠦᠰᠡᠯ ᠡᠷᠡᠮᠡᠯᠵᠡᠯ ᠲᠠᠢ ᠪᠤᠯᠭᠠᠪᠠ᠃

    《ᠰᠢ ᠶᠢᠨ ᠫᠢᠩ ᠨᠦᠬᠦᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠡᠭᠡᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠵᠠᠪᠠᠯ ᠤᠯᠬᠤ ᠭᠡᠷᠡᠭᠲᠡᠢ ᠭᠡᠵᠦ ᠱᠠᠭᠠᠷᠳᠠᠪᠠ᠃ ᠬᠠᠨᠴᠤᠢ ᠰᠢᠮᠠᠯᠠᠨ ᠴᠢᠷᠮᠠᠶᠢᠨ ᠠᠵᠢᠯᠯᠠᠵᠦ᠂ ᠦᠶ᠎ᠠ ᠦᠶ᠎ᠠ ᠶᠢᠨ ᠬᠦᠮᠦᠰ ᠪᠤᠤᠬᠢᠶ᠎ᠠ ᠳᠠᠮᠵᠢᠭᠤᠯᠤᠨ ᠴᠢᠷᠮᠠᠶᠢᠪᠠᠯ᠂ ᠨᠡᠩ ᠤᠯᠠᠨ ᠭᠠᠶᠢᠬᠠᠮᠰᠢᠬ ᠢ ᠡᠬᠦᠳᠴᠤ ᠴᠢᠳᠠᠨ᠎ᠠ ᠭᠡᠳᠡᠭ ᠢ ᠪᠢ ᠢᠳᠡᠭᠡᠵᠦ ᠪᠠᠶᠢᠨ᠎ᠠ》ᠭᠡᠵᠦ ᠳ᠋ᠧᠩ ᠶᠢᠩ ᠰᠢᠶᠠᠩ ᠲᠦᠯᠦᠭᠡᠯᠡᠭᠴᠢ ᠭᠡᠯᠡᠬᠦ ᠶᠢᠨ ᠳᠠᠭᠠᠤ᠂ ᠤᠬ ᠰᠠᠨᠠᠭ᠎ᠠ ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ᠎ᠠ᠂ ᠡᠨᠡ ᠪᠤᠯ ᠮᠠᠨ ᠤ ᠡᠪ ᠬᠠᠮᠳᠤᠴᠤᠳ ᠤᠨ ᠲᠠᠩ᠋ᠭᠠᠷᠢᠭ ᠮᠦᠨ ᠭᠡᠪᠡ᠃

ᠪᠠᠳᠤ ᠴᠢᠩᠭ᠎ᠠ ᠬᠠᠷᠢᠭᠤᠴᠠᠯᠭ᠎ᠠ᠄ ᠰᠦᠷ ᠲᠠᠯᠠᠶᠢᠴᠠᠲᠠᠢ ᠠᠭᠤᠤ ᠶᠡᠭᠡ ᠲᠡᠮᠡᠴᠡᠯ ᠤᠨ ᠳᠤᠮᠳᠠ ᠳᠤᠮᠳᠠᠳᠤ ᠤᠯᠤᠰ ᠤᠨ ᠡᠪ ᠬᠠᠮᠳᠦ ᠨᠠᠮ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠤᠳᠤᠷᠢᠳᠤᠨ ᠡᠷᠡᠮᠡᠭᠡᠶᠢᠯᠡᠨ ᠤᠷᠤᠬᠰᠢᠯᠠᠨ᠎ᠠ

    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠤᠷᠠᠯᠳᠤᠬᠤ ᠲᠠᠰᠢᠷᠠᠮ ᠢᠶᠠᠷ ᠤᠷᠤᠰ ᠤᠨ ᠰᠤᠨᠢᠨ ᠮᠡᠳᠡᠭᠡᠯᠡᠯ ᠤᠨ ᠬᠤᠷᠢᠶ᠎ᠠ ᠤᠯᠤᠰ ᠲᠦᠷᠦ ᠶᠢᠨ ᠠᠵᠢᠬᠯᠠᠯᠳᠠ ᠶᠢᠨ ᠲᠤᠬᠠᠢ ᠵᠤᠬᠢᠶᠠᠯ ᠨᠡᠶᠢᠳᠡᠯᠡᠵᠡᠢ᠃ ᠵᠤᠬᠢᠶᠠᠯ ᠳᠤ ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠬᠢᠴᠠ ᠪᠠ ᠦᠷ᠎ᠠ ᠳ᠋ᠦᠩ ᠨᠢ ᠪᠦᠬᠦ ᠲᠠᠯᠠᠭᠡᠢ ᠶᠢᠨ ᠠᠩᠬᠠᠷᠤᠯ ᠢ ᠳᠠᠳᠠᠵᠦ ᠪᠠᠶᠢᠨ᠎ᠠ ᠭᠡᠪᠡ᠃

    ᠵᠤᠬᠢᠶᠠᠯ ᠤᠨ ᠠᠷᠤ ᠳᠤ ᠤᠳᠬ᠎ᠠ ᠰᠠᠨᠠᠭ᠎ᠠ ᠬᠦᠨ ᠠᠭᠤᠯᠤᠬᠳᠠᠵᠤ ᠪᠤᠢ -

    ᠠᠷᠪᠠᠨ ᠬᠡᠳᠦᠨ ᠡᠳᠦᠷ ᠤᠨ ᠳᠠᠷᠠᠭ᠎ᠠ᠂ ᠠᠷᠪᠠᠨ ᠰᠠᠷ᠎ᠠ ᠶᠢᠨ ᠬᠤᠪᠢᠰᠬᠠᠯ ᠤᠨ 100 ᠵᠢᠯ ᠤᠨ ᠤᠢ ᠶᠢᠨ ᠳᠤᠷᠠᠰᠬᠠᠯ ᠤᠨ ᠡᠳᠦᠷ ᠬᠦᠷᠴᠤ ᠢᠷᠡᠨ᠎ᠠ᠃ ᠵᠠᠭᠤᠨ ᠵᠢᠯ ᠤᠨ ᠡᠮᠦᠨ᠎ᠠ᠂ ᠲᠡᠷᠡᠬᠦ ᠫᠤᠤ ᠶᠢᠨ ᠳᠠᠭᠤᠨ ᠳᠤᠮᠳᠠᠳᠤ ᠤᠯᠤᠰ ᠲᠤ ᠮᠠᠷᠺᠰ ᠤᠨ ᠦᠵᠡᠯ ᠢ ᠬᠦᠷᠭᠡᠵᠤ ᠦᠭ᠍ᠭᠦᠭ᠍ᠰᠡᠨ ᠠᠴᠠ ᠶᠠᠳᠠᠭᠤ ᠪᠠᠭᠤᠷᠠᠢ ᠪᠠᠶᠢᠭᠰᠠᠨ ᠳᠤᠷᠤᠨᠠᠳᠠᠬᠢᠨ ᠤ ᠡᠨᠡᠬᠦ ᠡᠷᠳᠡᠨ ᠤ ᠤᠯᠤᠰ ᠡᠳᠦᠭᠡ ᠳᠡᠯᠡᠬᠡᠢ ᠳ᠋ᠠᠬᠢᠨ ᠢ ᠳᠤᠩᠰᠤᠯᠭᠠᠭᠰᠠᠨ ᠭᠠᠶᠢᠬᠠᠮᠰᠢᠭ ᠢ ᠡᠭᠦᠳᠴᠤ᠂ ᠰᠢᠨᠵᠢᠯᠡᠬᠦ ᠤᠬᠠᠭᠠᠨᠴᠢ ᠨᠡᠶᠢᠭᠡᠮ ᠵᠢᠷᠤᠮ ᠤᠷᠢᠳᠦ ᠡᠮᠦᠨ᠎ᠠ ᠪᠠᠶᠢᠭ᠎ᠠ ᠦᠭᠡᠢ ᠬᠦᠴᠦᠷᠬᠡᠭ᠌ ᠶᠡᠭᠡ ᠠᠮᠢᠵᠢᠷᠠᠯ ᠤᠨ ᠬᠦᠴᠦᠨ ᠢ ᠢᠯᠡᠷᠡᠭᠦᠯᠵᠠᠢ᠃

    ᠪᠡᠭᠡᠵᠢᠩ ᠤᠨ ᠰᠢ ᡁᠢ ᠮᠧᠨ᠃

    ᠴᠤ᠋ ᠰᠢᠨ᠎ᠠ ᠪᠠᠷ ᠵᠠᠰᠠᠨ ᠴᠢᠮᠡᠭᠯᠡᠭᠰᠡᠨ ᠪᠡᠭᠡᠵᠢᠩ ᠤᠨ ᠦᠵᠡᠰᠭᠦᠯᠡᠩ ᠤᠨ ᠤᠷᠳᠤᠨ ᠳᠤ《ᠡᠷᠡᠮᠡᠬᠡᠶᠢᠯᠡᠨ ᠳᠠᠪᠰᠢᠭᠰᠠᠨ ᠲᠠᠪᠤᠨ ᠵᠢᠯ》 ᠭᠡᠬᠦ ᠲᠤᠮᠤ ᠬᠡᠯᠪᠡᠷᠢ ᠶᠢᠨ ᠠᠮᠵᠢᠯᠳᠠ ᠪᠦᠲᠦᠮᠵᠢ ᠶᠢᠨ ᠦᠵᠡᠭᠦᠯᠦᠯᠭᠡ ᠶᠠᠪᠤᠭᠳᠠᠵᠤ ᠪᠤᠢ᠃ ᠶᠡᠭᠡ ᠬᠤᠷᠠᠯ ᠤᠨ ᠬᠤᠭᠤᠴᠠᠭᠠᠨ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢᠳ ᠬᠤᠶᠢᠨ᠎ᠠ ᠬᠤᠶᠢᠨ᠎ᠠ ᠠᠴᠠ ᠪᠠᠨ ᠢᠷᠡᠵᠤ ᠲᠤᠭᠤᠷᠢᠨ ᠦᠵᠡᠵᠤ ᠪᠠᠶᠢᠨ᠎ᠠ᠃

    《ᠠᠩᠬᠠᠨ ᠤ ᠪᠦᠯᠦᠭ ᠱᠤᠩᠭ᠋ᠤᠭᠤᠯ ᠮᠠᠰᠢᠨ ᠤ ᠵᠢᠯᠤᠭᠤᠳᠤᠭᠴᠢ ᠪᠤᠯᠤᠭᠰᠠᠨ ᠤ ᠬᠤᠪᠢ ᠪᠠᠷ ᠮᠠᠨ ᠤ ᠤᠯᠤᠰ ᠤᠨ ᠦᠪᠡᠷ ᠢᠶᠠᠨ ᠰᠤᠳᠤᠯᠤᠨ ᠦᠢᠯᠡᠳᠦᠭᠰᠡᠨ ᠠᠩᠬᠠᠳᠠᠭᠴᠢ ᠬᠦᠮᠦᠨ ᠰᠠᠭᠤᠯᠭᠠᠭᠰᠠᠨ ᠱᠤᠩᠭ᠋ᠤᠭᠤᠷ <ᠵᠢᠶᠤᠤ ᠯᠦᠩ ᠨᠡᠷᠡᠮᠵᠢᠲᠦ> ᠶ᠋ᠢ ᠵᠢᠯᠤᠭᠤᠳᠴᠤ᠂ ᠳᠡᠯᠡᠬᠡᠢ ᠶᠢᠨ ᠲᠡᠮᠳᠡᠭᠯᠡᠯ ᠢ ᠡᠭᠦᠳᠦᠭᠰᠡᠨ ᠭᠦᠨ ᠲᠠᠯᠠᠢ ᠳᠤ ᠰᠢᠨᠵᠢᠯᠡᠬᠦ ᠤᠬᠠᠭᠠᠨ ᠤ ᠰᠤᠳᠤᠯᠤᠯᠲᠠ ᠬᠢᠭ᠍ᠰᠡᠨ ᠳᠡᠭᠡᠨ ᠪᠢ ᠮᠠᠰᠢ ᠤᠮᠤᠭᠰᠢᠯᠳᠠᠢ ᠪᠦᠭᠡᠳ ᠪᠠᠶᠠᠷ ᠲᠠᠢ ᠪᠠᠶᠢᠨ᠎ᠠ ᠁》ᠭᠡᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ ᠲᠠᠩ ᠵᠢᠶᠠ ᠯᠢᠩ《ᠵᠢᠶᠤᠤ ᠯᠦᠩ ᠨᠡᠷᠡᠮᠵᠢᠲᠦ》ᠬᠦᠮᠦᠨ ᠰᠠᠭᠤᠯᠭᠠᠬᠤ ᠱᠤᠩᠭ᠋ᠤᠭᠤᠷ ᠤᠨ ᠵᠠᠭᠪᠤᠷ ᠤᠨ ᠡᠮᠦᠨ᠎ᠠ ᠵᠤᠭᠰᠤᠨ ᠬᠡᠯᠡᠵᠤ ᠪᠠᠶᠢᠯ᠎ᠠ᠃

    ᠬᠦᠭᠡ ᠤᠬᠳᠠᠷᠭᠤᠢ ᠴᠡᠯᠡᠶᠢᠨ ᠬᠦᠷᠦᠰᠦᠳᠦ ᠲᠡᠯᠡᠬᠡᠢ ᠲᠡᠨᠡᠶᠢᠬᠦᠶ᠎ᠡ᠂ ᠬᠦᠰᠡᠯ ᠵᠡᠭᠦᠳᠦ ᠮᠠᠨᠢ ᠴᠠᠭ ᠤᠷᠤᠨ ᠵᠠᠢ ᠶᠢ ᠲᠤᠭᠤᠯᠬᠤ ᠬᠦᠴᠦᠨ ᠴᠢᠳᠠᠯ ᠢ ᠬᠦᠭ᠍ᠵᠢᠭᠡᠪᠡ᠃

    ᠰᠢᠨ᠎ᠠ ᠠᠷᠠᠳᠴᠢᠯᠠᠭᠰᠠᠨ ᠦᠵᠡᠯ ᠤᠨ ᠬᠤᠪᠢᠰᠬᠠᠯ ᠠᠴᠠ ᠨᠡᠶᠢᠭᠡᠮ ᠵᠢᠷᠤᠮ ᠤᠨ ᠬᠤᠪᠢᠰᠬᠠᠯ ᠬᠦᠷᠳᠡᠯ᠎ᠠ᠂ ᠳᠠᠬᠢᠭᠠᠳ ᠦᠭᠡᠷᠡᠴᠢᠯᠡᠯᠲᠡ ᠨᠡᠬᠡᠬᠡᠯᠲᠡ ᠬᠢᠭ᠍ᠰᠡᠨ ᠠᠭᠤᠤ ᠶᠡᠭᠡ ᠬᠤᠪᠢᠰᠬᠠᠯ ᠬᠦᠷᠳᠡᠯ᠎ᠠ ᠁ ᠰᠠᠯᠬᠢ ᠪᠤᠷᠤᠭᠠᠨ ᠤ ᠳᠤᠮᠳᠠᠭᠤᠷ ᠰᠢᠷᠭᠠᠭᠤ ᠬᠠᠳᠠᠭᠤᠵᠢᠯᠲᠠᠢ ᠲᠡᠮᠡᠴᠡᠭᠰᠡᠭᠡᠷ ᠢᠷᠡᠵᠠᠢ᠃

    《ᠳᠤᠮᠳᠠᠳᠤ ᠤᠯᠤᠰ ᠤᠨ ᠡᠪ ᠬᠠᠮᠲᠦ ᠨᠠᠮ ᠤᠨ ᠲᠡᠤᠬᠡ ᠶᠢ ᠡᠷᠭᠢᠴᠡᠭᠦᠯᠬᠦ ᠳᠤ᠂ ᠲᠡᠷᠡ ᠨᠢ ᠳᠠᠷᠤᠢ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢᠨ ᠲᠦᠯᠦᠭᠡ ᠡᠭᠦᠷᠭᠡ ᠬᠠᠷᠢᠭᠤᠴᠠᠯᠭ᠎ᠠ ᠪᠠᠨ ᠵᠤᠷᠢᠭᠲᠠᠢ ᠡᠭᠦᠷᠭᠡᠯᠡᠵᠤ᠂ ᠰᠢᠨᠳᠡᠷᠡᠰᠢ ᠦᠭᠡᠢ ᠲᠡᠮᠡᠴᠡᠭᠰᠡᠨ ᠠᠭᠤᠤ ᠶᠡᠭᠡ ᠲᠡᠮᠡᠴᠡᠯ ᠤᠨ ᠲᠡᠤᠬᠡ ᠪᠤᠯᠤᠨ᠎ᠠ᠂ ᠳᠤᠮᠳᠠᠳᠤ ᠤᠯᠤᠰ ᠲᠤ ᠲᠡᠤᠬᠡᠳᠦ ᠴᠢᠨᠠᠷᠲᠠᠢ ᠯᠤᠳᠤ ᠶᠡᠭᠡ ᠬᠤᠪᠢᠷᠠᠯᠳᠠ ᠭᠠᠷᠤᠬᠰᠠᠨ ᠤ ᠦᠨᠳᠦᠰᠦᠨ ᠰᠢᠯᠳᠠᠭᠠᠨ ᠨᠢ ᠳᠤᠮᠳᠠᠳᠤ ᠤᠯᠤᠰ ᠤᠨ ᠡᠪ ᠬᠠᠮᠲᠦ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠦᠭ᠍ᠵᠢᠭᠦᠯᠦᠭᠰᠡᠨ ᠳᠤ ᠪᠠᠶᠢᠨ᠎ᠠ》ᠭᠡᠵᠤ ᠴᠢᠤᠢ ᠴᠢᠩ ᠱᠠᠨ ᠲᠦᠯᠦᠭᠡᠯᠡᠭᠴᠢ ᠬᠡᠯᠡᠨ᠎ᠠ᠃

    ᠦᠵᠡᠬᠦ ᠳᠤ ᠡᠭᠡᠯ ᠵᠢᠷ ᠤᠨ ᠪᠤᠯᠪᠠᠴᠤ ᠦᠨᠡᠨᠳᠡᠭᠡᠨ ᠪᠤᠯ ᠨᠢᠭᠡᠨ ᠭᠠᠶᠢᠬᠠᠮᠰᠢᠭ᠂ ᠠᠮᠵᠢᠯᠲᠠ ᠤᠯᠤᠭᠰᠠᠨ ᠨᠢ ᠬᠢᠯᠪᠠᠷ ᠮᠡᠳᠦ ᠪᠤᠯᠪᠠᠴᠤ ᠦᠨᠡᠨᠳᠡᠭᠡᠨ ᠰᠢᠷᠭᠠᠭᠤ ᠬᠠᠳᠠᠭᠤᠵᠢᠯᠲᠠᠢ ᠶᠠᠪᠤᠴᠠ ᠶᠢ ᠦᠩᠭᠡᠷᠡᠭᠦᠯᠪᠡ᠃

    《ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠳᠤ ᠡᠷᠬᠡᠪᠰᠢ ᠠᠭᠤᠤ ᠶᠡᠭᠡ ᠲᠡᠮᠴᠡᠯ ᠢ ᠦᠷᠨᠢᠭᠦᠯᠬᠦ ᠬᠡᠷᠡᠭᠲᠠᠢ》ᠭᠡᠰᠡᠨ ᠰᠢ ᠶᠢᠨ ᠫᠢᠩ ᠨᠦᠬᠦᠷ ᠤᠨ ᠳᠤᠳᠤᠷᠬᠠᠢ ᠱᠠᠭᠠᠷᠳᠠᠯᠭ᠎ᠠ ᠨᠢ ᠳᠤᠮᠳᠠᠳᠤ ᠤᠯᠤᠰ ᠤᠨ ᠡᠪ ᠬᠠᠮᠲᠦᠴᠤᠳ ᠤᠨ ᠰᠡᠷᠭᠡᠭ᠌ ᠲᠠᠨᠢᠯᠳᠠ ᠪᠤᠯᠤᠨ ᠭᠦᠨᠵᠡᠭᠡᠢ ᠠᠵᠢᠬᠯᠠᠯᠲᠠ ᠶᠢ ᠢᠯᠡᠷᠡᠭᠦᠯᠵᠠᠢ᠃

    ᠭᠤᠸᠠᠩᠰᠢ ᠶᠢᠨ ᠪᠠᠶᠢᠰᠧ ᠪᠤᠯ ᠳᠤᠮᠳᠠᠳᠤ ᠤᠯᠤᠰ ᠤᠨ ᠬᠤᠪᠢᠰᠬᠠᠯ ᠤᠨ ᠲᠡᠤᠬᠡᠨ ᠳᠡᠭᠡᠷᠡᠬᠢ ᠦᠩᠭᠡ ᠭᠡᠷᠡᠯᠳᠦ ᠤᠷᠤᠨ ᠪᠤᠯᠤᠨ᠎ᠠ᠃

    ᠡᠳᠦᠭᠡ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠶᠠᠭ ᠠᠳᠡ ᠢᠳᠡ ᠬᠦᠭ᠌ ᠲᠠᠢ ᠶᠠᠪᠤᠭᠳᠠᠵᠤ ᠪᠠᠶᠢᠨ᠎ᠠ - ᠶᠠᠳᠠᠭᠤ ᠶᠢ ᠳᠡᠳᠭᠦᠵᠤ ᠠᠷᠠᠳ ᠢ ᠪᠠᠶᠠᠵᠢᠭᠤᠯᠬᠤ ᠤᠯᠠᠨ ᠪᠦᠲᠦᠮᠵᠢᠲᠠᠢ ᠠᠷᠭ᠎ᠠ ᠬᠡᠮᠵᠢᠶ᠎ᠠ ᠶᠢ ᠬᠡᠷᠡᠭᠵᠢᠭᠦᠯᠬᠦ ᠪᠠᠷ ᠳᠠᠮᠵᠢᠨ ᠵᠢᠱᠢᠯᠳᠡ ᠪᠠᠷ ᠡᠨᠡ ᠵᠢᠯ 17.5 ᠲᠦᠮᠡᠨ ᠬᠦᠮᠦᠨ ᠢ ᠶᠠᠳᠠᠭᠤ ᠠᠴᠠ ᠠᠩᠭᠢᠵᠢᠷᠠᠭᠤᠯᠵᠤ᠂ 215 ᠶᠠᠳᠠᠭᠤ ᠬᠦᠴᠢᠷᠳᠡᠯᠲᠠᠢ ᠲᠤᠰᠬᠤᠨ ᠢ ᠶᠠᠳᠠᠭᠤ ᠠᠴᠠ ᠠᠩᠭᠢᠵᠢᠷᠠᠭᠤᠯᠤᠨ᠎ᠠ᠃ ᠲᠤᠰ ᠭᠠᠵᠠᠷ  ᠤᠨ ᠶᠠᠳᠠᠭᠤ ᠠᠴᠠ ᠠᠩᠭᠢᠵᠢᠷᠠᠭᠤᠯᠬᠤ ᠺᠠᠳ᠋ᠷ ᠽᠧᠩ ᠭᠤᠸᠠᠩ ᠮᠢᠩ᠂ ᠪᠢᠳᠡ ᠲᠤᠰᠬᠤᠨ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠦᠭᠡᠢ ᠪᠤᠯ ᠯᠠᠪᠳᠠᠢ ᠴᠡᠷᠢᠭ ᠢᠶᠠᠨ ᠲᠠᠳᠠᠬᠤ ᠦᠭᠡᠢ ᠬᠡᠮᠡᠨ ᠵᠤᠷᠢᠭ ᠰᠢᠭᠤᠳᠴᠤ ᠪᠠᠶᠢᠨ᠎ᠠ ᠭᠡᠪᠡ᠃

    《ᠠᠭᠤᠤ ᠶᠡᠭᠡ ᠲᠡᠮᠡᠴᠡᠯ ᠢ ᠦᠷᠨᠢᠭᠦᠯᠬᠦ ᠪᠤᠯ ᠳᠤᠮᠳᠠᠳᠤ ᠤᠯᠤᠰ ᠤᠨ ᠡᠪ ᠬᠠᠮᠲᠦ ᠨᠠᠮ ᠤᠨ ᠤᠷᠲᠦ ᠬᠤᠭᠤᠴᠠᠭᠠᠨ ᠤ ᠲᠡᠮᠡᠴᠡᠯ ᠳᠤᠮᠳᠠ ᠪᠤᠢ ᠪᠤᠯᠭᠠᠭᠰᠠᠨ ᠬᠡᠪ ᠴᠢᠨᠠᠷ᠂ ᠵᠠᠩ ᠰᠤᠷᠳᠠᠯ ᠪᠠᠶᠢᠵᠤ᠂ ᠨᠢᠭᠡᠨᠳᠡ ᠨᠠᠮ ᠤᠨ ᠴᠢᠰᠤ ᠡᠰ ᠲᠤᠨᠢ ᠬᠦᠷᠳᠡᠯ᠎ᠠ ᠰᠢᠩᠭᠡᠭ᠍ᠰᠡᠨ ᠶᠤᠮ᠂ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠳᠤ ᠵᠠᠪᠠᠯ ᠰᠢᠷᠭᠠᠭᠤ ᠪᠠᠷ ᠲᠡᠮᠡᠴᠡᠬᠦ ᠵᠤᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠡᠷᠳᠡᠮ ᠴᠢᠳᠠᠪᠤᠷᠢ ᠪᠠᠨ ᠳᠡᠭᠡᠭ᠍ᠰᠢᠯᠡᠭᠦᠯᠬᠦ ᠬᠡᠷᠡᠭᠲᠠᠢ》ᠭᠡᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ᠂ ᠭᠤᠸᠠᠩᠰᠢ ᠶᠢᠨ ᠪᠠᠶᠢᠰᠧ ᠬᠤᠲᠠ ᠶᠢᠨ ᠨᠠᠮ ᠤᠨ ᠬᠤᠷᠢᠶᠠᠨ ᠤ ᠱᠦᠵᠢ ᠫᠧᠩ ᠰᠢᠶᠤᠤ ᠴᠦᠨ ᠬᠡᠯᠡᠪᠡ᠃

    ᠬᠡᠴᠢᠨᠡᠨ ᠪᠠᠷᠳᠠᠭᠠᠳᠤ ᠠᠭᠤᠯᠠ ᠳᠠᠪᠠᠭ᠎ᠠ ᠴᠤ ᠳᠤᠮᠳᠠᠳᠤ ᠤᠯᠤᠰ ᠤᠨ ᠡᠪ ᠬᠠᠮᠳᠤᠴᠤᠳ ᠤᠨ ᠡᠷᠡᠮᠡᠬᠡᠶᠢᠯᠡᠨ ᠤᠷᠤᠭᠰᠢᠯᠠᠬᠤ ᠰᠦᠰᠦ ᠵᠤᠷᠢᠭ ᠢ ᠮᠤᠬᠤᠭᠠᠵᠤ ᠴᠢᠳᠠᠬᠤ ᠦᠭᠡᠢ; ᠬᠡᠴᠢᠨᠡᠨ ᠬᠤᠯᠠ ᠶᠢ ᠵᠤᠷᠢᠬᠰᠠᠨ ᠭᠠᠵᠠᠷ ᠴᠤ ᠳᠤᠮᠳᠠᠳᠤ ᠤᠯᠤᠰ ᠤᠨ ᠡᠪ ᠬᠠᠮᠳᠤᠴᠤᠳ ᠤᠨ ᠵᠠᠪᠠᠯ ᠬᠦᠷᠬᠦ ᠢᠲᠡᠭᠡᠯ ᠵᠤᠷᠢᠭ ᠢ ᠭᠤᠶᠢᠪᠢᠯᠵᠠᠭᠤᠯᠵᠤ ᠴᠢᠳᠠᠬᠤ ᠦᠭᠡᠢ ᠶᠤᠮ᠃

    ᠲᠡᠭᠷᠢ ᠶᠢᠨ ᠤᠷᠳᠤᠨ᠂ ᠦ᠋ ᠺᠦᠩ᠂ ᠮᠦᠸᠧ ᠽᠢ᠂ ᠲᠤᠮᠤ ᠨᠢᠰᠭᠡᠯ ᠁ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠳᠤᠷᠠᠳᠤᠭᠰᠠᠨ ᠡᠳᠡᠭᠡᠷ 《ᠨᠡᠷ᠎ᠠ》 ᠨᠢ ᠲᠦᠯᠦᠭᠡᠯᠡᠭᠴᠢᠳ ᠤᠨ ᠬᠠᠯᠠᠮ ᠶᠠᠷᠢᠯᠴᠠᠭ᠎ᠠ ᠪᠤᠯᠵᠠᠢ᠃

    ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠪᠤᠯᠤᠨ ᠳᠤᠮᠳᠠᠳᠤ ᠶᠢᠨ ᠵᠡᠭᠦᠳᠦ ᠬᠦᠮᠦᠰ ᠤᠨ ᠰᠡᠳᠭᠢᠯ ᠳᠤ ᠭᠦᠨ ᠬᠠᠳᠠᠩᠰᠢᠪᠠ; ᠠᠷᠠᠳ ᠲᠤ ᠠᠰᠢᠭ ᠬᠦᠷᠲᠡᠭᠡᠬᠦ ᠠᠯᠢ ᠤᠯᠠᠨ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠵᠤ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ ᠢᠯᠡᠳᠳᠡ ᠳᠡᠭᠡᠭ᠍ᠰᠢᠯᠡᠵᠠᠢ; ᠠᠮᠢ ᠠᠬᠤᠢ  ᠤᠷᠴᠢᠨ ᠲᠤᠭᠤᠷᠢᠨ ᠤ ᠵᠠᠰᠠᠯᠲᠠ ᠮᠡᠳᠡᠭᠳᠡᠮ᠎ᠠ ᠴᠢᠩ᠋ᠭᠠᠷᠠᠵᠤ᠂ ᠤᠷᠴᠢᠨ ᠲᠤᠭᠤᠷᠢᠨ ᠤ ᠪᠠᠶᠢᠳᠠᠯ ᠰᠠᠶᠢᠵᠢᠷᠠᠵᠠᠢ ᠁

    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠳᠤᠷᠠᠳᠤᠭᠰᠠᠨ ᠡᠳᠡᠭᠡᠷ ᠠᠮᠵᠢᠯᠲᠠ ᠶᠢᠨ ᠬᠠᠭᠤᠳᠠᠰᠤ ᠲᠦᠯᠦᠭᠡᠯᠡᠭᠴᠢᠳ ᠤᠨ ᠨᠡᠶᠢᠳᠡᠮ ᠤᠨ ᠨᠤᠳᠠᠯᠠᠯᠲᠠ ᠶᠢ ᠤᠯᠪᠠ᠃

    《ᠪᠢᠲᠠ ᠶᠡᠷᠦ ᠠᠴᠠ ᠡᠨᠡ ᠡᠲᠦᠷ ᠰᠢᠭ᠌ ᠡᠶᠢᠮᠦ ᠢᠲᠡᠭᠡᠯ ᠲᠠᠢ ᠪᠠᠶᠢᠵᠦ ᠦᠩᠭᠡᠷᠡᠭᠡᠳᠦᠢ》ᠬᠡᠵᠤ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠲᠡᠭᠡᠲᠦ ᠰᠤᠷᠭᠠᠭᠤᠯᠢ ᠶᠢᠨ ᠵᠠᠬᠢᠷᠤᠯ ᠬᠠᠠ ᠵᠸᠠ ᠹᠧᠩ ᠵᠢᠭᠠᠵᠤ ᠭᠠᠷᠭᠠᠬᠰᠠᠨ ᠨᠢ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠪᠤᠯ ᠦᠭᠡᠷᠡᠴᠢᠯᠡᠯᠲᠡ ᠨᠡᠭᠡᠭᠡᠯᠲᠡ ᠬᠢᠭ᠍ᠰᠡᠡ ᠠᠴᠠ ᠨᠠᠰᠢᠬᠢ ᠨᠠᠮ ᠤᠨ ᠪᠦᠬᠦ ᠤᠨᠤᠯ ᠪᠤᠯᠤᠨ ᠦᠢᠯᠡᠲᠦᠯᠭᠡ ᠶᠢᠨ ᠭᠤᠤᠯ ᠰᠡᠲᠦᠪ ᠮᠦᠨ᠂ ᠨᠠᠮ ᠪᠤᠯᠤᠨ ᠠᠷᠠᠳ ᠲᠦᠮᠡᠡ ᠤ ᠲᠦᠮᠡᠨ ᠪᠡᠷᠬᠡ ᠶᠢ ᠲᠤᠭᠤᠯᠵᠦ᠂ ᠨᠦᠰᠡᠷ ᠦᠷᠡᠭᠳᠡᠯ ᠭᠠᠷᠭᠠᠵᠦ ᠪᠠᠶᠢᠮᠠᠠ ᠤᠯᠤᠭᠰᠠᠠ ᠦᠨᠲᠦᠰᠤᠨ ᠠᠮᠵᠢᠯᠲᠠ ᠪᠦᠲᠦᠮᠵᠢ ᠪᠤᠯᠤᠨ᠎ᠠ᠃ ᠠᠭᠤᠤ ᠶᠡᠭᠡ ᠬᠦᠰᠡᠯ ᠵᠡᠭᠦᠲᠦ ᠪᠠᠨ ᠲᠡᠷᠭᠡᠯᠰᠢᠭᠦᠯᠬᠦ ᠠᠶᠠᠯᠠᠯ ᠳᠤ ᠡᠷᠭᠡᠪᠰᠢ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠤᠶᠤᠯ ᠤᠨ ᠢᠲᠡᠭᠡᠯ ᠢ ᠪᠠᠷᠢᠮᠲᠠᠯᠠᠵᠦ᠂ ᠢᠮᠠᠬᠳᠠ ᠰᠤᠯᠠᠷᠠᠰᠢ ᠦᠭᠡᠢ ᠵᠤᠷᠢᠭ ᠰᠠᠨᠠᠭᠠᠨ ᠤ ᠲᠦᠷᠰᠦ ᠪᠠᠶᠢᠲᠠᠯ ᠪᠤᠯᠤᠨ ᠡᠷᠡᠰ ᠭᠤᠶᠢᠪᠢᠰᠢ ᠦᠭᠡᠢ ᠲᠡᠮᠡᠴᠡᠯ ᠤᠨ ᠤᠪᠤᠷ ᠪᠠᠶᠢᠳᠠᠯ ᠢᠶᠠᠷ ᠠᠤᠭ᠎ᠠ ᠶᠡᠭᠡ ᠬᠠᠷᠠᠯᠲᠠ ᠲᠡᠰᠢ ᠡᠷᠡᠯᠭᠡᠭ᠍ᠯᠡᠡ ᠤᠷᠤᠭᠰᠢᠯᠠᠬᠤ ᠬᠡᠷᠡᠭᠲᠡᠢ ᠭᠡᠪᠠ᠃

    ᠨᠠᠮ ᠤᠨ ᠠᠷᠪᠠ ᠶᠢᠰᠤᠲᠦᠭᠡᠷ ᠶᠡᠭᠡ ᠬᠤᠷᠠᠯ ᠤᠨ ᠠᠬᠤᠢ ᠲᠠᠯᠠᠪᠠᠢ ᠳᠤ ᠬᠦᠮᠦᠰ ᠵᠢᠶᠤᠤ ᠷᠦᠸᠧ ᠢᠤᠢ ᠶᠢ ᠲᠠᠬᠢᠨᠳᠠ ᠤᠯᠵᠦ ᠬᠠᠷᠠᠯ᠎ᠠ᠃ 102 ᠨᠠᠰᠤᠳᠠᠢ ᠡᠨᠡ ᠲᠦᠯᠦᠭᠡᠯᠡᠭᠴᠢ ᠪᠤᠯ ᠲᠦᠯᠦᠭᠡᠯᠡᠭᠴᠢᠳ ᠤᠨ ᠲᠤᠲᠤᠷᠠᠬᠢ ᠬᠠᠮᠤᠭ ᠤᠨ ᠦᠨᠲᠦᠷ ᠨᠠᠰᠤᠳᠠᠢ ᠲᠦᠯᠦᠭᠡᠯᠡᠭᠴᠢ ᠪᠤᠯᠤᠨ᠎ᠠ᠃

    《ᠪᠢ 1936 ᠤᠠ ᠳᠤ ᠨᠠᠮ ᠳᠤ ᠤᠷᠤᠵᠦ᠂ ᠨᠠᠮ ᠳᠤ ᠤᠷᠤᠭᠠᠳ ᠨᠢᠭᠡᠨᠲᠡ 81 ᠵᠢᠯ ᠪᠤᠯᠵᠦ ᠪᠠᠶᠢᠨ᠎ᠠ᠂ ᠨᠠᠮ ᠳᠤ ᠤᠷᠤᠭᠰᠠᠠ ᠤ ᠲᠠᠷᠠᠭ᠎ᠠ ᠶᠠᠭ ᠶᠠᠫᠤᠨ ᠢ ᠡᠰᠡᠷᠭᠦᠴᠡᠬᠦ ᠲᠠᠶᠢᠨ ᠲᠠᠢ ᠲᠠᠭᠠᠷᠠᠯᠲᠤᠵᠦ᠂ ᠤᠲᠤ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠱᠠᠲᠤ ᠲᠠᠢ ᠲᠠᠭᠠᠷᠠᠯᠲᠤᠯ᠎ᠠ᠃ ᠶᠠᠮᠠᠷ ᠦᠶ᠎ᠠ ᠪᠠᠶᠢᠭᠰᠠᠠ ᠴᠤ ᠬᠠᠮᠢᠶ᠎ᠠ ᠦᠭᠡᠢ᠂ ᠨᠠᠮ ᠪᠦᠷ ᠴᠠᠭ ᠦᠶ᠎ᠠ ᠶᠢᠨ ᠲᠠᠪᠰᠢᠯᠲᠠ ᠪᠠ ᠠᠭᠤᠤ ᠶᠡᠭᠡ ᠲᠡᠮᠡᠴᠡᠯ ᠤᠨ ᠤᠲᠤᠷᠢᠲᠤᠭᠴᠢ ᠮᠦᠠ᠃ ᠰᠢᠨ᠎ᠠ ᠴᠠᠭ ᠦᠶ᠎ᠠ ᠳᠤ ᠲᠤᠮᠲᠠᠲᠤ ᠤᠯᠤᠰ ᠤᠨ ᠡᠪ ᠬᠠᠮᠲᠤ ᠨᠠᠮ ᠦᠷᠬᠦᠯᠵᠢᠯᠡᠡ ᠬᠠᠷᠢᠭᠤᠴᠠᠯᠭ᠎ᠠ ᠡᠬᠦᠷᠭᠡᠯᠡᠵᠦ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠤᠷᠤᠭᠰᠢ ᠠᠬᠢᠭᠤᠯᠤᠨ᠎ᠠ 》ᠬᠡᠵᠤ ᠵᠢᠶᠤᠤ ᠷᠦᠸᠧ ᠢᠤᠢ ᠬᠡᠯᠡᠨ᠎ᠠ ᠃

ᠬᠢᠵᠠᠭᠠᠯᠠᠰᠢ ᠦᠭᠡᠢ ᠡᠷᠡᠰ ᠪᠠᠳᠤ ᠲᠠᠭᠠᠭᠤᠯᠭ᠎ᠠ᠄ ᠬᠦᠰᠡᠯ ᠵᠡᠭᠦᠲᠦ ᠪᠠᠨ ᠲᠡᠷᠭᠡᠯᠰᠢᠭᠦᠯᠬᠦ ᠠᠶᠠᠯᠠᠯ ᠳᠤ ᠠᠭᠤᠤ ᠶᠡᠭᠡ ᠢᠨᠵᠧᠨᠧᠷᠢᠩ ᠢ ᠵᠤᠬᠰᠤᠰᠢ ᠦᠭᠡᠢ ᠪᠠᠶᠢᠭᠤᠯᠵᠦ ᠲᠤᠮᠲᠠᠲᠤ ᠤᠯᠤᠰ ᠤᠨ ᠡᠪ ᠬᠠᠮᠲᠤ ᠨᠠᠮ ᠲᠤᠮᠲᠠᠲᠤ ᠤᠯᠤᠰ ᠤᠨ ᠠᠷᠠᠳ ᠲᠦᠮᠡᠡ ᠢ ᠪᠦᠯᠬᠦᠮᠲᠡᠭᠦᠯᠦᠨ ᠲᠠᠭᠠᠭᠤᠯᠵᠦ ᠰᠢᠨ᠎ᠠ ᠢᠯᠠᠯᠲᠠ ᠲᠡᠰᠢ ᠵᠤᠬᠰᠤᠯ ᠦᠭᠡᠢ ᠤᠷᠤᠭᠰᠢᠯᠠᠨ᠎ᠠ

    10 ᠰᠠᠷ᠎ᠠ ᠶᠢᠨ 19 ᠤ ᠦᠲᠡ ᠶᠢᠨ ᠡᠮᠦᠨ᠎ᠠ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠰᠤᠨᠢᠨ ᠮᠡᠲᠡᠭᠡᠡ ᠤ ᠲᠦᠪ ᠲᠤ ᠶᠠᠪᠤᠭᠳᠠᠬᠰᠨᠨ ᠠᠩᠬᠠᠲᠠᠭᠴᠢ ᠤᠲᠠᠭᠠᠠ ᠤ ᠰᠤᠷᠪᠤᠯᠵᠢᠯᠠᠭᠴᠢᠳ ᠤᠨ ᠳᠠᠶᠢᠯᠠᠯᠭ᠎ᠠ ᠶᠢᠨ ᠠᠩᠬᠠᠷᠤᠯ ᠤᠨ ᠴᠡᠭ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠡᠭᠡᠷ᠎ᠡ ᠲᠦᠪᠯᠡᠷᠡᠵᠠᠢ᠃

    《ᠲᠤᠮᠲᠠᠲᠤ ᠤᠯᠤᠰ ᠤᠨ ᠡᠪ ᠬᠠᠮᠲᠤ ᠨᠠᠮ ᠶᠡᠷᠤ ᠠᠴᠠ ᠡᠪᠡᠳᠴᠢᠨ ᠢᠶᠠᠨ ᠨᠢᠭᠤᠭᠠᠳ ᠡᠮᠨᠡᠭᠦᠯᠲᠡᠭ ᠦᠭᠡᠢ ᠪᠢᠰᠢ᠂ ᠶᠡᠷᠦ ᠠᠴᠠ ᠲᠤᠰ ᠪᠡᠶ᠎ᠠ ᠳᠤᠨᠢ ᠤᠷᠤᠰᠢᠵᠦ ᠪᠠᠶᠢᠭ᠎ᠠ ᠠᠰᠠᠭᠤᠲᠠᠯ ᠠᠴᠠ ᠵᠠᠶᠢᠯᠠᠰᠬᠢᠲᠠᠭ ᠦᠭᠡᠢ》᠂ 《5 ᠵᠢᠯ ᠤᠨ ᠬᠤᠭᠤᠴᠠᠭᠠᠠ ᠳᠤ ᠮᠤᠵᠢ ᠠᠷᠮᠢ ᠶᠢᠨ ᠲᠡᠰ ᠠᠴᠠ ᠲᠡᠭᠡᠭ᠍ᠰᠢᠬᠢ ᠨᠠᠮ ᠤᠨ ᠭᠡᠰᠢᠭᠦᠨ ᠺᠠᠳ᠋ᠷ ᠵᠢᠴᠢ ᠪᠤᠰᠤᠳ ᠲᠦᠪ ᠤᠨ ᠬᠠᠮᠢᠶᠠᠷᠤᠯᠲᠠ ᠶᠢᠨ ᠺᠠᠳ᠋ᠷ ᠠᠴᠠ 440 ᠺᠠᠳ᠋ᠷ ᠢ ᠭᠡᠷᠡᠭ ᠪᠤᠯᠭᠠᠠ ᠲᠡᠩᠰᠠᠯᠠᠵᠦ ᠬᠢᠨᠠᠠ ᠪᠠᠶᠢᠴᠠᠭᠠᠪᠠ ᠁》

    ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠠ ᠤ ᠲᠡᠳ᠋ ᠱᠦᠵᠢ ᠶᠠᠩ ᠰᠢᠶᠤᠤ ᠳ᠋ᠦ᠋ ᠪᠤᠯᠤᠨ ᠲᠦᠪ ᠤᠨ ᠵᠤᠬᠢᠶᠠᠠ ᠪᠠᠶᠢᠭᠤᠯᠬᠤ ᠬᠡᠯᠲᠡᠰ ᠤᠨ ᠲᠡᠳ᠋ ᠲᠠᠷᠤᠭ᠎ᠠ ᠴᠢ ᠢᠤᠢ 5 ᠵᠢᠯ ᠤᠨ ᠲᠤᠷᠰᠢᠬᠢ ᠲᠤᠮᠲᠠᠲᠤ ᠤᠯᠤᠰ ᠤᠨ ᠡᠪ ᠬᠠᠮᠲᠤ ᠨᠠᠮ ᠤᠨ ᠲᠤᠰ ᠪᠡᠶ᠎ᠠ ᠶᠢᠨ ᠪᠠᠶᠢᠭᠤᠯᠤᠯᠲᠠ ᠶᠢᠨ ᠬᠤᠯᠪᠤᠭᠲᠠᠯ ᠪᠦᠬᠦᠢ ᠪᠠᠶᠢᠲᠠᠯ ᠢ ᠳᠤᠮᠳᠠᠳᠤ ᠭᠠᠳᠠᠭᠠᠲᠤ ᠶᠢᠨ ᠰᠤᠷᠪᠤᠯᠵᠢᠯᠠᠬᠴᠢᠳ ᠲᠤ ᠲᠠᠨᠢᠯᠴᠠᠭᠤᠯᠵᠠᠢ᠃

    ᠬᠡᠲᠦᠨ ᠺᠢᠯᠣᠮᠧᠲ᠋ᠷ ᠵᠠᠶᠢᠲᠠᠢ ᠪᠠᠶᠢᠭ᠎ᠠ ᠠᠷᠠᠳ ᠤᠨ ᠶᠡᠭᠡ ᠬᠤᠷᠠᠯ ᠤᠨ ᠲᠠᠩᠭᠢᠮ ᠤᠨ ᠵᠡᠭᠦᠨ ᠶᠡᠬᠡ ᠲᠢᠩᠭᠢᠮ ᠳᠤ 《ᠨᠠᠮ ᠤᠨ ᠲᠦᠯᠦᠭᠡᠯᠡᠭᠴᠢ ᠶᠢᠨ ᠰᠤᠷᠪᠤᠯᠵᠢᠯᠠᠭ᠎ᠠ ᠬᠦᠯᠢᠶᠡᠬᠦ ᠵᠠᠮ》 ᠳ᠋ᠤ ᠵᠠᠭᠤᠴᠢᠯᠠᠭᠤᠷ ᠤᠨ ᠬᠢᠨ ᠮᠦᠨ ᠲᠦᠭᠦᠷᠡᠳᠡᠯ᠎ᠡ ᠴᠤᠬᠯᠠᠷᠠᠪᠠ᠃

    《ᠲᠡᠭᠷᠢ ᠭᠠᠵᠠᠷ ᠢ ᠲᠤᠩᠰᠤᠯᠭᠠᠮ᠎ᠠ ᠬᠤᠪᠢᠷᠠᠯᠲᠠ ᠳᠤ ᠰᠠᠨᠠᠭ᠎ᠠ ᠰᠡᠳᠬᠢᠯ ᠲᠡᠨᠢᠭᠦᠬᠡᠨ》᠃ 5 ᠵᠢᠯ ᠤᠨ ᠲᠤᠷᠰᠢᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠠ ᠠᠮᠵᠢᠯᠲᠠ ᠪᠦᠲᠦᠮᠵᠢ ᠶᠢ ᠭᠡᠷᠬᠢᠨ ᠦᠨᠡᠯᠡᠬᠦ ᠲᠤᠬᠠᠢ ᠠᠰᠠᠭᠤᠯᠲᠠ ᠶᠢ ᠬᠠᠷᠢᠭᠤᠯᠬᠤ ᠳᠠᠭᠠᠨ᠂ ᠨᠠᠮ ᠤᠨ ᠠᠷᠪᠠᠠ ᠶᠢᠰᠦᠲᠦᠭᠡᠷ ᠶᠡᠭᠡ ᠬᠤᠷᠠᠯ ᠤᠨ ᠲᠦᠯᠦᠭᠡᠯᠡᠭᠴᠢ᠂ ᠠᠯᠲᠠᠷᠲᠤ ᠵᠤᠬᠢᠶᠠᠯᠴᠢ ᠯᠧᠩ ᠵᠢᠶᠧ ᠹᠠᠩ (ᠡᠯ ᠶᠤᠸᠠᠢ ᠡᡁᠧ) ᠢᠩᠭᠢᠵᠤ ᠬᠠᠷᠢᠭᠤᠯᠪᠠ᠃

    ᠢᠲᠡᠭᠡᠯ ᠲᠦᠭᠦᠷᠡᠩ ᠶᠠᠷᠢᠶ᠎ᠠ ᠢᠯᠡᠳᠭᠡᠯ ᠳᠤ ᠨᠢᠭᠡᠡ ᠮᠠᠷᠺᠰ ᠤᠨ ᠦᠵᠡᠯ ᠤᠨ ᠲᠦᠷᠦ ᠶᠢᠨ ᠨᠠᠮ ᠤᠨ ᠭᠠᠯ ᠤᠰᠤᠨ ᠤ ᠠᠶᠤᠯ ᠲᠦᠭᠰᠢᠬᠦᠷᠢ ᠶᠢ ᠦᠩᠭᠡᠷᠡᠭᠦᠯᠦᠭᠰᠡᠡ ᠤ ᠲᠠᠷᠠᠭᠠᠬᠢ ᠴᠤ᠋ ᠰᠢᠨ᠎ᠠ ᠲᠦᠷᠰᠦ ᠪᠠᠶᠢᠲᠠᠯ ᠲᠤᠰᠬᠠᠬᠳᠠᠨ᠎ᠠ᠃

    《ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠲᠦ ᠨᠢᠬᠲᠠ ᠬᠤᠯᠪᠤᠯᠳᠤᠨ ᠬᠠᠷᠢᠯᠴᠠᠠ ᠨᠡᠪᠲᠡᠷᠡᠯᠴᠡᠵᠦ ᠬᠠᠷᠢᠯᠴᠠᠠ ᠦᠢᠯᠡᠳᠦᠯᠴᠡᠨ᠎ᠡ᠃ ᠡᠭᠦᠨ ᠳᠤ ᠰᠢᠢᠳᠪᠦᠷᠢᠯᠡᠭᠴᠢ ᠴᠢᠨᠠᠷᠲᠠᠢ ᠦᠢᠯᠡᠲᠦᠯ ᠦᠵᠡᠭᠦᠯᠬᠦ ᠨᠢ ᠲᠠᠷᠤᠢ ᠨᠠᠮ ᠤᠨ ᠪᠠᠶᠢᠭᠤᠯᠤᠯᠲᠠ ᠶᠢᠨ ᠰᠢᠨ᠎ᠠ ᠠᠭᠤᠤ ᠶᠡᠭᠡ ᠢᠨᠵᠧᠨᠧᠷᠢᠩ ᠪᠤᠯᠤᠨ᠎ᠠ》 ᠭᠡᠵᠦ ᠰᠢ ᠶᠢᠨ ᠫᠢᠩ ᠨᠦᠬᠦᠷ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠢᠯᠡᠳᠭᠡᠯ ᠳᠡᠭᠡᠨ ᠬᠦᠨᠵᠡᠭᠡᠢ ᠵᠢᠭᠠᠵᠦ ᠭᠠᠷᠭᠠᠭᠰᠠᠠ ᠪᠠᠶᠢᠯ᠎ᠠ᠃

    《ᠲᠤᠮᠲᠠᠲᠤ ᠤᠯᠤᠰ ᠤᠨ ᠬᠦᠭ᠍ᠵᠢᠯᠲᠠ ᠶᠢᠨ ᠤᠨᠢᠰᠤᠭ᠎ᠠ ᠶᠢᠨ ᠬᠠᠷᠢᠭᠤᠯᠲᠠ ᠪᠤᠯ ᠲᠠᠷᠤᠢ ᠲᠤᠮᠲᠠᠲᠤ ᠤᠯᠤᠰ ᠤᠨ ᠡᠪ ᠬᠠᠮᠲᠤ ᠨᠠᠮ ᠮᠦᠨ》᠃ ᠠᠷᠠᠳ ᠤᠨ ᠶᠡᠭᠡ ᠬᠤᠷᠠᠯ ᠤᠨ ᠲᠠᠩᠭᠢᠮ ᠳᠠᠬᠢ ᠬᠤᠷᠠᠯ ᠳᠤ ᠤᠷᠤᠯᠴᠠᠭᠰᠠᠠ ᠲᠦᠯᠦᠭᠡᠯᠡᠭᠴᠢᠳ ᠤᠨ ᠴᠤᠬ ᠪᠠᠲᠠᠷᠠᠩᠭ᠋ᠤᠢ ᠲᠦᠷᠢ ᠪᠠᠶᠢᠳᠠᠯ ᠪᠤᠯᠤᠨ ᠤᠯᠤᠰ ᠤᠨ ᠮᠦᠽᠸᠢ ᠳᠠᠬᠢ ᠰᠤᠷᠪᠤᠯᠵᠢᠯᠠᠭ᠎ᠠ ᠬᠦᠯᠢᠶᠡᠭᠡ ᠠᠷᠠᠳ ᠢᠷᠭᠡᠳ ᠤᠨ ᠦᠪᠡᠷ ᠤᠨ ᠡᠷᠬᠡ ᠦᠭᠡᠢ ᠢᠯᠡᠷᠡᠭᠦᠯᠦᠭᠰᠡᠨ ᠤᠮᠤᠬᠰᠢᠯᠳᠤ ᠰᠡᠳᠭᠢᠯᠭᠡ ᠶᠢ ᠬᠠᠷᠠᠭᠠᠳ᠂ ᠪᠤᠯᠢᠸᠢᠶ᠎ᠠ ᠶᠢᠨ 《ᠬᠤᠪᠢᠰᠤᠯ ᠰᠤᠨᠢᠨ》 ᠤ᠋ ᠭᠤᠤᠯ ᠨᠠᠶᠢᠷᠠᠭᠤᠯᠤᠭᠴᠢ ᠠᠶᠠᠯᠠᠽᠠᠠ᠄《ᠶᠠᠮᠠᠷᠪᠠ ᠤᠯᠤᠰ ᠤᠨ ᠬᠦᠭ᠍ᠵᠢᠯᠲᠠ ᠭᠡᠳ ᠪᠦᠷ ᠬᠦᠴᠦᠷᠭᠡᠭ᠌ ᠶᠡᠭᠡ ᠲᠦᠷᠦ ᠪᠠᠷᠢᠭᠴᠢ ᠨᠠᠮ ᠤᠨ ᠤᠲᠤᠷᠢᠲᠤᠯᠭ᠎ᠠ ᠳᠤ ᠲᠦᠰᠢᠳᠡᠭ᠂ ᠲᠤᠮᠲᠠᠲᠤ ᠤᠯᠤᠰ ᠤᠨ ᠡᠪ ᠬᠠᠮᠲᠤ ᠨᠠᠮ ᠬᠦᠴᠦᠷᠭᠡᠭ᠌ ᠶᠡᠭᠡ ᠤᠲᠤᠷᠢᠳᠬᠤ ᠬᠦᠴᠤᠨ ᠢᠶᠠᠨ ᠢᠯᠡᠷᠡᠭᠦᠯᠵᠠᠢ》ᠭᠡᠵᠦ ᠮᠠᠭᠲᠠᠠ ᠬᠡᠯᠡᠪᠡ᠃

    ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠰᠢᠨ᠎ᠠ ᠴᠠᠬ ᠦᠶ᠎ᠠ ᠳᠤ ᠤᠷᠤᠵᠤ᠂ ᠦᠨᠳᠤᠰᠤᠳᠠᠨ ᠤ ᠰᠡᠷᠬᠦᠨ ᠮᠠᠨᠳᠤᠯᠳᠠ ᠶᠢᠨ ᠬᠦᠰᠡᠯ ᠵᠡᠬᠦᠳᠤ ᠲᠡᠰᠢ ᠲᠡᠮᠡᠤᠯᠡᠬᠦ ᠠᠶᠠᠨ ᠰᠢᠨ᠎ᠠ ᠠᠶᠠᠯᠠᠯ ᠢᠶᠠᠨ ᠡᠬᠢᠯᠠᠬᠦᠯᠪᠠ᠃

    ᠠᠭᠤᠤ ᠶᠡᠭᠡ ᠬᠦᠰᠡᠯ ᠵᠡᠬᠦᠳᠤ ᠶᠢ ᠠᠪᠤᠨ ᠲᠤᠤᠷ᠎ᠠ ᠨᠢ ᠪᠡᠶᠡᠯᠡᠭᠦᠯᠴᠢᠬᠡᠬᠦ ᠪᠢᠰᠢ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠠᠭᠠᠬᠢᠬᠰᠠᠨ ᠴᠤ ᠭᠡᠩᠭᠡᠷᠭᠡ ᠴᠠᠩ ᠲᠡᠯᠡᠳᠴᠤ ᠪᠠᠶᠢᠬᠤ ᠰᠢᠬ ᠬᠢᠪ ᠬᠢᠯᠪᠠᠷᠬᠠᠨ ᠢᠶᠠᠷ ᠪᠡᠶᠡᠯᠡᠭᠳᠡᠬᠦ ᠪᠢᠰᠢ᠃ ᠰᠢᠨ᠎ᠠ ᠴᠠᠬ ᠦᠶ᠎ᠠ ᠶᠢᠨ ᠲᠡᠤᠬᠡ ᠶᠢᠨ ᠡᠬᠦᠷᠬᠡ ᠬᠠᠷᠢᠭᠤᠴᠠᠯᠭ᠎ᠠ ᠨᠢ ᠨᠠᠮ ᠤᠨ ᠪᠠᠶᠢᠭᠤᠯᠤᠯᠳᠠ ᠶᠢ ᠴᠢᠩ᠋ᠭᠠᠳᠬᠠᠬᠤ ᠳᠤ ᠨᠡᠩ ᠦᠨᠳᠤᠷ ᠰᠢᠨ᠎ᠡ ᠱᠠᠭᠠᠷᠳᠠᠯᠭ᠎ᠠ ᠲᠠᠯᠪᠢᠬᠰᠠᠨ ᠪᠠᠶᠢᠨ᠎ᠠ᠃

    《ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠳᠤ ᠨᠠᠮ ᠤᠨ ᠪᠠᠶᠢᠭᠤᠯᠤᠯᠳᠠ ᠶᠢ ᠴᠢᠩ᠋ᠭᠠᠳᠬᠠᠬᠤ  ᠶᠠᠪᠤᠳᠠᠯ ᠵᠠᠶᠢᠯᠠᠰᠢ ᠦᠬᠡᠢ ᠱᠠᠭᠠᠷᠳᠠᠬᠳᠠᠨ᠎ᠠ; ᠨᠠᠮ ᠤᠨ ᠪᠠᠶᠢᠭᠤᠯᠤᠯᠳᠠ ᠶᠢ ᠴᠢᠩᠭ᠋ᠠᠳᠬᠠᠬᠤ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠠᠪᠤᠳᠠᠯ ᠵᠠᠶᠢᠯᠠᠰᠢ ᠦᠬᠡᠢ ᠱᠠᠭᠠᠷᠳᠠᠬᠳᠠᠨ᠎ᠠ》ᠬᠡᠵᠤ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠲᠦᠯᠤᠬᠡᠯᠡᠭᠴᠢ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠶᠠᠩ ᠰᠢᠶᠤᠤ ᠴᠤᠤ ᠬᠡᠯᠡᠪᠡ᠃

    ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭ᠋ᠠᠳᠬᠠᠵᠤ᠂ ᠨᠠᠮ ᠨᠢ ᠨᠠᠮ ᠢ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠵᠤ᠂ ᠨᠠᠮ ᠤᠨ ᠤᠷᠳᠤ ᠬᠤᠭᠤᠴᠠᠭᠠᠨ ᠤ ᠲᠦᠷᠤ ᠪᠠᠷᠢᠬᠤ ᠴᠢᠳᠠᠪᠤᠷᠢ ᠶᠢᠨ ᠪᠠᠶᠢᠭᠤᠯᠤᠯᠳᠠ᠂ ᠲᠡᠷᠢᠬᠦᠨ ᠤ ᠴᠢᠨᠠᠷ ᠪᠤᠯᠤᠨ ᠠᠷᠢᠭᠤᠨ ᠴᠢᠬᠡᠴᠢ ᠴᠢᠨᠠᠷ ᠤᠨ ᠪᠠᠶᠢᠭᠤᠯᠤᠯᠳᠠ ᠶᠢ ᠴᠢᠩ᠋ᠭᠠᠳᠬᠠᠬᠤ ᠪᠠᠷ ᠭᠤᠤᠯ ᠱᠤᠭᠤᠮ ᠪᠤᠯᠭᠠᠵᠤ᠂ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠪᠠᠷ ᠨᠢᠬᠡᠳᠤᠯᠳᠠᠢ ᠵᠢᠯᠤᠭᠤᠳᠤᠯᠭ᠎ᠠ ᠪᠤᠯᠭᠠᠵᠤ᠂ ᠢᠳᠡᠬᠡᠯ ᠪᠢᠰᠢᠷᠡᠯ ᠦᠨᠳᠦᠰᠦᠨ ᠵᠤᠷᠢᠯᠳᠠ ᠪᠠᠨ ᠪᠠᠳᠤᠳᠬᠠᠬᠤ ᠪᠠᠷ ᠰᠠᠭᠤᠷᠢ ᠪᠤᠯᠭᠠᠵᠤ᠂ ᠪᠦᠬᠦ ᠨᠠᠮ ᠤᠨ ᠢᠳᠡᠪᠬᠢᠵᠢᠯ᠂ ᠰᠠᠨᠠᠭᠠᠴᠢᠯᠠᠭᠠᠳᠤ ᠴᠢᠨᠠᠷ ᠪᠤᠯᠤᠨ ᠪᠦᠳᠤᠬᠡᠯᠴᠢ ᠴᠢᠨᠠᠷ ᠢ ᠲᠠᠶᠢᠴᠢᠯᠠᠬᠤ ᠪᠠᠷ ᠬᠦᠴᠤᠯᠠᠴᠠ ᠪᠤᠯᠭᠠᠬᠤ ᠭᠡᠷᠡᠭᠳᠠᠢ ᠁

    《ᠶᠠᠷᠤᠩᠬᠡᠢ ᠱᠠᠭᠠᠷᠳᠠᠯᠭ᠎ᠠ ᠠᠴᠠ ᠭᠤᠤᠯ ᠦᠨᠳᠤᠰᠤ ᠬᠦᠷᠳᠡᠯ᠎ᠡ᠂ ᠭᠤᠤᠯ ᠱᠤᠭᠤᠮ ᠠᠴᠠ ᠨᠢᠬᠡᠳᠤᠯᠳᠠᠢ ᠵᠢᠯᠤᠭᠤᠳᠤᠯᠭ᠎ᠠ ᠬᠦᠷᠳᠡᠯ᠎ᠡ᠂ ᠦᠨᠳᠦᠰᠦ ᠰᠠᠭᠤᠷᠢ ᠠᠴᠠ ᠬᠦᠴᠤᠯᠠᠴᠠ ᠬᠦᠷᠳᠡᠯ᠎ᠠ᠂ ᠰᠢ ᠶᠢᠨ ᠫᠢᠩ ᠨᠦᠬᠦᠷ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠢᠯᠡᠳᠬᠡᠯ ᠳᠡᠭᠡᠨ ᠨᠠᠮ ᠤᠨ ᠪᠠᠶᠢᠭᠤᠯᠤᠯᠳᠠ ᠶᠢᠨ ᠠᠭᠤᠤ ᠶᠡᠭᠡ ᠢᠨᠵᠧᠨᠧᠷᠢᠩ ᠤᠨ ᠲᠤᠬᠠᠢ ᠪᠦᠬᠦ ᠲᠠᠯ᠎ᠠ ᠶᠢᠨ ᠰᠢᠰᠲ᠋ᠧᠮ ᠲᠠᠢ ᠪᠠᠶᠢᠷᠢᠯᠠᠭᠤᠯᠤᠯᠳᠠ ᠬᠢᠪᠠ᠃ ᠡᠨᠡ ᠪᠤᠯ ᠮᠠᠷᠺᠰ ᠤᠨ ᠦᠵᠡᠯ ᠤᠨ ᠨᠠᠮ ᠤᠨ ᠪᠠᠶᠢᠭᠤᠯᠤᠯᠳᠠ ᠶᠢᠨ ᠤᠨᠤᠯ ᠤᠨ ᠨᠢᠬᠡ ᠤᠳᠠᠭ᠎ᠠ ᠶᠢᠨ ᠴᠢᠬᠤᠯᠠ ᠶᠡᠭᠡ ᠦᠰᠤᠷᠤᠯᠳᠠ ᠪᠤᠯᠤᠨ᠎ᠠ᠂ ᠰᠢᠨ᠎ᠠ ᠴᠠᠬ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠰᠢᠨ᠎ᠠ ᠠᠭᠤᠤ ᠶᠡᠭᠡ ᠢᠨᠵᠧᠨᠧᠷᠢᠩ ᠳᠤ ᠴᠤ᠋ ᠰᠢᠨ᠎ᠠ ᠠᠮᠢᠵᠢᠷᠠᠯ ᠤᠨ ᠬᠦᠴᠤᠨ ᠨᠡᠮᠡᠷᠢᠯᠡᠭᠰᠡᠨ ᠪᠠᠶᠢᠨ᠎ᠠ》ᠬᠡᠵᠤ ᠰᠢᠨ ᠮᠢᠨ ᠬᠡᠯᠡᠪᠡ᠃

    ᠴᠤ᠋ ᠰᠢᠨ᠎ᠠ ᠪᠠᠶᠢᠷᠢᠰᠢᠯ ᠤᠨ ᠳᠤᠮᠳᠠ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠲᠡᠷᠢᠬᠦᠨ ᠪᠠᠶᠢᠷᠢᠨ ᠳᠤ ᠲᠠᠯᠪᠢᠬᠳᠠᠪᠠ᠃

    《ᠮᠠᠷᠺᠰ ᠤᠨ ᠦᠵᠡᠯ ᠤᠨ ᠲᠦᠷᠤ ᠶᠢᠨ ᠨᠠᠮ ᠪᠤᠯᠤᠬᠰᠠᠨ ᠤ ᠬᠤᠪᠢ ᠳᠤ ᠤᠯᠤᠰ ᠲᠦᠷᠤ ᠶᠢ ᠡᠷᠬᠢᠮᠯᠡᠬᠦ ᠪᠤᠯ ᠬᠠᠮᠤᠬ ᠤᠨ ᠦᠨᠳᠤᠰᠤᠨ ᠱᠠᠭᠠᠷᠳᠠᠯᠭ᠎ᠠ ᠪᠤᠯᠤᠨ᠎ᠠ᠃ ᠤᠯᠤᠰ ᠲᠦᠷᠤ ᠶᠢᠨ ᠪᠠᠶᠢᠭᠤᠯᠤᠯᠳᠠ ᠶᠢ ᠴᠢᠩ᠋ᠭᠠᠳᠬᠠᠬᠤ ᠶᠢ ᠲᠤᠪᠤᠶᠢᠯᠭᠠᠬᠤ ᠳᠤ ᠭᠤᠤᠯ ᠨᠢ ᠪᠦᠬᠦ ᠨᠠᠮ ᠢᠶᠠᠷ ᠢᠶᠠᠨ ᠨᠠᠮ ᠤᠨ ᠲᠦᠪ ᠬᠤᠷᠢᠶ᠎ᠠ ᠶᠢ ᠲᠠᠭᠠᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ ᠪᠠᠷᠢᠮᠳᠠᠯᠠᠵᠤ᠂ ᠨᠡᠩ ᠴᠢᠩᠭ᠎ᠠ ᠤᠯᠤᠰ ᠲᠦᠷᠤ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠤ ᠶᠢᠨ ᠶᠤᠰᠤ ᠵᠢᠷᠤᠮ ᠢᠶᠠᠷ ᠪᠦᠬᠦ ᠨᠠᠮ ᠤᠨ ᠪᠦᠯᠬᠦᠮᠳᠡᠯ ᠨᠢᠬᠡᠳᠠᠢ᠂ ᠠᠯᠬᠤᠭ᠎ᠠ ᠨᠢᠬᠡᠳᠠᠢ ᠪᠠᠶᠢᠬᠤ ᠶᠢ ᠪᠠᠳᠤᠯᠠᠵᠤ᠂ ᠨᠡᠩ ᠡᠷᠡᠰ ᠴᠢᠩᠭ᠎ᠠ ᠤᠳᠤᠷᠢᠳᠬᠤ ᠬᠦᠴᠤᠨ ᠢ ᠪᠤᠯᠪᠠᠰᠤᠷᠠᠭᠤᠯᠤᠨ ᠪᠤᠶᠢᠵᠢᠭᠤᠯᠬᠤ ᠴᠢᠬᠤᠯᠠᠲᠠᠢ》ᠬᠡᠵᠤ ᠴᠢᠤᠢ ᠴᠢᠩ ᠱᠠᠨ ᠲᠦᠯᠤᠬᠡᠯᠡᠭᠴᠢ ᠬᠡᠯᠡᠪᠡ᠃

    ᠬᠦᠰᠡᠯ ᠵᠡᠬᠦᠳᠤ ᠶᠢ ᠲᠡᠷᠬᠡᠯᠰᠢᠬᠦᠯᠬᠦ ᠠᠶᠠᠨ ᠳᠤ ᠡᠪ ᠬᠠᠮᠳᠤ ᠨᠠᠮ ᠤᠨ ᠭᠡᠰᠢᠭᠦᠨ ᠨᠢᠭᠡᠪᠦᠷᠢ ᠴᠦᠮ ᠲᠤᠬ ᠲᠡᠮᠳᠡᠭ ᠶᠤᠮ᠃

    《ᠶᠠᠷᠤ ᠶᠢᠨ ᠦᠶ᠎ᠠ ᠳᠤ ᠦᠵᠡᠵᠤ ᠭᠠᠷᠤᠨ᠎ᠠ᠂ ᠬᠦᠴᠢᠷ ᠲᠠᠢ ᠦᠶ᠎ᠠ ᠳᠤ ᠴᠡᠭᠡᠵᠢ ᠲᠦᠷᠢᠨ᠎ᠡ᠂ ᠠᠶᠤᠯ ᠲᠠᠢ ᠦᠶ᠎ᠠ ᠳᠤ ᠠᠯᠢᠪᠠ ᠪᠠᠨ ᠴᠦᠯᠡᠨ᠎ᠡ᠃ ᠡᠨᠡ ᠪᠤᠯ ᠲᠠᠷᠤᠢ ᠡᠪ ᠬᠠᠮᠳᠤ ᠨᠠᠮ ᠤᠨ ᠬᠡᠰᠢᠬᠦᠨ ᠶᠤᠮ》᠃ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠬᠡᠵᠢᠯ ᠤᠨ ᠪᠦᠯᠦᠭᠯᠡᠯ ᠺᠤᠮᠫᠠᠨᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠭᠠᠨ ᠤ ᠠᠵᠢᠯᠳᠠᠨ ᠪᠤᠯᠤᠬᠰᠠᠨ ᠤ ᠬᠤᠪᠢ ᠳᠤ᠂ ᠰᠢᠤᠢ ᠯᠢ ᠫᠢᠩ ᠲᠦᠯᠤᠬᠡᠯᠡᠭᠴᠢ ᠰᠠᠨᠰᠠᠷ ᠤᠨ ᠠᠶᠠᠯᠠᠯ ᠤᠨ ᠬᠦᠳᠡᠯᠬᠡᠬᠦᠷᠳᠤ ᠬᠦᠴᠤᠨ ᠤ ᠰᠢᠳᠠᠭᠠᠯᠭ᠎ᠠ ᠶᠢᠨ ᠪᠢᠴᠢᠯ ᠲᠤᠬᠢᠷᠠᠭᠤᠯᠤᠬᠴᠢ ᠶᠢᠨ ᠠᠵᠢᠯ ᠢ ᠬᠢᠭ᠍ᠰᠡᠭᠡᠷ ᠢᠷᠡᠵᠠᠢ᠃ ᠭᠠᠯ ᠤᠰᠤᠨ ᠤ ᠬᠠᠳᠠᠭᠤᠵᠢᠯ᠂ ᠦᠬᠦᠵᠦ ᠰᠡᠬᠡᠬᠡᠬᠦ ᠶᠢᠨ ᠰᠢᠯᠭᠠᠯᠳᠠ ᠳᠤ ᠲᠡᠷᠡ 《ᠨᠠᠮ ᠬᠦᠴᠤᠨ ᠴᠢᠳᠠᠯ ᠲᠠᠢ ᠪᠠᠶᠢᠪᠠᠯ ᠲᠦᠷᠤ ᠬᠦᠷᠤᠨ ᠬᠦᠴᠤᠨ ᠴᠢᠳᠠᠯ ᠲᠠᠢ᠂ ᠠᠷᠠᠳ ᠲᠦᠮᠡᠨ ᠬᠦᠴᠤᠨ ᠴᠢᠳᠠᠯ ᠲᠠᠢ ᠪᠠᠶᠢᠪᠠᠯ ᠮᠠᠨ ᠤ ᠬᠦᠭ᠍ᠵᠢᠯᠳᠠ ᠶᠢᠨ ᠵᠠᠮ ᠶᠠᠪᠤᠬᠤ ᠲᠤᠳᠤᠮ ᠰᠠᠷᠠᠭᠤᠯ ᠲᠡᠷᠳᠠᠩ ᠪᠤᠯᠵᠤ ᠴᠢᠳᠠᠨ᠎ᠠ 》ᠬᠡᠳᠡᠭ ᠢ ᠪᠠᠳᠤ ᠢᠳᠡᠬᠡᠨ᠎ᠠ᠃

    ᠰᠢᠨ᠎ᠠ ᠭᠠᠷᠤᠭ᠎ᠠ ᠲᠡᠭᠡᠷ᠎ᠡ ᠠᠭᠤᠤ ᠶᠡᠭᠡ ᠲᠡᠮᠡᠴᠡᠯ ᠶᠠᠪᠤᠬᠳᠠᠬᠰᠠᠭᠠᠷ᠂ ᠠᠭᠤᠤ ᠶᠡᠭᠡ ᠤᠢᠢᠯᠡᠰ ᠠᠬᠢᠬᠰᠠᠭᠠᠷ᠂ ᠠᠭᠤᠤ ᠶᠡᠭᠡ ᠬᠦᠰᠡᠯ ᠵᠡᠬᠦᠳᠤ ᠪᠡᠶᠡᠯᠡᠯ ᠢᠶᠠᠨ ᠬᠦᠯᠢᠶᠡᠭᠰᠡᠭᠡᠷ᠃ ᠳᠤᠮᠳᠠᠳᠤ ᠤᠯᠤᠰ ᠤᠨ ᠡᠪ ᠬᠠᠮᠳᠤᠴᠤᠳ ᠲᠠᠷᠬᠠᠨ ᠡᠬᠦᠷᠬᠡ ᠬᠠᠷᠢᠭᠤᠴᠠᠯᠭ᠎ᠠ ᠶᠢ ᠡᠬᠦᠷᠬᠡᠯᠠᠵᠤ ᠪᠠᠶᠢᠭ᠎ᠠ ᠪᠤᠯᠬᠤᠷ᠂ ᠨᠠᠮ ᠤᠨ ᠪᠠᠶᠢᠭᠤᠯᠤᠯᠳᠠ ᠶᠢᠨ ᠰᠢᠨ᠎ᠠ ᠠᠭᠤᠤ ᠶᠡᠭᠡ ᠢᠨᠵᠧᠨᠧᠷᠢᠩ ᠢ ᠤᠯᠠᠮ ᠴᠢᠨᠠᠬᠰᠢᠳᠠ ᠠᠬᠢᠭᠤᠯᠬᠤ ᠭᠡᠷᠡᠭᠳᠠᠢ᠃

    ᠤᠬ ᠰᠠᠨᠠᠭ᠎ᠠ ᠪᠠᠨ ᠦᠯᠤ ᠮᠠᠷᠳᠠᠪᠠᠰᠤ᠂ ᠡᠴᠤᠰ ᠤᠨ ᠢᠯᠠᠯᠳᠠ ᠶᠢ ᠤᠯᠵᠤ ᠴᠢᠳᠠᠮᠤᠢ᠃

    ᠦᠨᠤᠳᠤᠷ᠂ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠡᠪ ᠬᠠᠮᠳᠤᠴᠤᠳ ᠴᠠᠬ ᠤᠷᠤᠨ ᠵᠠᠢ ᠳᠤ ᠴᠠᠬᠢᠯᠤᠬᠰᠠᠨ ᠲᠤᠩᠬᠠᠬ ᠢᠶᠠᠨ ᠲᠠᠬᠢᠨᠳᠠ ᠵᠠᠷᠯᠠᠪᠠ -

    《ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠡᠳ᠋ᠯᠡᠭᠦᠯᠵᠤ᠂ ᠳᠤᠮᠳᠠᠳᠤ ᠶᠢᠨ ᠦᠨᠳᠤᠰᠤᠳᠠᠨ ᠤ ᠰᠡᠷᠬᠦᠨ ᠮᠠᠨᠳᠤᠯᠳᠠ ᠶᠢ ᠪᠡᠶᠡᠯᠡᠭᠦᠯᠦᠨ᠎ᠡ!》

ᠢᠷᠡᠯᠳᠡ᠄ ᠥᠪᠦᠷ ᠮᠣᠩᠭ᠋ᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121850460