ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭᠠᠨ ᠤ ᠪᠦᠬᠦ ᠤᠯᠤᠰ ᠤᠨ ᠲᠦᠯᠥᠬᠡᠯᠡᠭᠴᠢᠳ ᠤᠨ ᠶᠡᠬᠡ ᠬᠤᠷᠠᠯ ᠪᠡᠭᠡᠵᠢᠩ ᠳ᠋ᠤ ᠦᠨᠳᠤᠷᠯᠡᠪᠡ 2017-10-25 12:38

    ᠰᠢᠨ᠎ᠡ ᠨᠢᠬᠡ ᠬᠤᠭᠤᠴᠠᠭᠠᠨ ᠤ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶ᠎ᠠ ᠶᠢ ᠰᠤᠩᠭ᠋ᠤᠨ ᠭᠠᠷᠭᠠᠵᠠᠢ᠃

    ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠬᠡᠯ ᠤᠨ ᠲᠤᠬᠠᠢ ᠰᠢᠢᠳᠪᠤᠷᠢ᠂ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠥᠯᠳᠡ ᠶᠢᠨ ᠲᠤᠬᠠᠢ ᠰᠢᠢᠳᠪᠤᠷᠢ᠂《ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ (ᠵᠠᠰᠠᠪᠤᠷᠢ ᠤᠷᠤᠭᠤᠯᠤᠭᠰᠠᠠ ᠲᠦᠰᠦᠯ)》 ᠤ᠋ᠨ ᠲᠤᠬᠠᠢ ᠰᠢᠢᠳᠪᠤᠷᠢ ᠶᠢ ᠪᠠᠳᠤᠯᠠᠪᠠ᠃

    ᠰᠢ ᠵᠢᠨ ᠫᠢᠩ ᠶᠡᠬᠡ ᠬᠤᠷᠠᠯ ᠢ ᠡᠷᠬᠢᠯᠡᠵᠥ ᠴᠢᠬᠤᠯᠠ ᠶᠡᠷᠢᠶ᠎ᠡ ᠲᠠᠯᠪᠢᠵᠠᠢ᠃

    ᠰᠢ ᠵᠢᠨ ᠫᠢᠩ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠡᠪ ᠬᠠᠮᠳᠤᠴᠤᠳ ᠤᠨ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠤᠯ ᠲᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠡᠳ᠋ᠯᠡᠬᠦᠯᠵᠤ᠂ ᠳᠤᠮᠳᠠᠳᠤ ᠶᠢᠨ ᠦᠨᠳᠤᠰᠤᠳᠠᠨ ᠤ ᠰᠡᠷᠬᠦᠨ ᠮᠠᠨᠳᠤᠯᠳᠠ ᠶᠢ ᠪᠡᠶᠡᠯᠡᠬᠦᠯᠬᠦ ᠶᠠᠪᠤᠳᠠᠯ ᠮᠦᠨ᠃ ᠡᠨᠡᠬᠦ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠤᠯ ᠳᠤᠮᠳᠠᠳᠤ ᠤᠯᠤᠰ ᠤᠨ ᠡᠪ ᠬᠠᠮᠳᠤᠴᠤᠳ ᠢ ᠵᠤᠷᠢᠬᠵᠢᠭᠤᠯᠤᠨ ᠲᠠᠰᠤᠷᠠᠯᠳᠠ ᠦᠬᠡᠢ ᠤᠷᠤᠬᠰᠢᠯᠠᠭᠤᠯᠬᠤ ᠦᠨᠳᠤᠰᠤᠨ ᠬᠦᠳᠡᠯᠬᠡᠬᠦ ᠬᠦᠴᠤᠨ ᠮᠦᠨ᠃

    ᠪᠦᠬᠦ ᠨᠠᠮ ᠤᠨ ᠨᠦᠬᠦᠳ ᠢᠮᠠᠬᠳᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠬᠡᠳᠬᠡᠵᠤ ᠬᠤᠪᠢ ᠵᠠᠶᠠᠭ᠎ᠠ ᠪᠠᠨ ᠬᠠᠮᠳᠤᠳᠬᠠᠨ ᠰᠡᠳᠬᠢᠯ ᠵᠢᠷᠤᠬᠡ ᠪᠠᠨ ᠬᠤᠯᠪᠤᠵᠤ᠂ ᠡᠬᠦᠷᠢᠳᠡ ᠠᠷᠠᠳ ᠲᠦᠮᠡᠨ ᠤ ᠰᠠᠢᠢᠨ ᠰᠠᠢᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠡᠷ ᠲᠡᠮᠡᠴᠡᠬᠦ ᠬᠠᠷᠠᠯᠳᠠ ᠪᠠᠨ ᠪᠤᠯᠭᠠᠵᠤ᠂ ᠡᠭᠦᠷᠢᠳᠡ ᠰᠢᠨᠳᠠᠷᠠᠰᠢ ᠦᠬᠡᠢ ᠵᠤᠷᠢᠬ ᠰᠠᠨᠠᠭᠠᠨ ᠤ ᠲᠦᠷᠢ ᠪᠠᠢᠢᠳᠠᠯ ᠪᠤᠯᠤᠨ ᠴᠤᠴᠠᠯᠳᠠ ᠦᠬᠡᠢ ᠤᠷᠤᠬᠰᠢᠯᠠᠬᠤ ᠲᠡᠮᠡᠴᠡᠯ ᠤᠨ ᠲᠦᠷᠢ ᠪᠠᠢᠢᠳᠠᠯ ᠢᠶᠡᠷ ᠦᠷᠬᠦᠯᠵᠢᠯᠠᠨ ᠳᠤᠮᠳᠠᠳᠤ ᠶᠢᠨ ᠦᠨᠳᠤᠰᠤᠳᠠᠨ ᠤ ᠠᠭᠤᠤ ᠶᠡᠬᠡ ᠰᠡᠷᠬᠦᠨ ᠮᠠᠨᠳᠤᠯᠳᠠ ᠶᠢᠨ ᠠᠤᠭ᠎ᠠ ᠬᠠᠷᠠᠯᠳᠠ ᠲᠡᠰᠢ ᠡᠷᠡᠯᠭᠡᠭ ᠢᠶᠡᠷ ᠤᠷᠤᠬᠰᠢᠯᠠᠬᠤ ᠭᠡᠷᠡᠭᠳᠠᠢ᠃

    ᠪᠦᠬᠦ ᠨᠠᠮ ᠢᠶᠡᠷ ᠢᠶᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠤ᠂ ᠳᠤᠮᠳᠠᠳᠤ ᠤᠯᠤᠰ ᠤᠨ ᠤᠨᠴᠠᠯᠢᠬ ᠳᠠᠢ ᠨᠡᠢᠢᠬᠡᠮ ᠵᠢᠷᠤᠮ ᠤᠨ ᠠᠭᠤᠤ ᠶᠡᠬᠡ ᠲᠤᠬ ᠢ ᠦᠨᠳᠤᠷ ᠮᠠᠨᠳᠤᠭᠤᠯᠵᠤ᠂ ᠦᠵᠡᠯ ᠰᠠᠨᠠᠭ᠎ᠠ ᠪᠠᠨ ᠴᠢᠯᠤᠬᠡᠯᠠᠵᠤ᠂ ᠦᠬᠡᠷᠡᠴᠢᠯᠠᠯᠳᠠ ᠬᠢᠵᠤ ᠰᠢᠨ᠎ᠠ ᠶᠢ ᠡᠬᠦᠳᠴᠤ᠂ ᠰᠡᠳᠬᠢᠯ ᠰᠢᠭᠤᠳᠤᠨ ᠴᠢᠷᠮᠠᠢᠢᠵᠤ᠂ ᠰᠢᠷᠭᠠᠭᠤ ᠬᠠᠳᠠᠭᠤᠵᠢᠯᠳᠠᠢ ᠪᠡᠷ ᠠᠵᠢᠯᠯᠠᠵᠤ᠂ ᠪᠦᠬᠦ ᠤᠯᠤᠰ ᠤᠨ ᠦᠨᠳᠤᠰᠤᠳᠠᠨ ᠨᠤᠬᠦᠳ ᠤᠨ ᠠᠷᠠᠳ ᠲᠦᠮᠡᠨ ᠢ ᠲᠠᠭᠠᠭᠤᠯᠤᠨ ᠨᠠᠮ ᠤᠨ ᠠᠷᠪᠠ ᠶᠢᠰᠤᠳᠤᠭᠡᠷ ᠶᠡᠬᠡ ᠬᠤᠷᠠᠯ ᠤᠨ ᠲᠤᠭᠳᠠᠭᠠᠬᠰᠠᠨ ᠬᠠᠷᠠᠯᠳᠠ ᠡᠬᠦᠷᠬᠡ ᠶᠢ ᠪᠡᠶᠡᠯᠡᠬᠦᠯᠬᠦ ᠶᠢᠨ ᠲᠦᠯᠤᠬᠡ ᠲᠡᠮᠡᠴᠡᠬᠦ ᠭᠡᠷᠡᠭᠳᠠᠢ ᠬᠡᠪᠡ᠃

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠢᠢᠨ 24 ᠤ ᠡᠳᠤᠷ ᠤᠨ ᠴᠠᠬᠢᠯᠭᠠᠨ ᠮᠡᠳᠡᠭᠡ   ᠲ᠋ᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲ᠋ᠦᠯᠥᠬᠡᠯᠡᠭᠴᠢᠳ ᠤᠨ ᠶᠡᠬᠡ ᠬᠤᠷᠠᠯ ᠰᠢᠨ᠎ᠡ ᠨᠢᠬᠡ ᠬᠤᠭᠤᠴᠠᠭᠠᠨ ᠤ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶ᠎ᠠ ᠶᠢ ᠰᠤᠩᠭ᠋ᠤᠨ ᠭᠠᠷᠭᠠᠵᠥ᠂ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠬᠡᠯ ᠤᠨ ᠲ᠋ᠤᠬᠠᠢ ᠰᠢᠢᠳᠪᠤᠷᠢ᠂ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠥᠯᠳᠡ ᠶᠢᠨ ᠲ᠋ᠤᠬᠠᠢ ᠰᠢᠢᠳᠪᠤᠷᠢ᠂《ᠲ᠋ᠤᠮᠳᠠᠳᠤ ᠤᠯᠤᠰ ᠤᠨ ᠡᠪ ᠬᠠᠮᠳᠤ ᠨᠠᠮ ᠤᠨ ᠲ᠋ᠦᠷᠢᠮ(ᠵᠠᠰᠠᠪᠤᠷᠢ ᠤᠷᠤᠭᠤᠯᠤᠭᠰᠠᠠ ᠲ᠋ᠦᠰᠦᠯ)》 ᠤ᠋ᠨ ᠲ᠋ᠤᠬᠠᠢ ᠰᠢᠢᠳᠪᠤᠷᠢ ᠶᠢ ᠪᠠᠳᠤᠯᠠᠭᠠᠳ᠂ 24 ᠤ᠋ ᠦᠳᠡ ᠡᠴᠡ ᠡᠮᠤᠨ᠎ᠡ ᠠᠷᠠᠳ ᠤᠨ ᠶᠡᠬᠡ ᠬᠤᠷᠠᠯ ᠤᠨ ᠲ᠋ᠠᠩᠬᠢᠮ ᠳ᠋ᠤ ᠠᠮᠵᠢᠯᠳᠠ ᠲ᠋ᠠᠢ ᠦᠨᠳᠤᠷᠯᠡᠪᠡ᠃

    ᠶᠡᠬᠡ ᠬᠤᠷᠠᠯ ᠡᠴᠡ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠤᠬᠦᠳ ᠤᠨ ᠠᠷᠠᠳ ᠲ᠋ᠦᠮᠡᠨ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠲ᠋ᠤᠭᠤᠷᠢᠨ ᠳ᠋ᠤ ᠨᠢᠬᠳᠠᠷᠠᠨ ᠪᠦᠯᠬᠦᠮᠳᠡᠵᠥ᠂ ᠲ᠋ᠤᠮᠳᠠᠳᠤ ᠤᠯᠤᠰ ᠤᠨ ᠤᠨᠴᠠᠯᠢᠭ ᠲ᠋ᠠᠢ ᠨᠡᠢᠢᠬᠡᠮ ᠵᠢᠷᠤᠮ ᠤᠨ ᠠᠭᠤᠤ ᠶᠡᠬᠡ ᠲ᠋ᠤᠭ ᠢ ᠦᠨᠳᠤᠷ ᠮᠠᠨᠳᠤᠭᠤᠯᠵᠥ᠂ ᠰᠢ ᠵᠢᠨ ᠫᠢᠩ ᠤᠨ ᠰᠢᠨ᠎ᠡ ᠴᠠᠭ ᠦᠶ᠎ᠡ ᠶᠢᠨ ᠲ᠋ᠤᠮᠳᠠᠳᠤ ᠤᠯᠤᠰ ᠤᠨ ᠤᠨᠴᠠᠯᠢᠭ ᠲ᠋ᠠᠢ ᠨᠡᠢᠢᠬᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲ᠋ᠤᠤᠱᠯᠠᠭᠤᠯᠵᠥ᠂ ᠰᠡᠳᠬᠢᠯ ᠰᠢᠭᠤᠳᠤᠨ ᠴᠢᠷᠮᠠᠢᠢᠵᠤ᠂ ᠰᠢᠷᠭᠠᠭᠤ ᠬᠠᠳᠠᠭᠤᠵᠢᠯᠳᠠᠢ ᠪᠡᠷ ᠠᠵᠢᠯᠯᠠᠵᠤ᠂ ᠤᠳᠤᠬᠢᠴᠢᠯᠠᠯᠳᠠ ᠶᠢᠨ ᠪᠦᠳᠦᠭᠡᠨ ᠪᠠᠢᠢᠭᠤᠯᠤᠯᠳᠠ ᠶᠢ ᠠᠬᠢᠭᠤᠯᠬᠤ᠂ ᠡᠬᠡ ᠤᠯᠤᠰ ᠤᠨ ᠨᠢᠬᠡᠳᠤᠯ ᠢ ᠪᠡᠶᠡᠯᠡᠬᠦᠯᠬᠦ᠂ ᠲ᠋ᠡᠯᠡᠬᠡᠢ ᠶᠢᠨ ᠡᠩᠬᠡ ᠲ᠋ᠠᠢᠢᠪᠤᠩ ᠢ ᠬᠠᠮᠠᠭᠠᠯᠠᠬᠤ ᠬᠢᠬᠡᠳ ᠬᠠᠮᠳᠤ ᠶᠢᠨ ᠬᠦᠭ᠍ᠵᠢᠯᠳᠡ ᠶᠢ ᠠᠬᠢᠭᠤᠯᠬᠤ ᠭᠤᠷᠪᠠᠨ ᠶᠡᠬᠡ ᠲ᠋ᠡᠤᠬᠡᠳᠤ ᠡᠬᠦᠷᠬᠡ ᠶᠢ ᠪᠡᠶᠡᠯᠡᠬᠦᠯᠬᠦ ᠶᠢᠨ ᠲᠦᠯᠦᠬᠡ᠂ ᠴᠢᠨᠡᠭᠡᠯᠢᠭ᠌᠌ ᠨᠡᠢᠢᠬᠡᠮ ᠢ ᠪᠦᠬᠦ ᠲ᠋ᠠᠯ᠎ᠠ ᠪᠡᠷ ᠪᠡᠶᠡᠯᠡᠬᠦᠯᠬᠦ ᠰᠢᠢᠳᠪᠤᠷᠢᠳᠤ ᠢᠯᠠᠯᠳᠡ ᠶᠢ ᠤᠯᠬᠤ᠂ ᠰᠢᠨ᠎ᠡ ᠴᠠᠭ ᠦᠶ᠎ᠡ ᠶᠢᠨ ᠲ᠋ᠤᠮᠳᠠᠳᠤ ᠤᠯᠤᠰ ᠤᠨ ᠤᠨᠴᠠᠯᠢᠭ ᠲ᠋ᠡᠢ ᠨᠡᠢᠢᠬᠡᠮ ᠵᠢᠷᠤᠮ ᠤᠨ ᠠᠭᠤᠤ ᠶᠡᠬᠡ ᠢᠯᠠᠯᠳᠡ ᠶᠢ ᠲ᠋ᠡᠮᠡᠴᠡᠨ ᠤᠯᠬᠤ᠂ ᠲ᠋ᠤᠮᠳᠠᠳᠤ ᠶᠢᠨ ᠦᠨᠳᠦᠰᠦᠳᠡᠨ ᠤ ᠠᠭᠤᠤ ᠶᠡᠬᠡ ᠰᠡᠷᠬᠦᠨ ᠮᠠᠨᠳᠤᠯᠳᠠ ᠶᠢᠨ ᠲ᠋ᠤᠮᠳᠠᠳᠤ ᠶᠢᠨ ᠵᠡᠬᠦᠳᠤ ᠶᠢ ᠲ᠋ᠡᠷᠭᠡᠯᠰᠢᠬᠦᠯᠬᠦ᠂ ᠠᠷᠠᠳ ᠲ᠋ᠦᠮᠡᠨ ᠤ ᠰᠠᠢᠢᠨ ᠰᠠᠢᠢᠬᠠᠨ ᠠᠮᠢᠳᠤᠷᠠᠯ ᠤᠨ ᠲ᠋ᠤᠬᠠᠢ ᠬᠦᠰᠡᠯ ᠡᠷᠡᠮᠡᠯᠵᠡᠯ ᠢ ᠪᠡᠶᠡᠯᠡᠬᠦᠯᠬᠦ ᠶᠢᠨ ᠲᠦᠯᠦᠬᠡ ᠦᠷᠬᠦᠯᠵᠢᠯᠡᠨ ᠲ᠋ᠡᠮᠡᠴᠡᠰᠦᠬᠡᠢ ᠬᠡᠵᠥ ᠤᠷᠢᠶᠠᠯᠠᠪᠠ᠃

    ᠰᠢ ᠵᠢᠨ ᠫᠢᠩ ᠨᠦᠬᠦᠷ ᠶᠡᠬᠡ ᠬᠤᠷᠠᠯ ᠢ ᠡᠷᠬᠢᠯᠡᠵᠡᠢ᠃

    ᠰᠢ ᠵᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠯᠢᠦ ᠶᠦᠨ ᠱᠠᠨ᠂ ᠸ᠋ᠠᠩ ᠴᠢ ᠱᠠᠨ᠂ ᠵᠠᠩ ᠭᠤᠤ ᠯᠢ᠂ ᠮᠠ ᠺᠠᠢ᠂ ᠸᠠᠩ ᠬᠤ ᠨᠢᠩ᠂ ᠯᠢᠦ ᠶᠠᠨ ᠳ᠋ᠦᠩ᠂ ᠯᠢᠦ ᠴᠢ ᠪᠤᠤ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠵᠢᠶᠠᠨ ᠬᠦᠧᠧ᠂ ᠯᠢ ᠶᠤᠸᠠᠨ ᠴᠤᠤ᠂ ᠸ᠋ᠠᠩ ᠶᠠᠩ᠂ ᠵᠠᠩ ᠴᠦᠨ ᠰᠢᠶᠠᠨ᠂ ᠹᠠᠨ ᠴᠠᠩ ᠯᠥᠩ᠂ ᠮᠧᠩ ᠵᠢᠶᠠᠨ ᠵᠦ᠂ ᠵᠤᠤ ᠯᠸ ᠵᠢᠢ᠂ ᠬᠤ ᠴᠦᠨ ᠬᠤᠧᠠ᠂ ᠯᠢ ᠵᠠᠨ ᠱᠦ᠂ ᠬᠦᠧᠧ ᠵᠢᠨ ᠯᠥᠩ᠂ ᠬᠠᠨ ᠵᠧᠩ᠂ ᠵᠢᠶᠠᠩ ᠽᠧ ᠮᠢᠨ᠂ ᠬᠤ ᠵᠢᠨ ᠲ᠋ᠤᠤ᠂ ᠯᠢ ᠫᠧᠩ᠂ ᠵᠦ ᠷᠦᠩ ᠵᠢᠢ᠂ ᠯᠢ ᠷᠦᠢ ᠬᠤᠧᠠᠨ᠂ ᠦ᠋ ᠪᠠᠩ ᠬᠦᠧᠧ᠂ ᠸᠧᠨ ᠵᠢᠶᠠ ᠪᠤᠤ᠂ ᠵᠢᠶᠠ ᠴᠢᠩ ᠯᠢᠨ᠂ ᠰᠦᠩ ᠫᠢᠩ᠂ ᠯᠢ ᠯᠠᠨ ᠴᠢᠩ᠂ ᠽᠧᠩ ᠴᠢᠩ ᠬᠤᠩ᠂ ᠦ᠋ ᠭᠤᠧᠠᠨ ᠵᠧᠩ᠂ ᠯᠢ ᠴᠠᠩ ᠴᠦᠨ᠂ ᠡᡁᠧ ᠬᠦᠧᠧ ᠴᠢᠶᠠᠩ᠂ ᠳ᠋ᠦ᠋ ᠴᠢᠩ ᠯᠢᠨ᠂ ᠵᠤᠤ ᠬᠤᠩ ᠵᠦ᠂ ᠶᠠᠩ ᠵᠢᠩ ᠵᠡᠷᠭᠡ ᠶᠡᠬᠡ ᠬᠤᠷᠠᠯ ᠤᠨ ᠲ᠋ᠡᠷᠢᠬᠦᠯᠡᠭᠴᠢᠳ ᠤᠨ ᠪᠦᠯᠬᠦᠮ ᠤᠨ ᠪᠠᠢᠢᠩᠭ᠋ᠤ ᠶᠢᠨ ᠺᠤᠮᠢᠰ ᠤᠨ ᠪᠦᠷᠢᠯᠳᠦᠬᠦᠨ ᠲ᠋ᠡᠷᠢᠬᠦᠯᠡᠭᠴᠢ ᠶᠢᠨ ᠲ᠋ᠠᠢᠢᠰᠠᠨ ᠤ ᠡᠮᠤᠨ᠎ᠡ ᠮᠦᠷ ᠲ᠋ᠥ ᠰᠠᠭᠠᠳᠠᠪᠠ᠃

    ᠦᠳᠡ ᠡᠴᠡ ᠡᠮᠤᠨᠡᠬᠢ 9᠄00 ᠴᠠᠭ ᠲ᠋ᠥ ᠲ᠋ᠡᠬᠦᠰᠬᠦ ᠬᠤᠷᠠᠯ ᠡᠬᠢᠯᠡᠪᠡ᠃ ᠶᠡᠬᠡ ᠬᠤᠷᠠᠯ ᠳ᠋ᠤ ᠤᠷᠤᠯᠴᠠᠪᠠᠯ ᠵᠤᠬᠢᠬᠤ ᠲᠦᠯᠥᠬᠡᠯᠡᠭᠴᠢ ᠪᠤᠯᠤᠨ ᠤᠨᠴᠠ ᠤᠷᠢᠭᠰᠠᠠ ᠲᠦᠯᠥᠬᠡᠯᠡᠭᠴᠢ 2354 ᠬᠦᠮᠥᠨ᠂ ᠪᠤᠳᠠᠳᠠᠢ ᠤᠷᠤᠯᠴᠠᠭᠰᠠᠠ ᠨᠢ 2336 ᠬᠦᠮᠥᠨ᠃ ᠪᠤᠳᠠᠳᠠᠢ ᠤᠷᠤᠯᠴᠠᠭᠰᠠᠠ ᠲᠦᠯᠥᠬᠡᠯᠡᠭᠴᠢ ᠤᠷᠤᠯᠴᠠᠪᠠᠯ ᠵᠤᠬᠢᠬᠤ ᠲᠦᠯᠥᠬᠡᠯᠡᠭᠴᠢ ᠶᠢᠨ ᠬᠠᠭᠠᠰ ᠲ᠋ᠤᠭ᠎ᠠ ᠡᠴᠡ ᠲ᠋ᠡᠪᠡᠵᠥ᠂ ᠶᠡᠬᠡ ᠬᠤᠷᠠᠯ ᠤᠨ ᠰᠤᠩᠭᠤᠭᠤᠯᠢ ᠶᠢᠨ ᠠᠷᠭ᠎ᠠ ᠶᠢᠨ ᠲᠤᠭᠳᠠᠭᠠᠯ ᠳ᠋ᠤ ᠨᠡᠢᠢᠴᠡᠪᠡ᠃

    ᠬᠤᠷᠠᠯ ᠡᠴᠡ ᠡᠩ ᠲ᠋ᠠᠷᠢᠬᠦᠨ ᠳ᠋ᠤ 2 ᠶᠡᠷᠦᠩᠬᠡᠢ ᠪᠢᠯᠧᠲ ᠪᠠᠢᠢᠴᠠᠭᠠᠭᠴᠢ ᠪᠤᠯᠤᠨ 36 ᠪᠢᠯᠧᠲ ᠪᠠᠢᠢᠴᠠᠭᠠᠭᠴᠢ ᠶᠢᠨ ᠨᠡᠷᠡᠰ ᠢ ᠪᠠᠳᠤᠯᠠᠵᠠᠢ᠃ ᠶᠡᠷᠤᠩᠬᠡᠢ ᠪᠢᠯᠧᠲ ᠪᠠᠢᠢᠴᠠᠭᠠᠬᠴᠢ ᠪᠤᠯᠤᠨ ᠪᠢᠯᠧᠲ ᠪᠠᠢᠢᠴᠠᠭᠠᠭᠴᠢ ᠶᠢᠨ ᠬᠢᠨᠠᠯᠳᠠ ᠲ᠋ᠤᠤᠷ᠎ᠠ᠂ ᠬᠤᠷᠠᠯ ᠳ᠋ᠤ ᠤᠷᠤᠯᠴᠠᠭᠰᠠᠠ ᠲᠦᠯᠥᠬᠡᠯᠡᠭᠴᠢ ᠪᠤᠯᠤᠨ ᠤᠨᠴᠠ ᠤᠷᠢᠭᠰᠠᠠ ᠲᠦᠯᠥᠬᠡᠯᠡᠭᠴᠢ ᠨᠡᠷ᠎ᠡ ᠲ᠋ᠡᠮᠳᠡᠭᠯᠡᠬᠦ ᠦᠭᠡᠢ ᠪᠢᠯᠧᠲ ᠦᠭ᠍ᠬᠦ ᠠᠷᠭ᠎ᠠ ᠪᠡᠷ 204 ᠬᠡᠰᠢᠬᠦᠨ᠂ 172 ᠤᠷᠤᠯᠠᠭᠴᠢ ᠬᠡᠰᠢᠬᠦᠨ ᠢᠶᠡᠷ ᠪᠦᠷᠢᠯᠳᠦᠭᠰᠡᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢ ᠰᠤᠩᠭ᠋ᠤᠨ ᠭᠠᠷᠭᠠᠵᠥ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶᠡᠨ ᠤ ᠬᠡᠰᠢᠬᠦᠨ 133 ᠬᠦᠮᠥᠨ ᠢ ᠰᠤᠩᠭ᠋ᠤᠨ ᠭᠠᠷᠭᠠᠪᠠ᠃

    11᠄12 ᠴᠠᠭ ᠲ᠋ᠥ ᠰᠢ ᠵᠢᠨ ᠫᠢᠩ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶ᠎ᠠ ᠶᠢ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠬᠡ ᠬᠤᠷᠠᠯ ᠡᠴᠨ ᠰᠤᠩᠭ᠋ᠤᠨ ᠭᠠᠷᠭᠠᠵᠠᠢ ᠬᠡᠵᠥ ᠨᠡᠢᠢᠳᠡᠯᠡᠪᠡ᠃ ᠬᠤᠷᠠᠯ ᠤᠨ ᠲ᠋ᠠᠯᠠᠪᠠᠢ ᠳ᠋ᠤ ᠨᠢᠵᠢᠬᠢᠨᠡᠭᠰᠡᠡ ᠠᠯᠠᠭ᠎ᠠ ᠲ᠋ᠠᠰᠢᠯᠳᠠ ᠶᠢᠨ ᠲ᠋ᠠᠭᠤᠨ ᠤᠳᠠᠳᠠᠯ᠎ᠠ ᠦᠷᠬᠦᠯᠵᠢᠯᠡᠯ᠎ᠠ᠃ ᠲ᠋ᠠᠷᠠᠭ᠎ᠠ ᠨᠢ᠂ ᠶᠡᠬᠡ ᠬᠤᠷᠠᠯ ᠡᠴᠡ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠬᠡᠯ ᠤᠨ ᠲ᠋ᠤᠬᠠᠢ ᠰᠢᠢᠳᠪᠤᠷᠢ ᠵᠢ ᠪᠠᠳᠤᠯᠠᠪᠠ᠃

    ᠶᠡᠬᠡ ᠬᠤᠷᠠᠯ ᠡᠴᠡ᠂ ᠰᠢ ᠵᠢᠨ ᠫᠢᠩ ᠨᠦᠬᠦᠷ ᠤᠨ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶ᠎ᠠ ᠵᠢ ᠲᠦᠯᠦᠭᠡᠯᠡᠨ ᠬᠢᠭ᠍ᠰᠡᠡ ᠢᠯᠡᠳᠬᠡᠯ ᠢ ᠵᠦᠪᠰᠢᠶᠡᠷᠡᠪᠡ᠃ ᠰᠢᠢᠳᠪᠤᠷᠢ ᠳ᠋ᠤ᠂ ᠢᠯᠡᠳᠬᠡᠯ ᠨᠢ ᠴᠢᠨᠡᠭᠡᠯᠢᠭ᠌ ᠨᠡᠢᠢᠬᠡᠮ ᠢ ᠪᠦᠬᠦ ᠲ᠋ᠠᠯ᠎ᠠ ᠪᠡᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ᠂ ᠰᠢᠨ᠎ᠡ ᠴᠠᠭ ᠦᠶ᠎ᠡ ᠶᠢᠨ ᠲ᠋ᠤᠮᠳᠠᠳᠤ ᠤᠯᠤᠰ ᠤᠨ ᠤᠨᠴᠠᠯᠢᠭ ᠲ᠋ᠡᠢ ᠨᠡᠢᠢᠬᠡᠮ ᠵᠢᠷᠤᠮ ᠤᠨ ᠠᠭᠤᠤ ᠶᠡᠬᠡ ᠢᠯᠡᠯᠳᠡ ᠶᠢ ᠲ᠋ᠡᠮᠡᠴᠡᠨ ᠤᠯᠬᠤ ᠠᠤᠭ᠎ᠠ ᠲᠦᠰᠦᠪ ᠢ ᠵᠢᠷᠤᠭᠯᠠᠵᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠤᠷᠤᠭᠰᠢᠯᠠᠯᠳᠠ ᠶᠢᠨ ᠴᠢᠭᠯᠡᠯ ᠢ ᠴᠢᠨᠠᠭᠰᠢᠳᠠ ᠲ᠋ᠤᠳᠤᠷᠬᠠᠢ ᠵᠢᠭᠠᠵᠠᠢ᠂ ᠡᠨᠡ ᠪᠤᠯ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠤᠬᠦᠳ ᠤᠨ ᠠᠷᠠᠳ ᠲ᠋ᠦᠮᠡᠨ ᠤ ᠤᠶᠤᠨ ᠤᠬᠠᠭᠠᠨ ᠤ ᠤᠬᠢ ᠪᠦᠳᠦᠭᠡᠯ ᠮᠥᠨ᠂ ᠮᠠᠨ ᠤ ᠨᠠᠮ ᠤᠨ ᠪᠦᠬᠦ ᠤᠯᠤᠰ ᠤᠨ ᠦᠨᠳᠦᠰᠦᠳᠡᠨ ᠨᠤᠬᠦᠳ ᠤᠨ ᠠᠷᠠᠳ ᠲ᠋ᠦᠮᠡᠨ ᠢ ᠪᠦᠯᠬᠦᠮᠳᠡᠬᠦᠯᠥᠨ ᠲ᠋ᠠᠢᠢᠴᠢᠯᠠᠵᠥ ᠰᠢᠨ᠎ᠡ ᠴᠠᠭ ᠦᠶ᠎ᠡ ᠳ᠋ᠤ ᠲ᠋ᠤᠮᠳᠠᠳᠤ ᠤᠯᠤᠰ ᠤᠨ ᠤᠨᠴᠠᠯᠢᠭ ᠲ᠋ᠡᠢ ᠨᠡᠢᠢᠬᠡᠮ ᠵᠢᠷᠤᠮ ᠢ ᠪᠠᠷᠢᠮᠳᠠᠯᠠᠨ ᠬᠦᠭ᠍ᠵᠢᠬᠦᠯᠬᠦ ᠤᠯᠤᠰ ᠲᠦᠷᠦ ᠶᠢᠨ ᠲ᠋ᠤᠩᠬᠠᠭ ᠪᠤᠯᠤᠨ ᠤᠢᠢᠯᠡ ᠠᠵᠢᠯᠯᠠᠭ᠎ᠠ ᠶᠢᠨ ᠬᠦᠳᠦᠯᠪᠤᠷᠢ ᠮᠥᠨ᠂ ᠮᠠᠷᠺᠰ ᠤᠨ ᠦᠵᠡᠯ ᠤᠨ ᠬᠦᠳᠦᠯᠪᠤᠷᠢ ᠶᠢᠨ ᠴᠢᠨᠠᠷᠳᠠᠢ ᠲ᠋ᠤᠯᠭᠤᠷ ᠪᠢᠴᠢᠭ᠌᠌ ᠮᠥᠨ ᠬᠡᠵᠥ ᠵᠢᠭᠠᠵᠥ ᠭᠠᠷᠭᠠᠪᠠ᠃

    ᠶᠡᠬᠡ ᠬᠤᠷᠡᠯ ᠡᠴᠡ᠂ ᠢᠯᠡᠳᠬᠡᠯ ᠳ᠋ᠤ ᠲ᠋ᠤᠳᠤᠷᠬᠠᠢᠢᠯᠠᠨ ᠦᠭᠦᠯᠡᠭᠰᠡᠨ ᠶᠡᠬᠡ ᠬᠤᠷᠠᠯ ᠤᠨ ᠭᠤᠤᠯ ᠰᠡᠳᠤᠪ ᠨᠢ ᠮᠠᠨ ᠤ ᠨᠠᠮ ᠠᠷᠠᠳ ᠲ᠋ᠦᠮᠡᠨ ᠢ ᠲ᠋ᠠᠭᠠᠭᠤᠯᠤᠨ ᠬᠦᠴᠦᠷᠭᠡᠭ᠍ᠵᠢᠬᠦ ᠪᠡᠷ ᠬᠦᠴᠦᠯᠡᠨ ᠴᠢᠷᠮᠠᠢᠢᠬᠤ᠂ ᠵᠠᠮ ᠨᠡᠬᠡᠬᠡᠨ ᠤᠷᠤᠭᠰᠢᠯᠠᠬᠤ ᠳ᠋ᠤ ᠲ᠋ᠤᠢᠢᠯ ᠤᠨ ᠴᠢᠬᠤᠯᠠ ᠠᠴᠢ ᠬᠤᠯᠪᠤᠭᠳᠠᠯ ᠲ᠋ᠠᠢ ᠶᠤᠮ᠃ ᠪᠦᠬᠦ ᠨᠠᠮ ᠢᠶᠡᠷ ᠢᠶᠡᠨ ᠤᠭ ᠰᠠᠨᠠᠭ᠎ᠠ ᠪᠡᠨ ᠦᠯᠥ ᠮᠠᠷᠳᠠᠵᠤ᠂ ᠡᠬᠦᠷᠬᠡ ᠬᠠᠷᠢᠭᠤᠴᠠᠯᠭ᠎ᠠ ᠪᠡᠨ ᠪᠠᠳᠤ ᠴᠡᠬᠡᠵᠢᠯᠡᠵᠥ᠂ ᠲ᠋ᠤᠮᠳᠠᠳᠤ ᠤᠯᠤᠰ ᠤᠨ ᠤᠨᠴᠠᠯᠢᠭ ᠲ᠋ᠡᠢ ᠨᠡᠢᠢᠬᠡᠮ ᠵᠢᠷᠤᠮ ᠤᠨ ᠠᠭᠤᠤ ᠶᠡᠬᠡ ᠲ᠋ᠤᠭ ᠢ ᠦᠨᠳᠤᠷ ᠮᠠᠨᠳᠤᠭᠤᠯᠵᠥ᠂ ᠴᠢᠨᠡᠭᠡᠯᠢᠭ᠌ ᠨᠡᠢᠢᠬᠡᠮ ᠢ ᠪᠦᠬᠦ ᠲ᠋ᠠᠯ᠎ᠠ ᠪᠡᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠵᠥ᠂ ᠰᠢᠨ᠎ᠡ ᠴᠠᠭ ᠦᠶ᠎ᠡ ᠶᠢᠨ ᠲ᠋ᠤᠮᠳᠠᠳᠤ ᠤᠯᠤᠰ ᠤᠨ ᠤᠨᠴᠠᠯᠢᠭ ᠲ᠋ᠡᠢ ᠨᠡᠢᠢᠬᠡᠮ ᠵᠢᠷᠤᠮ ᠤᠨ ᠠᠭᠤᠤ ᠶᠡᠬᠡ ᠢᠯᠠᠯᠳᠠ ᠶᠢ ᠲ᠋ᠡᠮᠡᠴᠡᠨ ᠤᠯᠵᠥ᠂ ᠲ᠋ᠤᠮᠳᠠᠳᠤ ᠶᠢᠨ ᠦᠨᠳᠦᠰᠦᠳᠡᠨ ᠤ ᠠᠭᠤᠤ ᠶᠡᠬᠡ ᠰᠡᠷᠬᠦᠨ ᠮᠠᠨᠳᠤᠯᠳᠠ ᠶᠢᠨ ᠲ᠋ᠤᠮᠳᠠᠳᠤ ᠶᠢᠨ ᠵᠡᠬᠦᠳᠤ ᠶᠢ ᠲ᠋ᠡᠷᠭᠡᠯᠰᠢᠬᠦᠯᠬᠦ ᠶᠢᠨ ᠲᠦᠯᠥᠬᠡ ᠴᠦᠬᠦᠷᠡᠰᠢ ᠦᠭᠡᠢ ᠲ᠋ᠡᠮᠡᠴᠡᠬᠦ ᠬᠡᠷᠡᠭᠳᠡᠢ ᠬᠡᠵᠥ ᠦᠵᠡᠪᠡ᠃

    ᠶᠡᠬᠡ ᠬᠤᠷᠠᠯ ᠡᠴᠡ᠂ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠠᠵᠢᠯ ᠢ ᠲ᠋ᠡᠬᠡᠳᠤ ᠬᠡᠮᠵᠢᠶ᠎ᠡ ᠪᠡᠷ ᠦᠨᠡᠯᠡᠵᠥ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠡᠯ ᠡᠴᠡ ᠨᠠᠰᠢᠬᠢ ᠲ᠋ᠠᠪᠤᠨ ᠵᠢᠯ ᠪᠤᠯ ᠨᠠᠮ ᠪᠤᠯᠤᠨ ᠤᠯᠤᠰ ᠤᠨ ᠬᠦᠭ᠍ᠵᠢᠯᠳᠡ ᠶᠢᠨ ᠶᠠᠪᠤᠴᠠ ᠳ᠋ᠡᠬᠢ ᠲ᠋ᠤᠢᠢᠯ ᠤᠨ ᠶᠡᠷᠤ ᠪᠤᠰᠤ ᠶᠢᠨ ᠲ᠋ᠠᠪᠤᠨ ᠵᠢᠯ ᠪᠤᠯᠤᠨ᠎ᠠ᠂ ᠦᠭᠡᠷᠡᠴᠢᠯᠡᠯᠳᠡ ᠨᠡᠬᠡᠬᠡᠯᠳᠡ ᠪᠤᠯᠤᠨ ᠨᠡᠢᠢᠬᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠢᠢᠭᠤᠯᠤᠯᠳᠠ ᠳ᠋ᠤ ᠲ᠋ᠡᠤᠬᠡᠳᠤ ᠴᠢᠨᠠᠷᠳᠠᠢ ᠠᠮᠵᠢᠯᠳᠠ ᠤᠯᠪᠠ᠃ ᠲ᠋ᠠᠪᠤᠨ ᠵᠢᠯ ᠤᠨ ᠲ᠋ᠤᠷᠰᠢᠬᠢ ᠠᠮᠵᠢᠯᠳᠠ ᠪᠤᠯ ᠪᠦᠬᠦ ᠲ᠋ᠠᠯ᠎ᠠ ᠶᠢᠨ ᠶᠤᠮ᠂ ᠪᠦᠳᠦᠭᠡᠯᠴᠢ ᠴᠢᠨᠠᠷᠳᠠᠢ ᠶᠤᠮ᠂ ᠲ᠋ᠠᠪᠤᠨ ᠵᠢᠯ ᠤᠨ ᠲ᠋ᠤᠷᠰᠢᠬᠢ ᠬᠤᠪᠢᠷᠠᠯᠳᠡ ᠪᠤᠯ ᠬᠦᠨ ᠲ᠋ᠠᠪᠬᠤᠷᠭ᠎ᠠ ᠶᠢᠨ ᠶᠤᠮ᠂ ᠦᠨᠳᠦᠰᠦᠨ ᠴᠢᠨᠠᠷᠳᠠᠢ ᠶᠤᠮ ᠬᠡᠵᠥ ᠵᠢᠭᠠᠵᠥ ᠭᠠᠷᠭᠠᠪᠠ᠃

    ᠶᠡᠬᠡ ᠬᠤᠷᠡᠯ ᠡᠴᠡ᠂ ᠤᠷᠳᠤ ᠬᠤᠭᠤᠴᠠᠭᠠᠨ ᠤ ᠴᠢᠷᠮᠡᠢᠢᠯᠭ᠎ᠡ ᠪᠡᠷ ᠲ᠋ᠠᠮᠵᠢᠭᠠᠳ ᠲ᠋ᠤᠮᠳᠠᠳᠤ ᠤᠯᠤᠰ ᠤᠨ ᠤᠨᠴᠠᠯᠢᠭ ᠲ᠋ᠡᠢ ᠨᠡᠢᠢᠬᠡᠮ ᠵᠢᠷᠤᠮ ᠰᠢᠨ᠎ᠡ ᠴᠠᠭ ᠦᠶ᠎ᠡ ᠳ᠋ᠤ ᠤᠷᠤᠪᠠ ᠂ ᠡᠨᠡ ᠪᠤᠯ ᠮᠠᠨ ᠤ ᠤᠯᠤᠰ ᠤᠨ ᠬᠦᠭ᠍ᠵᠢᠯᠳᠡ ᠶᠢᠨ ᠰᠢᠨ᠎ᠡ ᠲ᠋ᠡᠤᠬᠡᠨ ᠤᠷᠤᠨ ᠪᠠᠢᠢᠷᠢ ᠪᠤᠯᠤᠨ᠎ᠡ᠃ ᠲ᠋ᠤᠮᠳᠠᠳᠤ ᠤᠯᠤᠰ ᠤᠨ ᠤᠨᠴᠠᠯᠢᠭ ᠲ᠋ᠡᠢ ᠨᠡᠢᠢᠬᠡᠮ ᠵᠢᠷᠤᠮ ᠰᠢᠨ᠎ᠡ ᠴᠠᠭ ᠦᠶ᠎ᠡ ᠳ᠋ᠤ ᠤᠷᠤᠵᠥ᠂ ᠮᠠᠨ ᠤ ᠤᠯᠤᠰ ᠤᠨ ᠨᠡᠢᠢᠬᠡᠮ ᠤᠨ ᠭᠤᠤᠯ ᠵᠦᠷᠢᠴᠡᠯ ᠨᠢᠬᠡᠨᠳᠡ ᠠᠷᠠᠳ ᠲ᠋ᠦᠮᠡᠨ ᠤ ᠡᠳᠤᠷ ᠢᠷᠡᠬᠦᠶ᠎ᠡ ᠨᠡᠮᠡᠭᠳᠡᠵᠥ ᠪᠡᠢᠢᠭ᠎ᠡ ᠰᠠᠢᠢᠨ ᠰᠠᠢᠢᠬᠠᠨ ᠠᠮᠢᠳᠤᠷᠠᠯ ᠤᠨ ᠬᠡᠷᠡᠭᠴᠡᠭᠡ ᠲ᠋ᠡᠩᠴᠡᠭᠦᠷᠢ ᠦᠭᠡᠢ ᠬᠦᠢᠴᠡᠳ ᠦᠭᠡᠢ ᠬᠦᠭ᠍ᠵᠢᠯᠳᠡ ᠶᠢᠨ ᠬᠤᠭᠤᠷᠤᠨᠳᠤᠬᠢ ᠵᠦᠷᠢᠴᠡᠯ ᠪᠤᠯᠵᠥ ᠬᠤᠪᠢᠷᠠᠪᠠ᠃ ᠮᠠᠨ ᠤ ᠤᠯᠤᠰ ᠤᠨ ᠨᠡᠢᠢᠬᠡᠮ ᠤᠨ ᠭᠤᠤᠯ ᠵᠦᠷᠢᠴᠡᠯ ᠤᠨ ᠬᠤᠪᠢᠷᠠᠯᠳᠡ ᠪᠤᠯ ᠪᠦᠬᠦ ᠲ᠋ᠠᠯ᠎ᠠ ᠳ᠋ᠤ ᠬᠤᠯᠪᠤᠭᠳᠠᠬᠤ ᠲ᠋ᠡᠤᠬᠡᠳᠤ ᠴᠢᠨᠠᠷᠳᠠᠢ ᠬᠤᠪᠢᠷᠡᠯᠳᠡ ᠪᠤᠯᠤᠨ᠎ᠡ᠂ ᠨᠠᠮ ᠪᠤᠯᠤᠨ ᠤᠯᠤᠰ ᠤᠨ ᠠᠵᠢᠯ ᠳ᠋ᠤ ᠮᠠᠰᠢ ᠤᠯᠠᠨ ᠰᠢᠨ᠎ᠡ ᠱᠠᠭᠠᠷᠳᠠᠯᠭ᠎ᠠ ᠲ᠋ᠤᠷᠠᠳᠴᠠᠢ ᠬᠡᠵᠥ ᠴᠢᠬᠤᠯᠠᠴᠢᠯᠠᠪᠠ᠃

    ᠶᠡᠭᠡ ᠬᠤᠷᠠᠯ ᠡᠴᠡ᠂ ᠰᠢᠨ᠎ᠠ ᠴᠠᠭ ᠦᠶ᠎ᠠ ᠳ᠋ᠦ ᠶᠠᠮᠠᠷ ᠶᠠᠩᠵᠦ ᠵᠢᠨ ᠳᠤᠮᠳᠠᠳᠤ ᠤᠯᠤᠰ ᠤᠨ ᠤᠨᠴᠠᠯᠢᠭ ᠲ᠋ᠠᠢ ᠨᠡᠢᠢᠭᠡᠮ ᠵᠢᠷᠤᠮ ᠢ ᠪᠠᠷᠢᠮᠳᠠᠯᠠᠨ ᠬᠦᠭ᠍ᠵᠢᠬᠦᠯᠬᠦ᠂ ᠳᠤᠮᠳᠠᠳᠤ ᠤᠯᠤᠰ ᠤᠨ ᠤᠨᠴᠠᠯᠢᠭ ᠲ᠋ᠠᠢ ᠨᠡᠢᠢᠭᠡᠮ ᠵᠢᠷᠤᠮ ᠢ ᠭᠡᠷᠬᠢᠨ ᠪᠠᠷᠢᠮᠳᠠᠯᠠᠨ ᠬᠦᠭ᠍ᠵᠢᠬᠦᠯᠬᠦ ᠡᠨᠡᠬᠦ ᠴᠢᠬᠤᠯᠠ ᠶᠡᠭᠡ ᠴᠠᠭ ᠦᠶ᠎ᠠ ᠵᠢᠨ ᠠᠰᠠᠭᠤᠯᠳᠠ ᠵᠢ ᠬᠠᠷᠢᠭᠤᠯᠬᠤ ᠲ᠋ᠤᠭᠤᠷᠢᠨ  ᠳᠤ᠂ ᠮᠠᠨ ᠤ ᠨᠠᠮ ᠴᠤ᠋ ᠰᠢᠨ᠎ᠠ ᠬᠠᠷᠠᠭᠠᠰᠤ ᠡᠴᠡ ᠡᠪ ᠬᠠᠮᠳᠦ ᠨᠠᠮ ᠤᠨ ᠲᠦᠷᠦ ᠪᠠᠷᠢᠬᠤ ᠵᠢᠮ᠎ᠠ ᠶᠤᠰᠤ᠂ ᠨᠡᠢᠢᠭᠡᠮ ᠵᠢᠷᠤᠮ ᠢ ᠪᠦᠳᠦᠭᠡᠨ ᠪᠠᠢᠢᠭᠤᠯᠬᠤ ᠵᠢᠮ᠎ᠠ ᠶᠤᠰᠤ᠂ ᠬᠦᠮᠦᠨ ᠲᠦᠷᠦᠯᠬᠢᠳᠡᠨ ᠤ ᠨᠡᠢᠢᠭᠡᠮ ᠤᠨ ᠬᠦᠭ᠍ᠵᠢᠯᠳᠠ ᠵᠢᠨ ᠵᠢᠮ᠎ᠠ ᠶᠤᠰᠤᠨ ᠤ ᠲ᠋ᠤᠬᠠᠢ ᠲ᠋ᠠᠨᠢᠯᠳᠠ ᠪᠡᠨ ᠬᠦᠨᠵᠡᠭᠡᠢᠢᠷᠡᠬᠦᠯᠵᠦ᠂ ᠰᠢᠷᠭᠠᠭᠤ ᠬᠠᠳᠠᠭᠤᠵᠢᠯᠳᠠᠢ ᠪᠡᠷ ᠤᠨᠤᠯ ᠤᠨ ᠰᠦᠪᠡᠭ᠍ᠴᠢᠯᠡᠯᠳᠠ ᠬᠢᠵᠦ᠂ ᠴᠢᠬᠤᠯᠠ ᠶᠡᠭᠡ ᠤᠨᠤᠯ ᠤᠨ ᠰᠢᠨ᠎ᠠ ᠡᠬᠦᠳᠦᠯᠳᠠ ᠶᠢᠨ ᠦᠷ᠎ᠠ ᠪᠦᠳᠦᠭᠡᠯ ᠢ ᠤᠯᠵᠦ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲ᠋ᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠦᠨ ᠪᠠᠢᠢᠭᠤᠯᠵᠠᠢ᠃

    ᠰᠢ ᠵᠢᠨ ᠫᠢᠩ ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠲ᠋ᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂《ᠭᠤᠷᠪᠠ ᠵᠢ ᠲᠦᠯᠦᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭ᠍ᠵᠢᠯᠳᠠ ᠵᠢᠨ ᠦᠵᠡᠯ ᠤᠨ ᠵᠠᠯᠭᠠᠮᠵᠢᠯᠠᠯ ᠪᠠ ᠬᠦᠭ᠍ᠵᠢᠯᠳᠠ ᠮᠦᠨ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠰᠠᠨ ᠬᠠᠮᠤᠭ ᠤᠨ ᠰᠢᠨ᠎ᠠ ᠦᠷ᠎ᠠ ᠪᠦᠳᠦᠭᠡᠯ ᠮᠦᠨ᠂ ᠨᠠᠮ ᠪᠤᠯᠤᠨ ᠠᠷᠠᠳ ᠲ᠋ᠦᠮᠡᠨ ᠤ ᠦᠢᠯᠡᠳᠦᠯᠭᠡ ᠶᠢᠨ ᠲ᠋ᠤᠷᠰᠢᠯᠭ᠎ᠠ ᠪᠠ ᠬᠠᠮᠳᠦ ᠶᠢᠨ ᠤᠶᠤᠨ ᠤᠬᠠᠭᠠᠨ ᠤ ᠤᠬᠢ ᠪᠦᠳᠦᠭᠡᠯ ᠮᠦᠨ ᠂ ᠳᠤᠮᠳᠠᠳᠤ ᠤᠯᠤᠰ ᠤᠨ ᠤᠨᠴᠠᠯᠢᠭ ᠲ᠋ᠠᠢ ᠨᠡᠢᠢᠭᠡᠮ ᠵᠢᠷᠤᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠭᠡᠰᠡᠭ ᠮᠦᠨ᠂ ᠪᠦᠬᠦ ᠨᠠᠮ ᠪᠦᠬᠦ ᠤᠯᠤᠰ ᠤᠨ ᠠᠷᠠᠳ ᠲ᠋ᠦᠮᠡᠨ ᠤ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠶᠢᠨ ᠲ᠋ᠦᠯᠦᠭᠡ ᠲ᠋ᠡᠮᠡᠴᠡᠬᠦ ᠤᠢᠢᠯᠡ ᠠᠵᠢᠯᠯᠠᠭ᠎ᠠ ᠶᠢᠨ ᠵᠦᠭᠯᠡᠬᠦᠷ ᠮᠦᠨ᠂ ᠡᠷᠭᠡᠪᠰᠢ ᠤᠷᠳᠤ ᠬᠤᠭᠤᠴᠠᠭ᠎ᠠ ᠪᠡᠷ ᠪᠠᠷᠢᠮᠳᠠᠯᠠᠬᠤ ᠶᠢᠨ ᠬᠠᠮᠳᠦ ᠳᠠᠰᠤᠷᠠᠯᠳᠠ ᠦᠭᠡᠢ ᠪᠡᠷ ᠬᠦᠭ᠍ᠵᠢᠬᠦᠯᠬᠦ ᠭᠡᠷᠡᠭᠲᠡᠢ ᠭᠡᠵᠤ ᠴᠢᠬᠤᠯᠠᠴᠢᠯᠠᠪᠠ᠃

    ᠶᠡᠭᠡ ᠬᠤᠷᠠᠯ ᠡᠴᠡ᠂ ᠨᠠᠮ ᠤᠨ ᠠᠯᠢᠪᠠ ᠠᠵᠢᠯ ᠳ᠋ᠠᠬᠢ ᠤᠳᠤᠷᠢᠳᠤᠯᠭ᠎ᠠ ᠶᠢ ᠪᠠᠷᠢᠮᠳᠠᠯᠠᠵᠦ᠂ ᠠᠷᠠᠳ ᠲ᠋ᠦᠮᠡᠨ ᠢᠶᠡᠷ ᠭᠤᠤᠯ ᠪᠤᠯᠭᠠᠬᠤ ᠶᠢ ᠪᠠᠷᠢᠮᠳᠠᠯᠠᠵᠦ᠂ ᠦᠭᠡᠷᠡᠴᠢᠯᠡᠯᠳᠠ ᠶᠢ ᠪᠦᠬᠦ ᠲ᠋ᠠᠯ᠎ᠠ ᠪᠡᠷ ᠬᠦᠨᠵᠡᠭᠡᠢᠢᠷᠡᠬᠦᠯᠬᠦ ᠵᠢ ᠪᠠᠷᠢᠮᠳᠠᠯᠠᠵᠦ᠂ ᠰᠢᠨ᠎ᠠ ᠬᠦᠭ᠍ᠵᠢᠯᠳᠠ ᠶᠢᠨ ᠤᠢᠢᠯᠠᠭᠠᠭᠳᠠᠬᠤᠨ ᠢ ᠪᠠᠷᠢᠮᠳᠠᠯᠠᠵᠦ᠂ ᠠᠷᠠᠳ ᠲ᠋ᠦᠮᠡᠨ ᠡᠷᠭᠡ ᠮᠡᠳᠡᠵᠦ ᠡᠵᠡᠨ ᠰᠠᠭᠤᠬᠤ ᠶᠢ ᠪᠠᠷᠢᠮᠳᠠᠯᠠᠵᠦ᠂ ᠪᠦᠬᠦ ᠲ᠋ᠠᠯ᠎ᠠ ᠪᠡᠷ ᠬᠠᠤᠯᠢ ᠶᠤᠰᠤᠭᠠᠷ ᠤᠯᠤᠰ ᠢ ᠵᠠᠰᠠᠬᠤ ᠶᠢ ᠪᠠᠷᠢᠮᠳᠠᠯᠠᠵᠦ᠂ ᠨᠡᠢᠢᠭᠡᠮ ᠵᠢᠷᠤᠮ ᠤᠨ ᠭᠤᠤᠯᠯᠠᠬᠴᠢ ᠦᠷᠳᠡᠭ ᠤᠨ ᠰᠢᠰᠲ᠋ᠧᠮ ᠢ ᠪᠠᠷᠢᠮᠳᠠᠯᠠᠵᠦ᠂ ᠬᠦᠭ᠍ᠵᠢᠬᠦᠯᠬᠦ ᠶᠠᠪᠤᠴᠠ ᠳ᠋ᠦ ᠠᠷᠠᠳ ᠤᠨ ᠠᠮᠢᠳᠤᠷᠠᠯ ᠢ ᠪᠠᠳᠤᠯᠠᠨ ᠰᠠᠢᠢᠵᠢᠷᠠᠭᠤᠯᠬᠤ ᠶᠢ ᠪᠠᠷᠢᠮᠳᠠᠯᠠᠵᠦ᠂ ᠬᠦᠮᠦᠨ ᠪᠤᠯᠤᠨ ᠪᠠᠢᠢᠭᠠᠯᠢ ᠡᠶ᠎ᠠ ᠵᠤᠬᠢᠴᠠᠩᠭ᠋ᠤᠢ ᠪᠡᠷ ᠵᠡᠷᠭᠡᠴᠡᠨ ᠤᠷᠤᠰᠢᠬᠤ ᠵᠢ ᠪᠠᠷᠢᠮᠳᠠᠯᠠᠵᠦ᠂ ᠪᠦᠬᠦᠯᠢ ᠴᠤᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠳᠠ ᠶᠢ ᠪᠠᠷᠢᠮᠳᠠᠯᠠᠵᠦ᠂ ᠨᠠᠮ ᠤᠨ ᠠᠷᠠᠳ ᠤᠨ ᠴᠡᠷᠢᠭ ᠠᠩᠬᠢ ᠳ᠋ᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠳᠠᠯᠠᠵᠦ᠂《ᠨᠢᠭᠡ ᠤᠯᠤᠰ ᠲ᠋ᠦ ᠬᠤᠶᠠᠷ ᠪᠠᠢᠢᠭᠤᠯᠤᠯ ᠢ ᠬᠡᠷᠡᠭᠵᠢᠭᠦᠯᠬᠦ》ᠪᠠ ᠡᠭᠡ ᠤᠯᠤᠰ ᠤᠨ ᠨᠢᠭᠡᠳᠦᠯ ᠢ ᠠᠬᠢᠭᠤᠯᠬᠤ ᠶᠢ ᠪᠠᠷᠢᠮᠳᠠᠯᠠᠵᠦ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠭᠴᠠ ᠶᠢ ᠠᠬᠢᠭᠤᠯᠤᠨ ᠪᠠᠢᠢᠭᠤᠯᠬᠤ ᠵᠢ ᠪᠠᠷᠢᠮᠳᠠᠯᠠᠵᠦ᠂ ᠪᠦᠬᠦ ᠲ᠋ᠠᠯ᠎ᠠ ᠪᠡᠷ ᠨᠠᠮ ᠢ ᠴᠢᠩᠭ᠋᠎ᠠ ᠵᠠᠰᠠᠬᠤ ᠶᠢ ᠪᠠᠷᠢᠮᠳᠠᠯᠠᠬᠤ ᠬᠡᠷᠡᠭᠳᠠᠢ᠂ ᠡᠨᠡ ᠠᠷᠪᠡᠨ ᠲ᠋ᠦᠷᠪᠡᠨ ᠵᠤᠷᠪᠤᠰ ᠨᠢ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲ᠋ᠠᠢ ᠨᠡᠢᠢᠭᠡᠮ ᠵᠢᠷᠤᠮ ᠢ ᠪᠠᠷᠢᠮᠳᠠᠯᠠᠨ ᠬᠦᠭ᠍ᠵᠢᠬᠦᠯᠬᠦ ᠦᠨᠳᠦᠰᠦᠨ ᠠᠷᠭ᠎ᠠ ᠪᠤᠳᠤᠯᠭ᠎ᠠ ᠶᠢ ᠪᠦᠷᠢᠯᠳᠦᠬᠦᠯᠵᠡᠢ᠃ ᠪᠦᠬᠦ ᠨᠠᠮ ᠤᠨ ᠨᠦᠬᠦᠳ ᠡᠷᠭᠡᠪᠰᠢ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲ᠋ᠠᠯ᠎ᠠ ᠪᠡᠷ ᠲ᠋ᠤᠤᠱᠯᠠᠭᠤᠯᠵᠦ᠂ ᠨᠠᠮ ᠪᠤᠯᠤᠨ ᠠᠷᠠᠳ ᠲ᠋ᠦᠮᠡᠨ ᠤ ᠠᠵᠢᠯ ᠦᠢᠯᠡᠰ ᠤᠨ ᠬᠦᠭ᠍ᠵᠢᠯᠳᠠ ᠶᠢ ᠨᠡᠩ ᠰᠠᠢᠢᠳᠤᠷ ᠬᠦᠳᠦᠯᠦᠨ ᠳᠠᠭᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃

    ᠶᠡᠭᠡ ᠬᠤᠷᠠᠯ ᠡᠴᠡ᠂ ᠤᠳᠤ ᠡᠴᠡ 2020  ᠤᠨ ᠪᠤᠯᠳᠠᠯᠠᠬᠢ ᠬᠤᠭᠤᠴᠠᠭ᠎ᠠ ᠪᠤᠯ ᠴᠢᠨᠡᠭᠡᠯᠢᠭ᠌ ᠨᠡᠢᠢᠭᠡᠮ ᠢ ᠪᠦᠬᠦ ᠲᠠᠯ᠎ᠠ ᠪᠡᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ ᠬᠤᠭᠤᠴᠠᠭ᠎ᠠ ᠪᠤᠯᠤᠨ᠎ᠠ ᠭᠡᠵᠦ ᠳᠤᠷᠠᠳᠪᠠ᠃ ᠶᠡᠭᠡ ᠬᠤᠷᠠᠯ ᠡᠴᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠡᠴᠡ ᠨᠠᠮ ᠤᠨ ᠬᠤᠷᠢᠳᠤᠭᠠᠷ ᠶᠡᠭᠡ ᠬᠤᠷᠠᠯ ᠪᠤᠯᠳᠠᠯᠠᠬᠢ ᠬᠤᠭᠤᠴᠠᠭ᠎ᠠ ᠪᠤᠯ《ᠬᠤᠤᠰ ᠵᠠᠭᠤᠨ ᠵᠢᠯ》 ᠤᠨ ᠲᠡᠮᠡᠴᠡᠬᠦ ᠬᠠᠷᠠᠯᠳᠠ ᠶᠢᠨ ᠲᠡᠦᠭᠡᠨ ᠰᠤᠯᠪᠢᠴᠠᠯ ᠤᠨ ᠬᠤᠭᠤᠴᠠᠭ᠎ᠠ ᠪᠤᠯᠤᠨ᠎ᠠ᠃ ᠪᠢᠳᠠ ᠴᠢᠨᠡᠭᠡᠯᠢᠭ᠌ ᠨᠡᠢᠢᠭᠡᠮ ᠢ ᠪᠦᠬᠦ ᠲᠠᠯ᠎ᠠ ᠪᠡᠷ ᠪᠡᠶᠡᠯᠡᠬᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠪᠡᠷ ᠪᠠᠷᠠᠬᠤ ᠦᠭᠡᠢ ᠪᠠᠰᠠ ᠢᠯᠠᠯᠳᠠ ᠶᠢᠨ ᠢᠶᠡᠨ ᠡᠷᠴᠢᠨ ᠲᠡᠭᠡᠷ᠎ᠡ ᠨᠡᠢᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠡᠷ ᠪᠦᠳᠦᠭᠡᠨ ᠪᠠᠢᠢᠭᠤᠯᠬᠤ ᠰᠢᠨ᠎ᠠ ᠠᠶᠠᠯᠠᠯ ᠢᠶᠡᠨ ᠡᠬᠢᠯᠡᠬᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠲᠡᠰᠢ ᠤᠷᠤᠬᠰᠢᠯᠠᠨ᠎ᠠ᠃ ᠤᠯᠤᠰ ᠤᠨ ᠳᠤᠳᠤᠭᠠᠳᠦ ᠭᠠᠳᠠᠭᠠᠳᠦ ᠵᠢᠨ ᠪᠠᠢᠢᠳᠠᠯ ᠪᠠ ᠮᠠᠨ ᠤ ᠤᠯᠤᠰ ᠤᠨ ᠬᠦᠭ᠍ᠵᠢᠯᠳᠠ ᠵᠢᠨ ᠨᠦᠬᠦᠴᠡᠯ ᠢ ᠶᠡᠷᠦᠩᠭᠡᠢᠢᠯᠡᠨ ᠵᠠᠳᠠᠯᠵᠦ᠂ 2020 ᠤᠨ ᠡᠴᠡ ᠲᠤᠰ ᠵᠠᠭᠤᠨ ᠤ ᠳᠤᠮᠳᠠᠴᠢ ᠦᠶ᠎ᠠ ᠪᠤᠯᠳᠠᠯᠠᠬᠢ ᠶᠢ ᠬᠤᠶᠠᠷ ᠱᠠᠳᠤ ᠦᠶ᠎ᠠ ᠪᠡᠷ ᠲᠤᠬᠢᠷᠠᠭᠤᠯᠵᠦ ᠪᠤᠯᠤᠨ᠎ᠠ᠃ ᠨᠢᠭᠡᠳᠦᠭᠡᠷ ᠱᠠᠳᠤ ᠦᠶ᠎ᠠ ᠨᠢ ᠪᠤᠯ 2020 ᠤᠨ ᠡᠴᠡ 2035 ᠤᠨ ᠪᠤᠯᠳᠠᠯ᠎ᠠ᠂ ᠨᠡᠢᠢᠭᠡᠮ ᠵᠢᠷᠤᠮ ᠤᠨ ᠤᠳᠤᠬᠢᠴᠢᠯᠠᠯᠳᠠ ᠶᠢ ᠦᠨᠳᠦᠰᠦᠨ ᠳ᠋ᠡᠭᠡᠨ ᠪᠡᠶᠡᠯᠡᠬᠦᠯᠦᠨ᠎ᠠ᠃ ᠬᠤᠶᠠᠳᠤᠭᠠᠷ ᠱᠠᠳᠤ ᠦᠶ᠎ᠠ ᠨᠢ ᠪᠤᠯ 2035 ᠤᠨ ᠡᠴᠡ ᠲᠤᠰ ᠵᠠᠭᠤᠨ ᠤ ᠳᠤᠮᠳᠠᠴᠢ ᠦᠶ᠎ᠡ ᠪᠤᠯᠳᠠᠯ᠎ᠠ᠂ ᠤᠳᠤᠬᠢᠴᠢᠯᠠᠯᠳᠠ ᠶᠢ ᠦᠨᠳᠦᠰᠦᠨ ᠳ᠋ᠡᠭᠡᠨ ᠪᠡᠶᠡᠯᠡᠬᠦᠯᠦᠭᠰᠡᠨ ᠰᠠᠭᠤᠷᠢᠨ ᠳᠡᠭᠡᠷ᠎ᠠ ᠲᠠᠬᠢᠭᠠᠳ ᠠᠷᠪᠡᠨ ᠲᠠᠪᠤᠨ ᠵᠢᠯ ᠲᠡᠮᠡᠴᠡᠵᠦ᠂ ᠮᠠᠨ ᠤ ᠤᠯᠤᠰ ᠢᠶᠡᠨ ᠪᠠᠶᠠᠨ ᠬᠦᠴᠦᠷᠭᠡᠭ ᠠᠷᠠᠳᠴᠢᠯᠠᠬᠰᠠᠨ ᠪᠤᠯᠪᠠᠰᠤᠨ ᠡᠶ᠎ᠠ ᠵᠤᠬᠢᠴᠠᠩᠭ᠋ᠤᠢ ᠦᠵᠡᠰᠬᠦᠯᠡᠩᠳᠦ ᠰᠠᠢᠢᠬᠠᠨ ᠨᠡᠢᠢᠭᠡᠮ ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠪᠤᠯᠭᠠᠨ ᠪᠦᠳᠦᠭᠡᠨ ᠪᠠᠢᠢᠭᠤᠯᠤᠨ᠎ᠠ ᠭᠡᠵᠦ ᠦᠵᠡᠪᠡ᠃

    ᠶᠡᠭᠡ ᠬᠤᠷᠠᠯ ᠡᠴᠡ᠂ ᠢᠯᠡᠳᠭᠡᠯ ᠳ᠋ᠡᠬᠢ ᠮᠠᠨ ᠤ ᠤᠯᠤᠰ ᠤᠨ ᠨᠡᠢᠢᠭᠡᠮ ᠵᠢᠷᠤᠮ ᠤᠨ ᠠᠵᠤ ᠠᠬᠤᠢ ᠶᠢᠨ ᠪᠦᠳᠦᠭᠡᠨ ᠪᠠᠢᠢᠭᠤᠯᠤᠯᠳᠠ᠂ ᠤᠯᠤᠰ ᠲᠦᠷᠦ ᠶᠢᠨ ᠪᠠᠢᠢᠭᠤᠯᠤᠯᠳᠠ᠂ ᠰᠤᠶᠤᠯ ᠤᠨ ᠪᠠᠢᠢᠭᠤᠯᠤᠯᠳᠠ᠂ ᠨᠡᠢᠢᠭᠡᠮ ᠤᠨ ᠪᠠᠢᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠢᠢᠭᠤᠯᠤᠯᠳᠠ ᠶᠢᠨ ᠲᠤᠬᠠᠢ ᠪᠠᠢᠢᠷᠢᠯᠠᠭᠤᠯᠤᠯᠳᠠ ᠶᠢ ᠵᠦᠪᠰᠢᠶᠡᠷᠡᠵᠡᠢ᠃

    ᠶᠡᠭᠡ ᠬᠤᠷᠠᠯ ᠡᠴᠡ᠂ ᠡᠷᠭᠡᠪᠰᠢ ᠳᠤᠮᠳᠠᠳᠤ ᠤᠯᠤᠰ ᠤᠨ ᠤᠨᠴᠠᠯᠢᠭ ᠲᠠᠢ ᠴᠡᠷᠢᠭ ᠢ ᠬᠦᠴᠦᠷᠭᠡᠭ᠍ᠵᠢᠬᠦᠯᠬᠦ ᠵᠠᠮ ᠢᠶᠡᠷ ᠵᠠᠮᠨᠠᠬᠤ ᠶᠢ ᠪᠠᠷᠢᠮᠳᠠᠯᠠᠵᠦ᠂ ᠰᠢ ᠵᠢᠨ ᠫᠢᠩ ᠤᠨ ᠴᠡᠷᠢᠭ ᠢ ᠬᠦᠴᠦᠷᠭᠡᠭ᠍ᠵᠢᠬᠦᠯᠬᠦ ᠦᠵᠡᠯ ᠰᠠᠨᠠᠭ᠎ᠠ ᠵᠢ ᠪᠦᠬᠦ ᠲᠠᠯ᠎ᠠ ᠪᠡᠷ ᠲᠤᠤᠱᠯᠠᠭᠤᠯᠵᠦ᠂ ᠰᠢᠨ᠎ᠠ ᠪᠠᠢᠢᠳᠠᠯ ᠳᠤᠤᠷᠠᠬᠢ ᠴᠡᠷᠢᠭ ᠤᠨ ᠶᠠᠪᠤᠳᠠᠯ ᠤᠨ ᠪᠠᠢᠢᠯᠳᠤᠬᠤ ᠪᠤᠳᠤᠯᠭ᠎ᠠ ᠶᠢᠨ ᠴᠢᠭᠯᠡᠯᠳᠠ ᠶᠢ ᠲᠤᠤᠱᠯᠠᠭᠤᠯᠵᠦ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠤᠳᠤᠬᠢᠴᠢᠯᠠᠯᠳᠠ ᠶᠢ ᠪᠦᠬᠦ ᠲᠠᠯ᠎ᠠ ᠪᠡᠷ ᠠᠬᠢᠭᠤᠯᠵᠦ᠂ ᠠᠷᠠᠳ ᠤᠨ ᠴᠡᠷᠢᠭ ᠠᠩᠬᠢ ᠶᠢ ᠳᠡᠯᠡᠭᠡᠢ ᠶᠢᠨ ᠲᠡᠷᠢᠬᠦᠨ ᠤ ᠴᠡᠷᠢᠭ ᠠᠩᠬᠢ ᠪᠤᠯᠭᠠᠨ ᠪᠠᠢᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃

    ᠶᠡᠭᠡ ᠬᠤᠷᠠᠯ ᠡᠴᠡ᠂ ᠰᠢᠶᠠᠩᠭ᠋ᠠᠩ ᠪᠤᠯᠤᠨ ᠤᠤᠮᠧᠨ ᠤ ᠤᠷᠳᠤ ᠬᠤᠭᠤᠴᠠᠭᠠᠨ ᠤ ᠬᠦᠭ᠍ᠵᠢᠯ ᠴᠡᠴᠡᠭᠯᠡᠯ ᠲᠤᠭᠳᠠᠭᠤᠨ ᠢ ᠪᠠᠳᠤᠯᠠᠬᠤ ᠳ᠋ᠦ ᠡᠷᠭᠡᠪᠰᠢ《ᠨᠢᠭᠡ ᠤᠯᠤᠰ ᠲᠦ ᠬᠤᠶᠠᠷ ᠪᠠᠢᠢᠭᠤᠯᠤᠯ ᠢ ᠬᠡᠷᠡᠭᠵᠢᠭᠦᠯᠬᠦ》᠂ 《ᠰᠢᠶᠠᠩᠭ᠋ᠠᠩᠴᠤᠳ ᠰᠢᠶᠠᠩᠭ᠋ᠠᠩ ᠢᠶᠡᠨ ᠵᠠᠰᠠᠬᠤ》᠂《ᠤᠤᠮᠧᠨᠴᠤᠳ ᠤᠤᠮᠧᠨ ᠢᠶᠡᠨ ᠵᠠᠰᠠᠬᠤ》᠂ ᠳᠡᠭᠡᠳᠦ ᠭᠡᠮᠵᠢᠶ᠎ᠡ ᠪᠡᠷ ᠦᠪᠡᠷᠲᠡᠭᠡᠨ ᠵᠠᠰᠠᠬᠤ ᠴᠢᠭᠯᠡᠯᠳᠠ ᠶᠢ ᠪᠦᠬᠦ ᠲᠠᠯ᠎ᠠ ᠪᠡᠷ ᠤᠨᠤᠪᠴᠢᠳᠠᠢ ᠲᠤᠤᠱᠯᠠᠭᠤᠯᠵᠦ᠂ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠶᠢ ᠴᠢᠩᠭ᠋᠎ᠠ ᠵᠢᠷᠤᠮᠯᠠᠨ ᠤᠴᠢᠷ ᠶᠠᠪᠤᠳᠠᠯ ᠢ ᠰᠢᠢᠳᠪᠤᠷᠢᠯᠡᠵᠤ᠂ ᠰᠢᠶᠠᠩᠭ᠋ᠠᠩ ᠪᠤᠯᠤᠨ ᠤᠤᠮᠧᠨ ᠤ ᠠᠬ᠎ᠠ ᠳᠡᠬᠦᠦ ᠨᠠᠷ ᠢ ᠡᠭᠡ ᠤᠯᠤᠰ ᠤᠨ ᠠᠷᠠᠳ ᠲᠦᠮᠡᠨ ᠲᠠᠢ ᠪᠠᠨ ᠬᠠᠮᠳᠦ ᠦᠨᠳᠦᠰᠦᠳᠡᠨ ᠤ ᠰᠡᠷᠬᠦᠨ ᠮᠠᠨᠳᠤᠯᠳᠠ ᠶᠢᠨ ᠲᠡᠦᠭᠡᠳᠦ ᠬᠠᠷᠢᠭᠤᠴᠠᠯᠭ᠎ᠠ ᠶᠢ ᠬᠠᠮᠳᠤᠪᠡᠷ ᠡᠬᠦᠷᠭᠡᠯᠡᠬᠦᠯᠵᠦ᠂ ᠡᠭᠡ ᠤᠯᠤᠰ ᠤᠨ ᠬᠦᠭ᠍ᠵᠢᠯ ᠴᠡᠴᠡᠭᠯᠡᠯ ᠪᠠᠶᠠᠨ ᠬᠦᠴᠦᠷᠭᠡᠭ ᠪᠠᠢᠢᠬᠤ ᠠᠭᠤᠤ ᠶᠡᠭᠡ ᠦᠩᠭᠡ ᠭᠡᠷᠡᠯ ᠢ ᠬᠠᠮᠳᠤᠪᠡᠷ ᠡᠳ᠋ᠯᠡᠬᠦᠯᠬᠦ ᠭᠡᠷᠡᠭᠲᠡᠢ᠃ ᠡᠷᠭᠡᠪᠰᠢ《ᠨᠠᠢᠢᠷᠠᠮᠳᠠᠯ ᠢᠶᠡᠷ ᠨᠢᠭᠡᠳᠭᠡᠬᠦ᠂ ᠨᠢᠭᠡ ᠤᠯᠤᠰ ᠲᠦ ᠬᠤᠶᠠᠷ ᠪᠠᠢᠢᠭᠤᠯᠤᠯ ᠢ ᠬᠡᠷᠡᠭᠵᠢᠭᠦᠯᠬᠦ》ᠴᠢᠭᠯᠡᠯᠳᠠ ᠶᠢ ᠦᠷᠬᠦᠯᠵᠢᠯᠡᠨ ᠪᠠᠷᠢᠮᠳᠠᠯᠠᠵᠦ᠂ ᠬᠤᠶᠠᠷ ᠬᠦᠪᠡᠭᠡ ᠶᠢᠨ ᠠᠵᠤ ᠠᠬᠤᠢ ᠰᠤᠶᠤᠯ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠦᠷᠭᠡᠳᠭᠡᠨ ᠬᠤᠶᠠᠷ ᠬᠦᠪᠡᠭᠡᠨ ᠤ ᠠᠬ᠎ᠠ ᠳᠡᠬᠦᠦ ᠨᠠᠷ ᠬᠠᠮᠳᠤᠪᠡᠷ ᠳᠤᠮᠳᠠᠳᠤ ᠶᠢᠨ ᠰᠤᠶᠤᠯ ᠢ ᠪᠠᠳᠠᠷᠠᠭᠤᠯᠬᠤ ᠶᠢ ᠠᠬᠢᠭᠤᠯᠵᠦ᠂ ᠬᠤᠶᠠᠷ ᠬᠦᠪᠡᠭᠡᠨ ᠤ ᠬᠠᠷᠢᠴᠠᠭ᠎ᠠ ᠶᠢᠨ ᠡᠩᠭᠡ ᠲᠠᠢᠢᠪᠤᠩ ᠬᠦᠭ᠍ᠵᠢᠯᠳᠠ ᠶᠢ ᠠᠬᠢᠭᠤᠯᠵᠦ᠂ ᠡᠭᠡ ᠤᠯᠤᠰ ᠢᠶᠡᠨ ᠨᠠᠢᠢᠷᠠᠮᠳᠠᠯ ᠢᠶᠡᠷ ᠨᠢᠭᠡᠳᠭᠡᠬᠦ ᠠᠬᠢᠴᠠ ᠶᠢ ᠠᠬᠢᠭᠤᠯᠵᠦ᠂ ᠶᠠᠮᠠᠷᠪᠠ ᠬᠦᠮᠦᠨ᠂ ᠶᠠᠮᠠᠷᠪᠠ ᠵᠤᠬᠢᠶᠠᠨ ᠪᠠᠢᠢᠭᠤᠯᠤᠯᠳᠠ᠂ ᠶᠠᠮᠠᠷᠪᠠ ᠲᠦᠷᠦ ᠶᠢᠨ ᠨᠠᠮ ᠶᠠᠮᠠᠷᠪᠠ ᠴᠠᠭ ᠦᠶ᠎ᠠ ᠳ᠋ᠦ᠂ ᠶᠠᠮᠠᠷᠪᠠ ᠭᠡᠯᠪᠡᠷᠢ ᠪᠡᠷ ᠳᠤᠮᠳᠠᠳᠤ ᠤᠯᠤᠰ ᠤᠨ ᠶᠠᠮᠠᠷᠪᠠ ᠨᠢᠭᠡ ᠬᠡᠰᠡᠭ ᠨᠤᠳᠤᠭ ᠲᠡᠪᠢᠰᠭᠡᠷ ᠢ ᠳᠤᠮᠳᠠᠳᠤ ᠤᠯᠤᠰ ᠡᠴᠡ ᠬᠠᠭᠠᠴᠠᠭᠤᠯᠤᠨ ᠰᠠᠯᠭᠠᠬᠤ ᠶᠢ ᠤᠬᠳᠤ ᠵᠦᠪᠰᠢᠶᠡᠷᠡᠬᠦ ᠦᠭᠡᠢ ᠭᠡᠵᠦ ᠴᠢᠬᠤᠯᠠᠴᠢᠯᠠᠪᠠ᠃

    ᠶᠡᠭᠡ ᠬᠤᠷᠠᠯ ᠡᠴᠡ᠂ ᠢᠯᠡᠳᠭᠡᠯ ᠳ᠋ᠠᠬᠢ ᠤᠯᠠᠨ ᠤᠯᠤᠰ ᠤᠨ ᠪᠠᠢᠢᠳᠠᠯ ᠤᠨ ᠲᠤᠬᠠᠢ ᠵᠠᠳᠠᠯᠤᠯᠳᠠ ᠪᠠ ᠳᠤᠷᠠᠳᠤᠭᠰᠠᠨ ᠭᠠᠳᠠᠭᠠᠳᠦ ᠯᠤᠭ᠎ᠠ ᠶᠢᠨ ᠠᠵᠢᠯ ᠤᠨ ᠴᠢᠭᠯᠡᠯᠳᠠ ᠶᠢ ᠵᠦᠪᠰᠢᠶᠡᠷᠡᠵᠦ᠂ ᠳᠤᠮᠳᠠᠳᠤ ᠤᠯᠤᠰ 《ᠨᠢᠭᠡ ᠪᠦᠰᠡ ᠨᠢᠭᠡ ᠵᠠᠮ》 ᠤᠨ ᠤᠯᠠᠨ ᠤᠯᠤᠰ ᠤᠨ ᠬᠠᠮᠳᠤᠷᠠᠯᠴᠠᠭ᠎ᠠ ᠶᠢ ᠢᠳᠡᠪᠬᠢᠳᠠᠢ ᠠᠬᠢᠭᠤᠯᠵᠦ᠂ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠤᠨ ᠦᠭᠡᠷᠡᠴᠢᠯᠡᠯᠳᠠ ᠪᠠ ᠪᠦᠳᠦᠭᠡᠨ ᠪᠠᠢᠢᠭᠤᠯᠤᠯᠳᠠ ᠳ᠋ᠦ ᠦᠷᠬᠦᠯᠵᠢᠯᠡᠨ ᠢᠳᠡᠪᠬᠢᠳᠠᠢ ᠤᠷᠤᠯᠴᠠᠵᠦ᠂ ᠬᠠᠷᠢᠯᠴᠠᠨ ᠬᠦᠨᠳᠦᠳᠭᠡᠬᠦ᠂ ᠡᠷᠭᠡ ᠲᠡᠭᠰᠢ ᠲᠦᠪ ᠭᠤᠤᠯᠴᠢ ᠪᠠᠢᠢᠬᠤ᠂ ᠬᠠᠷᠢᠯᠴᠠᠨ ᠬᠠᠮᠳᠤᠷᠠᠯᠴᠠᠵᠦ ᠬᠠᠮᠳᠤᠪᠡᠷ ᠠᠰᠢᠬ ᠬᠦᠷᠳᠡᠬᠦ ᠰᠢᠨ᠎ᠠ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠠᠬᠢᠭᠤᠯᠤᠨ ᠪᠠᠢᠢᠭᠤᠯᠵᠦ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠭᠴᠠ ᠶᠢ ᠠᠬᠢᠭᠤᠯᠤᠨ ᠪᠠᠢᠢᠭᠤᠯᠵᠦ᠂ ᠳᠡᠯᠡᠭᠡᠢ ᠶᠢᠨ ᠡᠯ᠎ᠠ ᠤᠯᠤᠰ ᠤᠨ ᠠᠷᠠᠳ ᠲᠦᠮᠡᠨ ᠲᠠᠢ ᠬᠠᠮᠳᠤᠪᠡᠷ ᠦᠨᠢ ᠡᠭᠦᠷᠢᠳᠡ ᠡᠩᠭᠡ ᠲᠠᠢᠢᠪᠤᠩ᠂ ᠨᠡᠢᠢᠳᠡᠮ ᠠᠮᠤᠷ ᠲᠦᠪᠰᠢᠨ᠂ ᠬᠠᠮᠳᠤᠪᠡᠷ ᠴᠡᠴᠡᠭᠯᠡᠵᠦ ᠬᠦᠭ᠍ᠵᠢᠭᠰᠡᠨ᠂ ᠨᠡᠭᠡᠭᠡᠯᠳᠡᠳᠠᠢ ᠪᠠᠭᠳᠠᠭᠠᠮᠵᠢᠳᠠᠢ᠂ ᠠᠷᠢᠭᠤᠨ ᠴᠡᠪᠡᠷ ᠦᠵᠡᠰᠬᠦᠯᠡᠩᠳᠦ ᠰᠠᠢᠢᠬᠠᠨ ᠳᠡᠯᠡᠭᠡᠢ ᠶᠢᠷᠳᠢᠨᠴᠤ ᠶᠢ ᠪᠠᠢᠢᠭᠤᠯᠤᠨ᠎ᠠ ᠭᠡᠵᠦ ᠴᠢᠬᠤᠯᠠᠴᠢᠯᠠᠪᠠ᠃

    ᠶᠡᠭᠡ ᠬᠤᠷᠠᠯ ᠡᠴᠡ᠂ ᠲᠡᠮᠦᠷ ᠢ ᠳᠠᠪᠳᠠᠬᠤ ᠳ᠋ᠤ ᠦᠪᠡᠷ ᠢᠶᠡᠨ ᠴᠢᠡᠭᠭ᠎ᠠ ᠪᠠᠢᠢᠬᠤ ᠭᠡᠷᠡᠭᠲᠡᠢ᠃ ᠰᠢᠨ᠎ᠠ ᠴᠠᠭ ᠦᠶ᠎ᠠ ᠶᠢᠨ ᠨᠠᠮ ᠤᠨ ᠪᠠᠢᠢᠭᠤᠯᠤᠯᠳᠠ ᠶᠢᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠡᠭᠭᠠᠳᠬᠠᠵᠦ᠂ ᠨᠠᠮ ᠨᠢ ᠨᠠᠮ ᠢᠶᠡᠨ ᠬᠠᠮᠢᠶᠠᠷᠬᠤ᠂ ᠪᠦᠬᠦ ᠲᠠᠯ᠎ᠠ ᠪᠡᠷ ᠨᠠᠮ ᠢ ᠴᠢᠩᠭ᠋᠎ᠠ ᠵᠠᠰᠠᠬᠤ ᠶᠢ ᠪᠠᠷᠢᠮᠳᠠᠯᠠᠵᠦ᠂ ᠨᠠᠮ ᠤᠨ ᠤᠷᠳᠤ ᠬᠤᠭᠤᠴᠠᠭᠠᠨ ᠤ ᠲᠦᠷᠦ ᠪᠠᠷᠢᠬᠤ ᠴᠢᠳᠠᠪᠤᠷᠢ ᠶᠢᠨ ᠪᠠᠢᠢᠭᠤᠯᠤᠯᠳᠠ ᠶᠢ ᠴᠢᠩᠭ᠋ᠠᠳᠬᠠᠵᠦ᠂ ᠲᠡᠷᠢᠬᠦᠨ ᠤ ᠴᠢᠨᠠᠷ ᠪᠠ ᠴᠡᠪᠡᠷ ᠴᠢᠨᠠᠷ ᠤᠨ ᠪᠠᠢᠢᠭᠤᠯᠤᠯᠳᠠ ᠪᠡᠷ ᠭᠤᠤᠯ ᠰᠢᠵᠢᠮ ᠪᠤᠯᠭᠠᠵᠦ᠂ ᠨᠠᠮ ᠤᠨ ᠤᠯᠤᠰ ᠲᠦᠷᠦ ᠶᠢᠨ ᠪᠠᠢᠢᠭᠤᠯᠤᠯᠳᠠ ᠪᠡᠷ ᠶᠡᠷᠦᠩᠬᠡᠢ ᠵᠢᠯᠤᠭᠤᠳᠤᠮᠵᠢ ᠪᠤᠯᠭᠠᠵᠦ᠂ ᠪᠠᠳᠤ ᠪᠠᠬᠢ ᠬᠦᠰᠡᠯᠡᠩ ᠢᠳᠡᠭᠡᠯ ᠪᠢᠰᠢᠷᠡᠯ ᠵᠤᠷᠢᠯᠳᠠ ᠪᠡᠷ ᠦᠨᠳᠦᠰᠦ ᠪᠤᠯᠭᠠᠵᠦ᠂ ᠪᠦᠬᠦ ᠨᠠᠮ ᠤᠨ ᠢᠳᠡᠪᠬᠢᠵᠢᠯ᠂ ᠰᠠᠨᠠᠭᠠᠴᠢᠯᠠᠭᠠᠳᠦ ᠴᠢᠨᠠᠷ᠂ ᠪᠦᠳᠦᠭᠡᠯᠴᠢ ᠴᠢᠨᠠᠷ ᠢ ᠲᠠᠢᠢᠴᠢᠯᠠᠬᠤ ᠪᠡᠷ ᠬᠦᠴᠦᠯᠡᠬᠦ ᠴᠡᠭ ᠪᠤᠯᠭᠠᠵᠦ᠂ ᠨᠠᠮ ᠤᠨ ᠤᠯᠤᠰ ᠲᠦᠷᠦ ᠶᠢᠨ ᠪᠠᠢᠢᠭᠤᠯᠤᠯᠳᠠ᠂ ᠦᠵᠡᠯ ᠰᠠᠨᠠᠭᠠᠨ ᠤ ᠪᠠᠢᠢᠭᠤᠯᠤᠯᠳᠠ᠂ ᠵᠤᠬᠢᠶᠠᠨ ᠪᠠᠢᠢᠭᠤᠯᠤᠯᠳᠠ ᠶᠢᠨ ᠴᠤᠬᠴᠠᠯᠠᠯᠳᠠ᠂ ᠰᠤᠷᠳᠠᠯ ᠤᠨ ᠪᠠᠢᠢᠭᠤᠯᠤᠯᠳᠠ᠂ ᠰᠠᠬᠢᠯᠭ᠎ᠠ ᠪᠠᠳᠤ ᠶᠢᠨ ᠪᠠᠢᠢᠭᠤᠯᠤᠯᠳᠠ ᠶᠢ ᠪᠦᠬᠦ ᠲᠠᠯ᠎ᠠ ᠪᠡᠷ ᠠᠬᠢᠭᠤᠯᠵᠦ᠂ ᠲᠦᠷᠢᠮ ᠤᠨ ᠪᠠᠢᠢᠭᠤᠯᠤᠯᠳᠠ ᠶᠢ ᠡᠨᠡᠬᠦ ᠶᠠᠪᠤᠴᠠ ᠳ᠋ᠦ ᠲᠤᠤᠱᠯᠠᠭᠤᠯᠵᠦ᠂ ᠢᠯᠵᠢᠷᠡᠯ ᠢ ᠡᠰᠡᠷᠬᠦᠴᠡᠬᠦ ᠲᠡᠮᠡᠴᠡᠯ ᠢ ᠬᠦᠨᠵᠡᠭᠡᠢ ᠠᠬᠢᠭᠤᠯᠵᠦ᠂ ᠨᠠᠮ ᠤᠨ ᠪᠠᠢᠢᠭᠤᠯᠤᠯᠳᠠ ᠶᠢᠨ ᠴᠢᠨᠠᠷ ᠴᠢᠨᠰᠠᠭ᠎ᠠ ᠶᠢ ᠳᠠᠰᠤᠷᠠᠯᠳᠠ ᠦᠭᠡᠢ ᠳᠡᠭᠡᠭ᠍ᠰᠢᠯᠡᠬᠦᠯᠵᠦ᠂ ᠨᠠᠮ ᠢ ᠢᠮᠠᠭᠳᠠ ᠴᠠᠭ ᠦᠶ᠎ᠠ ᠶᠢᠨ ᠡᠮᠦᠨ᠎ᠠ ᠡᠩᠨᠡᠭᠡ ᠳ᠋ᠦ ᠶᠠᠪᠤᠬᠤ᠂ ᠠᠷᠠᠳ ᠲᠦᠮᠡᠨ ᠦᠨᠡᠨ ᠰᠡᠳᠬᠢᠯ ᠡᠴᠡ ᠪᠡᠨ ᠬᠦᠷᠢᠶᠡᠯᠡᠬᠦ᠂ ᠲᠤᠰ ᠪᠡᠶ᠎ᠠ ᠪᠠᠨ ᠵᠤᠷᠢᠬᠳᠠᠢ ᠪᠡᠷ ᠬᠤᠪᠢᠰᠬᠠᠬᠤ᠂ ᠡᠯ᠎ᠠ ᠵᠦᠢᠯ ᠤᠨ ᠰᠠᠯᠬᠢ ᠲᠠᠪᠠᠯᠭᠠᠨ ᠤ ᠰᠢᠯᠭᠠᠯᠳᠠ ᠶᠢ ᠳᠠᠭᠠᠭᠠᠵᠦ ᠴᠢᠳᠠᠬᠤ᠂ ᠴᠤᠬ ᠰᠦᠯᠳᠡ ᠪᠠᠳᠠᠷᠠᠨᠭᠭᠤᠢ ᠮᠠᠷᠺᠰ ᠤᠨ ᠦᠵᠡᠯ ᠤᠨ ᠲᠦᠷᠦ ᠪᠠᠷᠢᠬᠤ ᠨᠠᠮ ᠪᠤᠯᠭᠠᠨ ᠪᠠᠢᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃

    ᠶᠡᠬᠡ ᠬᠤᠷᠠᠯ ᠡᠴᠡ᠂ ᠪᠦᠬᠦ ᠨᠠᠮ ᠢᠶᠡᠷ ᠢᠶᠡᠨ ᠡᠷᠭᠡᠪᠰᠢ ᠤᠯᠤᠰ ᠲᠦᠷᠦ ᠶᠢᠨ ᠤᠬᠠᠮᠰᠠᠷ᠂ ᠶᠠᠬᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠦᠯᠲᠠᠢ ᠪᠠᠢᠢᠬᠤ ᠤᠬᠠᠮᠰᠠᠷ ᠢᠶᠡᠨ ᠴᠢᠡᠭᠭᠠᠳᠬᠠᠵᠦ᠂ ᠨᠠᠮ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠪᠠᠷᠢᠮᠲᠠᠯᠠᠠ᠂ ᠨᠠᠮ ᠤᠨ ᠤᠯᠤᠰ ᠲᠦᠷᠦ ᠶᠢᠨ ᠱᠤᠭᠤᠮ ᠢ ᠡᠷᠡᠰ ᠭᠡᠷᠡᠭᠵᠢᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠤᠰᠤ ᠲᠦᠷᠢᠮ ᠢ ᠴᠢᠩᠭ᠋᠎ᠠ ᠵᠢᠷᠤᠮᠯᠠᠵᠦ᠂ ᠤᠯᠤᠰ ᠲᠦᠷᠦ ᠶᠢᠨ ᠵᠤᠭᠰᠤᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠲᠡᠭᠡᠷ᠎ᠠ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠢᠢᠬᠤ ᠭᠡᠷᠡᠭᠲᠡᠢ ᠭᠡᠵᠦ ᠴᠢᠬᠤᠯᠠᠴᠢᠯᠠᠪᠠ᠃

    ᠶᠡᠬᠡ ᠬᠤᠷᠠᠯ ᠡᠴᠡ᠂ ᠨᠠᠮ ᠤᠨ ᠠᠷᠪᠠᠠ ᠨᠠᠶ᠋ᠮᠠᠲᠤᠭᠠᠷ ᠬᠤᠭᠤᠴᠠᠭᠠᠠ ᠤ ᠲᠦᠪ ᠤᠨ ᠰᠠᠬᠢᠯᠭ᠎ᠠ ᠪᠠᠲᠤ ᠪᠠᠢᠢᠴᠠᠭᠠᠬᠤ ᠬᠤᠷᠢᠶᠠᠠ ᠤ ᠠᠵᠢᠯ ᠤᠨ ᠮᠡᠲᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ᠃ ᠶᠡᠬᠡ ᠬᠤᠷᠠᠯ ᠡᠴᠡ ᠠᠷᠪᠠᠠ ᠨᠠᠶ᠋ᠮᠠᠲᠤᠭᠠᠷ ᠬᠤᠭᠤᠴᠠᠭᠠᠠ ᠤ ᠲᠦᠪ ᠤᠨ ᠰᠠᠬᠢᠯᠭ᠎ᠠ ᠪᠠᠲᠤ ᠪᠠᠢᠢᠴᠠᠭᠠᠬᠤ ᠬᠤᠷᠢᠶᠠᠠ ᠤ ᠠᠵᠢᠯ ᠢ ᠬᠦᠢᠴᠡᠳ ᠨᠤᠲᠠᠯᠠᠭᠰᠠᠠ ᠪᠠᠢᠢᠨ᠎ᠠ᠃

    ᠶᠡᠬᠡ ᠬᠤᠷᠠᠯ ᠡᠴᠡ《ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠷᠢᠮ(ᠵᠠᠰᠠᠪᠤᠷᠢ ᠤᠷᠤᠭᠤᠯᠤᠭᠰᠠᠠ ᠲᠦᠰᠦᠯ)》 ᠤ᠋ᠨ ᠰᠢᠢᠳᠪᠦᠷᠢ ᠶᠢ ᠪᠠᠲᠤᠯᠠᠵᠦ᠂ ᠡᠨᠡᠬᠦ ᠵᠠᠰᠠᠪᠤᠷᠢ ᠤᠷᠤᠭᠤᠯᠤᠭᠰᠠᠠ ᠲᠦᠰᠦᠯ ᠨᠢ ᠪᠠᠲᠤᠯᠠᠭᠰᠠᠠ ᠡᠲᠦᠷ ᠡᠴᠡ ᠡᠬᠢᠯᠡᠡ ᠬᠦᠴᠤᠨ ᠲᠠᠢ ᠪᠤᠯᠤᠨ᠎ᠠ ᠭᠡᠵᠦ ᠲᠤᠭᠲᠠᠭᠠᠵᠠᠢ᠃

    ᠶᠡᠬᠡ ᠬᠤᠷᠠᠯ ᠡᠴᠡ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠨᠨᠠᠭ᠎ᠠ᠂ ᠳ᠋ᠧᠩ ᠰᠢᠶᠤᠤ ᠫᠢᠩ ᠤᠨ ᠤᠨᠤᠯ᠂《ᠭᠤᠷᠪᠠ ᠶᠢ ᠲᠦᠯᠦᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠠᠴᠢ ᠬᠦᠭ᠍ᠵᠢᠯᠲᠠ ᠶᠢᠨ ᠦᠵᠡᠯᠲᠠ ᠶᠢᠨ ᠵᠠᠯᠭᠠᠮᠵᠢᠯᠠᠯ ᠪᠠ ᠬᠦᠭ᠍ᠵᠢᠭᠦᠯᠦᠯᠳᠡ ᠮᠦᠨ᠂ ᠮᠠᠷᠺᠰ ᠤᠨ ᠦᠵᠡᠯ ᠢ ᠲᠤᠮᠲᠠᠲᠤ ᠤᠯᠤᠰᠴᠢᠯᠠᠭᠰᠠᠠ ᠬᠠᠮᠤᠭ ᠤᠨ ᠰᠢᠨ᠎ᠠ ᠠᠮᠵᠢᠯᠲᠠ ᠮᠦᠨ᠂ ᠨᠠᠮ ᠪᠤᠯᠤᠨ ᠠᠷᠠᠳ ᠲᠦᠮᠡᠡ ᠤ ᠦᠢᠯᠡᠲᠦᠯᠭᠡ ᠶᠢᠨ ᠲᠤᠷᠰᠢᠯᠭ᠎ᠠ ᠪᠠ ᠨᠡᠢᠢᠲᠡ ᠶᠢᠨ ᠤᠶᠤᠠ ᠤᠬᠠᠭᠠᠠ ᠤ ᠲᠠᠯᠠᠰᠳᠤ ᠮᠦᠨ᠂ ᠲᠤᠮᠲᠠᠲᠤ ᠤᠯᠤᠰ ᠤᠨ ᠤᠨᠴᠠᠯᠢᠭ ᠲᠡᠢ ᠨᠡᠢᠢᠭᠡᠮ ᠵᠢᠷᠤᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠲᠦᠭᠦᠨ ᠭᠡᠰᠡᠭ ᠮᠦᠨ᠂ ᠪᠦᠬᠦ ᠨᠠᠮ ᠪᠦᠬᠦ ᠤᠯᠤᠰ ᠤᠨ ᠠᠷᠠᠳ ᠲᠦᠮᠡᠡ ᠤ ᠲᠤᠮᠲᠠᠲᠤ ᠶᠢᠨ ᠦᠨᠲᠦᠰᠦᠲᠡᠡ ᠤ ᠠᠭᠤᠤ ᠶᠡᠬᠡ ᠰᠡᠷᠭᠦᠨ ᠮᠠᠠᠲᠤᠯᠲᠠ ᠶᠢᠨ ᠲᠦᠯᠦᠭᠡ ᠲᠡᠮᠡᠴᠡᠬᠦ ᠤᠢᠢᠯᠡ ᠠᠵᠢᠯᠯᠠᠭ᠎ᠠ ᠶᠢᠨ ᠵᠦᠭᠯᠡᠭᠦᠷ ᠮᠦᠨ᠂ ᠡᠷᠭᠡᠪᠰᠢ ᠤᠷᠲᠤ ᠬᠤᠭᠤᠴᠠᠭ᠎ᠠ ᠪᠡᠷ ᠪᠠᠷᠢᠮᠲᠠᠯᠠᠬᠤ ᠮᠦᠷᠳᠡᠭᠡᠨ ᠲᠠᠰᠤᠷᠠᠯᠲᠠ ᠦᠭᠡᠢ ᠬᠦᠭ᠍ᠵᠢᠭᠦᠯᠬᠦ ᠬᠡᠷᠡᠭᠲᠡᠢ ᠭᠡᠵᠦ ᠦᠵᠡᠪᠠ᠃

    ᠶᠡᠬᠡ ᠬᠤᠷᠠᠯ ᠡᠴᠡ᠂ ᠨᠠᠮ ᠤᠨ ᠲᠦᠷᠢᠮ ᠤᠨ ᠲᠤᠲᠤᠷᠠᠬᠢ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠠᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠶᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠨᠨᠠᠭ᠎ᠠ᠂ ᠳ᠋ᠧᠩ ᠰᠢᠶᠤᠤ ᠫᠢᠩ ᠤᠨ ᠤᠨᠤᠯ᠂《ᠭᠤᠷᠪᠠ ᠶᠢ ᠲᠦᠯᠦᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠠᠴᠢ ᠬᠦᠭ᠍ᠵᠢᠯᠲᠠ ᠶᠢᠨ ᠦᠵᠡᠯᠲᠠ ᠲᠠᠢ ᠬᠠᠮᠳᠤ ᠨᠠᠮ ᠤᠨ ᠤᠢᠢᠯᠡ ᠠᠵᠢᠯᠯᠠᠭ᠎ᠠ ᠶᠢᠨ ᠵᠦᠭᠯᠡᠭᠦᠷ ᠪᠤᠯᠭᠠᠬᠤ ᠶᠢ ᠰᠠᠨᠠᠯ ᠨᠢᠭᠡᠲᠡᠢ ᠵᠦᠪᠰᠢᠶᠡᠷᠡᠪᠡ᠃

    ᠶᠡᠬᠡ ᠬᠤᠷᠠᠯ ᠡᠴᠡ᠂ ᠪᠦᠬᠦ ᠨᠠᠮ ᠢ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠠ ᠨᠢᠭᠡᠲᠦᠭᠦᠯᠵᠦ᠂ ᠰᠤᠷᠤᠯᠴᠠᠨ ᠲᠤᠤᠱᠯᠠᠭᠤᠯᠬᠤ ᠤᠬᠠᠮᠰᠠᠷᠲᠦ ᠴᠢᠨᠠᠷ ᠪᠤᠯᠤᠨ ᠡᠷᠡᠰ ᠪᠠᠲᠤ ᠴᠢᠨᠠᠷ ᠢᠶᠡᠨ ᠴᠢᠩᠭ᠋ᠠᠳᠬᠠᠵᠤ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠶᠢ ᠨᠡᠢᠢᠭᠡᠮ ᠵᠢᠷᠤᠮ ᠤᠨ ᠤᠲᠤᠬᠢᠴᠢᠯᠠᠯᠲᠠ ᠶᠢᠨ ᠪᠦᠲᠦᠭᠡᠡ ᠪᠠᠢᠢᠭᠤᠯᠤᠯᠲᠠ ᠶᠢᠨ ᠪᠦᠬᠦ ᠶᠠᠪᠤᠴᠠ ᠳ᠋ᠤ ᠲᠤᠤᠱᠯᠠᠭᠤᠯᠤᠨ᠂ ᠨᠠᠮ ᠤᠨ ᠪᠠᠢᠢᠭᠤᠯᠤᠯᠲᠠ ᠶᠢᠨ ᠡᠯ᠎ᠠ ᠲᠠᠯ᠎ᠠ ᠳ᠋ᠤ ᠢᠯᠡᠷᠡᠭᠦᠯᠬᠦ ᠭᠡᠷᠡᠭᠲᠡᠢ ᠭᠡᠵᠦ ᠱᠠᠭᠠᠷᠲᠠᠭᠰᠠᠠ ᠪᠠᠢᠢᠨ᠎ᠠ᠃

    ᠶᠡᠬᠡ ᠬᠤᠷᠠᠯ ᠡᠴᠡ᠂ ᠲᠤᠮᠲᠠᠲᠤ ᠤᠯᠤᠰ ᠤᠨ ᠤᠴᠠᠯᠢᠭ ᠲᠠᠢ ᠨᠡᠢᠢᠭᠡᠮ ᠵᠢᠷᠤᠮ ᠤᠨ ᠰᠤᠶᠤᠯ ᠢ ᠲᠤᠮᠲᠠᠲᠤ ᠤᠯᠤᠰ ᠤᠨ ᠤᠴᠠᠯᠢᠭ ᠲᠠᠢ ᠨᠡᠢᠢᠭᠡᠮ ᠵᠢᠷᠤᠮ ᠤᠨ ᠵᠠᠮ᠂ ᠲᠤᠮᠲᠠᠲᠤ ᠤᠯᠤᠰ ᠤᠨ ᠤᠴᠠᠯᠢᠭ ᠲᠠᠢ ᠨᠡᠢᠢᠭᠡᠮ ᠵᠢᠷᠤᠮ ᠤᠨ ᠤᠨᠤᠯ ᠤᠨ ᠰᠢᠰᠲ᠋ᠧᠮ᠂ ᠲᠤᠮᠲᠠᠲᠤ ᠤᠯᠤᠰ ᠤᠨ ᠤᠴᠠᠯᠢᠭ ᠲᠠᠢ ᠨᠡᠢᠢᠭᠡᠮ ᠵᠢᠷᠤᠮ ᠤᠨ ᠪᠠᠢᠢᠭᠤᠯᠤᠯ ᠢ ᠴᠤᠬᠭᠠᠷ ᠨᠠᠮ ᠤᠨ ᠲᠦᠷᠢᠮ ᠳ᠋ᠤ ᠪᠢᠴᠢᠨ ᠤᠷᠤᠭᠤᠯᠬᠤ ᠶᠢ ᠵᠦᠪᠰᠢᠶᠡᠷᠡᠵᠠᠢ᠂ ᠡᠨᠡ ᠨᠢ ᠪᠦᠬᠦ ᠨᠠᠮ ᠤᠨ ᠲᠤᠮᠲᠠᠲᠤ ᠤᠯᠤᠰ ᠤᠨ ᠤᠴᠠᠯᠢᠭ ᠲᠠᠢ ᠨᠡᠢᠢᠭᠡᠮ ᠵᠢᠷᠤᠮ ᠤᠨ ᠲᠤᠬᠠᠢ ᠲᠠᠨᠢᠯᠲᠠ ᠶᠢ ᠬᠦᠨᠵᠡᠭᠡᠢᠢᠷᠡᠭᠦᠯᠦᠨ᠂ ᠲᠤᠮᠲᠠᠲᠤ ᠤᠯᠤᠰ ᠤᠨ ᠤᠴᠠᠯᠢᠭ ᠲᠠᠢ ᠨᠡᠢᠢᠭᠡᠮ ᠵᠢᠷᠤᠮ ᠤᠨ ᠠᠭᠤᠯᠤᠭᠲᠠᠬᠤᠨ ᠢ ᠪᠦᠬᠦ ᠲᠠᠯ᠎ᠠ ᠪᠠᠷ ᠡᠵᠡᠮᠲᠡᠬᠦ ᠳ᠋ᠤ ᠠᠰᠢᠭ ᠲᠠᠢ ᠶᠤᠮ᠃

    ᠶᠡᠬᠡ ᠬᠤᠷᠠᠯ ᠡᠴᠡ᠂ ᠪᠦᠬᠦ ᠨᠠᠮ ᠤᠨ ᠨᠦᠬᠦᠳ ᠨᠠᠮ ᠤᠨ ᠬᠠᠲᠠᠭᠤ ᠪᠡᠷᠭᠡᠰᠢᠶᠠᠯ ᠢ ᠲᠤᠭᠤᠯᠤᠨ ᠨᠡᠭᠡᠭᠡᠭ᠍ᠰᠡᠡ ᠡᠨᠡᠬᠦ ᠵᠠᠮ᠂ ᠡᠨᠡᠬᠦ ᠤᠨᠤᠯ ᠤᠨ ᠰᠢᠰᠲ᠋ᠧᠮ᠂ ᠡᠨᠡᠬᠦ ᠪᠠᠢᠢᠭᠤᠯᠤᠯ᠂ ᠡᠨᠡᠬᠦ ᠰᠤᠶᠤᠯ ᠢ ᠤᠯᠠᠮ ᠨᠠᠠᠲᠢᠩᠨᠠᠵᠤ ᠤᠷᠲᠤ ᠬᠤᠭᠤᠴᠠᠭ᠎ᠠ ᠪᠠᠷ ᠪᠠᠷᠢᠮᠲᠠᠯᠠᠨ ᠲᠠᠰᠤᠷᠠᠯᠲᠠ ᠦᠭᠡᠢ ᠬᠦᠭ᠍ᠵᠢᠭᠦᠯᠵᠦ᠂ ᠲᠤᠮᠲᠠᠲᠤ ᠤᠯᠤᠰ ᠤᠨ ᠤᠴᠠᠯᠢᠭ ᠲᠠᠢ ᠨᠡᠢᠢᠭᠡᠮ ᠵᠢᠷᠤᠮ ᠤᠨ ᠠᠭᠤᠤ ᠶᠡᠬᠡ ᠲᠤᠭ ᠢ ᠦᠨᠲᠦᠷ ᠮᠠᠠᠲᠤᠭᠤᠯᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠢᠢᠭᠤᠯᠤᠯ ᠤᠨ ᠢᠲᠡᠭᠡᠯ᠂ ᠰᠤᠶᠤᠯ ᠤᠨ ᠢᠲᠡᠭᠡᠯ ᠢᠶᠡᠨ ᠪᠠᠲᠤᠳᠬᠠᠨ᠂ ᠨᠠᠮ ᠤᠨ ᠦᠨᠲᠦᠰᠦᠨ ᠤᠨᠤᠯ᠂ ᠦᠨᠲᠦᠰᠦᠨ ᠱᠤᠭᠤᠮ᠂ ᠦᠨᠲᠦᠰᠦᠨ ᠠᠷᠭ᠎ᠠ ᠪᠤᠲᠤᠯᠭ᠎ᠠ ᠶᠢ ᠲᠤᠤᠱᠯᠠᠭᠤᠯᠬᠤ ᠭᠡᠷᠡᠭᠲᠡᠢ ᠭᠡᠵᠦ ᠴᠢᠬᠤᠯᠠᠴᠢᠯᠠᠭᠰᠠᠠ ᠪᠠᠢᠢᠨ᠎ᠠ᠃

    ᠶᠡᠬᠡ ᠬᠤᠷᠠᠯ ᠡᠴᠡ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠬᠡ ᠰᠡᠷᠭᠦᠨ ᠮᠠᠠᠲᠤᠯᠲᠠ ᠶᠢ ᠪᠡᠶᠡᠯᠡᠭᠦᠯᠬᠦ ᠪᠤᠯ ᠤᠷᠴᠢᠨ ᠦᠶ᠎ᠠ ᠡᠴᠡ ᠨᠠᠰᠢᠬᠢ ᠲᠤᠮᠲᠠᠲᠤ ᠶᠢᠨ ᠦᠨᠲᠦᠰᠦᠲᠡᠡ ᠤ ᠬᠠᠮᠤᠭ ᠤᠨ ᠠᠭᠤᠤ ᠶᠡᠬᠡ ᠬᠦᠰᠡᠯ ᠵᠡᠭᠦᠳᠦ ᠮᠦᠨ᠂ ᠮᠠᠠ ᠤ ᠨᠠᠮ ᠤᠨ ᠠᠷᠠᠳ ᠲᠦᠮᠡᠡ ᠳ᠋ᠦ ᠦᠭ᠍ᠭᠦᠭ᠍ᠰᠡᠨ᠂ ᠲᠡᠤᠬᠡ ᠳ᠋ᠤ ᠦᠭ᠍ᠭᠦᠭ᠍ᠰᠡᠨ ᠲᠦᠪ ᠴᠢᠩᠭ᠎ᠠ ᠠᠮᠠᠯᠠᠯᠲᠠ ᠮᠦᠨ ᠬᠡᠵᠦ ᠦᠵᠡᠪᠠ᠃

    ᠶᠡᠬᠡ ᠬᠤᠷᠠᠯ ᠡᠴᠡ᠂ ᠨᠠᠮ ᠤᠨ ᠲᠦᠷᠢᠮ ᠳ᠋ᠤ《ᠬᠤᠤᠰ ᠵᠠᠭᠤᠨ ᠵᠢᠯ》 ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠬᠡ ᠰᠡᠷᠭᠦᠨ ᠮᠠᠠᠲᠤᠯᠲᠠ ᠶᠢᠨ ᠲᠤᠮᠲᠠᠲᠤ ᠶᠢᠨ ᠵᠡᠭᠦᠲᠦ ᠶᠢ ᠲᠡᠷᠭᠡᠯᠰᠢᠭᠦᠯᠬᠦ ᠠᠤᠭ᠎ᠠ ᠬᠠᠷᠠᠯᠲᠠ ᠶᠢ ᠲᠤᠲᠤᠷᠬᠠᠢᠢᠯᠠᠬᠰᠠᠨ ᠢ ᠵᠦᠪᠰᠢᠶᠡᠷᠡᠵᠠᠢ᠃

    ᠶᠡᠬᠡ ᠬᠤᠷᠠᠯ ᠡᠴᠡ᠂ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠡᠴᠡ ᠲᠤᠷᠠᠲᠤᠭᠰᠠᠠ ᠮᠠᠠ ᠤ ᠤᠯᠤᠰ ᠤᠨ ᠨᠡᠢᠢᠭᠡᠮ ᠤᠨ ᠭᠤᠤᠯ ᠵᠦᠷᠢᠴᠡᠯ ᠨᠢᠭᠡᠡᠲᠡ ᠠᠷᠠᠳ ᠲᠦᠮᠡᠡ ᠤ ᠡᠲᠦᠷ ᠢᠷᠡᠬᠦᠶ᠎ᠡ ᠨᠡᠮᠡᠭᠲᠡᠵᠦ ᠪᠠᠢᠢᠭ᠎ᠠ ᠰᠠᠢᠢᠨ ᠰᠠᠢᠢᠬᠠᠠ ᠠᠮᠢᠲᠤᠷᠠᠯ ᠤᠨ ᠭᠡᠷᠡᠭᠴᠡᠭᠡ ᠪᠤᠯᠤᠨ ᠲᠡᠩᠴᠡᠬᠦᠷᠢ ᠦᠭᠡᠢ ᠬᠦᠢᠴᠡᠳ ᠦᠭᠡᠢ ᠬᠦᠭ᠍ᠵᠢᠯᠲᠠ ᠶᠢᠨ ᠬᠤᠭᠤᠷᠤᠨᠲᠤᠬᠢ ᠵᠦᠷᠢᠴᠡᠯ ᠪᠤᠯᠵᠦ ᠬᠤᠪᠢᠷᠠᠵᠠᠢ ᠭᠡᠰᠡᠡ ᠴᠢᠬᠤᠯᠠ ᠶᠡᠬᠡ ᠤᠯᠤᠰ ᠲᠦᠷᠦ ᠶᠢᠨ ᠮᠠᠭᠠᠳᠯᠠᠯᠲᠠ ᠨᠢ ᠮᠠᠠ ᠤ ᠤᠯᠤᠰ ᠤᠨ ᠨᠡᠢᠢᠭᠡᠮ ᠤᠨ ᠬᠦᠭ᠍ᠵᠢᠯᠲᠠ ᠶᠢᠨ ᠪᠤᠰᠤᠳᠴᠢ ᠪᠤᠲᠠᠲᠤ ᠠᠬᠤᠢ ᠶᠢ ᠲᠤᠰᠬᠠᠵᠦ᠂ ᠨᠠᠮ ᠪᠠ ᠤᠯᠤᠰ ᠤᠨ ᠶᠡᠬᠡ ᠪᠤᠲᠤᠯᠭ᠎ᠠ ᠴᠢᠭᠯᠡᠯᠲᠡ᠂ ᠠᠯᠤᠰ ᠭᠡᠲᠦ ᠶᠢᠨ ᠪᠠᠢᠢᠯᠲᠤᠬᠤ ᠪᠤᠲᠤᠯᠭ᠎ᠠ ᠶᠢ ᠲᠤᠭᠲᠠᠭᠠᠬᠤ ᠴᠢᠬᠤᠯᠠ ᠭᠡᠷᠡᠴᠢ ᠪᠤᠯᠤᠭᠰᠠᠠ ᠪᠠᠢᠢᠨ᠎ᠠ᠃ ᠨᠠᠮ ᠤᠨ ᠲᠦᠷᠢᠮ ᠳ᠋ᠤ ᠡᠭᠦᠨ ᠢ ᠦᠨᠲᠦᠰᠦᠯᠡᠨ ᠲᠤᠬᠢᠷᠠᠯᠴᠠᠭᠰᠠᠠ ᠵᠠᠰᠠᠪᠤᠷᠢ ᠤᠷᠤᠭᠤᠯᠵᠠᠢ ᠭᠡᠵᠤ ᠦᠵᠡᠪᠡ᠃

    ᠶᠡᠬᠡ ᠬᠤᠷᠠᠯ ᠡᠴᠡ᠂ ᠤᠯᠤᠰ ᠠᠷᠠᠳ ᠤᠨ ᠠᠵᠦ ᠠᠬᠤᠢ ᠶᠢᠨ ᠨᠡᠩ ᠴᠢᠨᠠᠷᠯᠢᠭ᠂ ᠨᠡᠩ ᠪᠦᠲᠦᠮᠵᠢ ᠲᠠᠢ᠂ ᠨᠡᠩ ᠭᠤᠤᠯᠴᠢ᠂ ᠨᠡᠩ ᠦᠷᠭᠦᠯᠵᠢᠯᠡᠭᠦ ᠬᠦᠭ᠍ᠵᠢᠯᠳᠡ ᠶᠢ ᠠᠬᠢᠭᠤᠯᠬᠤ᠂ ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠪᠠᠢᠢᠭᠤᠯᠤᠯ ᠢ ᠲᠡᠭᠦᠯᠲᠡᠷᠵᠢᠭᠦᠯᠦᠨ ᠬᠦᠭ᠍ᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠬᠤ᠂ ᠦᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠤᠭᠴᠠ ᠶᠢᠨ ᠴᠢᠨᠠᠷ᠂ ᠵᠤᠬᠢᠴᠠᠯᠳᠤᠨᠭᠭᠤᠢ ᠴᠢᠨᠠᠷ ᠵᠡᠷᠭᠡ ᠠᠭᠤᠯᠭ᠎ᠠ ᠶᠢ ᠨᠠᠮ ᠤᠨ ᠲᠦᠷᠢᠮ ᠳ᠋ᠤ ᠪᠢᠴᠢᠨ ᠤᠷᠤᠭᠤᠯᠤᠭᠰᠠᠠ ᠨᠢ ᠪᠦᠬᠦ ᠨᠠᠮ ᠤᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠵᠢ ᠨᠠᠮ ᠤᠨ ᠲᠦᠪ ᠬᠤᠷᠢᠶᠠᠠ ᠤ ᠰᠢᠨᠵᠢᠯᠡᠬᠦ ᠤᠠᠬᠭᠠᠠᠴᠢ ᠮᠠᠭᠠᠳᠯᠠᠯᠲᠠ ᠪᠠ ᠪᠠᠢᠢᠯᠲᠤᠬᠤ ᠪᠤᠲᠤᠯᠭ᠎ᠠ ᠶᠢᠨ ᠪᠠᠢᠢᠷᠢᠯᠠᠭᠤᠯᠤᠯᠲᠠ ᠲᠡᠭᠡᠷ᠎ᠠ ᠨᠢᠭᠡᠲᠦᠭᠦᠯᠵᠤ᠂ ᠰᠢᠨ᠎ᠠ ᠬᠦᠭ᠍ᠵᠢᠯᠲᠠ ᠶᠢᠨ ᠤᠢᠢᠯᠠᠭᠠᠭᠲᠠᠬᠤᠨ ᠢ ᠪᠤᠢ ᠪᠤᠯᠭᠠᠠ ᠦᠢᠯᠡᠲᠦᠯᠭᠡᠵᠢᠭᠦᠯᠵᠤ᠂ ᠦᠭᠡᠷᠡᠴᠢᠯᠡᠯᠲᠡ ᠬᠦᠭ᠍ᠵᠢᠯᠲᠠ ᠶᠢᠨ ᠰᠢᠨ᠎ᠠ ᠪᠠᠢᠢᠲᠠᠯ ᠢ ᠲᠠᠰᠤᠷᠠᠯᠲᠠ ᠦᠭᠡᠢ ᠡᠬᠦᠳᠬᠦ ᠳ᠋ᠤ ᠠᠰᠢᠭ ᠲᠠᠢ ᠭᠡᠵᠦ ᠦᠵᠡᠪᠡ᠃

    ᠶᠡᠬᠡ ᠬᠤᠷᠠᠯ ᠡᠴᠡ᠂ ᠨᠠᠮ ᠤᠨ ᠠᠷᠪᠠᠠ ᠨᠠᠶ᠋ᠮᠠᠲᠤᠭᠠᠷ ᠶᠡᠬᠡ ᠬᠤᠷᠠᠯ ᠡᠴᠡ ᠨᠠᠰᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠠᠵᠦ ᠠᠬᠤᠢ ᠶᠢᠨ ᠪᠠᠢᠢᠭᠤᠯᠤᠯᠲᠠ᠂ ᠤᠯᠤᠰ ᠲᠦᠷᠦ ᠶᠢᠨ ᠪᠠᠢᠢᠭᠤᠯᠤᠯᠲᠠ᠂ ᠰᠤᠶᠤᠯ ᠤᠨ ᠪᠠᠢᠢᠭᠤᠯᠤᠯᠲᠠ᠂ᠨᠡᠢᠢᠭᠡᠮ ᠤᠨ ᠪᠠᠢᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠢᠢᠭᠤᠯᠤᠯᠲᠠ ᠶᠢᠨ ᠲᠡᠯ᠎ᠠ ᠪᠠᠷ ᠠᠯᠢ ᠤᠯᠠᠠ ᠰᠢᠨ᠎ᠠ ᠤᠢᠢᠯᠠᠭᠠᠭᠲᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠲᠤᠬᠤ ᠪᠤᠲᠤᠯᠭ᠎ᠠ ᠶᠢ ᠲᠤᠷᠠᠲᠤᠭᠰᠠᠠ ᠪᠠᠢᠢᠨ᠎ᠠ᠃ ᠡᠲᠡᠭᠡᠷ ᠠᠭᠤᠯᠭ᠎ᠠ ᠶᠢ ᠲᠡᠭᠦᠯᠲᠡᠷᠵᠢᠭᠦᠯᠬᠦ ᠨᠢ ᠪᠦᠬᠦ ᠨᠠᠮ ᠤᠨ ᠦᠨᠲᠦᠰᠦᠨ ᠤᠨᠤᠯ᠂ ᠦᠨᠲᠦᠰᠦᠨ ᠱᠤᠭᠤᠮ᠂ ᠦᠨᠲᠦᠰᠦᠨ ᠠᠷᠭ᠎ᠠ ᠪᠤᠲᠤᠯᠭ᠎ᠠ ᠶᠢ ᠨᠡᠩ ᠤᠬᠠᠮᠰᠠᠷ ᠡᠴᠡ ᠪᠠᠠ᠂ ᠨᠡᠩ ᠡᠷᠡᠰ ᠢᠶᠡᠷ ᠲᠤᠤᠱᠯᠠᠭᠤᠯᠵᠦ᠂《ᠲᠠᠪᠤ ᠶᠢ ᠨᠢᠭᠡ ᠴᠤᠭᠴᠠᠵᠢᠭᠤᠯᠬᠤ》ᠶᠡᠷᠦᠩᠭᠡᠢ ᠪᠠᠢᠢᠷᠢᠰᠢᠭᠤᠯᠤᠯᠳᠠ ᠶᠢ ᠨᠢᠭᠡᠲᠦᠯᠲᠠᠢ ᠲᠦᠯᠦᠪᠵᠢᠭᠦᠯᠦᠨ ᠠᠬᠢᠭᠤᠯᠬᠤ ᠳ᠋ᠤ ᠲᠦᠢᠯ ᠤᠨ ᠴᠢᠬᠤᠯᠠ ᠦᠢᠯᠡᠲᠦᠯ ᠲᠠᠢ ᠭᠡᠵᠦ ᠦᠵᠡᠪᠡ᠃

    ᠶᠡᠬᠡ ᠬᠤᠷᠠᠯ ᠡᠴᠡ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠰᠢ ᠵᠢᠨ ᠫᠢᠩ ᠨᠦᠬᠦᠷ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠪᠠᠢᠢᠭᠤᠯᠤᠯᠲᠠ᠂ ᠦᠨᠳᠦᠰᠦᠳᠡᠨ ᠤ ᠪᠦᠯᠬᠦᠮᠳᠡᠯ᠂《ᠨᠢᠭᠡ ᠤᠯᠤᠰ ᠲᠤ ᠬᠤᠶᠠᠷ ᠪᠠᠢᠢᠭᠤᠯᠤᠯ ᠢ ᠬᠡᠷᠡᠭᠵᠢᠬᠦᠯᠬᠦ》ᠪᠤᠯᠤᠨ ᠡᠬᠡ ᠤᠯᠤᠰ ᠤᠨ ᠨᠢᠭᠡᠳᠦᠯ᠂ ᠨᠢᠭᠡᠳᠦᠮᠡᠯ ᠹᠷᠤᠨᠲ᠂ ᠭᠠᠳᠠᠭᠠᠳᠦ ᠬᠠᠷᠢᠯᠴᠠᠭᠠᠨ ᠤ ᠠᠵᠢᠯ ᠤᠨ ᠲᠠᠯ᠎ᠠ ᠪᠡᠷ ᠠᠯᠢ ᠤᠯᠠᠨ ᠴᠢᠬᠤᠯᠠ ᠦᠵᠡᠯ ᠰᠠᠨᠠᠭ᠎ᠠ ᠦᠵᠡᠯᠳᠡ ᠶᠢ ᠳᠤᠷᠠᠳᠴᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠴᠡᠷᠢᠭ ᠢ ᠬᠦᠴᠦᠷᠬᠡᠭ᠍ᠵᠢᠭᠦᠯᠬᠦ ᠵᠠᠮ ᠢᠶᠡᠷ ᠵᠠᠮᠨᠠᠬᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠠ ᠵᠤᠬᠢᠴᠠᠩᠭ᠋ᠤᠢ ᠨᠡᠢᠢᠭᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ ᠶᠢ ᠬᠠᠮᠠᠭᠠᠯᠠᠨ ᠬᠦᠭ᠍ᠵᠢᠭᠦᠯᠬᠦ᠂ ᠡᠬᠡ ᠤᠯᠤᠰ ᠤᠨ ᠨᠢᠭᠡᠳᠦᠯ ᠢ ᠠᠬᠢᠭᠤᠯᠬᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠲᠦ ᠶᠢᠨ ᠴᠤᠭᠴᠠ ᠵᠢ ᠠᠬᠢᠭᠤᠯᠬᠤ ᠶᠢᠨ ᠴᠢᠭᠯᠡᠯ ᠢ ᠤᠯᠠᠮ ᠳᠤᠳᠤᠷᠬᠠᠢ ᠵᠢᠭᠠᠵᠤ ᠦᠭᠴᠠᠢ᠃ ᠡᠳᠡᠭᠡᠷ ᠠᠭᠤᠯᠭ᠎ᠠ ᠵᠢ ᠪᠠᠶᠠᠯᠢᠭᠵᠢᠭᠤᠯᠤᠭᠰᠠᠨ ᠨᠢ ᠨᠠᠮ ᠤᠨ ᠴᠡᠷᠢᠭ ᠠᠩᠭᠢ ᠳ᠋ᠡᠬᠢ ᠬᠠᠷᠢᠴᠠᠯᠠᠰᠢ ᠦᠭᠡᠢ ᠤᠳᠤᠷᠢᠳᠤᠯᠭ᠎ᠠ ᠵᠢ ᠴᠢᠩᠭ᠋ᠠᠳᠬᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠤᠳᠤᠬᠢᠴᠢᠯᠠᠯᠲᠠ ᠶᠢᠨ ᠲᠦᠪᠰᠢᠨ ᠢ ᠳᠡᠭᠡᠭ᠍ᠰᠢᠯᠡᠭᠦᠯᠬᠦ ᠳ᠋ᠦ ᠠᠰᠢᠭᠲᠠᠢ᠂ ᠦᠨᠳᠦᠰᠦᠳᠡᠨ ᠤ ᠪᠦᠯᠬᠦᠮᠳᠡᠯ ᠢ ᠴᠢᠩᠭ᠋ᠠᠳᠬᠠᠬᠤ ᠳ᠋ᠦ ᠠᠰᠢᠭᠲᠠᠢ᠂ ᠮᠠᠨ ᠤ ᠤᠯᠤᠰ ᠤᠨ ᠨᠡᠬᠡᠬᠡᠯᠳᠡᠳᠦ ᠠᠵᠤ ᠠᠬᠤᠢ ᠶᠢᠨ ᠲᠦᠪᠰᠢᠨ ᠢ ᠳᠡᠭᠡᠭ᠍ᠰᠢᠯᠡᠬᠦᠯᠬᠦ ᠳ᠋ᠦ ᠠᠰᠢᠭᠳᠠᠢ ᠭᠡᠵᠤ ᠦᠵᠡᠪᠡ᠃

    ᠶᠡᠬᠡ ᠬᠤᠷᠠᠯ ᠡᠴᠡ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠮᠠᠨ ᠤ ᠨᠠᠮ ᠪᠦᠬᠦ ᠲᠠᠯ᠎ᠠ ᠪᠡᠷ ᠨᠠᠮ ᠢᠶᠡᠨ ᠴᠢᠩᠭ᠋᠎ᠠ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠪᠠᠢᠢᠭᠤᠯᠤᠯᠲᠠ ᠶᠢ ᠴᠢᠩᠭ᠋ᠠᠳᠬᠠᠬᠤ ᠲᠤᠬᠠᠢ ᠪᠦᠬᠦ ᠲᠠᠯ᠎ᠠ ᠪᠡᠷ ᠰᠦᠪᠡᠭ᠍ᠴᠢᠯᠡᠯᠳᠡ ᠬᠢᠵᠤ᠂ ᠠᠯᠢ ᠤᠯᠠᠨ ᠠᠮᠵᠢᠯᠲᠠ ᠲᠠᠢ ᠲᠤᠷᠰᠢᠯᠭ᠎ᠠ ᠪᠠ ᠴᠢᠬᠤᠯᠠ ᠶᠡᠬᠡ ᠦᠷ᠎ᠠ ᠪᠦᠲᠦᠭᠡᠯ ᠤᠯᠪᠠ᠂ ᠡᠭᠦᠨ ᠢ ᠡᠷᠬᠡᠪᠰᠢ ᠴᠠᠭ ᠲᠤᠬᠠᠢ ᠳ᠋ᠤᠨᠢ ᠨᠠᠮ ᠤᠨ ᠳᠦᠷᠢᠮ ᠳᠦ ᠢᠯᠡᠷᠡᠭᠦᠯᠵᠤ᠂ ᠪᠦᠬᠦ ᠨᠠᠮ ᠤᠨ ᠬᠠᠮᠲᠦ ᠶᠢᠨ ᠬᠦᠰᠡᠯ ᠵᠤᠷᠢᠯᠳᠠ ᠪᠠ ᠬᠠᠮᠲᠦ ᠶᠢᠨ ᠵᠢᠷᠤᠮᠯᠠᠯ ᠪᠤᠯᠭᠠᠬᠤ ᠬᠡᠷᠡᠭᠲᠠᠢ ᠭᠡᠵᠤ ᠦᠵᠡᠪᠡ᠃

    ᠶᠡᠬᠡ ᠬᠤᠷᠠᠯ ᠡᠴᠡ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯ ᠲᠤᠮᠳᠠᠳᠤ ᠤᠯᠤᠰ ᠤᠨ ᠤᠨᠴᠠᠯᠢᠬ ᠲᠠᠢ ᠨᠡᠢᠢᠭᠡᠮ ᠵᠢᠷᠤᠮ ᠤᠨ ᠬᠠᠮᠤᠬ ᠤᠨ ᠦᠨᠳᠦᠰᠦᠨ ᠰᠢᠨᠵᠢ ᠲᠡᠮᠳᠡᠭ ᠮᠦᠨ᠂ ᠲᠤᠮᠳᠠᠳᠤ ᠤᠯᠤᠰ ᠤᠨ ᠤᠨᠴᠠᠯᠢᠬ ᠲᠠᠢ ᠨᠡᠢᠢᠭᠡᠮ ᠵᠢᠷᠤᠮ ᠤᠨ ᠪᠠᠢᠢᠭᠤᠯᠤᠯ ᠤᠨ ᠬᠠᠮᠤᠬ ᠤᠨ ᠶᠡᠬᠡ ᠲᠠᠪᠠᠭᠤᠯᠢᠬ ᠮᠦᠨ᠃ ᠨᠠᠮ ᠵᠠᠰᠠᠬ ᠴᠡᠷᠢᠭ ᠠᠷᠠᠳ ᠰᠤᠷᠭᠠᠭᠤᠯᠢ᠂ ᠲᠦᠷᠪᠡᠨ ᠵᠦᠭ ᠨᠠᠶ᠋ᠮᠠᠨ ᠵᠤᠪᠬᠢᠰ ᠲᠤ ᠨᠠᠮ ᠪᠤᠯ ᠪᠦᠬᠦᠨ ᠢ ᠤᠳᠤᠷᠢᠳᠤᠬᠴᠢ ᠮᠦᠨ ᠭᠡᠪᠡ᠃ ᠶᠡᠬᠡ ᠬᠤᠷᠠᠯ ᠡᠴᠡ ᠡᠨᠡᠬᠦ ᠴᠢᠬᠤᠯᠠ ᠶᠡᠬᠡ ᠤᠯᠤᠰ ᠲᠦᠷᠦ ᠶᠢᠨ ᠵᠠᠷᠴᠢᠮ ᠢ ᠨᠠᠮ ᠤᠨ ᠲᠦᠷᠢᠮ ᠳ᠋ᠦ ᠪᠢᠴᠢᠵᠤ ᠤᠷᠤᠭᠤᠯᠬᠤ ᠵᠢ ᠵᠦᠪᠰᠢᠶᠡᠷᠡᠪᠡ᠃

    ᠶᠡᠬᠡ ᠬᠤᠷᠠᠯ ᠡᠴᠡ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠨᠠᠮ ᠤᠨ ᠠᠵᠢᠯ ᠪᠤᠯᠤᠨ ᠨᠠᠮ ᠤᠨ ᠪᠠᠢᠢᠭᠤᠯᠤᠯᠲᠠ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠡᠵᠡᠮᠰᠢᠵᠤ᠂ ᠶᠡᠷᠦᠩᠬᠡᠢ ᠬᠦᠳᠦᠯᠪᠦᠷᠢ ᠶᠢᠨ ᠬᠡᠰᠡᠭ ᠠᠭᠤᠯᠭ᠎ᠠ ᠳ᠋ᠦ ᠵᠠᠰᠠᠪᠤᠷᠢ ᠤᠷᠤᠭᠤᠯᠬᠤ ᠲᠠᠢ ᠵᠤᠯᠭᠠᠯᠴᠠᠭᠤᠯᠤᠨ᠂ ᠨᠠᠮ ᠤᠨ ᠳᠦᠷᠢᠮ ᠤᠨ ᠬᠡᠰᠡᠭ ᠠᠭᠤᠯᠭ᠎ᠠ ᠳᠦ ᠵᠤᠬᠢᠬᠤ ᠵᠠᠰᠠᠪᠤᠷᠢ ᠤᠷᠤᠭᠤᠯᠬᠤ ᠨᠢ ᠲᠤᠩ ᠴᠢᠬᠤᠯᠠᠲᠠᠢ ᠭᠡᠵᠤ ᠦᠵᠡᠪᠡ᠃

    ᠶᠡᠬᠡ ᠬᠤᠷᠠᠯ ᠤᠨ ᠡᠯ᠎ᠠ ᠵᠦᠪᠯᠡᠬᠦ ᠵᠦᠢᠯ ᠶᠠᠪᠤᠬᠳᠠᠵᠤ ᠲᠠᠭᠤᠰᠤᠬᠰᠠᠨ ᠤ ᠳᠠᠷᠠᠭ᠎ᠠ᠂ ᠰᠢ ᠵᠢᠨ ᠫᠢᠩ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ ᠴᠢᠬᠤᠯᠠ ᠶᠠᠷᠢᠶ᠎ᠠ ᠲᠠᠯᠪᠢᠵᠠᠢ᠃

    ᠲᠡᠷᠡ ᠬᠡᠯᠡᠭᠰᠡᠨ ᠨᠢ᠂ ᠪᠦᠬᠦ ᠲᠦᠯᠦᠭᠡᠯᠡᠭᠴᠢ ᠶᠢᠨ ᠬᠠᠮᠲᠦ ᠶᠢᠨ ᠴᠢᠷᠮᠠᠢᠢᠯᠭ᠎ᠠ ᠪᠡᠷ ᠲᠤᠰ ᠤᠳᠠᠭ᠎ᠠ ᠶᠢᠨ ᠶᠡᠬᠡ ᠬᠤᠷᠠᠯ ᠨᠢ ᠤᠭ ᠰᠠᠨᠠᠭ᠎ᠠ ᠪᠠᠨ ᠦᠯᠦ ᠮᠠᠷᠳᠠᠬᠰᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠭᠰᠡᠨ᠂ ᠲᠤᠭ ᠳᠡᠮᠳᠡᠭ ᠢ ᠦᠨᠳᠦᠷ ᠮᠠᠨᠳᠤᠭᠤᠯᠤᠭᠰᠠᠨ᠂ ᠪᠦᠯᠬᠦᠮᠳᠡᠨ ᠳᠠᠪᠰᠢᠭᠰᠠᠨ ᠶᠡᠬᠡ ᠬᠤᠷᠠᠯ ᠪᠤᠯᠵᠠᠢ᠃ ᠶᠡᠬᠡ ᠬᠤᠷᠠᠯ ᠡᠴᠡ ᠪᠠᠲᠤᠯᠠᠭᠰᠠᠨ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠭᠡᠯ ᠨᠢ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠠᠭᠤᠤ ᠶᠡᠬᠡ ᠲᠤᠭ ᠢ ᠦᠨᠳᠦᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂《ᠭᠤᠷᠪᠠ ᠶᠢ ᠲᠦᠯᠦᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭ᠍ᠵᠢᠯᠲᠠ ᠶᠢᠨ ᠦᠵᠡᠯᠳᠡ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠤᠯᠤᠰ ᠤᠨ ᠳᠤᠳᠤᠭᠠᠳᠦ ᠭᠠᠳᠠᠭᠠᠳᠦ ᠶᠢᠨ ᠪᠠᠢᠢᠳᠠᠯ ᠤᠨ ᠬᠦᠭ᠍ᠵᠢᠯᠲᠠ ᠬᠤᠪᠢᠷᠠᠯᠳᠠ ᠶᠢ ᠵᠠᠳᠠᠯᠤᠨ᠂ ᠦᠩᠭᠡᠷᠡᠭᠰᠡᠨ 5 ᠵᠢᠯ ᠤᠨ ᠠᠵᠢᠯ ᠪᠤᠯᠤᠨ ᠲᠡᠤᠬᠡᠳᠦ ᠴᠢᠨᠠᠷᠲᠠᠢ ᠬᠤᠪᠢᠰᠤᠯᠲᠠ ᠶᠢ ᠡᠷᠭᠢᠴᠡᠭᠦᠯᠦᠨ ᠳ᠋ᠦᠩᠨᠡᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠡᠪ ᠬᠠᠮᠲᠦ ᠨᠠᠮ ᠤᠨ ᠲᠡᠤᠬᠡᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠦᠭᠦᠯᠡᠨ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠦᠨᠳᠦᠰᠦᠨ ᠠᠷᠭ᠎ᠠ ᠪᠤᠳᠤᠯᠭ᠎ᠠ ᠵᠢ ᠳᠤᠷᠠᠳᠴᠤ᠂ ᠴᠢᠨᠡᠭᠡᠯᠢᠭ᠌ ᠨᠡᠢᠢᠭᠡᠮ ᠢ ᠪᠦᠬᠦ ᠲᠠᠯ᠎ᠠ ᠪᠡᠷ ᠪᠡᠶᠡᠯᠡᠭᠦᠯᠬᠦ ᠰᠢᠢᠳᠪᠦᠷᠢᠲᠦ ᠢᠯᠠᠯᠲᠠ ᠵᠢ ᠤᠯᠬᠤ᠂ ᠨᠡᠢᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠡᠷ ᠪᠦᠳᠦᠬᠡᠨ ᠪᠠᠢᠢᠭᠤᠯᠬᠤ ᠰᠢᠨ᠎ᠡ ᠠᠶᠠᠯᠠᠯ ᠢ ᠡᠬᠢᠯᠡᠬᠦᠯᠬᠦ ᠬᠠᠷᠠᠯᠲᠠ ᠶᠢ ᠲᠤᠭᠳᠠᠭᠠᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠠᠭᠤᠤ ᠶᠡᠬᠡ ᠦᠢᠯᠡᠰ ᠪᠤᠯᠤᠨ ᠨᠠᠮ ᠤᠨ ᠪᠠᠢᠢᠭᠤᠯᠤᠯᠲᠠ ᠶᠢᠨ ᠰᠢᠨ᠎ᠠ ᠠᠭᠤᠤ ᠶᠡᠬᠡ ᠢᠨᠵᠧᠨᠧᠷᠢᠩ ᠳᠦ ᠪᠦᠬᠦ ᠲᠠᠯ᠎ᠠ ᠶᠢᠨ ᠪᠠᠢᠢᠷᠢᠯᠠᠭᠤᠯᠤᠯᠲᠠ ᠬᠢᠵᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠤᠷᠤᠭᠰᠢᠯᠠᠯᠲᠠ ᠶᠢᠨ ᠴᠢᠭᠯᠡᠯ ᠢ ᠤᠯᠠᠮ ᠴᠢᠨᠠᠭᠰᠢᠳᠠ ᠳᠤᠳᠤᠷᠬᠠᠢᠢᠯᠠᠵᠠᠢ᠃

    ᠶᠡᠬᠡ ᠬᠤᠷᠠᠯ ᠡᠴᠡ ᠪᠠᠲᠤᠯᠠᠭᠰᠠᠨ ᠲᠦᠪ ᠤᠨ ᠰᠠᠬᠢᠯᠭ᠎ᠠ ᠪᠠᠲᠦ ᠪᠠᠢᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠤ᠂ ᠠᠷᠪᠠᠨ ᠨᠠᠶ᠋ᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠦ ᠪᠠᠢᠢᠴᠠᠭᠠᠬᠤ ᠬᠤᠷᠢᠶ᠎ᠠ ᠶᠢᠨ ᠠᠵᠢᠯ ᠢ ᠳ᠋ᠦᠩᠨᠡᠵᠤ᠂ ᠨᠠᠮ ᠤᠨ ᠲᠦᠪ ᠬᠤᠷᠢᠶᠠᠨ ᠤ ᠤᠳᠤᠷᠢᠳᠤᠯᠭ᠎ᠠ ᠳᠤᠤᠷ᠎ᠠ ᠡᠯ᠎ᠠ ᠱᠠᠳᠤᠨ ᠤ ᠰᠠᠬᠢᠯᠭ᠎ᠠ ᠪᠠᠲᠦ ᠪᠠᠢᠢᠴᠠᠭᠠᠬᠤ ᠬᠤᠷᠢᠶ᠎ᠠ ᠶᠢᠨ ᠬᠢᠨ ᠤ ᠨᠠᠮ ᠤᠨ ᠳᠦᠷᠢᠮ ᠡᠴᠡ ᠤᠯᠭᠤᠬᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠡᠷ ᠭᠦᠢᠴᠡᠳᠭᠡᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠢᠢᠭᠤᠯᠤᠯᠲᠠ ᠪᠤᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠦᠷᠨᠢᠭᠦᠯᠵᠤ᠂ ᠲᠦᠪ ᠤᠨ ᠨᠠᠶ᠋ᠮᠠᠨ ᠳᠤᠭᠳᠠᠭᠠᠯ ᠢ ᠴᠦᠬᠦᠷᠡᠰᠢ ᠦᠭᠡᠢ ᠨᠠᠢᠢᠳᠠᠪᠤᠷᠢᠵᠢᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠶᠤᠰᠤ ᠳᠦᠷᠢᠮ ᠢ ᠴᠢᠩᠳᠠᠯᠠᠵᠤ᠂ ᠡᠯ᠎ᠠ ᠱᠠᠳᠤᠨ ᠤ ᠨᠠᠮ ᠤᠨ ᠵᠤᠬᠢᠶᠠᠨ ᠪᠠᠢᠢᠭᠤᠯᠤᠯᠲᠠ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠡᠭᠦᠷᠭᠡ ᠪᠠᠨ ᠨᠠᠢᠢᠳᠠᠪᠤᠷᠢᠵᠢᠭᠤᠯᠬᠤ ᠶᠢ ᠠᠬᠢᠭᠤᠯᠵᠤ᠂ ᠲᠤᠭᠤᠷᠢᠨ ᠪᠠᠢᠢᠴᠠᠭᠠᠯᠳᠠ ᠶᠢᠨ ᠬᠤᠷᠴᠠ ᠰᠡᠯᠡᠮ᠎ᠠ ᠶᠢᠨ ᠦᠢᠯᠡᠳᠦᠯ ᠢ ᠪᠠᠳᠠᠷᠠᠭᠤᠯᠵᠤ᠂ ᠰᠠᠬᠢᠯᠭ᠎ᠠ ᠪᠠᠲᠦ ᠵᠢ ᠡᠷᠬᠢᠮᠯᠡᠵᠤ᠂ ᠢᠯᠵᠢᠷᠡᠯ ᠤᠨ ᠦᠷᠭᠡᠵᠢᠬᠦ ᠬᠠᠨᠳᠤᠰᠢ ᠶᠢ ᠡᠷᠡᠰ ᠬᠤᠷᠢᠬᠯᠠᠵᠤ᠂ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠵᠤ᠂ ᠢᠯᠵᠢᠷᠡᠯ ᠢ ᠡᠰᠡᠷᠭᠦᠴᠡᠬᠦ ᠳᠡᠢᠢᠯᠦᠩᠭᠦᠢ ᠪᠠᠢᠢᠳᠠᠯ ᠢ ᠪᠦᠷᠢᠯᠳᠦᠭᠦᠯᠦᠭᠰᠡᠨ ᠪᠠ ᠪᠡᠬᠢᠵᠢᠭᠦᠯᠵᠤ ᠬᠦᠭ᠍ᠵᠢᠭᠦᠯᠦᠭᠰᠡᠨ ᠢ ᠭᠦᠢᠴᠡᠳ ᠨᠤᠳᠠᠯᠠᠵᠠᠢ᠃ ᠶᠡᠬᠡ ᠬᠤᠷᠠᠯ ᠠᠴᠡ ᠪᠠᠲᠤᠯᠠᠭᠰᠠᠨ ᠨᠠᠮ ᠤᠨ ᠳᠦᠷᠢᠮ ᠳ᠋ᠦ ᠵᠠᠰᠠᠪᠤᠷᠢ ᠤᠷᠤᠭᠤᠯᠬᠤ ᠲᠦᠰᠦᠯ ᠳ᠋ᠦ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠨᠠᠮ ᠤᠨ ᠤᠨᠤᠯ ᠤᠨ ᠰᠢᠨ᠎ᠡ ᠡᠭᠦᠳᠦᠯᠳᠡ᠂ ᠦᠢᠯᠡᠳᠦᠯᠭᠡ ᠶᠢᠨ ᠰᠢᠨ᠎ᠡ ᠡᠭᠦᠳᠦᠯᠳᠡ᠂ ᠪᠠᠢᠢᠭᠤᠯᠤᠯ ᠤᠨ ᠰᠢᠨ᠎ᠡ ᠡᠭᠦᠳᠦᠯᠳᠡ ᠳ᠋ᠦ ᠤᠯᠤᠭᠰᠠᠨ ᠦᠷ᠎ᠠ ᠪᠦᠲᠦᠭᠡᠯ ᠢ ᠢᠯᠡᠷᠡᠭᠦᠯᠵᠤ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠳᠤ ᠲᠤᠭᠳᠠᠭᠠᠭᠰᠠᠨ ᠴᠢᠬᠤᠯᠠ ᠶᠡᠬᠡ ᠤᠨᠤᠯ ᠦᠵᠡᠯᠳᠡ ᠪᠤᠯᠤᠨ ᠴᠢᠬᠤᠯᠠ ᠶᠡᠬᠡ ᠪᠠᠢᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠢᠯᠡᠷᠡᠭᠦᠯᠵᠤ᠂ ᠡᠳᠡᠭᠡᠷ ᠵᠢᠯ ᠳ᠋ᠡᠬᠢ ᠨᠠᠮ ᠤᠨ ᠪᠠᠢᠢᠭᠤᠯᠤᠯᠲᠠ ᠶᠢᠨ ᠠᠮᠵᠢᠯᠲᠠ ᠲᠠᠢ ᠲᠤᠷᠰᠢᠯᠭ᠎ᠠ ᠶᠢ ᠬᠠᠷᠠᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠵᠢ ᠴᠢᠩᠭ᠋ᠠᠳᠬᠠᠨ ᠪᠦᠬᠦ ᠲᠠᠯ᠎ᠠ ᠪᠡᠷ ᠨᠠᠮ ᠢ ᠴᠢᠩᠭ᠋᠎ᠠ ᠵᠠᠰᠠᠬᠤ ᠶᠢ ᠠᠬᠢᠭᠤᠯᠬᠤ ᠳ᠋ᠦ ᠳᠤᠳᠤᠷᠬᠠᠢ ᠱᠠᠭᠠᠷᠳᠠᠯᠭ᠎ᠠ ᠳᠤᠷᠠᠳᠪᠠ᠃

    ᠶᠡᠬᠡ ᠬᠤᠷᠠᠯ ᠡᠴᠡ᠂ ᠰᠢᠨ᠎ᠠ ᠨᠢᠭᠡ ᠬᠤᠭᠤᠴᠠᠭᠠᠨ ᠤ ᠲᠦᠪ ᠬᠤᠷᠢᠶ᠎ᠠ ᠶᠢ ᠰᠤᠩᠭ᠋ᠤᠨ ᠭᠠᠷᠭᠠᠵᠤ᠂ ᠰᠢᠨ᠎ᠠ ᠬᠠᠭᠤᠴᠢᠨ ᠤ ᠰᠤᠯᠢᠭᠳᠠᠯ ᠢ ᠪᠡᠶᠡᠯᠡᠭᠦᠯᠪᠡ᠃ ᠶᠡᠬᠡ ᠬᠤᠷᠠᠯ ᠡᠴᠡ ᠪᠠᠰᠠ ᠰᠢᠨ᠎ᠠ ᠨᠢᠭᠡ ᠬᠤᠭᠤᠴᠠᠭᠠᠨ ᠤ ᠲᠦᠪ ᠤᠨ ᠰᠠᠬᠢᠯᠭ᠎ᠠ ᠪᠠᠲᠦ ᠪᠠᠢᠢᠴᠠᠭᠠᠬᠤ ᠬᠤᠷᠢᠶ᠎ᠠ ᠵᠢ ᠰᠤᠩᠭ᠋ᠤᠨ ᠭᠠᠷᠭᠠᠵᠠᠢ᠃ ᠲᠤᠰ ᠤᠳᠠᠭ᠎ᠠ ᠶᠢᠨ ᠶᠡᠬᠡ ᠬᠤᠷᠠᠯ ᠡᠴᠡ ᠭᠠᠷᠭᠠᠭᠰᠠᠨ ᠡᠯ᠎ᠠ ᠵᠦᠢᠯ ᠤᠨ ᠰᠢᠢᠳᠪᠦᠷᠢᠲᠦ ᠪᠤᠳᠤᠯᠭ᠎ᠠ ᠪᠠᠢᠢᠷᠢᠯᠠᠭᠤᠯᠤᠯᠲᠠ᠂ ᠤᠯᠤᠭᠰᠠᠨ ᠡᠯ᠎ᠠ ᠵᠦᠢᠯ ᠤᠨ ᠠᠮᠵᠢᠯᠲᠠ ᠪᠦᠲᠦᠮᠵᠢ ᠨᠢ ᠴᠢᠨᠡᠭᠡᠯᠢᠭ᠌ ᠨᠡᠢᠢᠭᠡᠮ ᠢ ᠪᠦᠬᠦ ᠲᠠᠯ᠎ᠠ ᠪᠡᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠨᠡᠢᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠡᠷ ᠪᠦᠳᠦᠬᠡᠨ ᠪᠠᠢᠢᠭᠤᠯᠬᠤ ᠰᠢᠨ᠎ᠠ ᠠᠶᠠᠯᠠᠯ ᠢ ᠡᠬᠢᠯᠡᠬᠦᠯᠬᠦ᠂ ᠪᠦᠬᠦ ᠲᠠᠯ᠎ᠠ ᠪᠡᠷ ᠨᠠᠮ ᠢ ᠴᠢᠩᠭ᠋᠎ᠠ ᠵᠠᠰᠠᠬᠤ ᠶᠢ ᠠᠬᠢᠭᠤᠯᠬᠤ᠂ ᠨᠠᠮ ᠤᠨ ᠪᠠᠢᠢᠭᠤᠯᠤᠯᠲᠠ ᠶᠢᠨ ᠰᠢᠨ᠎ᠠ ᠠᠭᠤᠤ ᠶᠡᠬᠡ ᠢᠨᠵᠧᠨ᠋᠋ᠧᠷᠢᠩ ᠢ ᠠᠬᠢᠭᠤᠯᠬᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠠᠭᠤᠤ ᠶᠡᠬᠡ ᠢᠯᠠᠯᠲᠠ ᠶᠢ ᠲᠡᠮᠡᠴᠡᠨ ᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠬᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠦ ᠯᠠᠪᠲᠠᠶ᠎ᠠ ᠲᠦᠢᠯ ᠤᠨ ᠴᠢᠬᠤᠯᠠ ᠵᠢᠯᠤᠭᠤᠳᠤᠯᠭ᠎ᠠ ᠪᠠ ᠪᠠᠲᠤᠯᠠᠭ᠎ᠠ ᠶᠢᠨ ᠦᠢᠯᠡᠳᠦᠯ ᠦᠵᠡᠭᠦᠯᠦᠨ᠎ᠡ ᠭᠡᠳᠡᠭ ᠢ ᠢᠲᠡᠭᠡᠵᠤ ᠪᠠᠢᠢᠨ᠎ᠠ ᠬᠡᠪᠡ᠃

    ᠰᠢ ᠵᠢᠨ ᠫᠢᠩ᠂ ᠨᠠᠮ ᠤᠨ ᠪᠦᠬᠦ ᠤᠯᠤᠰ ᠤᠨ ᠲᠦᠯᠤᠬᠡᠯᠡᠭᠴᠢᠳ ᠤᠨ ᠶᠡᠬᠡ ᠬᠤᠷᠠᠯ ᠤᠨ ᠲᠦᠯᠤᠬᠡᠯᠡᠭᠴᠢ ᠪᠤᠯᠤᠬᠰᠠᠨ ᠤ ᠬᠤᠪᠢ ᠳᠤ᠂ ᠪᠢᠳᠡᠨ ᠤ ᠡᠬᠦᠷᠬᠡ ᠦᠩᠬᠡ ᠬᠡᠷᠡᠯ ᠳᠠᠢ᠂ ᠬᠠᠷᠢᠭᠤᠴᠠᠯᠭ᠎ᠠ ᠬᠦᠨᠳᠤ᠂ ᠡᠷᠬᠡᠪᠰᠢ ᠨᠠᠮ ᠤᠨ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠡᠨ ᠪᠠᠳᠤ ᠴᠡᠬᠡᠵᠢᠯᠠᠵᠤ᠂ ᠦᠪᠡᠷ ᠤᠨ ᠡᠬᠦᠷᠬᠡᠯᠠᠵᠤ ᠪᠠᠢᠢᠭ᠎ᠠ ᠠᠷᠢᠭᠤᠨ ᠲᠠᠷᠬᠠᠨ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠨᠠᠮ ᠤᠨ ᠤᠨᠤᠯ ᠪᠤᠯᠤᠨ ᠱᠤᠭᠤᠮ ᠴᠢᠭᠯᠡᠯᠳᠠ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠨᠠᠮ ᠤᠨ ᠴᠢᠨᠡᠭᠡᠯᠢᠭ᠌ ᠨᠡᠢᠢᠬᠡᠮ ᠢ ᠪᠦᠬᠦ ᠲᠠᠯ᠎ᠠ ᠪᠡᠷ ᠪᠡᠶᠡᠯᠡᠬᠦᠯᠬᠦ᠂ ᠨᠡᠢᠢᠬᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠡᠷ ᠪᠦᠳᠤᠬᠡᠨ ᠪᠠᠢᠢᠭᠤᠯᠬᠤ ᠰᠢᠨ᠎ᠠ ᠠᠶᠠᠯᠠᠯ ᠢ ᠡᠬᠢᠯᠡᠬᠦᠯᠬᠦ ᠪᠠᠢᠢᠯᠳᠤᠬᠤ ᠪᠤᠳᠤᠯᠭ᠎ᠠ ᠶᠢᠨ ᠪᠠᠢᠢᠷᠢᠯᠠᠭᠤᠯᠤᠯᠳᠠ ᠶᠢ ᠲᠤᠤᠱᠯᠠᠭᠤᠯᠤᠨ ᠨᠠᠢᠢᠳᠠᠪᠤᠷᠢᠵᠢᠭᠤᠯᠵᠤ᠂ ᠨᠡᠩ ᠤᠬᠠᠮᠰᠠᠷ ᠡᠴᠡ ᠪᠠᠨ ᠨᠠᠮ ᠤᠨ ᠲᠦᠷᠢᠮ ᠢ ᠰᠤᠷᠤᠯᠴᠠᠨ ᠨᠠᠮ ᠤᠨ ᠲᠦᠷᠢᠮ ᠢ ᠵᠢᠷᠤᠮᠯᠠᠵᠤ ᠨᠠᠮ ᠤᠨ ᠲᠦᠷᠢᠮ ᠢ ᠲᠤᠤᠱᠯᠠᠭᠤᠯᠤᠨ ᠨᠠᠮ ᠤᠨ ᠲᠦᠷᠢᠮ ᠢ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠤ ᠦᠢᠯᠡ ᠠᠵᠢᠯᠯᠠᠭ᠎ᠠ ᠶᠢᠨ ᠲᠠᠯ᠎ᠠ ᠪᠡᠷ ᠨᠠᠮ ᠤᠨ ᠲᠦᠪ ᠬᠤᠷᠢᠶ᠎ᠠ ᠳᠠᠢ ᠲᠡᠭᠡᠳᠤ ᠬᠡᠮᠵᠢᠶ᠎ᠠ ᠪᠡᠷ ᠨᠢᠬᠡᠳᠤᠯᠳᠠᠢ ᠪᠠᠢᠢᠬᠤ ᠭᠡᠷᠡᠭᠳᠠᠢ; ᠡᠷᠬᠡᠪᠰᠢ ᠦᠷᠬᠡᠨ ᠤᠯᠠᠨ ᠨᠠᠮ ᠤᠨ ᠬᠡᠰᠢᠬᠦᠨ ᠪᠤᠯᠤᠨ ᠠᠷᠠᠳ ᠤᠯᠠᠨ ᠯᠤᠭ᠎ᠠ ᠶᠢᠨ ᠬᠠᠷᠢᠴᠠᠭ᠎ᠠ ᠪᠠᠨ ᠨᠢᠬᠳᠠᠷᠠᠭᠤᠯᠵᠤ᠂ ᠦᠷᠬᠡᠨ ᠤᠯᠠᠨ ᠨᠠᠮ ᠤᠨ ᠬᠡᠰᠢᠬᠦᠨ ᠪᠤᠯᠤᠨ ᠠᠷᠠᠳ ᠤᠯᠠᠨ ᠤ ᠬᠦᠰᠡᠯ ᠪᠤᠳᠤᠯ ᠢ ᠴᠠᠬ ᠲᠤᠬᠠᠢ ᠳ᠋ᠦ ᠨᠢ ᠲᠤᠰᠬᠠᠵᠤ᠂ ᠲᠦᠯᠤᠬᠡᠯᠡᠭᠴᠢ ᠶᠢᠨ ᠡᠷᠬᠡ ᠪᠠᠨ ᠵᠦᠪ ᠭᠡᠷᠡᠭᠵᠢᠬᠦᠯᠵᠤ᠂ ᠨᠠᠮ ᠪᠤᠯᠤᠨ ᠠᠷᠠᠳ ᠲᠦᠮᠡᠨ ᠤ ᠬᠢᠨᠠᠯᠳᠠ ᠶᠢ ᠤᠬᠠᠮᠰᠠᠷ ᠡᠴᠡ ᠪᠠᠨ ᠬᠦᠯᠢᠶᠠᠬᠦ ᠭᠡᠷᠡᠭᠳᠠᠢ; ᠡᠷᠬᠡᠪᠰᠢ ᠵᠢᠱᠢᠶ᠎ᠡ ᠦᠵᠡᠭᠦᠯᠵᠦ ᠲᠠᠭᠠᠭᠤᠯᠬᠤ ᠤᠢᠢᠯᠡᠳᠤᠯ ᠢᠶᠡᠨ ᠪᠠᠳᠠᠷᠠᠭᠤᠯᠵᠤ᠂ ᠤᠬᠠᠮᠰᠠᠷ ᠡᠴᠡ ᠪᠠᠨ ᠰᠢᠨ᠎ᠠ ᠴᠠᠬ ᠦᠶ᠎ᠠ ᠶᠢᠨ ᠨᠠᠮ ᠤᠨ ᠪᠠᠢᠢᠭᠤᠯᠤᠯᠳᠠ ᠶᠢᠨ ᠶᠠᠷᠤᠩᠬᠡᠢ ᠱᠠᠭᠠᠷᠳᠠᠯᠭ᠎ᠠ ᠪᠡᠷ ᠦᠪᠡᠷ ᠢ ᠪᠠᠨ ᠦᠬᠡᠷᠡᠴᠢᠯᠡᠬᠦ ᠪᠠ ᠲᠡᠭᠡᠭ᠍ᠰᠢᠯᠡᠬᠦᠯᠵᠤ᠂ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠳᠠᠢ ᠨᠡᠢᠢᠬᠡᠮ ᠵᠢᠷᠤᠮ ᠤᠨ ᠠᠭᠤᠤ ᠶᠡᠬᠡ ᠤᠢᠢᠯᠡᠳᠤᠯᠬᠡ ᠳ᠋ᠦ ᠢᠳᠡᠪᠬᠢᠳᠠᠢ ᠤᠷᠤᠯᠴᠠᠵᠤ᠂ ᠨᠠᠮ ᠪᠤᠯᠤᠨ ᠤᠯᠤᠰ ᠤᠨ ᠤᠢᠢᠯᠡᠰ ᠲᠤ ᠦᠪᠡᠷ ᠤᠨ ᠤᠶᠤᠨ ᠤᠬᠠᠭᠠᠨ ᠪᠤᠯᠤᠨ ᠬᠦᠴᠤᠨ ᠴᠢᠳᠠᠯ ᠢᠶᠡᠨ ᠡᠷᠬᠦᠵᠤ᠂ ᠪᠦᠬᠦ ᠨᠠᠮ ᠤᠨ ᠬᠡᠰᠢᠬᠦᠨ ᠳ᠋ᠦ ᠬᠡᠪ ᠲᠠᠭᠤᠷᠢᠶᠠᠯ ᠪᠤᠯᠬᠤ ᠬᠡᠷᠡᠭᠲᠠᠢ᠂ ᠦᠷᠬᠡᠨ ᠤᠯᠠᠨ ᠨᠠᠮ ᠤᠨ ᠬᠡᠰᠢᠬᠦᠨ ᠤ ᠢᠳᠡᠬᠡᠯ ᠢ ᠬᠦᠰᠡᠷᠳᠡᠬᠦᠯᠵᠤ ᠪᠤᠯᠬᠤ ᠦᠬᠡᠢ ᠬᠡᠵᠤ ᠴᠢᠬᠤᠯᠠᠴᠢᠯᠠᠪᠠ᠃

    ᠰᠢ ᠵᠢᠨ ᠫᠢᠩ᠂ ᠶᠡᠬᠡ ᠬᠤᠷᠠᠯ ᠤᠨ ᠬᠤᠭᠤᠴᠠᠭᠠᠨ ᠳᠤ ᠡᠯ᠎ᠠ ᠠᠷᠠᠳᠴᠢᠯᠠᠭᠰᠠᠨ ᠨᠠᠮ ᠪᠦᠯᠦᠭ ᠤᠨ ᠲᠦᠪ ᠬᠤᠷᠢᠶ᠎ᠠ᠂ ᠪᠦᠬᠦ ᠤᠯᠤᠰ ᠤᠨ ᠤᠢᠢᠯᠡᠳᠪᠤᠷᠢ ᠬᠤᠳᠠᠯᠳᠤᠭᠠᠨ ᠤ ᠬᠤᠯᠪᠤᠭ᠎ᠠ ᠪᠤᠯᠤᠨ ᠡᠯ᠎᠎ᠠ ᠦᠨᠳᠦᠰᠦᠳᠡᠨ ᠡᠯ᠎ᠠ ᠡᠳᠡᠬᠡᠳ ᠤᠨ ᠬᠦᠮᠤᠰ ᠶᠡᠬᠡ ᠬᠤᠷᠠᠯ ᠳ᠋ᠦ ᠪᠠᠶᠠᠷ ᠬᠦᠷᠬᠡᠨ᠂ ᠦᠷᠬᠡᠨ ᠤᠯᠠᠨ ᠠᠷᠠᠳ ᠲᠦᠮᠡᠨ ᠡᠯ᠎ᠠ ᠵᠤᠢᠢᠯ ᠤᠨ ᠬᠡᠯᠪᠡᠷᠢ ᠪᠡᠷ ᠶᠡᠬᠡ ᠬᠤᠷᠠᠯ ᠳ᠋ᠦ ᠪᠠᠶᠠᠷ ᠬᠦᠷᠬᠡᠵᠤ᠂ ᠮᠠᠰᠢ ᠤᠯᠠᠨ ᠤᠯᠤᠰ ᠤᠨ ᠤᠳᠤᠷᠢᠳᠬᠤ ᠬᠦᠮᠤᠰ᠂ ᠲᠦᠷᠤ ᠶᠢᠨ ᠨᠠᠮ᠂ ᠵᠤᠬᠢᠶᠠᠨ ᠪᠠᠢᠢᠭᠤᠯᠤᠯᠳᠠ ᠵᠢᠴᠢ ᠡᠯ᠎ᠠ ᠡᠳᠡᠬᠡᠳ ᠤᠨ ᠬᠦᠮᠤᠰ ᠴᠠᠬᠢᠯᠭᠠᠨ ᠮᠡᠳᠡᠬᠡ ᠵᠠᠬᠢᠳᠠᠯ ᠢᠷᠡᠬᠦᠯᠵᠤ᠂ ᠶᠡᠬᠡ ᠬᠤᠷᠠᠯ ᠳᠤ ᠪᠠᠶᠠᠷ ᠬᠦᠷᠬᠡᠵᠤ ᠪᠠᠢᠢᠬᠤ ᠪᠠᠨ ᠢᠯᠡᠳᠬᠡᠪᠡ᠂ ᠶᠡᠬᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠡᠴᠡ ᠲᠠᠨᠠᠷ ᠲᠤ ᠴᠢᠩ ᠰᠡᠳᠬᠢᠯ ᠤᠨ ᠲᠠᠯᠠᠷᠬᠠᠯ ᠢᠶᠡᠨ ᠲᠡᠪᠰᠢᠬᠦᠯᠵᠤ ᠪᠠᠢᠢᠨ᠎ᠠ ᠬᠡᠵᠤ ᠢᠯᠡᠷᠬᠡᠢᠢᠯᠡᠪᠡ᠃

    ᠰᠢ ᠵᠢᠨ ᠫᠢᠩ᠂ ᠳᠤᠮᠳᠠᠳᠤ ᠤᠯᠤᠰ ᠤᠨ ᠡᠪ ᠬᠠᠮᠳᠤ ᠨᠠᠮ ᠪᠠᠢᠢᠭᠤᠯᠤᠬᠳᠠᠭᠠᠳ ᠨᠢᠭᠡᠨᠳᠡ 96 ᠵᠢᠯ ᠪᠤᠯᠤᠯ᠎ᠠ᠂ ᠪᠦᠬᠦᠳᠠ ᠨᠠᠢᠢᠷᠠᠮᠳᠠᠬᠤ ᠳᠤᠮᠳᠠᠳᠤ ᠠᠷᠠᠳ ᠤᠯᠤᠰ ᠪᠠᠢᠢᠭᠤᠯᠤᠬᠳᠠᠭᠠᠳ ᠨᠢᠭᠡᠨᠳᠡ 68 ᠵᠢᠯ ᠪᠤᠯᠤᠯ᠎ᠠ᠂ ᠦᠬᠡᠷᠡᠴᠢᠯᠠᠯᠳᠠ ᠨᠡᠬᠡᠬᠡᠯᠳᠠ ᠬᠢᠬᠡᠳ ᠨᠢᠭᠡᠨᠳᠡ 39 ᠵᠢᠯ ᠪᠤᠯᠵᠠᠢ᠃ ᠤᠷᠳᠤ ᠬᠤᠭᠤᠴᠠᠭᠠᠨ᠎ᠠ᠂ ᠮᠠᠨ ᠤ ᠨᠠᠮ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠲᠤᠮᠳᠠᠳᠤ ᠶᠢᠨ ᠦᠨᠳᠤᠰᠤᠳᠠᠨ ᠢ ᠪᠦᠯᠬᠦᠮᠳᠡᠬᠦᠯᠤᠨ ᠲᠠᠭᠠᠭᠤᠯᠵᠤ ᠴᠦᠬᠦᠷᠡᠰᠢ ᠦᠬᠡᠢ ᠴᠢᠷᠮᠠᠢᠢᠨ ᠬᠠᠳᠠᠭᠤᠵᠢᠯᠳᠠᠢ ᠲᠡᠮᠡᠴᠠᠵᠤ᠂ ᠬᠠᠷ᠎ᠠ ᠲᠠᠮᠠᠬᠢ ᠶᠢᠨ ᠲᠠᠢᠢᠨ ᠤ ᠲᠠᠷᠠᠭᠠᠬᠢ ᠬᠠᠭᠤᠴᠢᠨ ᠳᠤᠮᠳᠠᠳᠤ ᠤᠯᠤᠰ ᠤᠨ ᠲᠠᠷᠤᠯᠠᠬᠳᠠᠨ ᠲᠤᠷᠤᠮᠵᠢᠯᠠᠬᠳᠠᠵᠤ ᠪᠠᠢᠢᠬᠰᠠᠨ ᠬᠠᠷᠠᠰᠠᠯᠳᠤ ᠪᠠᠢᠢᠳᠠᠯ ᠢ ᠲᠤᠢᠢᠯᠪᠤᠷᠢᠳᠠᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠤᠰᠤᠳᠠᠨ ᠤ ᠶᠠᠳᠠᠭᠤ ᠬᠤᠭᠤᠰᠤᠨ ᠲᠤᠷᠤᠢ ᠪᠠᠭᠤᠷᠠᠢ ᠭᠤᠨᠢᠬᠳᠤ ᠪᠠᠢᠢᠳᠠᠯ ᠢ ᠲᠤᠢᠢᠯᠪᠤᠷᠢᠳᠠᠢ ᠬᠤᠪᠢᠷᠠᠭᠤᠯᠪᠠ᠃ ᠦᠨᠤᠳᠤᠷ 13 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠴᠤᠬ ᠵᠤᠯᠢ ᠪᠠᠳᠠᠷᠠᠩᠭ᠋ᠤᠢ᠂ ᠤᠮᠤᠬ ᠵᠤᠷᠢᠬ ᠲᠡᠬᠦᠯᠳᠡᠷ ᠪᠠᠢᠢᠵᠤ᠂ ᠮᠠᠨ ᠤ 960 ᠭᠠᠷᠤᠢ ᠲᠦᠮᠡᠨ ᠲᠡᠭᠰᠢ ᠲᠦᠷᠪᠡᠯᠵᠢᠨ ᠺᠢᠯᠤᠮᠧᠲ᠋ᠷ ᠦᠷᠬᠡᠨ ᠠᠭᠤᠳᠠᠮ ᠨᠤᠳᠤᠬ ᠲᠡᠪᠢᠰᠭᠡᠷ ᠲᠤ ᠠᠮᠢᠵᠢᠷᠠᠯ ᠤᠨ ᠬᠦᠴᠤᠨ ᠪᠢᠯᠬᠠᠵᠤ ᠬᠦᠭ᠍ᠵᠢᠯ ᠤᠨ ᠪᠠᠷ᠎ᠠ ᠲᠤᠳᠤᠷᠠᠨ᠎ᠠ᠂ ᠮᠠᠨ ᠤ 5000 ᠭᠠᠷᠤᠢ ᠵᠢᠯ ᠤᠨ ᠳᠤᠮᠳᠠᠳᠤ ᠶᠢᠨ ᠪᠤᠯᠪᠠᠰᠤᠨ ᠤ ᠬᠡᠷᠡᠯ ᠬᠢᠯᠪᠠᠭ᠎ᠠ ᠡᠬᠦᠷᠢᠳᠡ ᠬᠢᠯᠠᠯᠵᠠᠵᠤ᠂ ᠷᠢᠳᠢ ᠰᠢᠳᠢ ᠨᠢ ᠦᠨᠢᠳᠡ ᠮᠦᠩᠬᠡᠷᠡᠨ᠎ᠡ᠂ ᠮᠠᠨ ᠤ ᠨᠠᠮ ᠤᠨ ᠤᠳᠤᠷᠢᠳᠤᠯᠭ᠎ᠠ ᠪᠤᠯᠤᠨ ᠮᠠᠨ ᠤ ᠨᠡᠢᠢᠬᠡᠮ ᠵᠢᠷᠤᠮ ᠤᠨ ᠪᠠᠢᠢᠭᠤᠯᠤᠯ ᠪᠠᠳᠤ ᠪᠡᠬᠢ ᠠᠮᠢᠵᠢᠷᠠᠯ ᠪᠢᠯᠬᠠᠮ᠎ᠠ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠪᠦᠬᠦᠳᠠ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠠᠯᠤᠰ ᠢᠷᠡᠬᠡᠳᠤᠢ ᠠᠭᠤᠤ ᠶᠡᠬᠡ᠂ ᠤᠷᠤᠬᠰᠢᠯᠠᠬᠤ ᠵᠠᠮ ᠭᠡᠷᠡᠯ ᠰᠠᠴᠤᠷᠠᠩᠭ᠋ᠤᠢ ᠪᠠᠢᠢᠨ᠎ᠠ᠃ ᠡᠢᠢᠮᠤ ᠠᠭᠤᠤ ᠶᠡᠬᠡ ᠴᠠᠬ ᠦᠶ᠎ᠠ ᠳ᠋ᠦ ᠪᠠᠢᠢᠬᠤ ᠳ᠋ᠠᠭᠠᠨ ᠪᠢᠳᠠ ᠬᠢᠵᠠᠭᠠᠯᠠᠰᠢ ᠦᠬᠡᠢ ᠤᠮᠤᠬᠰᠢᠬᠤ ᠶᠢᠨ ᠬᠠᠮᠳᠤ ᠪᠠᠰᠠ ᠡᠬᠦᠷᠬᠡ ᠬᠠᠷᠢᠭᠤᠴᠠᠯᠭ᠎ᠠ ᠬᠦᠨᠳᠤ ᠭᠡᠳᠡᠭ ᠢ ᠭᠦᠨ᠎ᠡ ᠤᠢᠢᠯᠠᠭᠠᠵᠤ ᠪᠤᠢ᠃ ᠪᠢᠳᠠ ᠡᠷᠴᠢ ᠵᠤᠷᠢᠬ ᠢᠶᠡᠨ ᠬᠦᠪᠴᠢᠯᠠᠨ ᠠᠵᠢᠯ ᠤᠨ ᠤᠷᠮ᠎ᠠ ᠪᠡᠨ ᠬᠦᠭ᠍ᠵᠢᠭᠡᠵᠤ᠂ ᠦᠶ᠎ᠠ ᠦᠶ᠎ᠠ ᠶᠢᠨ ᠳᠤᠮᠳᠠᠳᠤ ᠤᠯᠤᠰ ᠤᠨ ᠡᠪ ᠬᠠᠮᠳᠤᠴᠤᠳ ᠤᠨ ᠠᠷᠠᠳ ᠲᠦᠮᠡᠨ ᠢ ᠪᠦᠯᠬᠦᠮᠳᠡᠬᠦᠯᠤᠨ ᠲᠠᠭᠠᠭᠤᠯᠵᠤ ᠡᠬᠦᠳᠤᠨ ᠪᠦᠳᠦᠭᠡᠭ᠍ᠰᠡᠨ ᠲᠡᠤᠬᠡ ᠶᠢᠨ ᠠᠭᠤᠤ ᠶᠡᠬᠡ ᠦᠢᠯᠡᠰ ᠤᠨ ᠰᠠᠭᠤᠷᠢᠨ ᠲᠡᠭᠡᠷ᠎ᠠ᠂ ᠴᠠᠬ ᠦᠶ᠎ᠠ ᠳᠤ ᠦᠯᠤ ᠤᠰᠤᠯᠳᠠᠬᠤ ᠭᠠᠪᠢᠶ᠎ᠠ ᠵᠢᠳᠬᠦᠯ ᠢ ᠪᠠᠢᠢᠭᠤᠯᠵᠤ᠂ ᠬᠦᠰᠡᠯ ᠪᠢᠯᠬᠠᠬᠰᠠᠨ ᠢᠷᠡᠬᠡᠳᠤᠢ ᠲᠡᠰᠢ ᠤᠮᠤᠬ ᠲᠡᠬᠦᠯᠳᠡᠷ ᠤᠷᠤᠭᠰᠢᠯᠠᠬᠤ ᠭᠡᠷᠡᠭᠳᠠᠢ ᠬᠡᠵᠤ ᠴᠢᠬᠤᠯᠠᠴᠢᠯᠠᠪᠠ᠃

    ᠰᠢ ᠵᠢᠨ ᠫᠢᠩ᠂ ᠳᠤᠮᠳᠠᠳᠤ ᠤᠯᠤᠰ ᠤᠨ ᠡᠪ ᠬᠠᠮᠳᠤᠴᠤᠳ ᠤᠨ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠤᠯ ᠲᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠡᠳ᠋ᠯᠡᠬᠦᠯᠵᠤ᠂ ᠳᠤᠮᠳᠠᠳᠤ ᠶᠢᠨ ᠦᠨᠳᠤᠰᠤᠳᠠᠨ ᠤ ᠰᠡᠷᠬᠦᠨ ᠮᠠᠨᠳᠤᠯᠳᠠ ᠶᠢ ᠪᠡᠶᠡᠯᠡᠬᠦᠯᠬᠦ ᠶᠠᠪᠤᠳᠠᠯ ᠮᠦᠨ᠃ ᠡᠨᠡᠬᠦ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠤᠯ ᠳᠤᠮᠳᠠᠳᠤ ᠤᠯᠤᠰ ᠤᠨ ᠡᠪ ᠬᠠᠮᠳᠤᠴᠤᠳ ᠢ ᠵᠤᠷᠢᠬᠵᠢᠭᠤᠯᠤᠨ ᠲᠠᠰᠤᠷᠠᠯᠳᠠ ᠦᠬᠡᠢ ᠤᠷᠤᠬᠰᠢᠯᠠᠭᠤᠯᠬᠤ ᠦᠨᠳᠤᠰᠤᠨ ᠬᠦᠳᠡᠯᠬᠡᠬᠦ ᠬᠦᠴᠤᠨ ᠮᠦᠨ᠃ ᠪᠦᠬᠦ ᠨᠠᠮ ᠤᠨ ᠨᠦᠬᠦᠳ ᠢᠮᠠᠬᠳᠠ ᠠᠷᠠᠳ ᠲᠦᠮᠡᠨ ᠳᠠᠢ ᠠᠮᠢᠰᠬᠤᠭ᠎ᠠ ᠪᠠᠨ ᠨᠢᠬᠡᠳᠬᠡᠵᠤ ᠬᠤᠪᠢ ᠵᠠᠶᠠᠭ᠎ᠠ ᠪᠠᠨ ᠬᠠᠮᠳᠤᠳᠬᠠᠨ ᠰᠡᠳᠬᠢᠯ ᠵᠢᠷᠤᠬᠡ ᠪᠠᠨ ᠬᠤᠯᠪᠤᠵᠤ᠂ ᠡᠬᠦᠷᠢᠳᠡ ᠠᠷᠠᠳ ᠲᠦᠮᠡᠨ ᠤ ᠰᠠᠢᠢᠨ ᠰᠠᠢᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠡᠷ ᠲᠡᠮᠡᠴᠡᠬᠦ ᠬᠠᠷᠠᠯᠳᠠ ᠪᠠᠨ ᠪᠤᠯᠭᠠᠵᠤ᠂ ᠡᠭᠦᠷᠢᠳᠡ ᠰᠢᠨᠳᠠᠷᠠᠰᠢ ᠦᠬᠡᠢ ᠵᠤᠷᠢᠬ ᠰᠠᠨᠠᠭᠠᠨ ᠤ ᠲᠦᠷᠢ ᠪᠠᠢᠢᠳᠠᠯ ᠪᠤᠯᠤᠨ ᠴᠤᠴᠠᠯᠳᠠ ᠦᠬᠡᠢ ᠤᠷᠤᠬᠰᠢᠯᠠᠬᠤ ᠲᠡᠮᠡᠴᠡᠯ ᠤᠨ ᠲᠦᠷᠢ ᠪᠠᠢᠢᠳᠠᠯ ᠢᠶᠡᠷ ᠦᠷᠬᠦᠯᠵᠢᠯᠠᠨ ᠳᠤᠮᠳᠠᠳᠤ ᠶᠢᠨ ᠦᠨᠳᠤᠰᠤᠳᠠᠨ ᠤ ᠠᠭᠤᠤ ᠶᠡᠬᠡ ᠰᠡᠷᠬᠦᠨ ᠮᠠᠨᠳᠤᠯᠳᠠ ᠶᠢᠨ ᠠᠤᠭ᠎ᠠ ᠬᠠᠷᠠᠯᠳᠠ ᠲᠡᠰᠢ ᠡᠷᠡᠯᠭᠡᠭ ᠢᠶᠡᠷ ᠤᠷᠤᠬᠰᠢᠯᠠᠬᠤ ᠭᠡᠷᠡᠭᠳᠠᠢ᠃ ᠪᠦᠬᠦ ᠨᠠᠮ ᠢᠶᠡᠷ ᠢᠶᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠤ᠂ ᠳᠤᠮᠳᠠᠳᠤ ᠤᠯᠤᠰ ᠤᠨ ᠤᠨᠴᠠᠯᠢᠬ ᠳᠠᠢ ᠨᠡᠢᠢᠬᠡᠮ ᠵᠢᠷᠤᠮ ᠤᠨ ᠠᠭᠤᠤ ᠶᠡᠬᠡ ᠲᠤᠬ ᠢ ᠦᠨᠳᠤᠷ ᠮᠠᠨᠳᠤᠭᠤᠯᠵᠤ᠂ ᠦᠵᠡᠯ ᠰᠠᠨᠠᠭ᠎ᠠ ᠪᠠᠨ ᠴᠢᠯᠤᠬᠡᠯᠠᠵᠤ᠂ ᠦᠬᠡᠷᠡᠴᠢᠯᠠᠯᠳᠠ ᠬᠢᠵᠤ ᠰᠢᠨ᠎ᠠ ᠶᠢ ᠡᠬᠦᠳᠴᠤ᠂ ᠰᠡᠳᠬᠢᠯ ᠰᠢᠭᠤᠳᠤᠨ ᠴᠢᠷᠮᠠᠢᠢᠵᠤ᠂ ᠰᠢᠷᠭᠠᠭᠤ ᠬᠠᠳᠠᠭᠤᠵᠢᠯᠳᠠᠢ ᠪᠡᠷ ᠠᠵᠢᠯᠯᠠᠵᠤ᠂ ᠪᠦᠬᠦ ᠤᠯᠤᠰ ᠤᠨ ᠦᠨᠳᠤᠰᠤᠳᠠᠨ ᠨᠤᠬᠦᠳ ᠤᠨ ᠠᠷᠠᠳ ᠲᠦᠮᠡᠨ ᠢ ᠲᠠᠭᠠᠭᠤᠯᠤᠨ ᠨᠠᠮ ᠤᠨ ᠠᠷᠪᠠ ᠶᠢᠰᠤᠳᠤᠭᠡᠷ ᠶᠡᠬᠡ ᠬᠤᠷᠠᠯ ᠤᠨ ᠲᠤᠭᠳᠠᠭᠠᠬᠰᠠᠨ ᠬᠠᠷᠠᠯᠳᠠ ᠡᠬᠦᠷᠬᠡ ᠶᠢ ᠪᠡᠶᠡᠯᠡᠬᠦᠯᠬᠦ ᠶᠢᠨ ᠲᠦᠯᠤᠬᠡ ᠲᠡᠮᠡᠴᠡᠬᠦ ᠭᠡᠷᠡᠭᠳᠠᠢ ᠬᠡᠵᠤ ᠴᠢᠬᠤᠯᠠᠴᠢᠯᠠᠪᠠ᠃

    ᠶᠡᠬᠡ ᠬᠤᠷᠠᠯ ᠤᠨ ᠰᠤᠩᠭᠤᠭᠤᠯᠢ ᠶᠢᠨ ᠲᠠᠷᠠᠭ᠎ᠠ᠂ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠬᠡ ᠬᠤᠷᠠᠯ ᠤᠨ ᠪᠠᠢᠢᠩᠭ᠋ᠤ ᠶᠢᠨ ᠬᠤᠷᠢᠶᠠᠨ ᠤ ᠲᠡᠳ᠋ ᠬᠤᠷᠢᠶᠠᠨ ᠲᠠᠷᠤᠭ᠎ᠠ ᠪᠠ ᠤᠤᠯ ᠤᠨ ᠲᠡᠳ᠋ ᠬᠤᠷᠢᠶᠠᠨ ᠲᠠᠷᠤᠭ᠎ᠠ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠢᠢᠭ᠎ᠠ ᠪᠠ ᠬᠠᠷᠢᠭᠤᠴᠠᠵᠤ ᠪᠠᠢᠢᠬᠰᠠᠨ ᠨᠠᠮ ᠤᠨ ᠭᠠᠳᠠᠨᠠᠬᠢ ᠬᠦᠮᠤᠰ᠂ ᠪᠡᠬᠡᠵᠢᠩ ᠳᠤ ᠪᠠᠢᠢᠭ᠎ᠠ ᠡᠯ᠎ᠠ ᠠᠷᠠᠳᠴᠢᠯᠠᠭᠰᠠᠠ ᠨᠠᠮ ᠪᠦᠯᠦᠭ ᠤᠨ ᠲᠦᠪ ᠬᠤᠷᠢᠶ᠎ᠠ ᠪᠤᠯᠤᠨ ᠪᠦᠬᠦ ᠤᠯᠤᠰ ᠤᠨ ᠤᠢᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠲᠡᠳ᠋ ᠲᠡᠷᠢᠬᠦᠯᠡᠭᠴᠢ᠂ ᠨᠠᠮ ᠪᠦᠯᠦᠭ ᠤᠨ ᠪᠤᠰᠤ ᠲᠦᠯᠤᠭᠡᠯᠡᠭᠴᠢ ᠬᠦᠮᠤᠰ᠂ ᠱᠠᠰᠢᠨ ᠰᠤᠷᠳᠠᠬᠤᠨ ᠤ ᠡᠳᠡᠬᠡᠳ ᠤᠨ ᠲᠦᠯᠤᠭᠡᠯᠡᠭᠴᠢ ᠬᠦᠮᠤᠰ᠂ ᠪᠡᠬᠡᠵᠢᠩ ᠳᠤ ᠪᠠᠢᠢᠭ᠎ᠠ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠬᠡ ᠬᠤᠷᠠᠯ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠪᠠᠢᠢᠩᠭ᠋ᠤ ᠶᠢᠨ ᠬᠡᠰᠢᠬᠦᠨ ᠤ ᠳᠤᠳᠤᠷᠠᠬᠢ ᠠᠷᠠᠳᠴᠢᠯᠠᠭᠰᠠᠠ ᠨᠠᠮ ᠪᠦᠯᠦᠭ᠂ ᠨᠠᠮ ᠪᠦᠯᠦᠭ ᠤᠨ ᠪᠤᠰᠤ ᠪᠤᠯᠤᠨ ᠦᠨᠳᠤᠰᠤᠳᠠᠨ ᠱᠠᠰᠢᠨ ᠰᠤᠷᠳᠠᠬᠤᠨ ᠤ ᠡᠳᠡᠬᠡᠳ ᠤᠨ ᠬᠦᠮᠤᠰ ᠵᠤᠴᠢᠨ ᠤ ᠬᠤᠪᠢ ᠪᠡᠷ ᠶᠡᠬᠡ ᠬᠤᠷᠠᠯ ᠳᠤ ᠰᠤᠯᠠ ᠤᠷᠤᠯᠴᠠᠪᠠ᠃ ᠨᠠᠮ ᠤᠨ ᠲᠤᠳᠤᠭᠠᠳᠤ ᠶᠢᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠨᠦᠬᠦᠳ ᠴᠤ ᠶᠡᠬᠡ ᠬᠤᠷᠠᠯ ᠳᠤ ᠰᠤᠯᠠ ᠤᠷᠤᠯᠴᠠᠵᠠᠢ᠃

    ᠶᠡᠬᠡ ᠬᠤᠷᠠᠯ ᠰᠦᠷ ᠵᠢᠪᠬᠤᠯᠠᠩᠳᠤ《ᠢᠨᠲ᠋ᠧᠷᠨᠠᠼᠢᠤᠨᠠᠯ ᠤᠨ ᠲᠠᠭᠤᠤ》 ᠶ᠋ᠢᠨ ᠲᠤᠮᠳᠠ ᠲᠡᠭᠦᠰ ᠠᠮᠵᠢᠯᠳᠠ ᠳᠠᠢ ᠦᠨᠳᠤᠷᠯᠡᠪᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121852371