蒙古文网站Logo
ᠰᠢᠨᠬᠤᠸᠠ ᠮᠤᠩᠭ᠋ᠤᠯ ᠨᠧᠲ

《ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠷᠢᠮ ( ᠵᠠᠰᠠᠪᠤᠷᠢ ᠤᠷᠤᠭᠤᠯᠤᠭᠰᠠᠨ ᠲᠦᠰᠦᠯ)》 ᠤᠨ ᠲᠤᠬᠠᠢ ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠲᠦᠭᠡᠷ ᠤᠲᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠰᠢᠢᠳᠪᠦᠷᠢ

2017-10-25 18:40

    《ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠷᠢᠮ (ᠵᠠᠰᠠᠪᠤᠷᠢ ᠤᠷᠤᠭᠤᠯᠤᠭᠰᠠᠨ ᠲᠦᠰᠦᠯ)》 ᠤᠨ ᠲᠤᠬᠠᠢ ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠲᠦᠭᠡᠷ ᠤᠲᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠰᠢᠢᠳᠪᠦᠷᠢ

    (2017 ᠤᠨ ᠤ 10 ᠰᠠᠷ᠎ᠠ ᠶᠢᠨ 24 ᠤ ᠡᠲᠦᠷ ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠲᠦᠭᠡᠷ ᠤᠲᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠡᠴᠡ ᠪᠠᠲᠤᠯᠠᠪᠠ )

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 24 ᠤ ᠡᠲᠦᠷ ᠤᠨ ᠴᠠᠬᠢᠯᠭᠠᠨ ᠮᠡᠲᠡᠭᠡ

    ᠲᠤᠮᠲᠠᠲᠦ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠲᠦᠭᠡᠷ᠋ ᠤᠲᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠨᠢ ᠨᠠᠮ ᠤᠨ ᠠᠷᠪᠠᠨ ᠨᠠᠶ᠋ᠮᠠᠲᠤᠭᠠᠷ ᠬᠤᠭᠤᠴᠠᠭᠠᠨ ᠤ ᠲᠦᠪ ᠬᠤᠷᠢᠶᠠᠨ ᠡᠴᠡ ᠲᠤᠷᠠᠲᠤᠭᠰᠠᠨ《ᠲᠤᠮᠲᠠᠲᠦ ᠤᠯᠤᠰ ᠤᠨ ᠡᠪ ᠬᠠᠮᠲᠦ ᠨᠠᠮ ᠤᠨ ᠲᠦᠷᠢᠮ (ᠵᠠᠰᠠᠪᠤᠷᠢ ᠤᠷᠤᠭᠤᠯᠤᠭᠰᠠᠨ ᠲᠦᠰᠦᠯ )》 ᠢ᠋ ᠬᠢᠨᠠᠨ ᠵᠦᠪᠯᠡᠬᠦ ᠶᠢᠨ ᠬᠠᠮᠲᠤ ᠨᠢᠭᠡᠲᠦᠯᠲᠡᠢ ᠪᠠᠲᠤᠯᠠᠪᠠ᠂ ᠡᠨᠡᠬᠦ ᠵᠠᠰᠠᠪᠤᠷᠢ ᠤᠷᠤᠭᠤᠯᠤᠭᠰᠠᠨ ᠲᠦᠰᠦᠯ ᠨᠢ ᠪᠠᠲᠤᠯᠠᠭᠰᠠᠨ ᠡᠲᠦᠷ ᠡᠴᠡ ᠡᠬᠢᠯᠡᠵᠦ ᠬᠦᠴᠦᠨ ᠲᠠᠢ ᠭᠡᠵᠦ ᠲᠤᠭᠲᠠᠭᠠᠭᠰᠠᠨ ᠪᠠᠶᠢᠨ᠎ᠠ᠃

    ᠶᠡᠬᠡ ᠬᠤᠷᠠᠯ ᠡᠴᠡ᠂ ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢ᠂ ᠰᠢ ᠵᠢᠨ ᠫᠢᠩ ᠨᠦᠬᠦᠷ ᠢᠶᠡᠷ ᠭᠤᠤᠯ ᠲᠦᠯᠦᠭᠡᠯᠡᠭᠴᠢ ᠪᠤᠯᠭᠠᠭᠰᠠᠨ ᠲᠤᠮᠲᠠᠲᠤ ᠤᠯᠤᠰ ᠤᠨ ᠡᠪ ᠬᠠᠮᠲᠤᠴᠤᠳ ᠴᠠᠭ ᠦᠶ᠎ᠠ ᠶᠢᠨ ᠬᠦᠭ᠍ᠵᠢᠯᠲᠠ ᠶᠢ ᠲᠠᠭᠠᠵᠤ᠂ ᠤᠨᠤᠯ ᠪᠠ ᠦᠢᠯᠡᠳᠦᠯᠭᠡ ᠶᠢᠨ ᠤᠶᠠᠯᠲᠤᠯ ᠡᠴᠡ ᠰᠢᠨ᠎ᠡ ᠴᠠᠭ ᠦᠶ᠎ᠠ ᠳ᠋ᠤ ᠶᠠᠮᠠᠷ ᠮᠠᠶ᠊ᠢᠭ ᠤᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠢ ᠪᠠᠷᠢᠮᠲᠠᠯᠠᠵᠤ ᠬᠦᠭ᠍ᠵᠢᠬᠦᠯᠬᠦ᠂ ᠬᠡᠷᠬᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠭᠡᠬᠦ ᠡᠨᠡᠬᠦ ᠬᠦᠨᠳᠦ ᠴᠢᠬᠤᠯᠠ ᠴᠠᠭ ᠦᠶ᠎ᠠ ᠶᠢᠨ ᠰᠡᠳᠦᠪ ᠢ ᠪᠠᠷᠢᠮᠲᠠᠯᠠᠵᠤ ᠬᠦᠭ᠍ᠵᠢᠬᠦᠯᠬᠦ ᠲᠤᠬᠠᠢ ᠰᠢᠰᠲ᠋ᠧᠮ ᠲᠠᠢ ᠬᠠᠷᠢᠭᠤᠯᠲᠠ ᠦᠭᠴᠦ᠂ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠪᠤᠢ ᠪᠤᠯᠭᠠᠭᠰᠠᠨ ᠪᠠᠶᠢᠨ᠎ᠠ᠃ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂《ᠭᠤᠷᠪᠠ ᠶᠢ ᠲᠦᠯᠦᠭᠡᠯᠡᠬᠦ 》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭ᠍ᠵᠢᠯᠲᠠ ᠶᠢᠨ ᠦᠵᠡᠯᠲᠡ ᠶᠢᠨ ᠵᠠᠯᠭᠠᠮᠵᠢᠯᠠᠯ ᠪᠠ ᠬᠦᠭ᠍ᠵᠢᠬᠦᠯᠦᠯᠲᠡ ᠮᠦᠨ᠂ ᠮᠠᠷᠺᠰ ᠤᠨ ᠦᠵᠡᠯ ᠤᠨ ᠲᠤᠮᠲᠠᠲᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠦᠨ᠂ ᠨᠠᠮ ᠪᠠ ᠠᠷᠠᠳ ᠲᠦᠮᠡᠨ ᠤ ᠦᠢᠯᠡᠳᠦᠯᠭᠡ ᠶᠢᠨ ᠲᠤᠷᠰᠢᠯᠭ᠎ᠠ ᠪᠠ ᠬᠠᠮᠲᠤ ᠶᠢᠨ ᠤᠶᠤᠨ ᠤᠬᠠᠭᠠᠨ ᠤ ᠤᠬᠢ ᠪᠦᠲᠦᠭᠡᠯ ᠮᠦᠨ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠲᠦᠬᠦᠨ ᠬᠡᠰᠡᠭ ᠮᠦᠨ᠂ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠲᠤᠮᠲᠠᠲᠤ ᠶᠢᠨ ᠦᠨᠳᠦᠰᠦᠲᠡᠨ ᠤ ᠠᠭᠤᠤ ᠶᠡᠬᠡ ᠰᠡᠷᠬᠦᠨ ᠮᠠᠨᠲᠤᠯᠲᠠ ᠶᠢ ᠪᠡᠶᠡᠯᠡᠬᠦᠯᠬᠦ ᠪᠡᠷ ᠲᠡᠮᠡᠴᠡᠬᠦ ᠠᠵᠢᠯᠯᠠᠭᠠᠨ ᠤ ᠵᠦᠭᠯᠡᠬᠦᠷ ᠮᠦᠨ᠂ ᠡᠷᠬᠡᠪᠰᠢ ᠤᠷᠲᠤ ᠬᠤᠭᠤᠴᠠᠭ᠎ᠠ ᠪᠡᠷ ᠪᠠᠷᠢᠮᠲᠠᠯᠠᠬᠤ ᠶᠢᠨ ᠬᠠᠮᠲᠤ ᠲᠠᠰᠤᠷᠠᠯᠲᠠ ᠦᠭᠡᠢ ᠬᠦᠭ᠍ᠵᠢᠬᠦᠯᠬᠦ ᠬᠡᠷᠡᠭᠲᠡᠢ᠃ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠵᠢᠯᠤᠭᠤᠲᠤᠯᠭ᠎ᠠ ᠲᠤᠤᠷ᠎ᠠ᠂ ᠲᠤᠮᠲᠠᠲᠤ ᠤᠯᠤᠰ ᠤᠨ ᠡᠪ ᠬᠠᠮᠲᠤ ᠨᠠᠮ ᠪᠦᠬᠦ ᠤᠯᠤᠰ ᠤᠨ ᠦᠨᠳᠦᠰᠦᠲᠡᠨ ᠨᠤᠭᠦᠳ ᠤᠨ ᠠᠷᠠᠳ ᠲᠦᠮᠡᠨ ᠢ ᠤᠲᠤᠷᠢᠳᠴᠤ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨ᠋᠋ᠧᠷᠢᠩ᠂ ᠠᠭᠤᠤ ᠶᠡᠬᠡ ᠦᠢᠯᠡᠰ᠂ ᠠᠭᠤᠤ ᠶᠡᠬᠡ ᠬᠦᠰᠡᠯ ᠮᠦᠷᠦᠭᠡᠲᠦᠯ ᠢ ᠡᠵᠡᠮᠲᠡᠵᠦ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠰᠢᠨ᠎ᠡ ᠴᠠᠭ ᠦᠶ᠎ᠠ ᠳ᠋ᠤ ᠤᠷᠤᠬᠤ ᠶᠢ ᠲᠦᠯᠬᠢᠨ ᠠᠬᠢᠭᠤᠯᠪᠠ ᠭᠡᠵᠦ ᠦᠵᠡᠪᠡ᠃

    ᠶᠡᠬᠡ ᠬᠤᠷᠠᠯ ᠡᠴᠡ᠂ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ 《ᠭᠤᠷᠪᠠ ᠶᠢ ᠲᠦᠯᠦᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠭᠴᠢ ᠬᠦᠭ᠍ᠵᠢᠯᠲᠠ ᠶᠢᠨ ᠦᠵᠡᠯᠲᠡ ᠲᠠᠢ ᠬᠠᠮᠲᠤ ᠨᠠᠮ ᠤᠨ ᠲᠦᠷᠢᠮ ᠳ᠋ᠤ ᠪᠢᠴᠢᠨ ᠤᠷᠤᠭᠤᠯᠵᠤ ᠨᠠᠮ ᠤᠨ ᠠᠵᠢᠯᠯᠠᠭᠠᠨ ᠤ ᠵᠦᠭᠯᠡᠬᠦᠷ ᠪᠤᠯᠭᠠᠬᠤ ᠶᠢ ᠰᠠᠨᠠᠯ ᠨᠢᠭᠡᠲᠡᠢ ᠵᠦᠪᠰᠢᠶᠡᠷᠡᠭᠰᠡᠨ ᠪᠠᠶᠢᠨ᠎ᠠ᠃

    ᠶᠡᠬᠡ ᠬᠤᠷᠠᠯ ᠡᠴᠡ᠂ ᠪᠦᠬᠦ ᠨᠠᠮ ᠢᠶᠡᠷ ᠢᠶᠡᠨ ᠰᠢ ᠵᠢᠨ ᠫᠢᠩ ᠤᠨ ᠰᠢᠨ᠎ᠡ ᠦᠶ᠎ᠡ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠡᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠢᠭᠡᠳᠭᠡᠵᠦ᠂ ᠰᠤᠷᠤᠯᠴᠠᠨ ᠲᠤᠤᠱᠯᠠᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢᠶᠡᠨ ᠴᠢᠩᠭ᠋ᠠᠳᠬᠠᠵᠤ᠂ ᠰᠢ ᠵᠢᠨ ᠫᠢᠩ ᠤᠨ ᠰᠢᠨ᠎ᠡ ᠴᠠᠬ ᠦᠶ᠎ᠡ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠨᠡᠶᠢᠭᠡᠮ ᠵᠢᠷᠦᠮ ᠤᠨ ᠤᠲᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳ᠋ᠤ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠲᠡᠯ᠎ᠡ ᠳ᠋ᠤ ᠢᠯᠡᠷᠡᠬᠦᠯᠬᠦ ᠬᠡᠷᠡᠭᠲᠡᠢ ᠭᠡᠵᠦ ᠱᠠᠭᠠᠷᠲᠠᠪᠠ᠃

    ᠶᠡᠬᠡ ᠬᠤᠷᠠᠯ ᠡᠴᠡ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠰᠤᠶᠤᠯ ᠪᠤᠯ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠴᠢᠬᠤᠯᠠ ᠪᠦᠷᠢᠯᠲᠦᠬᠦᠨ ᠬᠡᠰᠡᠭ ᠮᠦᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠤᠭᠦᠳ ᠤᠨ ᠠᠷᠠᠳ ᠲᠦᠮᠡᠨ ᠤ ᠡᠷᠡᠯᠬᠡᠭ᠍ᠯᠡᠨ ᠤᠷᠤᠭᠰᠢᠯᠠᠬᠤ ᠶᠢ ᠤᠷᠮᠠᠰᠢᠭᠤᠯᠤᠨ ᠵᠤᠷᠢᠭᠵᠢᠭᠤᠯᠬᠤ ᠯᠤᠲᠤ ᠶᠡᠬᠡ ᠵᠤᠷᠢᠭ ᠰᠠᠨᠠᠭᠠᠨ ᠤ ᠬᠦᠴᠦᠨ ᠴᠢᠲᠠᠯ ᠪᠤᠯᠤᠨ᠎ᠡ ᠭᠡᠵᠦ ᠦᠵᠡᠪᠡ᠃

    ᠶᠡᠬᠡ ᠬᠤᠷᠠᠯ ᠡᠴᠡ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠰᠤᠶᠤᠯ ᠢ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠵᠠᠮ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠤᠨᠤᠯ ᠤᠨ ᠰᠢᠰᠲ᠋ᠧᠮ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠪᠠᠶᠢᠭᠤᠯᠤᠯ ᠲᠠᠢ ᠬᠠᠮᠲᠤ ᠨᠠᠮ ᠤᠨ ᠲᠦᠷᠢᠮ ᠳ᠋ᠤ ᠪᠢᠴᠢᠵᠤ ᠤᠷᠤᠭᠤᠯᠬᠤ ᠶᠢ ᠵᠦᠪᠰᠢᠶᠡᠷᠡᠪᠡ᠂ ᠡᠨᠡ ᠨᠢ ᠪᠦᠬᠦ ᠨᠠᠮ ᠤᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠲᠠᠨᠢᠯᠲᠠ ᠶᠢ ᠭᠦᠨᠵᠡᠭᠡᠶᠢᠷᠡᠬᠦᠯᠬᠦ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠲᠤᠲᠤᠭᠠᠲᠤ ᠠᠭᠤᠯᠤᠭᠲᠠᠬᠤᠨ ᠢ ᠪᠦᠬᠦ ᠲᠠᠯ᠎ᠠ ᠪᠡᠷ ᠡᠵᠡᠮᠲᠡᠬᠦ ᠳ᠋ᠤ ᠠᠰᠢᠭᠲᠠᠢ ᠶᠤᠮ᠃

    ᠶᠡᠬᠡ ᠬᠤᠷᠠᠯ ᠡᠴᠡ᠂ ᠪᠦᠬᠦ ᠨᠠᠮ ᠤᠨ ᠭᠡᠰᠢᠬᠦᠳ ᠡᠷᠬᠡᠪᠰᠢ ᠬᠦᠴᠢᠷ ᠪᠡᠷᠬᠡ ᠶᠢ ᠲᠤᠭᠤᠯᠤᠨ ᠪᠠᠶᠢᠵᠤ ᠨᠡᠬᠡᠬᠡᠭ᠍ᠰᠡᠨ ᠡᠨᠡᠬᠦ ᠵᠠᠮ᠂ ᠡᠨᠡᠬᠦ ᠤᠨᠤᠯ ᠤᠨ ᠰᠢᠰᠲ᠋ᠧᠮ᠂ ᠡᠨᠡᠬᠦ ᠪᠠᠶᠢᠭᠤᠯᠤᠯ᠂ ᠡᠨᠡᠬᠦ ᠰᠤᠶᠤᠯ ᠢᠶᠡᠨ ᠨᠠᠨᠳᠢᠩᠨᠠᠨ ᠡᠷᠬᠢᠮᠯᠡᠵᠦ᠂ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠲᠠᠰᠤᠷᠠᠯᠲᠠ ᠦᠭᠡᠢ ᠬᠦᠭ᠍ᠵᠢᠬᠦᠯᠦᠨ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠠᠭᠤᠤ ᠶᠡᠬᠡ ᠲᠤᠭ ᠢ ᠦᠨᠳᠦᠷ ᠮᠠᠨᠲᠤᠭᠤᠯᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠢᠢᠭᠤᠯᠤᠯ ᠤᠨ ᠢᠲᠡᠭᠡᠯ᠂ ᠰᠤᠶᠤᠯ ᠤᠨ ᠢᠲᠡᠭᠡᠯ ᠢᠶᠡᠨ ᠪᠠᠲᠤᠳᠬᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠵᠠᠮ ᠱᠤᠭᠤᠮ᠂ ᠦᠨᠳᠦᠰᠦᠨ ᠠᠷᠭ᠎ᠠ ᠪᠤᠲᠤᠯᠭ᠎ᠠ ᠶᠢ ᠲᠤᠤᠱᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

    ᠶᠡᠬᠡ ᠬᠤᠷᠠᠯ ᠡᠴᠡ᠂ ᠲᠤᠮᠲᠠᠲᠦ ᠶᠢᠨ ᠦᠨᠲᠦᠰᠦᠳᠡᠨ ᠤ ᠠᠭᠤᠤ ᠶᠡᠬᠡ ᠰᠡᠷᠬᠦᠨ ᠮᠠᠨᠲᠤᠯᠲᠠ ᠶᠢ ᠪᠡᠶᠡᠯᠡᠬᠦᠯᠬᠦ ᠪᠤᠯ ᠤᠷᠴᠢᠨ ᠦᠶ᠎ᠠ ᠡᠴᠡ ᠨᠠᠰᠢᠬᠢ ᠲᠤᠮᠲᠠᠲᠤ ᠶᠢᠨ ᠦᠨᠳᠦᠰᠦᠲᠡᠨ ᠤ ᠬᠠᠮᠤᠭ ᠤᠨ ᠠᠭᠤᠤ ᠶᠡᠬᠡ ᠬᠦᠰᠡᠯ ᠵᠡᠬᠦᠲᠦ ᠪᠤᠯᠤᠨ᠎ᠠ᠂ ᠮᠠᠨ ᠤ ᠨᠠᠮ ᠤᠨ ᠠᠷᠠᠳ ᠲᠦᠮᠡᠨ ᠪᠠ ᠲᠡᠦᠬᠡ ᠳ᠋ᠤ ᠬᠢᠭ᠍ᠰᠡᠨ ᠲᠦᠪ ᠴᠢᠩᠭ᠋᠎ᠠ ᠠᠮᠠᠯᠠᠯᠲᠠ ᠮᠦᠨ ᠭᠡᠵᠦ ᠦᠵᠡᠪᠡ᠃ ᠶᠡᠬᠡ ᠬᠤᠷᠠᠯ ᠡᠴᠡ᠂ ᠨᠠᠮ ᠤᠨ ᠲᠦᠷᠢᠮ ᠳ᠋ᠤ 《ᠬᠤᠤᠰ ᠵᠠᠭᠤᠨ ᠵᠢᠯ》 ᠤᠨ ᠲᠡᠮᠡᠴᠡᠬᠦ ᠬᠠᠷᠠᠯᠲᠠ᠂ ᠲᠤᠮᠲᠠᠲᠤ ᠶᠢᠨ ᠦᠨᠳᠦᠰᠦᠲᠡᠨ ᠤ ᠠᠭᠤᠤ ᠶᠡᠬᠡ ᠰᠡᠷᠬᠦᠨ ᠮᠠᠨᠲᠤᠯᠲᠠ ᠶᠢᠨ ᠲᠤᠮᠲᠠᠲᠤ ᠶᠢᠨ ᠵᠡᠬᠦᠲᠦ ᠶᠢ ᠲᠡᠷᠭᠡᠯᠰᠢᠬᠦᠯᠬᠦ ᠠᠭᠤᠤ ᠶᠡᠬᠡ ᠬᠠᠷᠠᠯᠲᠠ ᠶᠢ ᠲᠤᠲᠤᠷᠬᠠᠶᠢᠯᠠᠬᠤ ᠶᠢ ᠵᠦᠪᠰᠢᠶᠡᠷᠡᠭᠰᠡᠨ ᠪᠠᠶᠢᠨ᠎ᠠ᠃

    ᠶᠡᠬᠡ ᠬᠤᠷᠠᠯ ᠡᠴᠡ᠂ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠳ᠋ᠤ ᠲᠤᠷᠠᠲᠤᠭᠰᠠᠨ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠨᠢᠭᠡᠨᠲᠡ ᠠᠷᠠᠳ ᠲᠦᠮᠡᠨ ᠤ ᠡᠲᠦᠷ ᠢᠷᠡᠬᠦᠶ᠎ᠡ ᠨᠡᠮᠡᠭᠲᠡᠵᠦ ᠪᠠᠶᠢᠭ᠎ᠠ ᠰᠠᠶᠢᠨ ᠰᠠᠶᠢᠬᠠᠨ ᠠᠮᠢᠲᠤᠷᠠᠯ ᠤᠨ ᠬᠡᠷᠡᠭᠴᠡᠭᠡ ᠪᠠ ᠲᠡᠩᠴᠡᠬᠦᠷᠢ ᠦᠭᠡᠢ ᠭᠦᠢᠴᠡᠳ ᠦᠭᠡᠢ ᠬᠦᠭ᠍ᠵᠢᠯᠲᠠ ᠶᠢᠨ ᠬᠤᠭᠤᠷᠤᠨᠲᠤᠬᠢ ᠵᠦᠷᠢᠴᠡᠯ ᠪᠤᠯᠵᠤ ᠬᠤᠪᠢᠷᠠᠭᠰᠠᠨ ᠴᠢᠬᠤᠯᠠ ᠶᠡᠬᠡ ᠤᠯᠤᠰ ᠲᠦᠷᠦ ᠶᠢᠨ ᠮᠠᠭᠠᠳᠯᠠᠯᠲᠠ ᠨᠢ ᠮᠠᠨ ᠤ ᠤᠯᠤᠰ ᠤᠨ ᠨᠡᠶᠢᠭᠡᠮ ᠤᠨ ᠬᠦᠭ᠍ᠵᠢᠯᠲᠠ ᠶᠢᠨ ᠪᠤᠰᠤᠳᠴᠢ ᠪᠠᠶᠢᠲᠠᠯ ᠢ ᠲᠤᠰᠬᠠᠵᠤ᠂ ᠨᠠᠮ ᠪᠠ ᠤᠯᠤᠰ ᠤᠨ ᠲᠦᠷᠦ ᠶᠢᠨ ᠪᠤᠲᠤᠯᠭ᠎ᠠ ᠴᠢᠭᠯᠡᠯᠲᠡ ᠪᠠ ᠤᠷᠲᠤ ᠬᠤᠭᠤᠴᠠᠭᠠᠨ ᠤ ᠪᠠᠶᠢᠯᠲᠤᠬᠤ ᠪᠤᠲᠤᠯᠭ᠎ᠠ ᠶᠢ ᠲᠤᠭᠲᠠᠭᠠᠬᠤ ᠴᠢᠬᠤᠯᠠ ᠦᠨᠳᠦᠰᠦᠯᠡᠯ ᠪᠤᠯᠵᠠᠢ᠃ ᠡᠭᠦᠨ ᠢ ᠦᠨᠳᠦᠰᠦᠯᠡᠵᠦ ᠨᠠᠮ ᠤᠨ ᠲᠦᠷᠢᠮ ᠳ᠋ᠤ ᠵᠠᠰᠠᠪᠤᠷᠢ ᠤᠷᠤᠭᠤᠯᠤᠭᠰᠠᠨ ᠨᠢ ᠮᠠᠨ ᠤ ᠤᠯᠤᠰ ᠤᠨ ᠬᠦᠭ᠍ᠵᠢᠯᠲᠠ ᠶᠢᠨ ᠰᠢᠨ᠎ᠡ ᠲᠡᠦᠬᠡᠨ ᠤᠷᠤᠨ ᠪᠠᠶᠢᠷᠢ ᠪᠠ ᠱᠠᠲᠤ ᠦᠶᠡᠴᠢ ᠴᠢᠨᠠᠷᠲᠠᠢ ᠤᠨᠴᠠᠯᠢᠭ ᠢ ᠡᠵᠡᠮᠲᠡᠬᠦ᠂ ᠨᠠᠮ ᠪᠠ ᠲᠦᠷᠦ ᠶᠢᠨ ᠦᠢᠯᠡᠰ ᠢ ᠨᠡᠩ ᠰᠠᠶᠢᠨ ᠠᠬᠢᠭᠤᠯᠬᠤ ᠳ᠋ᠤ ᠴᠢᠬᠤᠯᠠ ᠵᠢᠯᠤᠭᠤᠲᠤᠯᠭ᠎ᠠ ᠪᠤᠯᠤᠭᠰᠠᠨ ᠪᠠᠶᠢᠨ᠎ᠠ ᠭᠡᠵᠦ ᠦᠵᠡᠪᠡ᠃

    ᠶᠡᠬᠡ ᠬᠤᠷᠠᠯ ᠡᠴᠡ᠂ ᠠᠷᠠᠳ ᠲᠦᠮᠡᠨ ᠢᠶᠡᠷ ᠭᠤᠤᠯ ᠪᠤᠯᠭᠠᠬᠤ ᠬᠦᠭ᠍ᠵᠢᠯᠲᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠰᠢᠨ᠎ᠡ ᠶᠢ ᠡᠭᠦᠳᠬᠦ ᠵᠤᠬᠢᠴᠠᠩᠭ᠋ᠤᠢ᠂ ᠪᠤᠬᠢᠷᠲᠤᠯ ᠦᠭᠡᠢ᠂ ᠨᠡᠬᠡᠬᠡᠯᠲᠡᠲᠡᠢ᠂ ᠬᠠᠮᠲᠤᠪᠡᠷ ᠡᠳ᠋ᠯᠡᠬᠦ ᠬᠦᠭ᠍ᠵᠢᠯᠲᠠ ᠶᠢᠨ ᠤᠶᠢᠯᠠᠭᠠᠬᠲᠠᠬᠤᠨ ᠢ ᠪᠠᠷᠢᠮᠲᠠᠯᠠᠵᠤ᠂ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠡᠷ ᠪᠡᠶᠡᠯᠡᠬᠦᠯᠬᠦ᠂ ᠦᠭᠡᠷᠡᠴᠢᠯᠡᠯᠲᠡ ᠶᠢ ᠪᠦᠬᠦ ᠲᠠᠯ᠎ᠠ ᠪᠡᠷ ᠭᠦᠨᠵᠡᠭᠡᠶᠢᠷᠡᠬᠦᠯᠬᠦ᠂ ᠪᠦᠬᠦ ᠲᠠᠯ᠎ᠠ ᠪᠡᠷ ᠬᠠᠦᠯᠢ ᠪᠠᠷ ᠤᠯᠤᠰ ᠢᠶᠡᠨ ᠵᠠᠰᠠᠬᠤ᠂ ᠪᠦᠬᠦ ᠲᠠᠯ᠎ᠠ ᠪᠡᠷ ᠨᠠᠮ ᠢ ᠴᠢᠩᠭ᠋᠎ᠠ ᠵᠠᠰᠠᠬᠤ ᠶᠢ ᠵᠤᠬᠢᠴᠠᠩᠭ᠋ᠤᠢ ᠠᠬᠢᠭᠤᠯᠵᠤ᠂ ᠨᠡᠶᠢᠭᠡᠮ ᠵᠢᠷᠦᠮ ᠤᠨ ᠤᠲᠤᠬᠢᠴᠢᠯᠠᠭᠰᠠᠨ ᠬᠦᠴᠦᠷᠬᠡᠭ᠌ ᠤᠯᠤᠰ ᠢ ᠪᠦᠬᠦ ᠲᠠᠯ᠎ᠠ ᠪᠡᠷ ᠪᠦᠲᠦᠭᠡᠨ ᠪᠠᠶᠢᠭᠤᠯᠬᠤ ᠨᠢ ᠮᠠᠨ ᠤ ᠨᠠᠮ ᠤᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠢ ᠪᠠᠷᠢᠮᠲᠠᠯᠠᠵᠤ ᠬᠦᠭ᠍ᠵᠢᠬᠦᠯᠬᠦ ᠦᠨᠳᠦᠰᠦᠨ ᠬᠠᠷᠠᠯᠲᠠ᠂ ᠬᠦᠭ᠍ᠵᠢᠯᠲᠠ ᠶᠢᠨ ᠤᠶᠢᠯᠠᠭᠠᠬᠲᠠᠬᠤᠨ᠂ ᠪᠠᠶᠢᠯᠲᠤᠬᠤ ᠪᠤᠲᠤᠯᠭ᠎ᠠ ᠶᠢᠨ ᠪᠠᠶᠢᠷᠢᠰᠢᠯᠠᠭᠤᠯᠤᠯᠲᠠ᠂ ᠪᠠᠶᠢᠯᠲᠤᠬᠤ ᠪᠤᠲᠤᠯᠭ᠎ᠠ ᠶᠢᠨ ᠬᠠᠷᠠᠯᠲᠠ ᠶᠢ ᠲᠤᠰᠬᠠᠭᠰᠠᠨ ᠪᠠᠶᠢᠨ᠎ᠠ᠃ ᠤᠯᠤᠰ ᠠᠷᠠᠳ ᠤᠨ ᠠᠵᠤ ᠠᠬᠤᠢ ᠶᠢᠨ ᠨᠡᠩ ᠶᠠᠰᠤ ᠴᠢᠨᠠᠷ ᠲᠠᠢ᠂ ᠨᠡᠩ ᠦᠷ᠎ᠠ ᠠᠰᠢᠭ ᠲᠠᠢ᠂ ᠨᠡᠩ ᠲᠦᠪ ᠭᠤᠤᠯᠴᠢ᠂ ᠨᠡᠩ ᠦᠷᠬᠦᠯᠵᠢᠯᠡᠨ ᠬᠦᠭ᠍ᠵᠢᠬᠦ ᠶᠢ ᠲᠦᠯᠬᠢᠨ ᠠᠬᠢᠭᠤᠯᠵᠤ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠪᠠᠶᠢᠭᠤᠯᠤᠯ ᠢ ᠳᠡᠬᠦᠯᠳᠡᠷᠵᠢᠬᠦᠯᠦᠨ ᠬᠦᠭ᠍ᠵᠢᠬᠦᠯᠵᠦ᠂ ᠤᠯᠤᠰ ᠤᠨ ᠵᠠᠰᠠᠯᠳᠠ ᠵᠢᠨ ᠰᠢᠰᠲ᠋ᠧᠮ ᠪᠡ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠡᠯᠳᠡ ᠵᠢ ᠳᠦᠯᠬᠢᠨ ᠠᠬᠢᠭᠤᠯᠵᠦ᠂ ᠦᠬᠡᠷᠡᠴᠢᠯᠡᠯᠳᠡ ᠵᠢᠨ ᠰᠢᠰᠲ᠋ᠧᠮᠳᠦ ᠴᠢᠨᠡᠷ᠋᠂ ᠪᠦᠬᠦᠯᠢ ᠴᠤᠭᠴᠠᠳᠦ ᠴᠢᠨᠡᠷ᠋᠂ ᠵᠤᠬᠢᠴᠠᠨᠭᠭᠤᠢ ᠴᠢᠨᠡᠷ᠋ ᠵᠡᠷᠬᠡ ᠠᠭᠤᠯᠭ᠎ᠠ ᠶᠢ ᠨᠠᠮ ᠤᠨ ᠳᠦᠷᠢᠮ ᠳ᠋ᠤ ᠪᠢᠴᠢᠨ ᠤᠷᠤᠭᠤᠯᠬᠤ ᠶᠢ ᠨᠡᠩ ᠬᠦᠨᠳᠦᠳᠬᠡᠨ ᠴᠢᠬᠤᠯᠠᠴᠢᠯᠡᠵᠤ᠂ ᠪᠦᠬᠦ ᠨᠠᠮ ᠢᠶᠡᠷ ᠢᠶᠡᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠲᠡᠭᠡᠷ᠎ᠡ ᠨᠢᠭᠡᠳᠭᠡᠵᠦ᠂ ᠰᠢᠨ᠎ᠡ ᠬᠦᠭ᠍ᠵᠢᠯᠲᠠ ᠶᠢᠨ ᠤᠶᠢᠯᠠᠭᠠᠭᠲᠠᠬᠤᠨ ᠢ ᠪᠤᠢ ᠪᠤᠯᠭᠠᠬᠤ ᠪᠠ ᠦᠢᠯᠡᠳᠦᠯᠭᠡᠵᠢᠬᠦᠯᠦᠨ᠂ ᠦᠭᠡᠷᠡᠴᠢᠯᠡᠯᠲᠡ ᠬᠦᠭ᠍ᠵᠢᠯᠲᠠ ᠶᠢᠨ ᠰᠢᠨ᠎ᠡ ᠪᠠᠶᠢᠲᠠᠯ ᠢ ᠲᠠᠰᠤᠷᠠᠯᠲᠠ ᠦᠭᠡᠢ ᠨᠡᠬᠡᠬᠡᠬᠦ ᠶᠢ ᠠᠬᠢᠭᠤᠯᠬᠤ ᠳ᠋ᠤ ᠠᠰᠢᠭᠲᠠᠢ ᠭᠡᠵᠦ ᠦᠵᠡᠪᠡ᠃

    ᠶᠡᠬᠡ ᠬᠤᠷᠠᠯ ᠡᠴᠡ᠂ ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠨᠢ ᠠᠵᠤ ᠠᠬᠤᠢ ᠶᠢᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠪᠡᠷ ᠰᠢᠷᠢᠰ ᠰᠢᠨ᠎ᠡ ᠤᠶᠢᠯᠠᠭᠠᠭᠲᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠲᠤᠬᠤ ᠪᠤᠲᠤᠯᠭ᠎ᠠ ᠲᠤᠷᠠᠲᠤᠭᠰᠠᠨ ᠶᠤᠮ ᠭᠡᠵᠦ ᠦᠵᠡᠪᠡ᠃ ᠶᠡᠬᠡ ᠬᠤᠷᠠᠯ ᠡᠴᠡ᠂ ᠵᠠᠬ᠎ᠠ ᠲᠡᠯᠭᠡᠭᠦᠷ ᠤᠨ ᠡᠬᠢ ᠪᠠᠶᠠᠯᠢᠭ ᠤᠨ ᠲᠤᠬᠢᠷᠠᠭᠤᠯᠤᠯᠲᠠ ᠲᠤᠮᠲᠠᠬᠢ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠪᠠᠲᠠᠷᠠᠭᠤᠯᠵᠤ᠂ ᠵᠠᠰᠠᠭ ᠤᠨ ᠤᠷᠳᠦᠨ ᠤ ᠦᠢᠯᠡᠳᠦᠯ ᠢ ᠨᠡᠩ ᠰᠠᠢᠢᠨ ᠪᠠᠳᠠᠷᠠᠭᠤᠯᠤᠨ᠂ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠵᠢᠨ ᠴᠢᠨᠡᠷᠳᠡᠢ ᠦᠬᠡᠷᠡᠴᠢᠯᠡᠯᠳᠡ ᠶᠢ ᠳᠦᠯᠬᠢᠨ ᠠᠬᠢᠭᠤᠯᠵᠦ᠂ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠢᠢᠭᠤᠯᠤᠨ᠂ ᠵᠦᠪᠯᠡᠬᠦ ᠠᠷᠠᠳᠴᠢᠯᠡᠯ ᠤᠨ ᠦᠷᠬᠡᠨ ᠳᠡᠯᠬᠡᠷ᠋᠂ ᠤᠯᠠᠨ ᠳᠠᠪᠬᠤᠷᠭᠠᠳᠦ᠂ ᠳᠦᠷᠢᠮᠵᠢᠭᠰᠡᠨ ᠬᠦᠭ᠍ᠵᠢᠯᠳᠡ ᠵᠢ ᠠᠬᠢᠭᠤᠯᠤᠨ᠂ ᠨᠠᠢᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠬᠦᠮᠦᠵᠢᠬᠦᠯᠦᠨ ᠦᠢᠯᠡᠳᠦᠯᠬᠡᠵᠢᠬᠦᠯᠵᠤ᠂ ᠳᠤᠮᠳᠠᠳᠦ ᠶᠢᠨ ᠦᠨᠳᠦᠰᠦᠳᠡᠨ ᠤ ᠰᠢᠯᠢᠳᠡᠭ ᠤᠯᠠᠮᠵᠢᠯᠡᠯᠳᠦ ᠰᠤᠶᠤᠯ ᠤᠨ ᠪᠦᠳᠦᠬᠡᠯᠴᠢ ᠴᠢᠨᠡᠷ᠋ ᠲᠠᠢ ᠤᠯᠠᠷᠢᠯᠳᠡ᠂ ᠪᠦᠳᠦᠬᠡᠯᠴᠢ ᠴᠢᠨᠠᠷ᠋ ᠲᠠᠢ ᠬᠦᠭ᠍ᠵᠢᠯᠳᠡ ᠶᠢ ᠠᠬᠢᠭᠤᠯᠵᠤ᠂ ᠬᠤᠪᠢᠰᠬᠠᠯ ᠤᠨ ᠰᠤᠶᠤᠯ ᠢ ᠵᠠᠯᠭᠠᠮᠵᠢᠯᠠᠨ᠂ ᠨᠡᠢᠢᠬᠡᠮ ᠵᠢᠷᠤᠮ ᠤᠨ ᠲᠡᠷᠢᠬᠦᠨ ᠤ ᠰᠤᠶᠤᠯ ᠢ ᠬᠦᠭ᠍ᠵᠢᠬᠦᠯᠵᠦ᠂ ᠤᠯᠤᠰ ᠤᠨ ᠰᠤᠶᠤᠯ ᠤᠨ ᠵᠦᠭᠡᠯᠡᠨ ᠪᠤᠲᠠᠲᠤ ᠬᠦᠴᠦᠨ ᠢ ᠲᠡᠭᠡᠭ᠍ᠰᠢᠯᠡᠬᠦᠯᠦᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠲᠤᠷᠢᠳᠬᠤ ᠡᠷᠬᠡ ᠶᠢ ᠪᠠᠲᠤ ᠡᠵᠡᠮᠲᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠲᠡᠯ ᠢ ᠲᠠᠰᠤᠷᠠᠯᠲᠠ ᠦᠭᠡᠢ ᠴᠢᠩᠭ᠋ᠠᠳᠬᠠᠨ ᠰᠢᠨᠡᠴᠢᠯᠡᠵᠦ᠂ ᠶᠡᠷᠦᠩᠬᠡᠶᠢᠯᠡᠭᠰᠡᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠬᠦᠬᠡᠮᠲᠦᠭ ᠨᠤᠭᠤᠭᠠᠨ ᠠᠭᠤᠯᠠ ᠤᠰᠤ ᠪᠤᠯ ᠲᠠᠷᠤᠢ ᠠᠯᠲᠠ ᠮᠦᠩᠬᠦᠨ ᠠᠭᠤᠯᠠ ᠭᠡᠬᠦ ᠤᠬᠠᠮᠰᠠᠷ ᠢ ᠴᠢᠩᠭ᠋ᠠᠳᠬᠠᠬᠤ ᠵᠡᠷᠭᠡ ᠠᠭᠤᠯᠭ᠎ᠠ ᠶᠢ ᠨᠠᠮ ᠤᠨ ᠲᠦᠷᠢᠮ ᠳ᠋ᠤ ᠪᠢᠴᠢᠵᠦ ᠤᠷᠤᠭᠤᠯᠬᠤ ᠶᠢ ᠵᠦᠪᠰᠢᠶᠡᠷᠡᠵᠡᠢ᠃ ᠡᠢᠢᠨᠬᠦ ᠲᠡᠬᠦᠯᠳᠡᠷᠵᠢᠭᠦᠯᠦᠭᠰᠡᠨ ᠨᠢ᠂ ᠪᠦᠬᠦ ᠨᠠᠮ ᠢᠶᠡᠷ ᠢᠶᠡᠨ ᠨᠡᠩ ᠤᠬᠠᠮᠰᠠᠷ᠋ ᠡᠴᠡ ᠪᠠᠨ᠂ ᠨᠡᠩ ᠭᠤᠢᠢᠪᠢᠰᠢ ᠦᠬᠡᠢ ᠪᠡᠷ᠋ ᠨᠠᠮ ᠤᠨ ᠦᠨᠳᠦᠰᠦᠨ ᠤᠨᠤᠯ᠂ ᠦᠨᠳᠦᠰᠦᠨ ᠵᠠᠮ ᠱᠤᠭᠤᠮ᠂ ᠦᠨᠳᠦᠰᠦᠨ ᠠᠷᠭ᠎ᠠ ᠪᠤᠲᠤᠯᠭ᠎ᠠ ᠶᠢ ᠳᠤᠤᠱᠯᠠᠭᠤᠯᠵᠦ᠂《ᠳᠠᠪᠤ ᠶᠢ ᠨᠢᠬᠡ ᠴᠤᠭᠴᠠᠵᠢᠭᠤᠯᠬᠤ》ᠶᠡᠷᠦᠩᠬᠡᠢ ᠪᠠᠢᠢᠷᠢᠰᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠤᠨ ᠠᠬᠢᠭᠤᠯᠬᠤ ᠳ᠋ᠤ ᠮᠠᠰᠢ ᠴᠢᠬᠤᠯᠡ ᠦᠢᠯᠡᠳᠦᠯ ᠲᠠᠢ ᠶᠤᠮ ᠭᠡᠪᠡ᠃

    ᠶᠡᠬᠡ ᠬᠤᠷᠡᠯ ᠡᠴᠡ᠂ ᠨᠠᠮ ᠤᠨ ᠠᠷᠪᠡᠨ ᠨᠠᠶ᠋ᠮᠠᠲᠤᠭᠠᠷ ᠶᠡᠬᠡ ᠬᠤᠷᠡᠯ ᠡᠴᠡ ᠨᠠᠰᠢ᠂ ᠰᠢ ᠵᠢᠨ ᠫᠢᠩ ᠨᠦᠬᠦᠷ᠋ ᠡᠴᠡ ᠤᠯᠤᠰ ᠤᠨ ᠪᠠᠳᠤᠯᠠᠨ ᠬᠠᠮᠠᠭᠠᠯᠠᠯᠳᠠ ᠪᠡ ᠴᠡᠷᠢᠭ ᠠᠩᠬᠢ ᠶᠢᠨ ᠪᠠᠢᠢᠭᠤᠯᠤᠯᠳᠠ᠂ ᠦᠨᠳᠦᠰᠦᠳᠡᠨ ᠤ ᠪᠦᠯᠬᠦᠮᠳᠡᠯ᠂《ᠨᠢᠬᠡ ᠤᠯᠤᠰ ᠲᠤ ᠬᠤᠶᠡᠷ᠋ ᠪᠠᠢᠢᠭᠤᠯᠤᠯ ᠢ᠋ ᠬᠡᠷᠡᠭᠵᠢᠬᠦᠯᠬᠦ》ᠪᠤᠯᠤᠨ ᠡᠬᠡ ᠤᠯᠤᠰ ᠤᠨ ᠨᠢᠭᠡᠳᠤᠯ᠂ ᠨᠢᠬᠡᠳᠦᠮᠡᠯ ᠹᠷᠤᠨᠲ᠂ ᠭᠠᠳᠠᠭᠠᠳᠤ ᠬᠠᠷᠢᠯᠴᠠᠭᠠᠨ ᠤ᠋ ᠠᠵᠢᠯ ᠳ᠋ᠤ ᠰᠢᠷᠢᠰ ᠴᠢᠬᠤᠯᠡ ᠦᠵᠡᠯ ᠰᠠᠨᠠᠭ᠎ᠠ ᠦᠵᠡᠯᠳᠡ ᠵᠢ ᠳᠤᠷᠠᠳᠴᠦ᠂ ᠳᠤᠮᠳᠠᠳᠦ ᠤᠯᠤᠰ ᠤᠨ ᠤᠨᠴᠠᠯᠢᠭ ᠲᠠᠢ ᠴᠡᠷᠢᠭ ᠢᠶᠡᠨ ᠬᠦᠴᠦᠷᠭᠡᠭ᠍ᠵᠢᠬᠦᠯᠬᠦ ᠵᠠᠮ ᠶᠢᠡᠷ ᠵᠠᠮᠨᠠᠬᠤ ᠶᠢ ᠪᠠᠷᠢᠮᠳᠠᠯᠬᠤ᠂ ᠡᠷᠭᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠤᠬᠢᠴᠠᠨᠭᠭᠤᠢ ᠨᠡᠢᠢᠬᠡᠮ ᠵᠢᠷᠤᠮ ᠤᠨ ᠦᠨᠳᠦᠰᠦᠳᠡᠨ ᠤ᠋ ᠬᠠᠷᠢᠴᠠᠭ᠎᠎ᠠ ᠶᠢ ᠬᠠᠮᠠᠭᠠᠯᠠᠨ ᠬᠦᠭ᠍ᠵᠢᠬᠦᠯᠬᠦ᠂ ᠡᠬᠡ ᠤᠯᠤᠰ ᠤᠨ ᠨᠢᠭᠡᠳᠤᠯ ᠢ᠋ ᠠᠬᠢᠭᠤᠯᠬᠤ᠂ ᠬᠦᠮᠦᠨ ᠳᠦᠷᠦᠯᠬᠢᠳᠡᠨ ᠤ᠋᠋ ᠬᠤᠪᠢ ᠵᠠᠶᠠᠭᠠᠨ ᠤ᠋ ᠬᠠᠮᠳᠦ ᠵᠢᠨ ᠴᠤᠭᠴᠠ ᠢᠢ ᠪᠠᠢᠢᠭᠤᠯᠬᠤ ᠵᠢ ᠳᠦᠯᠬᠢᠨ ᠠᠬᠢᠭᠤᠯᠬᠤ ᠴᠢᠭᠯᠡᠯ ᠢ ᠤᠯᠠᠮ ᠨᠢᠭᠡ ᠠᠯᠬᠤᠮ ᠲᠤᠲᠤᠷᠬᠠᠶᠢᠯᠠᠭᠰᠠᠨ ᠪᠠᠶᠢᠨ᠎ᠠ ᠭᠡᠵᠦ ᠦᠵᠡᠪᠡ᠃

    ᠶᠡᠬᠡ ᠬᠤᠷᠠᠯ ᠡᠴᠡ ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠠᠳ ᠤᠨ ᠴᠢᠯᠦᠭᠡᠯᠡᠬᠦ ᠴᠡᠷᠢᠭ ᠪᠠ ᠪᠤᠰᠤᠳ ᠠᠷᠠᠳ ᠤᠨ ᠵᠡᠪᠰᠡᠭᠲᠦ ᠬᠦᠴᠦᠨ ᠳ᠋ᠡᠬᠢ ᠬᠠᠷᠢᠴᠠᠯᠠᠰᠢ ᠦᠭᠡᠢ ᠤᠲᠤᠷᠢᠲᠤᠯᠭ᠎ᠠ ᠶᠢ ᠪᠠᠷᠢᠮᠲᠠᠯᠠᠵᠤ᠂ ᠰᠢ ᠵᠢᠨ ᠫᠢᠩ ᠤᠨ ᠴᠡᠷᠢᠭ ᠶᠢᠡᠨ ᠬᠦᠴᠦᠷᠬᠡᠭ᠍ᠵᠢᠬᠦᠯᠬᠦ ᠦᠵᠡᠯ ᠰᠠᠨᠠᠭ᠎ᠠ ᠶᠢ ᠲᠤᠤᠱᠯᠠᠭᠤᠯᠤᠨ᠂ ᠤᠯᠤᠰ ᠲᠦᠷᠦ ᠪᠡᠷ ᠴᠡᠷᠢᠭ ᠢ ᠪᠠᠶᠢᠭᠤᠯᠬᠤ᠂ ᠦᠭᠡᠷᠡᠴᠢᠯᠡᠯᠲᠡ ᠪᠡᠷ ᠴᠡᠷᠢᠭ ᠢᠶᠡᠨ ᠬᠦᠴᠦᠷᠬᠡᠭ᠍ᠵᠢᠬᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠡᠷ ᠴᠡᠷᠢᠭ ᠢᠶᠡᠨ ᠮᠠᠨᠲᠤᠭᠤᠯᠬᠤ᠂ ᠬᠠᠦᠯᠢ ᠪᠡᠷ ᠴᠡᠷᠢᠭ ᠢᠶᠡᠨ ᠵᠠᠰᠠᠬᠤ ᠶᠢ ᠪᠠᠷᠢᠮᠲᠠᠯᠠᠵᠤ᠂ ᠨᠢᠭᠡᠨ ᠨᠠᠮ ᠤᠨ ᠵᠢᠯᠤᠭᠤᠲᠤᠯᠭ᠎ᠠ ᠶᠢ ᠲᠠᠭᠠᠬᠤ᠂ ᠢᠯᠭᠤᠭᠰᠠᠨ ᠲᠠᠶᠢᠨ ᠬᠢᠵᠦ ᠴᠢᠲᠠᠬᠤ᠂ ᠰᠢᠯᠢᠲᠡᠭ ᠰᠠᠶᠢᠨ ᠬᠡᠪ ᠰᠤᠷᠲᠠᠯ ᠲᠠᠢ ᠠᠷᠠᠳ ᠤᠨ ᠴᠡᠷᠢᠭ ᠠᠩᠬᠢ ᠶᠢ ᠪᠠᠶᠢᠭᠤᠯᠵᠤ᠂ ᠠᠷᠠᠳ ᠤᠨ ᠴᠢᠯᠦᠭᠡᠯᠡᠬᠦ ᠴᠡᠷᠢᠭ ᠤᠨ ᠰᠢᠨ᠎ᠡ ᠴᠠᠭ ᠦᠶ᠎ᠠ ᠶᠢᠨ ᠴᠡᠷᠢᠭ ᠠᠩᠬᠢ ᠶᠢᠨ ᠡᠭᠦᠷᠭᠡ ᠲᠤᠰᠢᠶᠠᠯ ᠢᠶᠡᠨ ᠪᠦᠲᠦᠮᠵᠢᠲᠡᠢ ᠭᠦᠢᠴᠡᠳᠭᠡᠬᠦ ᠶᠢ ᠦᠨᠡᠨᠬᠦ ᠪᠠᠲᠤᠯᠠᠬᠤ ; ᠲᠤᠮᠲᠠᠲᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠡᠬᠢ ᠴᠤᠭᠴᠠᠯᠠᠬᠤ ; ᠵᠦᠪ ᠤᠨᠤᠪᠴᠢᠲᠠᠢ ᠠᠰᠢᠭ ᠲᠤᠰᠠ ᠶᠢᠨ ᠦᠵᠡᠯᠲᠡ ᠶᠢ ᠪᠠᠷᠢᠮᠲᠠᠯᠠᠵᠤ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠵᠤ᠂ ᠬᠠᠮᠲᠤᠪᠡᠷ ᠵᠦᠪᠲᠡᠯᠴᠡᠵᠦ ᠬᠠᠮᠲᠤᠪᠡᠷ ᠪᠠᠶᠢᠭᠤᠯᠬᠤ ᠬᠠᠮᠲᠤᠪᠡᠷ ᠡᠳ᠋ᠯᠡᠬᠦ ᠵᠠᠷᠴᠢᠮ ᠢ ᠵᠢᠷᠤᠮᠯᠠᠵᠤ᠂ 《 ᠨᠢᠭᠡ ᠪᠦᠰᠡ ᠨᠢᠭᠡ ᠵᠠᠮ》 ᠤᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠭᠤᠯᠭ᠎ᠠ ᠶᠢ ᠨᠠᠮ ᠤᠨ ᠲᠦᠷᠢᠮ ᠳ᠋ᠤ ᠪᠢᠴᠢᠨ ᠤᠷᠤᠭᠤᠯᠬᠤ ᠶᠢ ᠵᠦᠪᠰᠢᠶᠡᠷᠡᠪᠡ᠃ ᠡᠲᠡᠭᠡᠷ ᠠᠭᠤᠯᠭ᠎ᠠ ᠶᠢ ᠲᠡᠭᠦᠯᠲᠡᠷᠵᠢᠬᠦᠯᠦᠭᠰᠡᠨ ᠨᠢ᠂ ᠨᠠᠮ ᠤᠨ ᠠᠷᠠᠳ ᠤᠨ ᠴᠡᠷᠢᠭ ᠠᠩᠬᠢ ᠳ᠋ᠡᠬᠢ ᠬᠠᠷᠢᠴᠠᠯᠠᠰᠢ ᠦᠭᠡᠢ ᠤᠲᠤᠷᠢᠲᠤᠯᠭ᠎ᠠ ᠶᠢ ᠴᠢᠩᠭ᠋ᠠᠳᠬᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠤᠲᠤᠬᠢᠴᠢᠯᠠᠯᠲᠠ ᠶᠢᠨ ᠬᠢᠷᠢ ᠲᠦᠪᠰᠢᠨ ᠢ ᠲᠡᠭᠡᠭ᠍ᠰᠢᠯᠡᠬᠦᠯᠬᠦ᠂ ᠦᠨᠳᠦᠰᠦᠲᠡᠨ ᠤ ᠪᠦᠯᠬᠦᠮᠲᠡᠯ ᠢ ᠴᠢᠩᠭ᠋ᠠᠳᠬᠠᠬᠤ᠂ ᠮᠠᠨ ᠤ ᠤᠯᠤᠰ ᠤᠨ ᠨᠡᠬᠡᠬᠡᠯᠲᠡᠲᠦ ᠬᠡᠯᠪᠡᠷᠢ ᠶᠢᠨ ᠠᠵᠤ ᠠᠬᠤᠢ ᠶᠢᠨ ᠲᠦᠪᠰᠢᠨ ᠢ ᠲᠡᠭᠡᠭ᠍ᠰᠢᠯᠡᠬᠦᠯᠬᠦ ᠳ᠋ᠤ ᠠᠰᠢᠭᠲᠠᠢ ᠶᠤᠮ ᠭᠡᠪᠡ᠃

    ᠶᠡᠬᠡ ᠬᠤᠷᠠᠯ ᠡᠴᠡ᠂ ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢ᠂ ᠮᠠᠨ ᠤ ᠨᠠᠮ ᠪᠦᠬᠦ ᠲᠠᠯ᠎ᠠ ᠪᠡᠷ ᠨᠠᠮ ᠢ ᠴᠢᠩᠭ᠋᠎ᠠ ᠵᠠᠰᠠᠬᠤ ᠶᠢ ᠯᠠᠪᠲᠠᠭᠤᠨ ᠪᠠᠲᠤᠲᠠᠢ ᠲᠦᠯᠬᠢᠨ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠴᠢᠨᠭᠭᠠᠳᠬᠠᠬᠤ ᠳᠠᠯ᠎ᠠ ᠪᠡᠷ ᠪᠦᠬᠦ ᠳᠠᠯ᠎ᠠ ᠶᠢᠨ ᠰᠦᠪᠡᠭ᠍ᠴᠢᠯᠡᠯᠳᠡ ᠬᠢᠵᠦ᠂ ᠮᠠᠰᠢ ᠤᠯᠠᠨ ᠠᠮᠵᠢᠯᠳᠡ ᠲᠠᠢ ᠳᠤᠷᠰᠢᠯᠭ᠎ᠠ ᠪᠡ ᠴᠢᠬᠤᠯᠡ ᠶᠡᠬᠡ ᠦᠷ᠎ᠠ ᠪᠦᠳᠦᠬᠡᠯ ᠤᠯᠵᠠᠢ᠂ ᠳᠡᠬᠦᠨ ᠢ ᠡᠷᠬᠡᠪᠰᠢ ᠴᠠᠭ ᠲᠤᠬᠠᠢ ᠳ᠋ᠤᠨᠢ ᠨᠠᠮ ᠤᠨ ᠳᠦᠷᠢᠮ  ᠳ᠋ᠤ ᠢᠯᠡᠷᠡᠬᠦᠯᠵᠦ᠂ ᠪᠦᠬᠦ ᠨᠠᠮ ᠤᠨ ᠬᠠᠮᠳᠦ ᠶᠢᠨ ᠵᠤᠷᠢᠭ ᠰᠠᠨᠠᠭ᠎ᠠ ᠪᠠ ᠬᠠᠮᠳᠦ ᠶᠢᠨ ᠵᠢᠷᠤᠮᠯᠠᠯ ᠪᠤᠯᠭᠠᠨ ᠤᠯᠠᠷᠢᠭᠤᠯᠬᠤ ᠬᠡᠷᠡᠭᠳᠡᠢ ᠬᠡᠵᠤ ᠦᠵᠡᠪᠡ᠃

    ᠶᠡᠬᠡ ᠬᠤᠷᠠᠯ ᠡᠴᠡ᠂ ᠨᠠᠮ ᠤᠨ ᠠᠷᠪᠡ ᠶᠢᠰᠦᠳᠦᠬᠡᠷ ᠶᠡᠬᠡ ᠬᠤᠷᠡᠯ ᠡᠴᠡ ᠲᠤᠬᠳᠠᠭᠠᠬᠰᠠᠨ ᠨᠠᠮ ᠨᠢ ᠨᠠᠮ ᠢᠶᠡᠨ ᠬᠠᠮᠢᠶᠠᠷᠬᠤ᠂ ᠪᠦᠬᠦ ᠳᠠᠯ᠎ᠠ ᠪᠡᠷ ᠨᠠᠮ ᠢ ᠴᠢᠨᠭᠭ᠎ᠠ ᠵᠠᠰᠠᠬᠤ ᠵᠢ ᠪᠠᠷᠢᠮᠳᠠᠯᠠᠵᠤ᠂ ᠨᠠᠮ ᠤᠨ ᠤᠷᠳᠦ ᠬᠤᠭᠤᠴᠠᠭᠠᠨ ᠤ ᠳᠦᠷᠦ ᠪᠡᠷᠢᠬᠤ ᠴᠢᠳᠡᠪᠦᠷᠢ ᠵᠢᠨ ᠪᠠᠢᠢᠭᠤᠯᠤᠯᠳᠠ᠂ ᠳᠡᠷᠢᠬᠦᠨ ᠤ ᠴᠢᠨᠡᠷ ᠪᠡ ᠴᠡᠪᠡᠷ ᠴᠢᠨᠡᠷ ᠤᠨ ᠪᠠᠢᠢᠭᠤᠯᠤᠯᠳᠠ ᠶᠢ ᠴᠢᠨᠭᠭᠠᠳᠬᠠᠵᠤ᠂ ᠨᠠᠮ ᠤᠨ ᠤᠯᠤᠰ ᠳᠦᠷᠦ ᠶᠢᠨ ᠪᠠᠢᠢᠭᠤᠯᠤᠯᠳᠠ ᠪᠡᠷ ᠨᠢᠭᠡᠳᠦᠯᠳᠡᠢ ᠤᠳᠤᠷᠢᠳᠤᠭᠤᠯᠵᠦ᠂ ᠨᠠᠮ ᠤᠨ ᠤᠯᠤᠰ ᠳᠦᠷᠦ ᠶᠢᠨ ᠪᠠᠢᠢᠭᠤᠯᠤᠯᠳᠠ᠂ ᠦᠵᠡᠯ ᠰᠠᠨᠠᠭ᠎ᠠ ᠶᠢᠨ ᠪᠠᠢᠢᠭᠤᠯᠤᠯᠳᠠ᠂ ᠵᠤᠬᠢᠶᠡᠨ ᠪᠠᠢᠢᠭᠤᠯᠤᠯᠳᠠ ᠶᠢᠨ ᠪᠠᠢᠢᠭᠤᠯᠤᠯᠳᠠ᠂ ᠰᠤᠷᠳᠠᠯ ᠤᠨ ᠪᠠᠢᠢᠭᠤᠯᠤᠯᠳᠠ᠂ ᠰᠠᠬᠢᠯᠭ᠎ᠠ ᠪᠠᠳᠦ ᠶᠢᠨ ᠪᠠᠢᠢᠭᠤᠯᠤᠯᠳᠠ ᠵᠢ ᠪᠦᠬᠦ ᠳᠠᠯ᠎ᠠ ᠪᠡᠷ ᠳᠦᠯᠬᠢᠨ ᠠᠬᠢᠭᠤᠯᠵᠦ᠂ ᠳᠦᠷᠢᠮ ᠤᠨ ᠪᠠᠢᠢᠭᠤᠯᠤᠯᠳᠠ ᠶᠢ ᠳᠡᠬᠦᠨ ᠤ ᠳᠤᠮᠳᠠ ᠳᠤᠤᠱᠯᠠᠭᠤᠯᠵᠦ᠂ ᠢᠯᠵᠢᠷᠡᠯ ᠢ ᠡᠰᠡᠷᠬᠦᠴᠡᠬᠦ ᠳᠡᠮᠡᠴᠡᠯ ᠢ ᠬᠦᠨᠵᠡᠬᠡᠢ ᠳᠦᠯᠬᠢᠨ ᠠᠬᠢᠭᠤᠯᠬᠤ ᠵᠡᠷᠬᠡ ᠠᠭᠤᠯᠭ᠎ᠠ ᠶᠢ ᠨᠠᠮ ᠤᠨ ᠳᠦᠷᠢᠮ ᠳ᠋ᠤ ᠪᠢᠴᠢᠨ ᠤᠷᠤᠭᠤᠯᠵᠤ ᠂ ᠦᠪᠡᠷ ᠢ ᠪᠠᠨ ᠴᠡᠪᠡᠷᠰᠢᠬᠦᠯᠬᠦ᠂ ᠦᠪᠡᠷ ᠢ ᠪᠠᠨ ᠳᠡᠬᠦᠯᠳᠡᠷᠵᠢᠬᠦᠯᠬᠦ᠂ ᠦᠪᠡᠷ ᠢ ᠪᠠᠨ ᠰᠢᠨᠡᠴᠢᠯᠡᠬᠦ᠂ ᠦᠪᠡᠷ ᠢ ᠪᠠᠨ ᠳᠡᠬᠡᠭ᠍ᠰᠢᠯᠡᠬᠦᠯᠬᠦ ᠵᠢ ᠳᠠᠰᠤᠷᠡᠯᠳᠡ ᠦᠬᠡᠢ ᠴᠢᠨᠭᠭᠠᠳᠬᠠᠵᠦ᠂ ᠰᠢ ᠵᠢᠨ ᠫᠢᠩ ᠤᠨ ᠰᠢᠨ᠎ᠠ ᠴᠠᠭ ᠦᠶ᠎ᠠ ᠵᠢᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠤᠮ ᠤᠨ ᠦᠵᠡᠯ ᠰᠠᠨᠠᠭ᠎ᠠ ᠪᠡᠷ ᠦᠵᠡᠯ ᠰᠠᠨᠠᠭ᠎ᠠ ᠦᠢᠯᠡ ᠠᠵᠢᠯᠯᠠᠭ᠎ᠠ ᠪᠡᠨ ᠨᠢᠭᠡᠳᠬᠡᠵᠤ᠂ ᠤᠯᠤᠰ ᠳᠦᠷᠦ ᠶᠢᠨ ᠤᠬᠠᠮᠰᠠᠷ᠂ ᠶᠡᠬᠡ ᠳᠡᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠦᠯᠳᠡᠢ ᠪᠠᠢᠢᠬᠤ ᠤᠬᠠᠮᠰᠠᠷ ᠢ ᠪᠠᠳᠤ ᠪᠤᠢ ᠪᠤᠯᠭᠠᠵᠤ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠠ ᠲᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠵᠢ ᠡᠷᠡᠰ ᠢᠶᠡᠷ ᠬᠠᠮᠠᠭᠠᠯᠠᠵᠤ᠂ ᠨᠠᠮ ᠤᠨ ᠲᠤᠳᠤᠭᠠᠳᠤ ᠵᠢᠨ ᠤᠯᠤᠰ ᠲᠦᠷᠦ ᠵᠢᠨ ᠠᠮᠢᠳᠤᠷᠠᠯ ᠢ ᠴᠢᠩᠭ᠋ᠠᠳᠬᠠᠨ ᠲᠦᠷᠢᠮᠵᠢᠬᠦᠯᠵᠦ᠂ ᠨᠠᠮ ᠤᠨ ᠲᠤᠳᠤᠭᠠᠳᠤ ᠵᠢᠨ ᠤᠯᠤᠰ ᠲᠦᠷᠦ ᠵᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠬ ᠦᠶᠡᠴᠢ ᠴᠢᠨᠠᠷ᠂ ᠵᠠᠷᠴᠢᠮᠳᠤ ᠴᠢᠨᠠᠷ᠂ ᠲᠠᠢᠢᠴᠢᠨ ᠴᠢᠨᠠᠷ ᠢ ᠴᠢᠩᠭ᠋ᠠᠳᠬᠠᠵᠤ᠂ ᠨᠠᠮ ᠤᠨ ᠲᠤᠳᠤᠭᠠᠳᠤ ᠶᠢᠨ ᠢᠳᠡᠪᠬᠢᠳᠡᠢ ᠡᠷᠡᠬᠦᠯ ᠤᠯᠤᠰ ᠲᠦᠷᠦ ᠶᠢᠨ ᠰᠤᠶᠤᠯ ᠢ ᠬᠦᠭ᠍ᠵᠢᠬᠦᠯᠦᠨ᠂ ᠰᠤᠷᠳᠠᠯ ᠴᠢᠬᠡᠴᠢ ᠤᠪᠤᠷ ᠲᠦᠪ ᠤᠬᠢ ᠰᠠᠢᠢᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠵᠡᠷᠬᠡ ᠠᠭᠤᠯᠭ᠎ᠠ ᠶᠢ ᠨᠠᠮ ᠤᠨ ᠲᠦᠷᠢᠮ ᠳ᠋ᠤ ᠪᠢᠴᠢᠨ ᠤᠷᠤᠭᠤᠯᠵᠤ᠂ ᠨᠠᠮ ᠢ ᠴᠢᠩᠭ᠋᠎ᠠ ᠬᠠᠮᠢᠶᠠᠷᠴᠤ ᠨᠠᠮ ᠢ ᠴᠢᠩᠭ᠋᠎ᠠ ᠵᠠᠰᠠᠬᠤ ᠶᠢ ᠪᠠᠷᠢᠮᠲᠠᠯᠠᠬᠤ ᠶᠢ ᠨᠠᠮ ᠤᠨ ᠪᠠᠢᠢᠭᠤᠯᠤᠯᠳᠠ ᠶᠢᠨ ᠡᠷᠬᠡᠪᠰᠢ ᠡᠷᠡᠰ ᠪᠡᠶᠡᠯᠡᠬᠦᠯᠬᠦ ᠦᠨᠳᠦᠰᠦᠨ ᠱᠠᠭᠠᠷᠳᠠᠯᠭ᠎ᠠ ᠶᠢᠨ ᠨᠢᠬᠡ ᠪᠤᠯᠭᠠᠬᠤ ᠶᠢ ᠨᠠᠮ ᠤᠨ ᠲᠦᠷᠢᠮ ᠳ᠋ᠤ ᠪᠢᠴᠢᠵᠦ ᠤᠷᠤᠭᠤᠯᠬᠤ ᠶᠢ ᠵᠦᠪᠰᠢᠶᠡᠷᠡᠪᠡ᠃ ᠡᠳᠡᠬᠡᠷ ᠠᠭᠤᠯᠭ᠎ᠠ ᠶᠢ ᠲᠡᠬᠦᠯᠳᠡᠷᠵᠢᠬᠦᠯᠦᠭᠰᠡᠨ ᠨᠢ᠂ ᠨᠠᠮ ᠤᠨ ᠪᠠᠢᠢᠭᠤᠯᠤᠯᠳᠠ ᠶᠢᠨ ᠬᠠᠷᠠᠯᠳᠠ ᠵᠢ ᠨᠡᠩ ᠲᠤᠳᠤᠷᠬᠠᠢ᠂ ᠪᠠᠢᠢᠷᠢᠰᠢᠭᠤᠯᠤᠯᠳᠠ ᠶᠢ ᠨᠡᠩ ᠲᠡᠬᠦᠯᠳᠡᠷᠵᠢᠬᠦᠯᠵᠤ᠂ ᠪᠦᠬᠦ ᠨᠠᠮ ᠤᠨ ᠨᠡᠩ ᠢᠯᠡᠬᠦᠦ ᠰᠢᠨᠵᠢᠯᠡᠬᠦ ᠤᠬᠠᠭᠠᠨᠴᠢ ᠰᠡᠳᠬᠢᠴᠡ᠂ ᠨᠡᠩ ᠢᠯᠡᠬᠦᠦ ᠪᠦᠳᠦᠮᠵᠢᠳᠡᠢ ᠠᠷᠭ᠎ᠠ ᠬᠡᠮᠵᠢᠶ᠎ᠡ ᠪᠡᠷ ᠨᠠᠮ ᠤᠨ ᠪᠠᠢᠢᠭᠤᠯᠤᠯᠳᠠ ᠶᠢ ᠠᠬᠢᠭᠤᠯᠬᠤ ᠳ᠋ᠤ ᠠᠰᠢᠬᠳᠠᠢ ᠪᠠᠢᠢᠵᠤ᠂ ᠨᠠᠮ ᠤᠨ ᠪᠠᠢᠢᠭᠤᠯᠤᠯᠳᠠ ᠵᠢᠨ ᠴᠢᠨᠠᠷ ᠴᠢᠨᠰᠠᠭ᠎ᠠ ᠶᠢ ᠲᠠᠰᠤᠷᠠᠯᠳᠠ ᠦᠬᠡᠢ ᠲᠡᠭᠡᠭ᠍ᠰᠢᠯᠡᠬᠦᠯᠵᠦ᠂ ᠨᠠᠮ ᠤᠨ ᠠᠮᠢᠵᠢᠷᠠᠯ ᠤᠨ ᠬᠦᠴᠦᠨ ᠢ ᠡᠭᠦᠷᠢᠳᠡ ᠪᠠᠳᠤᠯᠠᠬᠤ ᠪᠤᠯᠤᠨ᠎ᠠ ᠭᠡᠪᠡ᠃

    ᠶᠡᠬᠡ ᠬᠤᠷᠠᠯ ᠡᠴᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯ ᠲᠤᠮᠳᠠᠳᠤ ᠤᠯᠤᠰ ᠤᠨ ᠤᠨᠴᠠᠯᠢᠬ ᠲᠠᠢ ᠨᠡᠢᠢᠬᠡᠮ ᠵᠢᠷᠤᠮ ᠤᠨ ᠬᠠᠮᠤᠬ ᠤᠨ ᠮᠦᠨ ᠴᠢᠨᠠᠷ ᠤᠨ ᠤᠨᠴᠠᠯᠢᠬ ᠪᠠᠢᠢᠵᠤ᠂ ᠲᠤᠮᠳᠠᠳᠤ ᠤᠯᠤᠰ ᠤᠨ ᠤᠨᠴᠠᠯᠢᠬ ᠲᠠᠢ ᠨᠡᠢᠢᠬᠡᠮ ᠵᠢᠷᠤᠮ ᠤᠨ ᠪᠠᠢᠢᠭᠤᠯᠤᠯ ᠤᠨ ᠬᠠᠮᠤᠬ ᠤᠨ ᠶᠡᠬᠡ ᠲᠠᠪᠠᠭᠤᠯᠢᠬ ᠮᠦᠨ᠃ ᠨᠠᠮ ᠵᠠᠰᠠᠬ ᠴᠡᠷᠢᠭ ᠠᠷᠠᠳ ᠰᠤᠷᠭᠠᠭᠤᠯᠢ᠂ ᠵᠡᠬᠦᠨ ᠪᠠᠷᠠᠭᠤᠨ ᠡᠮᠦᠨ᠎ᠡ ᠤᠮᠠᠷ᠎ᠠ ᠲᠤᠮᠳᠠ ᠨᠠᠮ ᠠᠯᠢᠪᠠ ᠶᠢ ᠤᠳᠤᠷᠢᠳᠤᠨ᠎ᠠ ᠭᠡᠵᠤ ᠦᠵᠡᠪᠡ᠃

    ᠶᠡᠬᠡ ᠬᠤᠷᠠᠯ ᠡᠴᠨ᠂ ᠡᠨᠡᠬᠦ ᠴᠢᠬᠤᠯᠠ ᠶᠡᠬᠡ ᠤᠯᠤᠰ ᠲᠦᠷᠦ ᠶᠢᠨ ᠵᠠᠷᠴᠢᠮ ᠢ ᠨᠠᠮ ᠤᠨ ᠲᠦᠷᠢᠮ ᠳ᠋ᠤ ᠪᠢᠴᠢᠵᠦ ᠤᠷᠤᠭᠤᠯᠬᠤ ᠶᠢ ᠵᠦᠪᠰᠢᠶᠡᠷᠡᠵᠦ᠂ ᠡᠨᠡ ᠨᠢ ᠪᠦᠬᠦ ᠨᠠᠮ ᠤᠨ ᠨᠠᠮ ᠤᠨ ᠦᠵᠡᠯ ᠤᠬᠠᠮᠰᠠᠷ ᠢ ᠴᠢᠩᠭ᠋ᠠᠳᠬᠠᠬᠤ᠂ ᠪᠦᠬᠦ ᠨᠠᠮ ᠤᠨ ᠦᠵᠡᠯ ᠰᠠᠨᠠᠭᠠᠨ ᠲᠡᠭᠡᠷ᠎ᠡ ᠪᠡᠨ ᠨᠢᠬᠡᠳᠦᠯᠳᠡᠢ ᠪᠠᠢᠢᠬᠤ᠂ ᠤᠯᠤᠰ ᠲᠦᠷᠦ ᠲᠡᠭᠡᠷ᠎ᠡ ᠪᠡᠨ ᠪᠦᠯᠬᠦᠮᠳᠡᠯ ᠲᠠᠢ ᠪᠠᠢᠢᠬᠤ᠂ ᠦᠢᠯᠡ ᠠᠵᠢᠯᠯᠠᠭ᠎ᠠ ᠲᠡᠭᠡᠷ᠎ᠡ ᠪᠡᠨ ᠨᠢᠬᠡᠳᠦᠯᠳᠡᠢ ᠪᠠᠢᠢᠬᠤ ᠶᠢ ᠪᠡᠶᠡᠯᠡᠬᠦᠯᠵᠦ᠂ ᠨᠠᠮ ᠤᠨ ᠡᠬᠦᠳᠦᠨ ᠪᠦᠳᠦᠬᠡᠬᠦ ᠬᠦᠴᠦᠨ᠂ ᠨᠢᠬᠳᠠᠷᠠᠭᠤᠯᠬᠤ ᠬᠦᠴᠦᠨ᠂ ᠲᠠᠢᠢᠴᠢᠨ ᠬᠦᠴᠦᠨ ᠢ ᠲᠡᠭᠡᠭ᠍ᠰᠢᠯᠡᠬᠦᠯᠦᠨ᠂ ᠨᠠᠮ ᠤᠨ ᠪᠦᠬᠦ ᠲᠠᠯ᠎ᠠ ᠶᠢ ᠶᠡᠷᠦᠩᠬᠡᠢ ᠳ᠋ᠤᠨᠢ ᠡᠵᠡᠮᠳᠡᠬᠦ᠂ ᠡᠯ᠎ᠡ ᠲᠠᠯ᠎ᠠ ᠶᠢ ᠵᠤᠬᠢᠴᠠᠭᠤᠯᠬᠤ ᠶᠢ ᠦᠨᠡᠨᠬᠦ ᠪᠠᠳᠤᠯᠠᠵᠤ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠢ ᠰᠠᠢᠢᠳᠤᠷ ᠬᠢᠬᠦ ᠳ᠋ᠤ ᠦᠨᠳᠦᠰᠦᠨ ᠤᠯᠤᠰ ᠲᠦᠷᠦ ᠵᠢᠨ ᠪᠠᠳᠤᠯᠠᠭ᠎ᠠ ᠬᠠᠩᠭ᠋ᠠᠬᠤ ᠳ᠋ᠤ ᠠᠰᠢᠬᠳᠠᠢ ᠶᠤᠮ ᠭᠡᠪᠡ᠃

    ᠶᠡᠬᠡ ᠬᠤᠷᠠᠯ ᠡᠴᠨ᠂ ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠨ ᠨᠠᠰᠢᠬᠢ᠂ ᠨᠠᠮ ᠤᠨ ᠠᠵᠢᠯ ᠪᠠ ᠨᠠᠮ ᠤᠨ ᠪᠠᠢᠢᠭᠤᠯᠤᠯᠳᠠ ᠶᠢᠨ ᠠᠮᠵᠢᠯᠳᠠᠳᠠᠢ ᠲᠤᠷᠰᠢᠯᠭ᠎ᠠ ᠶᠢ ᠳ᠋ᠦᠩᠨᠡᠵᠦ ᠰᠢᠩᠬᠡᠬᠡᠨ ᠠᠪᠬᠤ ᠶᠢᠨ ᠬᠠᠮᠳᠤ ᠶᠡᠷᠦᠩᠬᠡᠢ ᠬᠦᠳᠦᠯᠪᠦᠷᠢ ᠶᠢᠨ ᠵᠠᠰᠠᠪᠤᠷᠢ ᠤᠷᠤᠭᠤᠯᠤᠬᠰᠠᠨ ᠬᠡᠰᠡᠭ ᠲᠠᠢ ᠵᠤᠯᠭᠠᠯᠴᠠᠭᠤᠯᠵᠤ᠂ ᠨᠠᠮ ᠤᠨ ᠲᠦᠷᠢᠮ ᠤᠨ ᠬᠡᠰᠡᠭ ᠵᠦᠢᠯ ᠵᠤᠷᠪᠤᠰ ᠲᠤ ᠵᠤᠬᠢᠰᠳᠠᠢ ᠵᠠᠰᠠᠪᠤᠷᠢ ᠤᠷᠤᠭᠤᠯᠬᠤ ᠪᠤᠯ ᠮᠠᠰᠢ ᠴᠢᠬᠤᠯᠠ ᠲᠠᠢ ᠶᠤᠮ᠃ ᠰᠢ ᠵᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠢᠢᠬᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠤᠯᠤᠰ ᠲᠦᠷᠦ ᠵᠢᠨ ᠰᠠᠬᠢᠯᠭ᠎ᠠ ᠪᠠᠳᠤ ᠪᠠ ᠤᠯᠤᠰ ᠲᠦᠷᠦ ᠵᠢᠨ ᠳᠦᠷᠢᠮ ᠳᠤᠬᠳᠠᠭᠠᠯ ᠢ ᠤᠬᠠᠮᠰᠠᠷ ᠡᠴᠨ ᠪᠡᠨ ᠵᠢᠷᠤᠮᠯᠠᠵᠤ ᠂ ᠨᠠᠮ ᠤᠨ ᠵᠠᠷᠴᠢᠮ ᠡᠴᠨ ᠵᠦᠷᠢᠴᠡᠭᠰᠡᠨ ᠦᠬᠡ ᠶᠠᠷᠢᠶ᠎ᠠ ᠦᠢᠯᠡ ᠠᠵᠢᠯᠯᠠᠭ᠎ᠠ ᠵᠢ ᠵᠤᠷᠢᠬᠳᠠᠢ ᠪᠡᠷ ᠢᠯᠡᠴᠢᠯᠡᠨ ᠵᠠᠯᠠᠷᠠᠭᠤᠯᠵᠤ᠂ ᠨᠡᠢᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠵᠢ ᠲᠦᠷᠦᠬᠦᠯᠡᠨ ᠦᠢᠯᠡᠳᠦᠯᠬᠡᠵᠢᠬᠦᠯᠵᠦ᠂ ᠲᠤᠮᠳᠠᠳᠤ ᠵᠢᠨ ᠦᠨᠳᠦᠰᠦᠳᠡᠨ ᠤ ᠤᠯᠠᠮᠵᠢᠯᠠᠯᠳᠤ ᠰᠢᠯᠢᠳᠡᠭ ᠰᠤᠷᠳᠠᠯ ᠢ ᠪᠠᠳᠠᠷᠠᠭᠤᠯᠬᠤ ᠪᠤᠯ ᠦᠷᠬᠡᠨ ᠤᠯᠠᠨ ᠨᠠᠮ ᠤᠨ ᠬᠡᠰᠢᠬᠦᠳ ᠤᠨ ᠬᠦᠢᠴᠡᠳᠬᠡᠪᠡᠰᠦ ᠵᠤᠬᠢᠬᠤ ᠡᠬᠦᠷᠬᠡ ᠮᠦᠨ;ᠤᠯᠤᠰ ᠲᠦᠷᠦ ᠵᠢᠨ ᠪᠠᠷᠢᠮᠵᠢᠶ᠎ᠠ ᠵᠢ ᠲᠡᠷᠢᠬᠦᠨ ᠪᠠᠢᠢᠷᠢᠨ ᠳ᠋ᠤ ᠲᠠᠯᠪᠢᠬᠤ ᠪᠤᠯ ᠨᠠᠮ ᠤᠨ ᠬᠡᠰᠢᠬᠦᠨ ᠢ ᠬᠦᠮᠦᠵᠢᠬᠦᠯᠬᠦ ᠳ᠋ᠤ ᠡᠷᠬᠡᠪᠰᠢ ᠪᠠᠷᠢᠮᠳᠠᠯᠠᠬᠤ ᠴᠢᠬᠤᠯᠠ ᠵᠠᠷᠴᠢᠮ ᠮᠦᠨ;ᠲᠤᠭᠤᠷᠢᠨ ᠪᠠᠢᠢᠴᠠᠭᠠᠬᠤ ᠵᠢ ᠪᠦᠷᠬᠦᠬᠦᠯᠬᠦ ᠵᠢ ᠪᠡᠶᠡᠯᠡᠬᠦᠯᠵᠦ᠂ ᠲᠦᠪ ᠤᠨ ᠪᠠᠢᠢᠭᠤᠯᠤᠯᠭ᠎ᠠ ᠳ᠋ᠤ ᠲᠤᠭᠤᠷᠢᠨ ᠪᠠᠢᠢᠴᠠᠭᠠᠬᠤ᠂ ᠬᠤᠳᠠ ᠰᠢᠶᠠᠨ ᠳ᠋ᠤ ᠳᠤᠭᠤᠷᠢᠨ ᠪᠠᠢᠢᠴᠠᠭᠠᠬᠤ ᠵᠢ ᠶᠠᠪᠤᠬᠳᠠᠭᠤᠯᠬᠤ ᠪᠤᠯ ᠲᠤᠭᠤᠷᠢᠨ ᠪᠠᠢᠢᠴᠠᠭᠠᠬᠤ ᠠᠵᠢᠯ ᠤᠨ ᠦᠢᠯᠡᠳᠦᠯᠬᠡ ᠵᠢᠨ ᠲᠤᠷᠰᠢᠯᠭ᠎ᠠ ᠵᠢᠨ ᠳ᠋ᠦᠩᠨᠡᠯᠳᠡ ᠪᠠᠢᠢᠵᠤ ᠡᠷᠬᠡᠪᠰᠢ ᠪᠠᠷᠢᠮᠳᠠᠯᠠᠬᠤ ᠪᠦᠬᠡᠳ ᠬᠦᠭ᠍ᠵᠢᠬᠦᠯᠬᠦ ᠬᠡᠷᠡᠭᠳᠡᠢ;ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠢᠨ ᠲᠡᠷᠢᠬᠦᠯᠡᠭᠴᠢ ᠬᠠᠷᠢᠭᠤᠴᠠᠬᠤ ᠲᠦᠷᠢᠮ ᠢ ᠲᠤᠳᠤᠷᠬᠠᠢᠢᠯᠠᠵᠤ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠡᠴᠨ ᠴᠡᠷᠢᠭ ᠠᠩᠬᠢ ᠳ᠋ᠡᠬᠢ ᠨᠠᠮ ᠤᠨ ᠠᠵᠢᠯ ᠪᠠ ᠤᠯᠤᠰ ᠲᠦᠷᠦ ᠵᠢᠨ ᠠᠵᠢᠯ ᠢ ᠬᠠᠷᠢᠭᠤᠴᠠᠬᠤ ᠵᠢ ᠲᠤᠳᠤᠷᠬᠠᠢᠢᠯᠠᠵᠤ᠂ ᠴᠡᠷᠢᠭ ᠠᠩᠬᠢ ᠵᠢᠨ ᠦᠬᠡᠷᠡᠴᠢᠯᠡᠯᠳᠡ ᠵᠢᠨ ᠲᠠᠷᠠᠭᠠᠬᠢ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠡᠴᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠵᠢ ᠬᠦᠢᠴᠡᠳᠭᠡᠬᠦ ᠪᠤᠳᠠᠳᠤ ᠬᠡᠷᠡᠭᠴᠡᠬᠡ ᠵᠢ ᠲᠤᠰᠬᠠᠵᠠᠢ;ᠨᠠᠮ ᠤᠨ ᠶᠡᠷᠦᠩᠬᠡᠢ ᠡᠬᠦᠷ᠂ ᠨᠠᠮ ᠤᠨ ᠡᠬᠦᠷ ᠤᠨ ᠬᠤᠭᠤᠴᠠᠭ᠎ᠠ ᠪᠤᠯᠭᠠᠨ ᠤ ᠲᠤᠰᠢᠶᠠᠯ ᠤᠨ ᠬᠤᠭᠤᠴᠠᠭ᠎ᠠ ᠵᠢᠨ ᠬᠢᠵᠠᠭᠠᠷ ᠢ ᠲᠤᠬᠢᠷᠠᠭᠤᠯᠵᠤ᠂《ᠬᠤᠶᠠᠷ ᠢ ᠰᠤᠷᠤᠯᠴᠠᠵᠤ ᠨᠢᠬᠡ ᠳ᠋ᠤ ᠲᠡᠩᠴᠡᠬᠦᠯᠬᠦ》ᠰᠤᠷᠤᠯᠴᠠᠯᠭ᠎ᠠ ᠬᠦᠮᠦᠵᠢᠯ ᠤᠨ ᠪᠠᠶᠢᠩᠭ᠋ᠤᠵᠢᠯᠲᠠ ᠲᠦᠷᠢᠮᠵᠢᠯᠳᠡ ᠵᠢ ᠠᠬᠢᠭᠤᠯᠵᠤ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠨᠠᠮ ᠤᠨ ᠵᠤᠬᠢᠶᠠᠨ ᠪᠠᠢᠢᠭᠤᠯᠤᠯᠳᠠ ᠵᠢᠨ ᠪᠠᠢᠢᠷᠢ ᠰᠠᠭᠤᠷᠢ ᠪᠠ ᠦᠢᠯᠡᠳᠦᠯ ᠢ ᠲᠤᠳᠤᠷᠬᠠᠢᠢᠯᠠᠵᠤ᠂ ᠨᠡᠢᠢᠬᠡᠮ ᠤᠨ ᠵᠤᠬᠢᠶᠠᠨ ᠪᠠᠢᠢᠭᠤᠯᠤᠯᠳᠠ ᠳ᠋ᠡᠬᠢ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠢᠢᠭᠤᠯᠤᠯᠳᠠ ᠵᠢᠨ ᠴᠢᠳᠠᠮᠵᠢ ᠵᠢᠨ ᠪᠠᠢᠢᠷᠢ ᠲᠤᠬᠳᠠᠭᠠᠯᠳᠠ ᠪᠠ ᠬᠠᠷᠢᠭᠤᠴᠠᠯᠭ᠎ᠠ ᠡᠬᠦᠷᠬᠡ ᠵᠢ ᠨᠡᠮᠡᠨ ᠪᠢᠴᠢᠵᠦ᠂ ᠡᠯ᠎ᠡ ᠱᠠᠳᠤᠨ ᠤ ᠨᠠᠮ ᠪᠠ ᠤᠯᠤᠰ ᠤᠨ ᠠᠯᠪᠠᠨ ᠪᠠᠢᠢᠭᠤᠯᠤᠯᠭ᠎ᠠ ᠳ᠋ᠡᠬᠢ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠢᠢᠭᠤᠯᠤᠯᠳᠠ ᠵᠢᠨ ᠡᠭᠦᠷᠭᠡ ᠬᠠᠷᠢᠭᠤᠴᠠᠯᠭ᠎ᠠ ᠵᠢ ᠲᠤᠳᠤᠷᠬᠠᠢᠢᠯᠠᠵᠤ᠂ ᠨᠠᠮ ᠤᠨ ᠡᠬᠦᠷ ᠤᠨ ᠪᠠᠢᠢᠷᠢ ᠰᠠᠭᠤᠷᠢ ᠪᠠ ᠦᠢᠯᠡᠳᠦᠯ ᠢ ᠲᠤᠳᠤᠷᠬᠠᠢᠢᠯᠠᠵᠤ᠂ ᠺᠠᠳ᠋ᠷ ᠢ ᠰᠤᠩᠭ᠋ᠤᠬᠤ ᠨᠦᠬᠦᠴᠡᠯ ᠪᠠ ᠱᠠᠭᠠᠷᠳᠠᠯᠭ᠎ᠠ ᠵᠢ ᠲᠡᠬᠦᠯᠳᠡᠷᠵᠢᠬᠦᠯᠵᠦ᠂ ᠨᠠᠮ ᠤᠨ ᠰᠠᠬᠢᠯᠭ᠎ᠠ ᠪᠠᠳᠤ᠂ ᠨᠠᠮ ᠤᠨ ᠰᠠᠬᠢᠯᠭ᠎ᠠ ᠪᠠᠳᠤ ᠪᠠᠢᠢᠴᠠᠭᠠᠬᠤ ᠪᠠᠢᠢᠭᠤᠯᠤᠯᠭ᠎ᠠ ᠵᠢᠨ ᠬᠡᠰᠡᠭ ᠬᠠᠮᠢᠶ᠎ᠠ ᠪᠦᠬᠦᠢ ᠠᠭᠤᠯᠭ᠎ᠠ ᠵᠢ ᠲᠤᠬᠢᠷᠠᠭᠤᠯᠤᠨ ᠲᠡᠬᠦᠯᠳᠡᠷᠵᠢᠬᠦᠯᠬᠦ ᠵᠡᠷᠬᠡ ᠪᠤᠯ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠨ ᠨᠠᠰᠢᠬᠢ ᠨᠠᠮ ᠤᠨ ᠠᠵᠢᠯ ᠪᠠ ᠨᠠᠮ ᠤᠨ ᠪᠠᠢᠢᠭᠤᠯᠤᠯᠳᠠ ᠵᠢᠨ ᠦᠷ᠎ᠡ ᠪᠦᠳᠦᠬᠡᠯ ᠤᠨ ᠲᠦᠪᠯᠡᠷᠡᠩᠬᠦᠢ ᠲᠤᠰᠬᠠᠯ ᠪᠤᠯᠤᠨ᠎ᠠ᠃ ᠡᠳᠡᠬᠡᠷ ᠠᠭᠤᠯᠭ᠎ᠠ ᠵᠢ ᠨᠠᠮ ᠤᠨ ᠲᠦᠷᠢᠮ ᠳ᠋ᠤ ᠪᠢᠴᠢᠵᠦ ᠤᠷᠤᠭᠤᠯᠤᠬᠰᠠᠨ ᠨᠢ᠂ ᠪᠦᠬᠦ ᠨᠠᠮ ᠡᠴᠨ ᠨᠠᠮ ᠤᠨ ᠵᠢᠯᠤᠭᠤᠳᠬᠤ ᠦᠵᠡᠯ ᠰᠠᠨᠠᠭ᠎ᠠ ᠵᠢᠨ ᠴᠠᠬ ᠦᠶ᠎ᠡ ᠲᠠᠢ ᠴᠤᠬᠭᠠᠷ ᠤᠷᠤᠬᠰᠢᠯᠠᠬᠤ ᠵᠢ ᠡᠵᠡᠮᠳᠡᠵᠦ᠂ ᠰᠢ ᠵᠢᠨ ᠫᠢᠩ ᠤᠨ ᠰᠢᠨ᠎ᠠ ᠴᠠᠬ ᠦᠶ᠎ᠠ ᠵᠢᠨ ᠲᠤᠮᠳᠠᠳᠤ ᠤᠯᠤᠰ ᠤᠨ ᠤᠨᠴᠠᠯᠢᠬ ᠲᠠᠢ ᠨᠡᠢᠢᠬᠡᠮ ᠵᠢᠷᠤᠮ ᠤᠨ ᠦᠵᠡᠯ ᠰᠠᠨᠠᠭ᠎ᠠ ᠪᠡᠷ ᠲᠠᠷᠢᠬᠢ ᠲᠤᠯᠤᠭᠠᠢ ᠪᠡᠨ ᠵᠡᠪᠰᠡᠭᠯᠡᠨ᠂ ᠦᠢᠯᠡᠳᠦᠯᠬᠡ ᠪᠡᠨ ᠵᠢᠯᠤᠭᠤᠳᠤᠭᠤᠯᠵᠤ᠂ ᠠᠵᠢᠯ ᠢᠶᠡᠨ ᠠᠬᠢᠭᠤᠯᠬᠤ ᠳ᠋ᠤ ᠠᠰᠢᠬᠳᠠᠢ ᠪᠠᠢᠢᠵᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠢᠢᠭᠤᠯᠤᠯᠳᠠ ᠵᠢᠨ ᠤᠯᠤᠰ ᠲᠦᠷᠦ ᠵᠢᠨ ᠴᠢᠳᠠᠮᠵᠢ ᠵᠢ ᠴᠢᠩᠭ᠋ᠠᠷᠠᠭᠤᠯᠤᠨ᠂ ᠪᠦᠬᠦ ᠲᠠᠯ᠎ᠠ ᠪᠡᠷ ᠨᠠᠮ ᠢ ᠴᠢᠩᠭ᠋᠎ᠠ ᠵᠠᠰᠠᠬᠤ ᠵᠢ ᠤᠯᠠᠮ ᠬᠦᠨᠵᠡᠭᠡᠢ ᠬᠦᠭ᠍ᠵᠢᠬᠦᠯᠬᠦ ᠳ᠋ᠤ ᠠᠰᠢᠬᠳᠠᠢ ᠶᠤᠮ ᠭᠡᠵᠤ ᠦᠵᠡᠪᠡ᠃

    ᠶᠡᠬᠡ ᠬᠤᠷᠠᠯ ᠡᠴᠨ᠂ ᠨᠠᠮ ᠤᠨ ᠡᠯ᠎ᠡ ᠱᠠᠳᠤᠨ ᠤ ᠵᠤᠬᠢᠶᠠᠨ ᠪᠠᠢᠢᠭᠤᠯᠤᠯᠳᠠ ᠪᠠ ᠪᠦᠬᠦ ᠨᠠᠮ ᠤᠨ ᠬᠡᠰᠢᠬᠦᠳ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠵᠢᠨ ᠪᠠᠳᠤ ᠴᠢᠩᠭ᠋᠎ᠠ ᠤᠳᠤᠷᠢᠳᠤᠯᠭ᠎ᠠ ᠲᠤᠤᠷ᠎ᠠ᠂ ᠲᠤᠮᠳᠠᠳᠤ ᠤᠯᠤᠰ ᠤᠨ ᠤᠨᠴᠠᠯᠢᠬ ᠲᠠᠢ ᠨᠡᠢᠢᠬᠡᠮ ᠵᠢᠷᠤᠮ ᠤᠨ ᠠᠭᠤᠤ ᠶᠡᠬᠡ ᠲᠤᠬ ᠢ ᠦᠨᠳᠦᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠡᠦ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂《ᠭᠤᠷᠪᠠ ᠵᠢ ᠲᠦᠯᠦᠬᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭ᠍ᠵᠢᠯᠳᠡ ᠵᠢᠨ ᠦᠵᠡᠯᠳᠡ᠂ ᠰᠢ ᠵᠢᠨ ᠫᠢᠩ ᠤᠨ ᠰᠢᠨ᠎ᠠ ᠴᠠᠬ ᠦᠶ᠎ᠠ ᠵᠢᠨ ᠲᠤᠮᠳᠠᠳᠤ ᠤᠯᠤᠰ ᠤᠨ ᠤᠨᠴᠠᠯᠢᠬ ᠲᠠᠢ ᠨᠡᠢᠢᠬᠡᠮ ᠵᠢᠷᠤᠮ ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠨᠡᠩ ᠤᠬᠠᠮᠰᠠᠷ ᠡᠴᠡ ᠪᠡᠨ ᠨᠠᠮ ᠤᠨ ᠲᠦᠷᠢᠮ ᠢ ᠰᠤᠷᠤᠯᠴᠠᠵᠤ᠂ ᠨᠠᠮ ᠤᠨ ᠲᠦᠷᠢᠮ ᠢ ᠵᠢᠷᠤᠮᠯᠠᠵᠤ ᠂ ᠨᠠᠮ ᠤᠨ ᠲᠦᠷᠢᠮ ᠢ ᠲᠤᠤᠱᠯᠠᠭᠤᠯᠵᠤ᠂ ᠨᠠᠮ ᠤᠨ ᠲᠦᠷᠢᠮ ᠢ ᠬᠠᠮᠠᠭᠠᠯᠠᠵᠤ᠂ ᠨᠠᠮ ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠳᠠᠯᠠᠨ ᠴᠢᠩᠭ᠋ᠠᠳᠬᠠᠵᠤ᠂ ᠨᠠᠮ ᠨᠢ ᠨᠠᠮ ᠶᠢᠡᠨ ᠬᠠᠮᠢᠶᠠᠷᠴᠤ᠂ ᠪᠦᠬᠦ ᠲᠠᠯ᠎ᠠ ᠪᠡᠷ ᠨᠠᠮ ᠢ ᠴᠢᠩᠭ᠋᠎ᠠ ᠵᠠᠰᠠᠬᠤ ᠵᠢ ᠪᠠᠷᠢᠮᠳᠠᠯᠠᠵᠤ᠂ ᠴᠢᠨᠡᠭᠡᠯᠢᠭ᠌ ᠨᠡᠢᠢᠬᠡᠮ ᠢ ᠪᠦᠬᠦ ᠲᠠᠯ᠎ᠠ ᠪᠡᠷ ᠪᠡᠶᠡᠯᠡᠬᠦᠯᠬᠦ ᠰᠢᠢᠳᠪᠦᠷᠢᠳᠦ ᠢᠯᠠᠯᠳᠠ ᠵᠢ ᠤᠯᠬᠤ᠂ ᠰᠢᠨ᠎ᠠ ᠴᠠᠬ ᠦᠶ᠎ᠠ ᠵᠢᠨ ᠲᠤᠮᠳᠠᠳᠤ ᠤᠯᠤᠰ ᠤᠨ ᠤᠨᠴᠠᠯᠢᠬ ᠲᠠᠢ ᠨᠡᠢᠢᠬᠡᠮ ᠵᠢᠷᠤᠮ ᠤᠨ ᠠᠭᠤᠤ ᠶᠡᠬᠡ ᠢᠯᠠᠯᠳᠠ ᠵᠢ ᠲᠡᠮᠡᠴᠡᠨ ᠤᠯᠬᠤ᠂ ᠲᠤᠮᠳᠠᠳᠤ ᠵᠢᠨ ᠦᠨᠳᠦᠰᠦᠳᠡᠨ ᠤ ᠠᠭᠤᠤ ᠶᠡᠬᠡ ᠰᠡᠷᠬᠦᠨ ᠮᠠᠨᠳᠤᠯᠳᠠ ᠵᠢᠨ ᠲᠤᠮᠳᠠᠳᠤ ᠵᠢᠨ ᠵᠡᠬᠦᠳᠦ ᠵᠢ ᠲᠡᠷᠭᠡᠯᠰᠢᠬᠦᠯᠬᠦ᠂ ᠠᠷᠠᠳ ᠲᠦᠮᠡᠨ ᠤ ᠰᠠᠢᠢᠨ ᠰᠠᠢᠢᠬᠠᠨ ᠠᠮᠢᠳᠤᠷᠠᠯ ᠤᠨ ᠳᠤᠬᠠᠢ ᠬᠦᠰᠡᠯ ᠡᠷᠡᠮᠡᠯᠵᠡᠯ ᠢ ᠪᠡᠶᠡᠯᠡᠬᠦᠯᠬᠦ ᠵᠢᠨ ᠲᠦᠯᠦᠬᠡ ᠦᠷᠬᠦᠯᠵᠢᠯᠡᠨ ᠲᠡᠮᠡᠴᠡᠬᠦ ᠬᠡᠷᠡᠭᠳᠡᠢ ᠬᠡᠵᠦ ᠱᠠᠭᠠᠷᠳᠠᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121856125