ᠰᠢ ᠵᠢᠨ ᠫᠢᠩ ᠶᠡᠷᠦᠩᠬᠡᠢ ᠱᠦᠵᠢ ᠠᠷᠪᠠ ᠶᠢᠰᠤᠳᠤᠬᠡᠷ ᠬᠤᠭᠤᠴᠠᠭᠠᠨ ᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠬᠡᠰᠢᠬᠦᠳ ᠲᠤᠳᠤᠭᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠠᠭᠤᠯᠵᠠᠬᠤ ᠦᠶ᠎ᠠ ᠳ᠋ᠦ ᠶᠠᠷᠢᠶ᠎ᠠ ᠲᠠᠯᠪᠢᠪᠠ 2017-10-25 18:26

    ᠠᠪᠬᠠᠠᠢ᠂ ᠠᠪᠤᠭᠠᠢ᠂ ᠨᠦᠬᠦᠳ᠂ ᠨᠠᠶᠢᠵᠠ ᠨᠡᠷ ᠡ᠂ ᠰᠠᠶᠢᠨ ᠪᠠᠶᠢᠵᠠᠭᠠᠨ᠎ᠠ ᠤᠤ!

    ᠦᠴᠦᠬᠡᠳᠤᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠤᠬᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠬᠠᠭᠠᠯᠳᠠ ᠪᠠᠨ ᠬᠢᠪᠠ᠃

    ᠲᠤᠰ ᠤᠳᠠᠭᠠᠨ ᠤ ᠬᠤᠷᠠᠯ ᠳᠤ ᠤᠯᠠᠨ ᠰᠤᠷᠪᠤᠯᠵᠢᠯᠠᠭᠴᠢ ᠬᠦᠷᠦᠯᠴᠡᠨ ᠢᠷᠡᠵᠤ᠂ ᠤᠯᠠᠩᠬᠢ ᠨᠢ ᠬᠤᠯᠠ ᠡᠴᠡ ᠢᠷᠡᠵᠡᠢ᠃ ᠪᠦᠭᠦᠳᠡᠬᠡᠷ ᠢᠶᠡᠨ ᠬᠤᠷᠠᠯ ᠤᠨ ᠲᠤᠬᠠᠢ ᠶᠡᠬᠡ ᠬᠡᠮᠵᠢᠶᠠᠨ ᠤ᠂ ᠬᠦᠢᠴᠡᠳ ᠮᠡᠳᠡᠬᠡᠯᠡᠯ ᠬᠢᠵᠤ᠂ ᠲᠡᠯᠡᠬᠡᠢ ᠶᠢᠨ ᠠᠩᠬᠠᠷᠤᠯ ᠳᠤ ᠬᠦᠷᠭᠡᠭ᠍ᠰᠡᠨ ᠪᠠᠶᠢᠨ᠎ᠠ᠃ ᠲᠠ ᠨᠠᠷ ᠵᠦᠳᠡᠷᠡᠯ᠎ᠡ! ᠪᠢ ᠲᠠ ᠨᠠᠷ ᠲᠤ ᠴᠢᠩ ᠰᠡᠳᠬᠢᠯ ᠡᠴᠡ ᠲᠠᠯᠠᠷᠬᠠᠭᠰᠠᠨ ᠰᠡᠳᠬᠢᠯᠬᠡ ᠪᠠᠨ ᠢᠯᠡᠳᠬᠡᠶ᠎ᠡ!

    ᠶᠡᠬᠡ ᠬᠤᠷᠠᠯ ᠨᠡᠬᠡᠬᠡᠯᠳᠡ ᠬᠢᠭ᠍ᠰᠡᠨ ᠡᠴᠡ ᠨᠠᠰᠢ᠂ 165 ᠤᠯᠤᠰ ᠤᠨ 452 ᠴᠢᠬᠤᠯᠠ ᠨᠠᠮ ᠵᠠᠰᠠᠭ ᠤᠨ ᠬᠢᠨ 855 ᠪᠠᠶᠠᠷ ᠤᠨ ᠵᠠᠬᠢᠶ᠎ᠠ ᠢᠷᠡᠬᠦᠯᠪᠡ᠃ ᠡᠬᠦᠨ ᠳᠤ᠂ 814  ᠨᠢ ᠤᠯᠤᠰ ᠤᠨ ᠲᠡᠷᠢᠬᠦᠨ᠂ ᠵᠠᠰᠠᠭ ᠤᠨ ᠤᠷᠳᠤᠨ ᠤ ᠲᠡᠷᠢᠬᠦᠯᠡᠭᠴᠢ᠂ ᠨᠠᠮ ᠵᠠᠰᠠᠭ ᠪᠤᠯᠤᠨ ᠴᠢᠬᠤᠯᠠ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠬᠦᠮᠦᠰ ᠤᠨ ᠢᠷᠡᠬᠦᠯᠦᠭᠰᠡᠨ ᠵᠠᠬᠢᠶ᠎ᠠ ᠪᠤᠯᠤᠨ᠎ᠠ᠃ ᠡᠨᠳᠡ ᠪᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠬᠡᠰᠢᠬᠦᠳ ᠤᠨ ᠡᠮᠦᠨ᠎ᠡ ᠡᠴᠡ ᠲᠠᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠢᠶᠡᠨ ᠲᠡᠪᠰᠢᠬᠦᠯᠦᠶ᠎ᠡ!

    ᠰᠠᠶ᠊ᠢᠬᠠᠨ ᠬᠤᠷᠠᠯᠳᠤᠭᠰᠠᠨ ᠨᠠᠮ ᠤᠨ ᠠᠷᠪᠠ ᠶᠢᠰᠦᠳᠤᠬᠡᠷ ᠶᠡᠬᠡ ᠬᠤᠷᠠᠯ ᠤᠨ ᠨᠢᠬᠡᠳᠤᠬᠡᠷ ᠪᠦᠬᠦᠳᠡ ᠬᠤᠷᠠᠯ ᠲᠡᠭᠡᠷ᠎ᠡ᠂ ᠰᠤᠩᠭ᠋ᠤᠯᠳᠠ ᠪᠡᠷ ᠰᠢᠨ᠎ᠡ ᠨᠢᠬᠡ ᠬᠤᠭᠤᠴᠠᠭᠠᠨ ᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠳᠤᠷᠢᠳᠬᠤ ᠪᠠᠶᠢᠭᠤᠯᠤᠮᠵᠢ  ᠶᠢ ᠰᠤᠡᠭᠭᠤᠨ ᠭᠠᠷᠭᠠᠵᠦ᠂ ᠪᠦᠬᠦᠳᠡ ᠬᠤᠷᠠᠯ ᠨᠠᠮᠠᠶ᠋ᠢ ᠵᠠᠯᠭᠠᠭᠠᠳ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠪᠡᠷ ᠰᠤᠩᠭ᠋ᠤᠭᠰᠠᠨ ᠪᠠᠶᠢᠨ᠎ᠠ᠃ ᠡᠨᠡ ᠨᠢ ᠮᠢᠨᠦ ᠬᠤᠪᠢ ᠳᠤ ᠨᠤᠳᠠᠯᠠᠯᠳᠠ ᠪᠤᠯᠬᠤ ᠪᠦᠭᠡᠳ ᠨᠡᠩ ᠴᠢᠬᠤᠯᠠ ᠨᠢ ᠱᠠᠭᠠᠷᠳᠠᠯᠭ᠎ᠠ ᠪᠠ ᠵᠤᠷᠢᠭᠵᠢᠭᠤᠯᠤᠯ ᠪᠤᠯᠤᠨ᠎ᠠ᠃

    ᠤᠳᠤ᠂ ᠪᠢ ᠲᠠ ᠪᠦᠬᠦᠨ ᠳᠤ ᠰᠢᠨ᠎ᠡ ᠪᠡᠷ ᠰᠤᠩᠭ᠋ᠤᠭᠳᠠᠭᠰᠠᠨ ᠪᠤᠰᠤᠳ 6 ᠪᠠᠶᠢᠩᠭ᠋ᠤ ᠶᠢᠨ ᠬᠡᠰᠢᠬᠦᠨ  ᠢ ᠲᠠᠨᠢᠯᠴᠠᠭᠤᠯᠤᠶ᠎ᠠ᠂ ᠯᠢ ᠺᠧ ᠴᠢᠶᠠᠩ ᠨᠦᠬᠦᠷ᠂ ᠯᠢ ᠵᠠᠨ ᠱᠦ ᠨᠦᠬᠦᠷ᠂ ᠸᠠᠩ ᠶᠠᠩ ᠨᠦᠬᠦᠷ᠂ ᠸᠠᠩ ᠬᠤ ᠨᠢᠩ ᠨᠦᠬᠦᠷ᠂ ᠵᠤᠤ ᠯᠧ ᠵᠢᠢ ᠨᠦᠬᠦᠷ᠂ ᠬᠠᠨ ᠵᠧᠩ ᠨᠦᠬᠦᠷ᠃ ᠡᠬᠦᠨ ᠳᠤ᠂ ᠯᠢ ᠺᠧ ᠴᠢᠶᠠᠩ ᠨᠦᠬᠦᠷ ᠪᠤᠯ ᠠᠷᠪᠠᠨ ᠨᠠᠶ᠋ᠮᠠᠳᠤᠭᠠᠷ ᠬᠤᠭᠤᠴᠠᠭᠠᠨ ᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠬᠡᠰᠢᠬᠦᠨ᠂ ᠪᠤᠰᠤᠳ ᠲᠠᠪᠤᠨ ᠨᠦᠬᠦᠷ ᠪᠤᠯ ᠠᠷᠪᠠᠨ ᠨᠠᠶ᠋ᠮᠠᠳᠤᠭᠠᠷ ᠬᠤᠭᠤᠴᠠᠭᠠᠨ ᠤ ᠨᠠᠮ ᠤᠨ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠤᠯᠠᠨ ᠢᠶᠡᠷ ᠢᠶᠡᠨ ᠬᠡᠪᠯᠡᠯ ᠮᠡᠳᠡᠬᠡᠯᠡᠯ ᠢᠶᠡᠷ ᠲᠠᠮᠵᠢᠨ ᠬᠡᠰᠢᠬᠦᠳ ᠤᠨ ᠲᠤᠬᠠᠢ ᠨᠡᠩ ᠨᠠᠷᠢᠨ ᠤᠶᠢᠯᠠᠭᠠᠵᠤ ᠪᠤᠯᠤᠨ᠎ᠠ᠃  

    ᠡᠨᠳᠡ᠂ ᠪᠢ ᠰᠢᠨ᠎ᠡ ᠨᠢᠬᠡ ᠡᠬᠡᠯᠵᠢ ᠶᠢᠨ ᠨᠠᠮ ᠤᠨ ᠲᠦᠪ ᠬᠤᠷᠢᠶᠠᠨ ᠤ ᠤᠳᠤᠷᠢᠳᠬᠤ ᠪᠦᠷᠢᠯᠳᠦᠬᠦᠨ ᠢ ᠲᠦᠯᠦᠭᠡᠯᠡᠨ᠂ ᠪᠢᠳᠡᠨ ᠢ ᠡᠳᠡᠭᠡᠵᠤ ᠪᠠᠶᠢᠭ᠎ᠠ ᠪᠦᠬᠦ ᠨᠠᠮ ᠤᠨ ᠨᠦᠬᠦᠳ ᠲᠤ ᠴᠢᠩ ᠰᠡᠳᠬᠢᠯ ᠤᠨ ᠲᠠᠯᠠᠷᠬᠠᠯ ᠢᠶᠡᠨ ᠲᠡᠪᠰᠢᠬᠦᠯᠦᠶ᠎ᠡ᠃ ᠪᠢᠳᠡ ᠵᠠᠪᠠᠯ ᠡᠬᠦᠷᠬᠡ ᠬᠠᠷᠢᠭᠤᠴᠠᠯᠭ᠎ᠠ ᠪᠠᠨ ᠴᠢᠩᠭ᠋᠎ᠠ ᠪᠠᠷᠢᠮᠳᠠᠯᠠᠨ᠂ ᠬᠢᠴᠢᠶᠡᠨ ᠠᠵᠢᠯᠯᠠᠵᠤ᠂ ᠡᠬᠦᠷᠬᠡ ᠳᠤ ᠪᠠᠨ ᠤᠰᠤᠯᠳᠠᠬᠤ ᠦᠭᠡᠢ ᠂ ᠨᠠᠶᠢᠳᠠᠯᠭ᠎ᠠ ᠶᠢ ᠬᠦᠰᠡᠷᠳᠡᠬᠦᠯᠬᠦ ᠦᠭᠡᠢ᠃

    ᠦᠩᠬᠡᠷᠡᠭᠰᠡᠨ 5 ᠵᠢᠯ ᠳᠤ᠂ ᠪᠢᠳᠡ ᠨᠡᠯᠢᠶᠡᠳ ᠤᠯᠠᠨ ᠠᠵᠢᠯ ᠬᠢᠭ᠍ᠰᠡᠨ᠂ ᠵᠠᠷᠢᠮ ᠨᠢ ᠨᠢᠬᠡᠨᠳᠡ ᠲᠠᠭᠤᠰᠴᠤ᠂ ᠵᠠᠷᠢᠮ ᠨᠢ ᠵᠠᠯᠭᠠᠭᠠᠳ ᠬᠢᠬᠦ ᠴᠢᠬᠤᠯᠠᠳᠠᠢ᠃ ᠨᠠᠮ ᠤᠨ ᠠᠷᠪᠠ ᠶᠢᠰᠦᠳᠤᠭᠡᠷ ᠶᠡᠬᠡ ᠬᠤᠷᠠᠯ ᠳᠤ ᠪᠠᠰᠠ ᠰᠢᠨ᠎ᠡ ᠬᠠᠷᠠᠯᠳᠠ ᠰᠢᠨ᠎ᠡ ᠡᠬᠦᠷᠬᠡ ᠲᠤᠷᠠᠳᠴᠠᠢ᠂ ᠡᠳᠡᠬᠡᠷ ᠢ ᠪᠠᠨ ᠪᠢᠳᠡ ᠬᠠᠮᠳᠤ ᠳᠤᠨᠢ ᠨᠢᠬᠡᠳᠤᠯᠲᠡᠢ ᠲᠦᠯᠦᠪᠵᠢᠬᠦᠯᠦᠨ ᠪᠡᠶᠡᠯᠡᠬᠦᠯᠦᠨ᠎ᠡ᠃

    ᠤᠷᠳᠤ ᠬᠤᠭᠤᠴᠠᠭᠠᠨ ᠤ ᠴᠢᠷᠮᠠᠶᠢᠯᠭ᠎ᠠ ᠪᠡᠷ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠵᠠᠢ᠃ ᠰᠢᠨ᠎ᠡ ᠴᠠᠭ ᠦᠶ᠎ᠡ ᠳᠤ ᠰᠢᠨ᠎ᠡ ᠠᠭᠤᠷ ᠠᠮᠢᠰᠬᠤᠯ᠂ ᠰᠢᠨ᠎ᠡ ᠠᠮᠵᠢᠯᠳᠠ ᠪᠦᠲᠦᠭᠡᠯ ᠪᠠᠶᠢᠬᠤ ᠬᠡᠷᠡᠭᠲᠡᠢ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠤᠬᠡᠷ ᠶᠡᠬᠡ ᠬᠤᠷᠠᠯ ᠡᠴᠡ ᠬᠤᠷᠢᠳᠤᠭᠠᠷ ᠶᠡᠬᠡ ᠬᠤᠷᠠᠯ ᠪᠤᠯᠳᠠᠯᠠᠬᠢ 5 ᠵᠢᠯ ᠪᠤᠯ ᠶᠠᠭ 《ᠬᠤᠤᠰ ᠵᠠᠭᠤᠨ ᠵᠢᠯ》 ᠤᠨ ᠲᠡᠮᠡᠴᠡᠬᠦ ᠬᠠᠷᠠᠯᠳᠠ ᠪᠠᠨ ᠪᠡᠶᠡᠯᠡᠬᠦᠯᠬᠦ ᠲᠡᠦᠬᠡ ᠶᠢᠨ ᠰᠤᠯᠪᠢᠴᠠᠯ ᠤᠨ ᠬᠤᠭᠤᠴᠠᠭ᠎ᠠ ᠪᠤᠯᠤᠨ᠎ᠠ᠂ ᠨᠢᠬᠡᠳᠤᠬᠡᠷ ᠵᠠᠭᠤᠨ ᠵᠢᠯ ᠤᠨ ᠬᠠᠷᠠᠯᠳᠠ ᠪᠠᠨ ᠪᠡᠶᠡᠯᠡᠬᠦᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠪᠠᠨ ᠡᠬᠢᠯᠡᠬᠦᠯᠦᠨ᠎ᠡ᠃ ᠡᠨᠡ ᠬᠤᠭᠤᠷᠤᠨᠳᠤ ᠬᠡᠳᠤᠨ ᠴᠢᠬᠤᠯᠠ ᠴᠡᠭ ᠨᠢ ᠪᠢᠳᠡᠨ ᠤ ᠠᠵᠢᠯ ᠤᠨ ᠪᠡᠯᠬᠡ ᠲᠡᠮᠳᠡᠭ ᠪᠤᠯᠤᠨ᠎ᠠ᠃

    2018 ᠤᠨ ᠳᠤ ᠪᠢᠳᠡ ᠦᠬᠡᠷᠡᠴᠢᠯᠡᠯᠳᠡ ᠨᠡᠬᠡᠬᠡᠯᠳᠡ ᠬᠢᠭ᠍ᠰᠡᠨ 40 ᠵᠢᠯ ᠤᠨ ᠤᠢ ᠪᠠᠨ ᠤᠭᠳᠤᠨ᠎ᠠ᠃ ᠦᠬᠡᠷᠡᠴᠢᠯᠡᠯᠳᠡ ᠨᠡᠬᠡᠬᠡᠯᠳᠡ ᠪᠤᠯ ᠤᠳᠤ ᠦᠶ᠎ᠡ ᠶᠢᠨ ᠲᠤᠮᠳᠠᠳᠤ ᠤᠯᠤᠰ ᠤᠨ ᠬᠤᠪᠢ ᠵᠠᠶᠠᠭ᠎ᠠ ᠶᠢ ᠲᠤᠭᠳᠠᠭᠠᠬᠰᠠᠨ ᠴᠢᠬᠤᠯᠠ ᠠᠷᠭ᠎ᠠ ᠪᠤᠯᠤᠨ᠎ᠠ᠂ 40 ᠵᠢᠯ ᠤᠨ ᠦᠬᠡᠷᠡᠴᠢᠯᠡᠯᠳᠡ ᠨᠡᠬᠡᠬᠡᠯᠳᠡ ᠨᠢ ᠲᠤᠮᠳᠠᠳᠤ ᠤᠯᠤᠰ ᠤᠨ ᠠᠷᠠᠳ ᠲᠦᠮᠡᠨ ᠤ ᠠᠮᠢᠳᠤᠷᠠᠯ ᠤᠨ ᠴᠢᠨᠡᠭᠡᠯᠢᠭ᠌ ᠢ ᠪᠡᠶᠡᠯᠡᠬᠦᠯᠵᠤ᠂ ᠠᠭᠠᠵᠢᠮ ᠢᠶᠡᠷ ᠪᠠᠶᠠᠵᠢᠨ ᠴᠢᠨᠡᠭᠡᠯᠢᠭ᠍ᠵᠢᠵᠤ ᠡᠬᠢᠯᠡᠪᠡ᠃ ᠪᠢᠳᠡ ᠲᠤᠷᠰᠢᠯᠭ᠎ᠠ ᠪᠠᠨ ᠬᠤᠷᠠᠮᠳᠤᠭᠤᠯᠵᠤ᠂ ᠲᠤᠬᠢᠶᠠᠯ ᠢ ᠠᠰᠢᠭᠯᠠᠨ ᠤᠷᠤᠭᠰᠢᠯᠠᠵᠤ᠂ ᠤᠯᠤᠰ ᠤᠨ ᠤᠯᠤᠰ ᠲᠦᠷᠦ ᠶᠢᠨ ᠰᠢᠰᠲ᠋ᠧᠮ ᠪᠤᠯᠤᠨ ᠤᠯᠤᠰ ᠲᠦᠷᠦ ᠶᠢᠨ ᠴᠢᠳᠠᠮᠵᠢ ᠶᠢᠨ ᠤᠳᠤᠬᠢᠴᠢᠯᠠᠯᠳᠠ ᠶᠢ ᠦᠷᠬᠦᠯᠵᠢᠯᠡᠨ ᠠᠬᠢᠭᠤᠯᠵᠤ᠂ ᠡᠯ᠎ᠡ ᠲᠠᠯ᠎ᠠ ᠪᠡᠷ ᠬᠦᠨᠵᠡᠬᠡᠢ ᠦᠬᠡᠷᠡᠴᠢᠯᠡᠬᠦ ᠶᠢ ᠪᠠᠳᠤ ᠪᠠᠷᠢᠮᠳᠠᠯᠠᠵᠤ᠂ ᠨᠡᠬᠡᠬᠡᠯᠳᠡ ᠪᠠᠨ ᠦᠷᠬᠡᠳᠬᠡᠬᠦ ᠶᠢ ᠪᠠᠳᠤ ᠪᠠᠷᠢᠮᠳᠠᠯᠠᠵᠤ᠂ ᠦᠬᠡᠷᠡᠴᠢᠯᠡᠯᠳᠡ ᠪᠤᠯᠤᠨ ᠨᠡᠬᠡᠬᠡᠯᠳᠡ ᠶᠢ ᠬᠠᠷᠢᠯᠴᠠᠨ ᠠᠬᠢᠭᠤᠯᠵᠤ᠂ ᠬᠠᠷᠢᠯᠴᠠᠨ ᠠᠰᠢᠭ ᠬᠦᠷᠳᠡᠭᠡᠬᠦ ᠬᠡᠷᠡᠭᠲᠡᠢ᠃ ᠲᠤᠮᠳᠠᠳᠤ ᠶᠢᠨ ᠦᠨᠳᠦᠰᠦᠳᠡᠨ ᠤ ᠠᠭᠤᠤ ᠶᠡᠬᠡ ᠰᠡᠷᠬᠦᠨ ᠮᠠᠨᠳᠤᠯᠳᠠ ᠵᠠᠪᠠᠯ ᠦᠬᠡᠷᠡᠴᠢᠯᠡᠯᠳᠡ ᠨᠡᠬᠡᠬᠡᠯᠳᠡ ᠶᠢᠨ ᠠᠬᠢᠴᠠ ᠳᠤ ᠪᠡᠶᠡᠯᠡᠭᠳᠡᠨ᠎ᠡ ᠬᠡᠳᠡᠭ ᠢ ᠪᠢ ᠢᠳᠡᠬᠡᠵᠤ ᠪᠠᠶᠢᠨ᠎ᠠ᠃

    2019 ᠤᠨ ᠳᠤ ᠪᠢᠳᠡ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠠᠨ ᠤᠭᠳᠤᠨ᠎ᠠ᠃ ᠪᠢᠳᠡ ᠰᠢᠨ᠎ᠡ ᠬᠦᠭ᠍ᠵᠢᠯᠳᠡ ᠶᠢᠨ ᠤᠶᠢᠯᠠᠭᠠᠭᠳᠠᠬᠤᠨ ᠢᠶᠡᠨ ᠲᠤᠤᠱᠯᠠᠭᠤᠯᠤᠨ᠂ ᠲᠤᠮᠳᠠᠳᠤ ᠤᠯᠤᠰ ᠤᠨ ᠡᠳ᠋ ᠤᠨ ᠵᠠᠰᠠᠭ ᠤᠨ ᠡᠷᠡᠬᠦᠯ ᠢᠶᠡᠷ ᠲᠤᠭᠳᠠᠪᠤᠷᠢᠲᠠᠢ ᠬᠦᠭ᠍ᠵᠢᠬᠦ ᠶᠢ ᠠᠬᠢᠭᠤᠯᠵᠤ᠂ ᠲᠤᠮᠳᠠᠳᠤ ᠤᠯᠤᠰ ᠤᠨ ᠠᠷᠠᠳ ᠲᠦᠮᠡᠨ ᠪᠤᠯᠤᠨ ᠡᠯ᠎ᠡ ᠤᠯᠤᠰ ᠤᠨ ᠠᠷᠠᠳ ᠲᠦᠮᠡᠨ ᠳᠤ ᠬᠦᠷᠳᠡᠮᠵᠢ ᠤᠯᠭᠤᠨ᠎ᠠ᠃ ᠪᠢᠳᠡ 《13·5》 ᠤᠨ ᠬᠦᠭ᠍ᠵᠢᠯᠳᠡ ᠶᠢᠨ ᠲᠦᠰᠦᠯ ᠳᠤ ᠲᠤᠳᠤᠷᠬᠠᠢ ᠲᠤᠭᠳᠠᠭᠠᠭᠰᠠᠨ ᠡᠯ᠎ᠡ ᠡᠬᠦᠷᠬᠡ ᠪᠠᠨ ᠴᠢᠨᠠᠭᠰᠢᠳᠠ ᠰᠠᠶᠢᠳᠤᠷ ᠪᠡᠶᠡᠯᠡᠬᠦᠯᠬᠦ ᠶᠢᠨ ᠬᠠᠮᠳᠤ ᠢᠷᠡᠭᠡᠳᠤᠢ ᠶᠢᠨ ᠬᠦᠭ᠍ᠵᠢᠯᠳᠡ ᠳᠤ ᠰᠢᠨ᠎ᠡ ᠲᠦᠯᠦᠪᠯᠡᠬᠡ ᠬᠢᠵᠤ᠂ ᠡᠯ᠎ᠡ ᠲᠦᠷᠦᠯ ᠤᠨ ᠠᠵᠢᠯ ᠦᠢᠯᠡᠰ ᠤᠨ ᠪᠦᠬᠦ ᠲᠠᠯ᠎ᠠ ᠶᠢᠨ ᠬᠦᠭ᠍ᠵᠢᠯᠳᠡ ᠶᠢ ᠠᠬᠢᠭᠤᠯᠵᠤ᠂ ᠮᠠᠨ ᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠤᠯᠤᠯᠳᠠ ᠪᠠᠨ ᠨᠡᠩ ᠬᠦᠭ᠍ᠵᠢᠬᠦᠯᠵᠤ ᠬᠦᠴᠦᠷᠭᠡᠭ᠍ᠵᠢᠬᠦᠯᠦᠨ᠎ᠡ᠃

    2020 ᠤᠨ ᠳ᠋ᠤ ᠪᠢᠲᠡ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠡᠷ ᠪᠠᠶᠢᠭᠤᠯᠤᠨ᠎ᠠ᠃ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠡᠷ ᠪᠠᠶᠢᠭᠤᠯᠬᠤ ᠳ᠋ᠤ ᠨᠢᠭᠡ ᠶᠢ ᠴᠤ ᠤᠷᠬᠢᠭᠲᠠᠭᠤᠯᠬᠤ ᠦᠭᠡᠢ;ᠬᠠᠮᠲᠤ ᠪᠡᠷ ᠴᠢᠨᠡᠭᠡᠯᠢᠭ᠍ᠵᠢᠬᠦ ᠵᠠᠮ ᠳ᠋ᠤ ᠨᠢᠭᠡ ᠶᠢ ᠴᠤ ᠡᠩᠨᠡᠭᠡᠨ ᠡᠴᠡ ᠪᠠᠨ ᠬᠠᠶᠠᠬᠤ ᠦᠭᠡᠢ᠃ ᠪᠢᠲᠠ ᠪᠦᠬᠦ ᠨᠠᠮ ᠪᠦᠬᠦ ᠤᠯᠤᠰ ᠤᠨ ᠬᠦᠴᠦᠨ ᠶᠢᠡᠷ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠡᠭᠦᠷᠭᠡ ᠶᠢ ᠰᠢᠭᠤᠷᠬᠠᠢ ᠪᠡᠶᠡᠯᠡᠬᠦᠯᠵᠦ᠂ ᠠᠮᠠᠯᠠᠯᠲᠠ ᠪᠠᠨ ᠪᠡᠶᠡᠯᠡᠬᠦᠯᠬᠦ ᠪᠤᠯᠤᠨ᠎ᠠ᠃ ᠠᠷᠠᠳ ᠲᠦᠮᠡᠨ ᠤ ᠵᠢᠷᠭᠠᠯᠲᠤ ᠠᠮᠢᠲᠤᠷᠠᠯ ᠤᠨ ᠬᠦᠭᠡᠭᠡᠴᠡᠯᠲᠦᠯ ᠪᠤᠯ ᠪᠢᠲᠡᠡ ᠤ ᠲᠡᠮᠡᠴᠡᠬᠦ ᠬᠠᠷᠠᠯᠲᠠ ᠮᠦᠨ ᠭᠡᠲᠡᠭ ᠢ ᠪᠠᠲᠤ ᠴᠡᠭᠡᠵᠢᠯᠡᠵᠦ᠂ ᠠᠷᠠᠳ ᠲᠦᠮᠡᠨ ᠤ ᠤᠯᠤᠯᠲᠠ᠂ ᠠᠵᠤ ᠵᠢᠷᠭᠠᠯ᠂ ᠠᠶᠤᠯᠬᠦᠢ ᠶᠢᠨ ᠮᠡᠲᠡᠷᠡᠮᠵᠢ ᠶᠢ ᠲᠠᠰᠤᠷᠠᠯᠲᠠ ᠦᠭᠡᠢ ᠲᠡᠭᠡᠭ᠍ᠰᠢᠯᠡᠬᠦᠯᠵᠦ᠂ ᠪᠦᠬᠦ ᠢᠷᠭᠡᠳ ᠤᠨ ᠬᠠᠮᠲᠤ ᠪᠡᠷ ᠪᠠᠶᠠᠵᠢᠨ ᠴᠢᠨᠡᠭᠡᠯᠢᠭ᠍ᠵᠢᠬᠦ ᠶᠢ ᠲᠠᠰᠤᠷᠠᠯᠲᠠ ᠦᠭᠡᠢ ᠠᠬᠢᠭᠤᠯᠤᠨ᠎ᠠ᠃ ᠲᠤᠮᠲᠠᠲᠤ ᠶᠢᠨ ᠠᠷᠠᠳ ᠲᠦᠮᠡᠨ ᠤ ᠠᠮᠢᠲᠤᠷᠠᠯ ᠵᠢᠯ ᠡᠴᠡ ᠪᠠᠨ ᠵᠢᠯ ᠦᠭᠡᠲᠡ ᠲᠠᠢ ᠪᠤᠯᠤᠨ᠎ᠠ ᠭᠡᠲᠡᠭ ᠢ ᠪᠢ ᠢᠲᠡᠭᠡᠵᠦ ᠪᠠᠶᠢᠨ᠎ᠠ᠃

    2021 ᠤᠨ ᠳ᠋ᠤ ᠪᠢᠲᠡ ᠲᠤᠮᠲᠠᠲᠤ ᠤᠯᠤᠰ ᠤᠨ ᠡᠪ ᠬᠠᠮᠲᠤ ᠨᠠᠮ ᠪᠠᠶᠢᠭᠤᠯᠤᠭᠲᠠᠭᠰᠠᠨ 100 ᠵᠢᠯ ᠤᠨ ᠤᠢ ᠪᠠᠨ ᠤᠭᠲᠤᠨ ᠠᠪᠬᠤ ᠪᠤᠯᠤᠨ᠎ᠠ᠃ ᠲᠤᠮᠲᠠᠲᠤ ᠤᠯᠤᠰ ᠤᠨ ᠡᠪ ᠬᠠᠮᠲᠤ ᠨᠠᠮ ᠲᠤᠮᠲᠠᠲᠤ ᠶᠢᠨ ᠦᠨᠳᠦᠰᠦᠲᠡᠨ ᠤ ᠠᠭᠤᠤ ᠶᠡᠬᠡ ᠦᠢᠯᠡᠰ ᠤᠨ ᠲᠦᠯᠦᠭᠡ ᠵᠢᠳᠬᠦᠵᠦ ᠵᠠᠭᠤᠨ ᠵᠢᠯ ᠤᠨ ᠤᠢ ᠲᠤᠬᠢᠶᠠᠬᠤ ᠪᠡᠷ ᠶᠠᠭ ᠴᠤᠭ ᠵᠤᠯᠢ ᠨᠢ ᠪᠠᠲᠠᠷᠠᠭᠰᠠᠨ ᠦᠶ᠎ᠠ ᠪᠤᠯᠬᠤ ᠶᠤᠮ᠃ ᠲᠤᠮᠲᠠᠲᠤ ᠤᠯᠤᠰ ᠤᠨ ᠡᠪ ᠬᠠᠮᠲᠤ ᠨᠠᠮ ᠪᠤᠯ ᠲᠡᠯᠡᠬᠡᠢ ᠲᠡᠭᠡᠷᠡᠬᠢ ᠬᠠᠮᠤᠭ ᠤᠨ ᠲᠤᠮᠤ ᠨᠠᠮ᠃ ᠲᠤᠮᠤ ᠪᠤᠯᠬᠤᠷ ᠶᠢᠡᠨ ᠲᠤᠮᠤ ᠶᠢᠨ ᠶᠠᠩᠵᠤ ᠲᠠᠢ ᠪᠠᠶᠢᠬᠤ ᠬᠡᠷᠡᠭᠲᠡᠢ᠃ ᠦᠢᠯᠡᠳᠦᠯᠭᠡ ᠭᠦᠢᠴᠡᠳ ᠭᠡᠷᠡᠴᠢᠯᠡᠭᠰᠡᠨ ᠶᠢᠡᠷ᠂ ᠲᠤᠮᠲᠠᠲᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠶᠢᠡᠨ ᠲᠠᠶᠢᠴᠢᠯᠠᠨ ᠠᠭᠤᠤ ᠶᠡᠬᠡ ᠨᠡᠶᠢᠭᠡᠮ ᠤᠨ ᠬᠤᠪᠢᠰᠬᠠᠯ ᠬᠢᠬᠦ ᠪᠡᠷ ᠪᠠᠷᠠᠬᠤ ᠦᠭᠡᠢ ᠠᠭᠤᠤ ᠶᠡᠬᠡ ᠦᠪᠡᠷ ᠪᠡᠶ᠎ᠡ ᠶᠢᠨ ᠬᠤᠪᠢᠰᠬᠠᠯ ᠬᠢᠲᠡᠭ᠃ ᠪᠢᠲᠡ ᠠᠮᠢᠵᠢᠷᠠᠯ ᠤᠨ ᠬᠦᠴᠦᠨ ᠶᠢᠡᠨ ᠡᠭᠦᠷᠢᠲᠡ ᠪᠠᠲᠤᠯᠠᠵᠤ ᠠᠷᠠᠳ ᠲᠦᠮᠡᠨ ᠳ᠋ᠡᠭᠡᠨ ᠦᠢᠯᠡᠴᠢᠯᠡᠵᠦ᠂ ᠴᠠᠭ ᠦᠶ᠎ᠠ ᠶᠢᠨ ᠬᠤᠰᠢᠭᠤᠴᠢ᠂ ᠦᠨᠳᠦᠰᠦᠲᠡᠨ ᠤ ᠪᠠᠨ ᠨᠢᠷᠤᠭᠤ ᠲᠤᠯᠭᠠᠭᠤᠷᠢ ᠪᠤᠯᠬᠤ ᠬᠡᠷᠡᠭᠲᠡᠢ᠃ ᠨᠠᠮ ᠢ ᠪᠦᠬᠦ ᠲᠠᠯ᠎ᠠ ᠪᠡᠷ ᠴᠢᠩᠭ᠋᠎ᠠ ᠵᠠᠰᠠᠬᠤ ᠠᠵᠢᠯ ᠢ ᠬᠡᠵᠢᠶ᠎ᠠ ᠴᠤ ᠠᠯᠲᠠᠭᠤᠯᠤᠯ ᠦᠭᠡᠢ ᠬᠢᠬᠦ ᠬᠡᠷᠡᠭᠲᠡᠢ᠃ ᠪᠢᠲᠡ ᠨᠠᠮ ᠤᠨ ᠴᠤᠬᠴᠠᠰ ᠢ ᠬᠤᠬᠢᠷᠠᠭᠤᠯᠬᠤ ᠠᠯᠢᠪᠠ ᠡᠪᠡᠳᠴᠢᠨ ᠬᠤᠤᠷ ᠢ ᠦᠷᠭᠦᠯᠵᠢᠯᠡᠨ ᠴᠡᠪᠡᠷᠯᠡᠨ ᠠᠷᠢᠯᠭᠠᠵᠦ᠂ ᠴᠡᠪᠡᠷ ᠲᠡᠭᠰᠢ ᠤᠯᠤᠰ ᠲᠦᠷᠦ ᠶᠢᠨ ᠤᠷᠴᠢᠨ ᠢ ᠪᠤᠢ ᠪᠤᠯᠭᠠᠵᠤ᠂ ᠪᠦᠬᠦ ᠨᠠᠮ ᠤᠨ ᠬᠦᠴᠦᠷᠬᠡᠭ᠌ ᠵᠦᠪ ᠡᠨᠧᠷᠬᠢ ᠪᠡᠷ ᠪᠦᠬᠦ ᠨᠡᠶᠢᠭᠡᠮ ᠳ᠋ᠤ ᠲᠤᠮᠲᠠᠲᠤ ᠤᠯᠤᠰ ᠤᠨ ᠬᠦᠭ᠍ᠵᠢᠯᠲᠠ ᠲᠡᠪᠰᠢᠯᠲᠡ ᠶᠢ ᠠᠬᠢᠭᠤᠯᠬᠤ ᠰᠦᠷ ᠲᠠᠯᠠᠶᠢᠴᠠ ᠲᠠᠢ ᠬᠦᠴᠦᠨ ᠪᠤᠯᠭᠠᠨ᠎ᠠ᠃

    ᠲᠤᠮᠲᠠᠲᠤ ᠤᠯᠤᠰ ᠤᠨ ᠡᠪ ᠬᠠᠮᠲᠤ ᠨᠠᠮ ᠬᠢᠭᠡᠳ ᠲᠤᠮᠲᠠᠲᠤ ᠤᠯᠤᠰ ᠤᠨ ᠠᠷᠠᠳ ᠲᠦᠮᠡᠨ ᠬᠦᠴᠢᠷ ᠪᠡᠷᠬᠡᠰᠢᠶᠡᠯ  ᠲᠤᠮᠲᠠ ᠢᠷᠡᠭᠰᠡᠨ ᠤᠴᠢᠷ ᠡᠩᠬᠡ ᠲᠠᠶᠢᠪᠤᠩ ᠤᠨ ᠡᠷᠬᠢᠮ ᠨᠠᠨᠳᠢᠨ᠂ ᠬᠦᠭ᠍ᠵᠢᠯᠲᠠ ᠶᠢᠨ ᠦᠷᠲᠡᠭ ᠢ ᠭᠦᠨ ᠤᠶᠢᠯᠠᠭᠠᠵᠤ ᠪᠠᠶᠢᠨ᠎ᠠ᠃ ᠲᠤᠮᠲᠠᠲᠤ ᠤᠯᠤᠰ ᠤᠨ ᠠᠷᠠᠳ ᠲᠦᠮᠡᠨ ᠦᠪᠡᠷ ᠢ ᠪᠠᠨ ᠢᠲᠡᠭᠡᠵᠦ ᠦᠪᠡᠷ ᠢ ᠪᠠᠨ ᠬᠦᠨᠳᠦᠳᠭᠡᠲᠡᠭ᠂ ᠤᠯᠤᠰ ᠤᠷᠤᠨ ᠤ ᠪᠠᠨ ᠡᠷᠬᠡ ᠮᠡᠲᠡᠯ᠂ ᠠᠶᠤᠯᠬᠦᠢ᠂ ᠬᠦᠭ᠍ᠵᠢᠯᠲᠠ ᠶᠢᠨ ᠠᠰᠢᠭ ᠲᠤᠰᠠ ᠶᠢ ᠡᠷᠡᠰ ᠪᠠᠲᠤ ᠬᠠᠮᠠᠭᠠᠯᠠᠵᠤ᠂ ᠡᠯ᠎ᠡ ᠤᠯᠤᠰ ᠤᠨ ᠠᠷᠠᠳ ᠲᠦᠮᠡᠨ ᠲᠠᠢ ᠬᠠᠮᠲᠤ ᠪᠡᠷ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠢᠲᠡᠪᠬᠢᠲᠡᠢ ᠠᠬᠢᠭᠤᠯᠵᠤ᠂ ᠬᠦᠮᠦᠨ ᠲᠦᠷᠦᠯᠬᠢᠲᠡᠨ ᠤ ᠡᠩᠬᠡ ᠲᠠᠶᠢᠪᠤᠩ ᠪᠤᠯᠤᠨ ᠬᠦᠭ᠍ᠵᠢᠯᠲᠠ ᠶᠢᠨ ᠡᠷᠬᠢᠮ ᠲᠡᠭᠡᠳᠦ ᠦᠢᠯᠡᠰ ᠲᠤ ᠨᠡᠩ ᠢᠯᠡᠬᠦᠦ ᠬᠤᠪᠢ ᠨᠡᠮᠡᠷᠢ ᠤᠷᠤᠭᠤᠯᠬᠤ ᠪᠤᠯᠤᠨ᠎ᠠ᠃

    ᠲᠡᠦᠬᠡ ᠶᠢ ᠠᠷᠠᠳ ᠲᠦᠮᠡᠨ ᠪᠢᠴᠢᠭ᠍ᠯᠡᠲᠡᠭ᠂ ᠠᠯᠢᠪᠠ ᠪᠦᠬᠦᠨ ᠠᠷᠠᠳ ᠲᠦᠮᠡᠨ ᠤ ᠬᠢ᠃ ᠪᠢᠲᠠ ᠠᠷᠠᠳ ᠲᠦᠮᠡᠨ ᠤ ᠪᠠᠨ ᠲᠤᠮᠲᠠ ᠦᠨᠳᠦᠰᠦᠯᠡᠵᠦ᠂ ᠠᠷᠠᠳ ᠲᠦᠮᠡᠨ ᠶᠢᠡᠨ ᠲᠦᠰᠢᠵᠦ ᠯᠡ ᠪᠠᠶᠢᠪᠠᠯ ᠮᠤᠬᠤᠰᠢ ᠦᠭᠡᠢ ᠬᠦᠴᠦᠨ ᠢ ᠤᠯᠵᠤ ᠡᠷᠡᠮᠡᠬᠡᠶᠢᠯᠡᠨ ᠤᠷᠤᠭᠰᠢᠯᠠᠬᠤ ᠪᠤᠯᠤᠨ᠎ᠠ᠃

    ᠶᠡᠷᠦ ᠶᠢᠨ ᠦᠭᠡᠨ ᠳ᠋ᠤ ᠵᠠᠭᠤ ᠰᠤᠨᠤᠰᠤᠭᠰᠠᠨ ᠡᠴᠡ ᠨᠢᠭᠡ ᠦᠵᠡᠭᠰᠡᠨ ᠨᠢ ᠲᠡᠭᠡᠷ᠎ᠡ ᠭᠡᠲᠡᠭ᠃ ᠰᠤᠷᠪᠤᠯᠵᠢᠯᠠᠭᠴᠢ ᠨᠠᠶᠢᠵᠠ ᠨᠠᠷ ᠢ ᠲᠤᠮᠲᠠᠲᠤ ᠤᠯᠤᠰ ᠤᠨ ᠡᠯ᠎ᠡ ᠭᠠᠵᠠᠷ ᠤᠳ ᠶᠢᠡᠷ ᠤᠯᠠᠨ ᠶᠠᠪᠤᠵᠤ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠲᠠᠷᠠᠭᠠᠬᠢ ᠲᠤᠮᠲᠠᠲᠤ ᠤᠯᠤᠰ ᠤᠨ ᠬᠦᠭ᠍ᠵᠢᠯᠲᠠ ᠬᠤᠪᠢᠷᠠᠯᠲᠠ ᠶᠢ ᠠᠩᠬᠠᠷᠴᠤ᠂ ᠨᠡᠩ ᠦᠷᠭᠡᠨ ᠭᠦᠨᠵᠡᠭᠡᠢ ᠪᠡᠷ ᠲᠤᠮᠲᠠᠲᠤ ᠤᠯᠤᠰ ᠢ ᠮᠡᠲᠡᠭᠡᠯᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠪᠢᠲᠡ ᠢᠷᠠᠭᠤ ᠲᠠᠩᠰᠤᠭ ᠦᠭᠡᠰ ᠢ ᠱᠠᠭᠠᠷᠲᠠᠬᠤ ᠦᠭᠡᠢ᠂ ᠵᠦᠪᠬᠡᠨ ᠪᠤᠰᠤᠳᠴᠢ ᠲᠠᠨᠢᠯᠴᠠᠭᠤᠯᠭ᠎ᠠ ᠪᠠ ᠲᠤᠰᠠᠲᠠᠢ ᠰᠠᠨᠠᠭᠤᠯᠭ᠎ᠠ ᠶᠢ ᠯᠡ ᠬᠦᠰᠡᠨ᠎ᠠ᠃

    ᠪᠠᠶᠠᠷᠯᠠᠯ᠎ᠠ᠂ ᠲᠠ ᠪᠦᠬᠦᠨ ᠳ᠋ᠡᠭᠡᠨ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121856194