蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠨᠦᠬᠦᠷ ᠤᠨ ᠲᠤᠪᠴᠢ ᠨᠠᠮᠳᠠᠷ

2017-10-26 15:14

ᠰᠢ ᠵᠢᠨ ᠫᠢᠩ ᠨᠦᠬᠦᠷ ᠤᠨ ᠲᠤᠪᠴᠢ ᠨᠠᠮᠳᠠᠷ

    ᠰᠢ ᠵᠢᠨ ᠫᠢᠩ᠂ ᠡᠷᠡᠭᠲᠡᠢ᠂ ᠬᠢᠲᠠᠳ ᠦᠨᠳᠦᠰᠦᠲᠡᠨ᠂ 1953 ᠤᠨ ᠤ 6 ᠰᠠᠷ᠎ᠠ ᠳᠤ ᠲᠦᠷᠦᠪᠡ᠂ ᠱᠠᠨᠰᠢ ᠮᠤᠵᠢ ᠶᠢᠨ ᠹᠦᠫᠢᠩ ᠤᠨ ᠬᠦᠮᠦᠨ᠂ 1969 ᠤᠨ ᠤ 1 ᠰᠠᠷ᠎ᠠ ᠳᠤ ᠠᠵᠢᠯ ᠳᠤ ᠤᠷᠤᠵᠦ᠂ 1974 ᠤᠨ ᠤ 1 ᠰᠠᠷ᠎ᠠ ᠳᠤ ᠳᠤᠮᠳᠠᠳᠦ ᠤᠯᠤᠰ ᠤᠨ ᠡᠪ ᠬᠠᠮᠲᠦ ᠨᠠᠮ ᠳᠤ ᠤᠷᠤᠪᠠ᠂ ᠴᠢᠩᠬᠤᠧᠠ ᠶᠡᠬᠡ ᠰᠤᠷᠭᠠᠭᠤᠯᠢ ᠶᠢᠨ ᠰᠤᠶᠤᠯ ᠢᠷᠭᠡᠨᠰᠢᠯ ᠨᠡᠢᠢᠬᠡᠮ ᠤᠨ ᠤᠬᠠᠭᠠᠨ ᠤ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠤᠨᠤᠯ ᠪᠤᠯᠤᠨ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠡᠴᠡ ᠲᠡᠭᠦᠰᠴᠡᠢ᠂ ᠠᠵᠢᠯ ᠤᠨ ᠪᠠᠢᠢᠷᠢ ᠳᠡᠭᠡᠷ᠎ᠠ ᠪᠠᠨ ᠰᠤᠷᠤᠯᠴᠠᠬᠰᠠᠨ ᠠᠰᠫᠢᠷᠠᠨᠲ ᠤᠨ ᠰᠤᠷᠤᠯᠭ᠎ᠠ ᠵᠢᠨ ᠨᠠᠮᠳᠠᠷ ᠲᠠᠢ᠂ ᠬᠠᠥᠯᠢ ᠶᠢᠨ ᠤᠬᠠᠭᠠᠨ ᠤ ᠳ᠋ᠤᠺᠲ᠋ᠤᠷ᠃

    ᠤᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠳᠤᠮᠳᠠᠳᠤ ᠤᠯᠤᠰ ᠤᠨ ᠡᠪ ᠬᠠᠮᠲᠤ ᠨᠡᠮ ᠤᠨ ᠲᠦᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ᠂ ᠪᠦᠬᠦᠳᠡ ᠨᠠᠢᠢᠷᠠᠮᠳᠠᠬᠤ ᠳᠤᠮᠳᠠᠳᠦ ᠠᠷᠠᠳ ᠤᠯᠤᠰ ᠤᠨ ᠲᠡᠷᠢᠬᠦᠯᠡᠭᠴᠢ᠂ ᠪᠦᠬᠦᠳᠡ ᠨᠠᠢᠢᠷᠠᠮᠳᠠᠬᠤ ᠳᠤᠮᠳᠠᠳᠦ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠵᠦ ᠪᠠᠢᠢᠨ᠎ᠠ᠃

    1969 – 1975 ᠤᠨ ᠪᠤᠯᠲᠠᠯ᠎ᠠ᠂ ᠱᠠᠨᠰᠢ ᠮᠤᠵᠢ ᠶᠢᠨ ᠶᠠᠨᠴᠤᠧᠠᠨ ᠰᠢᠶᠠᠨ ᠤ ᠸᠸᠨ ᠠᠨ ᠢ ᠭᠦᠩᠱᠸ ᠵᠢᠨ ᠯᠢᠶᠠᠩ ᠵᠢᠶᠠ ᠡᠾᠸ ᠶᠡᠬᠡ ᠪᠠᠷᠢᠭᠠᠲᠠ ᠶᠢᠨ ᠰᠡᠭᠡᠭᠡᠲᠡᠨ᠂ ᠨᠠᠮ ᠤᠨ ᠡᠬᠦᠷ ᠤᠨ ᠱᠦᠵᠢ ᠶᠢᠨ ᠲᠤᠰᠢᠶᠠᠯ ᠢ ᠬᠠᠷᠢᠭᠤᠴᠠᠪᠠ᠃

    1975 -1979 ᠤᠨ ᠪᠤᠯᠲᠠᠯ᠎ᠠ᠂ ᠴᠢᠩᠬᠤᠧᠠ ᠶᠡᠬᠡ ᠰᠤᠷᠭᠠᠭᠤᠯᠢ ᠶᠢᠨ ᠬᠢᠮᠢ ᠶᠢᠨ ᠠᠵᠦ ᠦᠢᠯᠡᠳᠪᠦᠷᠢ ᠶᠢᠨ ᠰᠠᠯᠪᠤᠷᠢ ᠶᠢᠨ ᠦᠨᠳᠦᠰᠦᠨ ᠤᠷᠭᠠᠨᠢᠭ ᠨᠢᠭᠡᠳᠭᠡᠪᠦᠷᠢ ᠶᠢᠨ ᠲᠤᠰᠬᠠᠢ ᠮᠡᠷᠭᠡᠵᠢᠯ ᠳ᠋ᠤ ᠰᠤᠷᠤᠯᠴᠠᠪᠠ᠃

    1979 -1982 ᠤᠨ ᠪᠤᠯᠲᠠᠯ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠨᠠᠷᠢᠨ ᠪᠢᠴᠢᠭᠡᠴᠢ(ᠵᠢᠩᠬᠢᠨᠢ ᠠᠯᠪᠠ᠎) ᠶ᠋ᠢᠨ ᠲᠤᠰᠢᠶᠠᠯ ᠢ ᠬᠠᠷᠢᠭᠤᠴᠠᠪᠠ᠃

    1982 - 1983 ᠤᠨ ᠪᠤᠯᠳᠠᠯ᠎ᠠ᠂ ᠡᡁᠸᠪᠸᠢ ᠮᠤᠵᠢ ᠶᠢᠨ ᠵᠧᠩᠳᠢᠩ ᠰᠢᠶᠠᠨ ᠤ ᠨᠠᠮ ᠤᠨ ᠬᠤᠷᠢᠶᠠᠨ ᠤ ᠲᠡᠳ᠋ ᠱᠦᠵᠢ ᠶᠢᠨ ᠲᠤᠰᠢᠶᠠᠯ ᠢ ᠬᠠᠷᠢᠭᠤᠴᠠᠪᠠ᠃

    1983 - 1985 ᠤᠨ ᠪᠤᠯᠳᠠᠯ᠎ᠠ᠂ ᠡᡁᠸᠪᠸᠢ ᠮᠤᠵᠢ ᠶᠢᠨ ᠵᠸᠩᠳᠢᠩ ᠰᠢᠶᠠᠨ ᠤ ᠨᠠᠮ ᠤᠨ ᠬᠤᠷᠢᠶᠠᠨ ᠤ ᠱᠦᠵᠢ᠂ ᠵᠸᠩᠳᠢᠩ ᠰᠢᠶᠠᠨ ᠤ ᠵᠡᠪᠰᠡᠭᠳᠤ ᠬᠦᠴᠦᠨ ᠤ ᠬᠡᠯᠳᠡᠰ ᠤᠨ ᠨᠢᠭᠡᠳᠤᠭᠡᠷ ᠺᠤᠮᠢᠰᠰᠠᠷ᠂ ᠨᠠᠮ ᠤᠨ ᠬᠤᠷᠢᠶᠠᠨ ᠤ ᠨᠢᠭᠡᠳᠤᠭᠡᠷ ᠱᠦᠵᠢ ᠶᠢᠨ ᠲᠤᠰᠢᠶᠠᠯ ᠢ ᠬᠠᠷᠢᠭᠤᠴᠠᠪᠠ᠃

    1985 - 1988 ᠤᠨ ᠪᠤᠯᠳᠠᠯ᠎ᠠ᠂ ᠹᠦᠵᠢᠶᠠᠨ ᠮᠤᠵᠢ ᠶᠢᠨ ᠰᠢᠶᠠᠮᠸᠨ ᠬᠤᠳᠠ ᠶᠢᠨ ᠨᠠᠮ ᠤᠨ ᠬᠤᠷᠢᠶᠠᠨ ᠤ ᠪᠠᠢᠢᠩᠭ᠋ᠤ ᠶᠢᠨ ᠬᠡᠰᠢᠬᠦᠨ᠂ ᠬᠤᠳᠠ ᠶᠢᠨ ᠲᠡᠳ᠋ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃

    1988 - 1990 ᠤᠨ ᠪᠤᠯᠳᠠᠯ᠎ᠠ᠂ ᠹᠦᠵᠢᠶᠠᠨ ᠮᠤᠵᠢ ᠶᠢᠨ ᠨᠢᠩᠳ᠋ᠸ ᠲᠤᠰᠬᠠᠢ ᠤᠷᠤᠨ ᠤ ᠨᠠᠮ ᠤᠨ ᠬᠤᠷᠢᠶᠠᠨ ᠤ ᠱᠦᠵᠢ᠂ ᠨᠢᠩᠳ᠋ᠸ ᠤᠨ ᠴᠡᠷᠢᠭ ᠤᠨ ᠬᠤᠪᠢᠶᠡᠷᠢ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠤᠭᠡᠷ ᠱᠦᠵᠢ ᠶᠢᠨ ᠲᠤᠰᠢᠶᠠᠯ ᠢ ᠬᠠᠷᠢᠭᠤᠴᠠᠪᠠ᠃

    1990 - 1993 ᠤᠨ ᠪᠤᠯᠳᠠᠯ᠎ᠠ᠂ ᠹᠦᠵᠢᠶᠠᠨ ᠮᠤᠵᠢ ᠶᠢᠨ ᠹᠦᠵᠸᠦ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶᠠᠨ ᠤ ᠡᠷᠬᠢᠯᠡᠭᠴᠢ᠂ ᠹᠦᠵᠸᠦ ᠶᠢᠨ ᠴᠡᠷᠢᠭ ᠤᠨ ᠬᠤᠪᠢᠶᠡᠷᠢ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠤᠭᠡᠷ ᠱᠦᠵᠢ ᠶᠢᠨ ᠲᠤᠰᠢᠶᠠᠯ ᠢ ᠬᠠᠷᠢᠭᠤᠴᠠᠪᠠ᠃

    1993 - 1995 ᠤᠨ ᠪᠤᠯᠳᠠᠯ᠎ᠠ᠂ ᠹᠦᠵᠢᠶᠠᠨ ᠮᠤᠵᠢ ᠶᠢᠨ ᠨᠠᠮ ᠤᠨ ᠬᠤᠷᠢᠶᠠᠨ ᠤ ᠪᠠᠢᠢᠩᠭ᠋ᠤ ᠶᠢᠨ ᠬᠡᠰᠢᠬᠦᠨ᠂ ᠹᠦᠵᠸᠦ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶᠠᠨ ᠤ ᠡᠷᠬᠢᠯᠡᠭᠴᠢ᠂ ᠹᠦᠵᠸᠦ ᠶᠢᠨ ᠴᠡᠷᠢᠭ ᠤᠨ ᠬᠤᠪᠢᠶᠡᠷᠢ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠤᠭᠡᠷ ᠱᠦᠵᠢ ᠶᠢᠨ ᠲᠤᠰᠢᠶᠠᠯ ᠢ ᠬᠠᠷᠢᠭᠤᠴᠠᠪᠠ᠃

    1995 - 1996 ᠤᠨ ᠪᠤᠯᠳᠠᠯ᠎ᠠ᠂ ᠹᠦᠵᠢᠶᠠᠨ ᠮᠤᠵᠢ ᠶᠢᠨ ᠨᠠᠮ ᠤᠨ ᠬᠤᠷᠢᠶᠠᠨ ᠤ ᠲᠡᠳ᠋ ᠱᠦᠵᠢ᠂ ᠹᠦᠵᠸᠦ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶᠠᠨ ᠤ ᠡᠷᠬᠢᠯᠡᠭᠴᠢ᠂ ᠹᠦᠵᠸᠦ ᠶᠢᠨ ᠴᠡᠷᠢᠭ ᠤᠨ ᠬᠤᠪᠢᠶᠡᠷᠢ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠤᠭᠡᠷ ᠱᠦᠵᠢ ᠶᠢᠨ ᠲᠤᠰᠢᠶᠠᠯ ᠢ ᠬᠠᠷᠢᠭᠤᠴᠠᠪᠠ᠃

    1996 - 1999 ᠤᠨ ᠪᠤᠯᠳᠠᠯ᠎ᠠ᠂ ᠹᠦᠵᠢᠶᠠᠨ ᠮᠤᠵᠢ ᠶᠢᠨ ᠨᠠᠮ ᠤᠨ ᠬᠤᠷᠢᠶᠠᠨ ᠤ ᠲᠡᠳ᠋ ᠱᠦᠵᠢ᠂ ᠹᠦᠵᠢᠶᠠᠨ ᠮᠤᠵᠢ ᠶᠢᠨ ᠦᠨᠳᠤᠷ ᠫᠤᠤᠳᠠᠬᠤ ᠪᠡᠯᠡᠳᠭᠡᠯ ᠠᠯᠪᠠᠨ ᠤ ᠳ᠋ᠢᠸᠢᠽᠢ ᠶᠢᠨ ᠨᠢᠭᠡᠳᠤᠭᠡᠷ ᠺᠤᠮᠢᠰᠰᠠᠷ ᠤᠨ ᠲᠤᠰᠢᠶᠠᠯ ᠢ ᠬᠠᠷᠢᠭᠤᠴᠠᠪᠠ᠃

    1999 -2000 ᠤᠨ ᠪᠤᠯᠳᠠᠯ᠎ᠠ᠂ ᠹᠦᠵᠢᠶᠠᠨ ᠮᠤᠵᠢ ᠶᠢᠨ ᠨᠠᠮ ᠤᠨ ᠬᠤᠷᠢᠶᠠᠨ ᠤ ᠲᠡᠳ᠋ ᠱᠦᠵᠢ᠂ ᠤᠷᠤᠯᠠᠬᠴᠢ ᠮᠤᠵᠢ ᠶᠢᠨ ᠲᠠᠷᠤᠭ᠎ᠠ᠂ ᠨᠠᠨᠵᠢᠩ ᠤᠨ ᠴᠡᠷᠢᠭ ᠤᠨ ᠲᠤᠭᠤᠷᠢᠭ ᠤᠨ ᠤᠯᠤᠰ ᠤᠨ ᠪᠠᠳᠤᠯᠠᠨ ᠬᠠᠮᠠᠭᠠᠯᠠᠯᠲᠠ ᠶᠢᠨ ᠲᠠᠢᠢᠴᠢᠯᠠᠯᠳᠡ ᠶᠢᠨ ᠵᠦᠪᠯᠡᠯ ᠤᠨ ᠲᠡᠳ᠋ ᠡᠷᠬᠢᠯᠡᠭᠴᠢ᠂ ᠹᠦᠵᠢᠶᠠᠨ ᠮᠤᠵᠢ ᠶᠢᠨ ᠤᠯᠤᠰ ᠤᠨ ᠪᠠᠳᠤᠯᠠᠨ ᠬᠠᠮᠠᠭᠠᠯᠠᠯᠳᠡ ᠶᠢᠨ ᠲᠠᠢᠢᠴᠢᠯᠠᠯᠳᠡ ᠶᠢᠨ ᠵᠦᠪᠯᠡᠯ ᠤᠨ ᠡᠷᠬᠢᠯᠡᠭᠴᠢ᠂ ᠹᠦᠵᠢᠶᠠᠨ ᠮᠤᠵᠢ ᠶᠢᠨ ᠦᠨᠳᠤᠷ ᠫᠤᠤᠳᠠᠬᠤ ᠪᠡᠯᠡᠳᠭᠡᠯ ᠠᠯᠪᠠᠨ ᠤ ᠳ᠋ᠢᠸᠢᠽᠢ ᠶᠢᠨ ᠨᠢᠭᠡᠳᠤᠭᠡᠷ ᠺᠤᠮᠢᠰᠰᠠᠷ ᠤᠨ ᠲᠤᠰᠢᠶᠠᠯ ᠢ ᠬᠠᠷᠢᠭᠤᠴᠠᠪᠠ᠃

    2000 - 2002 ᠤᠨ ᠪᠤᠯᠳᠠᠯ᠎ᠠ᠂ ᠹᠦᠵᠢᠶᠠᠨ ᠮᠤᠵᠢ ᠶᠢᠨ ᠨᠠᠮ ᠤᠨ ᠬᠤᠷᠢᠶᠠᠨ ᠤ ᠲᠡᠳ᠋ ᠱᠦᠵᠢ᠂ ᠮᠤᠵᠢ ᠶᠢᠨ ᠲᠠᠷᠤᠭ᠎ᠠ᠂ ᠨᠠᠨᠵᠢᠩ ᠤᠨ ᠴᠡᠷᠢᠭ ᠤᠨ ᠲᠤᠭᠤᠷᠢᠭ ᠤᠨ ᠤᠯᠤᠰ ᠤᠨ ᠪᠠᠳᠤᠯᠠᠨ ᠬᠠᠮᠠᠭᠠᠯᠠᠯᠳᠡ ᠶᠢᠨ ᠲᠠᠢᠢᠴᠢᠯᠠᠯᠳᠡ ᠶᠢᠨ ᠵᠦᠪᠯᠡᠯ ᠤᠨ ᠲᠡᠳ᠋ ᠡᠷᠬᠢᠯᠡᠭᠴᠢ᠂ ᠹᠦᠵᠢᠶᠠᠨ ᠮᠤᠵᠢ ᠶᠢᠨ ᠤᠯᠤᠰ ᠤᠨ ᠪᠠᠳᠤᠯᠠᠨ ᠬᠠᠮᠠᠭᠠᠯᠠᠯᠲᠠ ᠶᠢᠨ ᠲᠠᠢᠢᠴᠢᠯᠠᠯᠳᠡ ᠶᠢᠨ ᠵᠦᠪᠯᠡᠯ ᠤᠨ ᠡᠷᠬᠢᠯᠡᠭᠴᠢ᠂ ᠹᠦᠵᠢᠶᠠᠨ ᠮᠤᠵᠢ ᠶᠢᠨ ᠦᠨᠳᠤᠷ ᠫᠤᠤᠳᠠᠬᠤ ᠪᠡᠯᠡᠳᠭᠡᠯ ᠠᠯᠪᠠᠨ ᠤ ᠳ᠋ᠢᠸᠢᠽᠢ ᠶᠢᠨ ᠨᠢᠭᠡᠳᠤᠭᠡᠷ ᠺᠤᠮᠢᠰᠰᠠᠷ ᠤᠨ ᠲᠤᠰᠢᠶᠠᠯ ᠢ ᠬᠠᠷᠢᠭᠤᠴᠠᠪᠠ᠃ (1998 - 2002 ᠤᠨ ᠪᠤᠯᠳᠠᠯ᠎ᠠ᠂ ᠴᠢᠩᠬᠤᠸᠠ ᠶᠡᠭᠡ ᠰᠤᠷᠭᠠᠭᠤᠯᠢ ᠶᠢᠨ ᠰᠤᠶᠤᠯ ᠢᠷᠭᠡᠨᠰᠢᠯ ᠨᠡᠢᠢᠭᠡᠮ ᠤᠨ ᠤᠬᠠᠭᠠᠨ ᠤ ᠲᠡᠭᠡᠳᠤ ᠰᠤᠷᠭᠠᠭᠤᠯᠢ ᠶᠢᠨ ᠮᠠᠷᠺᠰ ᠤᠨ ᠦᠵᠡᠯ ᠤᠨ ᠤᠨᠤᠯ ᠪᠤᠯᠤᠨ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠦᠮᠥᠵᠢᠯ ᠤᠨ ᠲᠤᠰᠬᠠᠢ ᠮᠡᠷᠭᠡᠵᠢᠯ ᠤᠨ ᠠᠵᠢᠯ ᠤᠨ ᠪᠠᠢᠢᠷᠢ ᠲᠡᠭᠡᠷ᠎ᠠ ᠪᠠᠨ ᠰᠤᠷᠤᠯᠴᠠᠬᠤ ᠠᠰᠫᠢᠷᠠᠨᠲ ᠤᠨ ᠠᠩᠬᠢ ᠳᠤ ᠰᠤᠷᠤᠯᠴᠠᠵᠥ᠂ ᠬᠠᠤᠯᠢ  ᠶᠢᠨ ᠤᠬᠠᠭᠠᠨ ᠤ ᠳ᠋ᠤᠺᠲ᠋ᠤᠷ ᠴᠤᠯᠠ ᠬᠠᠮᠠᠭᠠᠯᠠᠪᠠ)

    2002 - 2002 ᠤᠨ ᠪᠤᠯᠲᠠᠯ᠎ᠠ᠂ ᠵᠸᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ᠂ ᠤᠷᠤᠯᠠᠭᠴᠢ ᠮᠤᠵᠢ ᠶᠢᠨ ᠲᠠᠷᠤᠭ᠎ᠠ᠂ ᠨᠠᠨᠵᠢᠩ ᠤᠨ ᠴᠡᠷᠢᠭ ᠤᠨ ᠲᠤᠭᠤᠷᠢᠭ ᠤᠨ ᠤᠯᠤᠰ ᠤᠨ ᠪᠠᠳᠤᠯᠠᠨ ᠬᠠᠮᠠᠭᠠᠯᠠᠯᠳᠡ ᠶᠢᠨ ᠲᠠᠢᠢᠴᠢᠯᠠᠯᠳᠡ ᠶᠢᠨ ᠵᠦᠪᠯᠡᠯ ᠤᠨ ᠲᠡᠳ᠋ ᠡᠷᠬᠢᠯᠡᠭᠴᠢ᠂ ᠵᠸᠵᠢᠶᠠᠩ ᠮᠤᠵᠢ ᠶᠢᠨ ᠤᠯᠤᠰ ᠤᠨ ᠪᠠᠳᠤᠯᠠᠨ ᠬᠠᠮᠠᠭᠠᠯᠠᠯᠳᠡ ᠶᠢᠨ ᠲᠠᠢᠢᠴᠢᠯᠠᠯᠳᠡ ᠶᠢᠨ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃

    2002 - 2003 ᠤᠨ ᠪᠤᠯᠳᠠᠯ᠎ᠠ᠂ ᠵᠸᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ᠂ ᠤᠷᠤᠯᠠᠭᠴᠢ ᠮᠤᠵᠢ ᠶᠢᠨ ᠲᠠᠷᠤᠭ᠎ᠠ᠂ ᠵᠸᠵᠢᠶᠠᠩ ᠮᠤᠵᠢ ᠶᠢᠨ ᠴᠡᠷᠢᠭ ᠤᠨ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠤᠭᠡᠷ ᠱᠦᠵᠢ᠂ ᠨᠠᠨᠵᠢᠩ ᠤᠨ ᠴᠡᠷᠢᠭ ᠤᠨ ᠲᠤᠭᠤᠷᠢᠭ ᠤᠨ ᠤᠯᠤᠰ ᠤᠨ ᠪᠠᠳᠤᠯᠠᠨ ᠬᠠᠮᠠᠭᠠᠯᠠᠯᠳᠡ ᠶᠢᠨ ᠲᠠᠢᠢᠴᠢᠯᠠᠯᠳᠡ ᠶᠢᠨ ᠵᠦᠪᠯᠡᠯ ᠤᠨ ᠲᠡᠳ᠋ ᠡᠷᠬᠢᠯᠡᠭᠴᠢ᠂ ᠵᠸᠵᠢᠶᠠᠩ ᠮᠤᠵᠢ ᠶᠢᠨ ᠤᠯᠤᠰ ᠤᠨ ᠪᠠᠳᠤᠯᠠᠨ ᠬᠠᠮᠠᠭᠠᠯᠠᠯᠳᠡ ᠶᠢᠨ ᠲᠠᠢᠢᠴᠢᠯᠠᠯᠳᠡ ᠶᠢᠨ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃

    2003 - 2007 ᠤᠨ ᠪᠤᠯᠳᠠᠯ᠎ᠠ᠂ ᠵᠸᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ᠂ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶᠠᠨ ᠤ ᠡᠷᠬᠢᠯᠡᠭᠴᠢ᠂ ᠵᠸᠵᠢᠶᠠᠩ ᠮᠤᠵᠢ ᠶᠢᠨ ᠴᠡᠷᠢᠭ ᠤᠨ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠤᠭᠡᠷ ᠱᠦᠵᠢ ᠶᠢᠨ ᠲᠤᠰᠢᠶᠠᠯ ᠢ ᠬᠠᠷᠢᠭᠤᠴᠠᠪᠠ᠃

    2007 - 2007 ᠤᠨ ᠪᠤᠯᠳᠠᠯ᠎ᠠ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ᠂ ᠱᠠᠩᠬᠠᠢ ᠶᠢᠨ ᠰᠡᠷᠬᠡᠢᠢᠯᠡᠨ ᠬᠠᠮᠠᠭᠠᠯᠠᠬᠤ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠤᠭᠡᠷ ᠱᠦᠵᠢ ᠶᠢᠨ ᠲᠤᠰᠢᠶᠠᠯ ᠢ ᠬᠠᠷᠢᠭᠤᠴᠠᠪᠠ᠃

    2007 - 2008 ᠤᠨ ᠪᠤᠯᠳᠠᠯ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠢᠢᠩᠭ᠋ᠤ ᠶᠢᠨ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠨᠠᠮ ᠤᠨ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠬᠠᠷᠢᠭᠤᠴᠠᠪᠠ᠃

    2008 - 2010 ᠤᠨ ᠪᠤᠯᠳᠠᠯ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠢᠢᠩᠭ᠋ᠤ ᠶᠢᠨ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦᠳᠡ ᠨᠠᠢᠢᠷᠠᠮᠳᠠᠬᠤ ᠲᠤᠮᠳᠠᠳᠤ ᠠᠷᠠᠳ ᠤᠯᠤᠰ ᠤᠨ ᠲᠡᠳ᠋ ᠲᠡᠷᠢᠬᠦᠯᠡᠭᠴᠢ᠂ ᠲᠦᠪ ᠤᠨ ᠨᠠᠮ ᠤᠨ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠬᠠᠷᠢᠭᠤᠴᠠᠪᠠ᠃

    2010 - 2012 ᠤᠨ ᠪᠤᠯᠳᠠᠯ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠢᠢᠩᠭ᠋ᠤ ᠶᠢᠨ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦᠳᠡ ᠨᠠᠢᠢᠷᠠᠮᠳᠠᠬᠤ ᠲᠤᠮᠳᠠᠳᠤ ᠠᠷᠠᠳ ᠤᠯᠤᠰ ᠤᠨ ᠲᠡᠳ᠋ ᠲᠡᠷᠢᠬᠦᠯᠡᠭᠴᠢ᠂ ᠨᠠᠮ  ᠤᠨ ᠲᠦᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠲᠡᠳ᠋ ᠲᠡᠷᠢᠬᠦᠯᠡᠭᠴᠢ᠂ ᠪᠦᠬᠦᠳᠡ ᠨᠠᠢᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠳ᠋ ᠲᠡᠷᠢᠬᠦᠯᠡᠭᠴᠢ᠂ ᠲᠦᠪ ᠤᠨ ᠨᠠᠮ ᠤᠨ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠬᠠᠷᠢᠭᠤᠴᠠᠪᠠ᠃

    2012 - 2013 ᠤᠨ ᠪᠤᠯᠲᠠᠯ᠎ᠠ᠂ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠨᠠᠮ ᠤᠨ ᠲᠦᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ᠂ ᠪᠦᠬᠦᠳᠡ ᠨᠠᠢᠢᠷᠠᠮᠳᠠᠬᠤ ᠲᠤᠮᠳᠠᠳᠤ ᠠᠷᠠᠳ ᠤᠯᠤᠰ ᠤᠨ ᠲᠡᠳ᠋ ᠲᠡᠷᠢᠬᠦᠯᠡᠭᠴᠢ᠂ ᠪᠦᠬᠦᠳᠡ ᠨᠠᠢᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠪᠠ᠃

    2013 ᠣᠨ - ᠣᠳᠣ ᠪᠣᠯᠳᠠᠯ᠎ᠠ᠂ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠨᠠᠮ ᠤᠨ ᠲᠦᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ᠂ ᠪᠦᠬᠦᠳᠡ ᠨᠠᠢᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ᠂ ᠪᠦᠬᠦᠳᠡ ᠨᠠᠢᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠪᠠ᠃

    ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠲᠦᠪ ᠬᠤᠷᠢᠶᠠᠨ ᠤ ᠤᠷᠤᠯᠠᠭᠴᠢ ᠬᠡᠰᠢᠬᠦᠨ᠂ ᠠᠷᠪᠠᠨ ᠵᠢᠷᠭᠤᠳᠤᠭᠠᠷ᠂ ᠠᠷᠪᠠᠨ ᠲᠤᠯᠤᠳᠤᠭᠠᠷ᠂ ᠠᠷᠪᠠᠨ ᠨᠠᠶ᠋ᠮᠠᠳᠤᠭᠠᠷ᠂ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠡᠰᠢᠬᠦᠨ᠂ ᠠᠷᠪᠠᠨ ᠲᠤᠯᠤᠳᠤᠭᠠᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠪᠠᠢᠢᠩᠭ᠋ᠤ ᠶᠢᠨ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠠᠷᠪᠠᠨ ᠨᠠᠶ᠋ᠮᠠᠳᠤᠭᠠᠷ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠪᠠᠢᠢᠩᠭ᠋ᠤ ᠶᠢᠨ ᠬᠡᠰᠢᠬᠦᠨ᠂ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠃ ᠠᠷᠪᠠᠨ ᠨᠢᠭᠡᠳᠤᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠲᠡᠭᠡᠷ᠎ᠠ ᠪᠦᠬᠦᠳᠡ ᠨᠠᠢᠢᠷᠠᠮᠳᠠᠬᠤ ᠲᠤᠮᠳᠠᠳᠤ ᠠᠷᠠᠳ ᠤᠯᠤᠰ ᠤᠨ ᠲᠡᠳ᠋ ᠲᠡᠷᠢᠬᠦᠯᠡᠭᠴᠢ ᠪᠠᠷ ᠰᠤᠩᠭ᠋ᠤᠭᠳᠠᠪᠠ᠃ ᠠᠷᠪᠠᠨ ᠲᠤᠯᠤᠳᠤᠭᠠᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠲᠡᠭᠡᠷ᠎ᠠ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠳ᠋ ᠲᠡᠷᠢᠬᠦᠯᠡᠭᠴᠢ ᠪᠠᠷ ᠨᠦᠬᠦᠵᠥ ᠰᠤᠩᠭ᠋ᠤᠭᠳᠠᠪᠠ᠃ ᠠᠷᠪᠠᠨ ᠨᠢᠭᠡᠳᠤᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠢᠨᠭᠭᠤ ᠶᠢᠨ ᠬᠤᠷᠢᠶᠠᠨ ᠪ ᠠᠷᠪᠠᠨ ᠲᠤᠯᠤᠳᠤᠭᠠᠷ ᠬᠤᠷᠠᠯ ᠡᠴᠡ ᠪᠦᠬᠦᠳᠡ ᠨᠠᠢᠢᠷᠠᠮᠳᠠᠬᠤ ᠲᠤᠮᠳᠠᠳᠤ ᠠᠷᠠᠳ ᠤᠯᠤᠰ ᠤᠨ ᠲᠦᠪ  ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠳ᠋ ᠲᠡᠷᠢᠬᠦᠯᠡᠭᠴᠢ ᠪᠠᠷ ᠲᠤᠮᠢᠯᠠᠪᠠ᠃ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠲᠡᠭᠡᠷ᠎᠎ᠠ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠪᠠ᠃ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠠᠩᠬᠠᠳᠤᠭᠠᠷ ᠬᠤᠷᠠᠯ ᠲᠡᠭᠡᠷ᠎ᠠ ᠪᠦᠬᠦᠳᠡ ᠨᠠᠢᠢᠷᠠᠮᠳᠠᠬᠤ ᠳᠤᠮᠳᠠᠳᠦ ᠠᠷᠠᠳ ᠤᠯᠤᠰ ᠤᠨ ᠲᠠᠷᠢᠬᠦᠯᠡᠭᠴᠢ᠂ ᠪᠦᠬᠦᠳᠡ ᠨᠠᠢᠢᠷᠠᠮᠳᠠᠬᠤ ᠳᠤᠮᠳᠠᠳᠦ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠪᠡᠷ ᠰᠤᠩᠭ᠋ᠤᠬᠳᠠᠪᠠ᠃ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠳᠡᠭᠡᠷ᠎ᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ  ᠤ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121859959