蒙古文网站Logo
ᠰᠢᠨᠬᠤᠸᠠ ᠮᠤᠩᠭ᠋ᠤᠯ ᠨᠧᠲ

ᠯᠢ ᠵᠠᠠ ᠱᠦ ᠨᠦᠬᠦᠷ ᠤᠨ ᠲᠤᠪᠴᠢ ᠨᠠᠮᠳᠠᠷ

2017-10-26 16:09

ᠯᠢ ᠵᠠᠠ ᠱᠦ ᠨᠦᠬᠦᠷ ᠤᠨ ᠲᠤᠪᠴᠢ ᠨᠠᠮᠳᠠᠷ

    ᠯᠢ ᠵᠠᠠ ᠱᠦ᠂ ᠡᠷᠡᠭᠳᠠᠢ᠂ ᠬᠢᠳᠡᠳ ᠦᠨᠳᠦᠰᠦᠳᠡᠨ᠂ 1950 ᠤᠨ ᠤ 8 ᠰᠠᠷ᠎ᠠ ᠳᠤ ᠲᠦᠷᠦᠵᠠᠢ᠂ ᠾᠸᠪᠸᠢ ᠮᠤᠵᠢ ᠶᠢᠨ ᠫᠢᠩᠱᠠᠨ ᠤ ᠬᠦᠮᠦᠨ᠂ 1972 ᠤᠨ ᠤ 12 ᠰᠠᠷ᠎ᠠ᠎ ᠳᠤ ᠠᠵᠢᠯ ᠳᠤ ᠤᠷᠤᠵᠦ᠂ 1975 ᠤᠨ ᠤ 4 ᠰᠠᠷ᠎ᠠ ᠳᠤ ᠲᠤᠮᠳᠠᠳᠦ ᠤᠯᠤᠰ ᠤᠨ ᠡᠪ ᠬᠠᠮᠳᠦ ᠨᠠᠮ ᠳᠤ ᠤᠷᠤᠪᠠ᠂ ᠾᠸᠪᠸᠢ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠦᠳᠡᠰᠢ ᠶᠢᠨ ᠶᠡᠭᠡ ᠰᠤᠷᠭᠠᠭᠤᠯᠢ ᠶᠢᠨ ᠤᠯᠤᠰ ᠲᠦᠷᠦ ᠰᠤᠷᠭᠠᠨ ᠬᠦᠮᠦᠵᠢᠯ ᠤᠨ ᠰᠠᠯᠪᠤᠷᠢ ᠡᠴᠠ ᠲᠡᠬᠦᠰᠴᠠᠢ᠂ ᠠᠵᠢᠯ ᠤᠨ ᠪᠠᠢᠢᠷᠢ ᠲᠡᠭᠡᠷ᠎ᠠ ᠪᠠᠨ ᠰᠤᠷᠤᠯᠴᠬᠠᠰᠠᠠ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠲᠡᠭᠡᠳᠦ ᠲᠡᠰ ᠤᠨ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠮᠠᠰᠲ᠋ᠸᠷ ᠴᠤᠯᠠ ᠲᠠᠢ᠃

    ᠤᠳᠦ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠢᠢᠩᠭ᠋ᠤ ᠵᠢᠨ ᠭᠡᠰᠢᠬᠦᠨ᠂ ᠲᠦᠪ ᠬᠤᠷᠢᠶ᠎ᠠ ᠵᠢᠨ ᠠᠯᠪᠠᠨ ᠲᠢᠩᠭᠢᠮ ᠤᠨ ᠡᠷᠬᠢᠯᠡᠭᠴᠢ᠂ ᠲᠦᠪ ᠤᠨ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ ᠤᠨ ᠡᠷᠬᠢᠯᠡᠭᠴᠢ᠂ ᠲᠦᠪ ᠤᠨ ᠰᠢᠭᠤᠳ ᠬᠠᠷᠢᠶ᠎ᠠ ᠪᠠᠢᠢᠭᠤᠯᠤᠯᠭ᠎ᠠ ᠶᠢᠨ ᠠᠵᠢᠯᠯᠠᠬᠤ ᠬᠤᠷᠢᠶ᠎ᠠ ᠵᠢᠨ ᠱᠦᠵᠢ ᠶᠢᠨ ᠲᠤᠰᠢᠶᠠᠯ ᠢ ᠬᠠᠷᠢᠭᠤᠴᠠᠵᠦ ᠪᠠᠢᠢᠨ᠎ᠠ᠃

    1971 -1972 ᠤᠨ ᠪᠤᠯᠳᠠᠯ᠎ᠠ᠂ ᠾᠸᠪᠸᠢ ᠮᠤᠵᠢ ᠶᠢᠨ ᠱᠢ ᠵᠢᠶᠠ ᠵᠤᠸᠠᠩ ᠤᠷᠤᠨ ᠤ ᠡᠳ᠋  ᠤᠨ ᠵᠠᠰᠠᠬ ᠠᠷᠠᠯᠵᠢᠶᠠᠨ ᠤ ᠰᠤᠷᠭᠠᠭᠤᠯᠢ ᠳᠤ ᠪᠠᠷᠠᠭᠠᠨ ᠤ ᠦᠨ᠎ᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ᠃

    1972-1976 ᠤᠨ ᠪᠤᠯᠳᠠᠯ᠎ᠠ᠂ ᠾᠸᠪᠸᠢ ᠮᠤᠵᠢ ᠶᠢᠨ ᠱᠢ ᠵᠢᠶᠠ ᠵᠤᠸᠠᠩ ᠤᠷᠤᠨ ᠤ ᠬᠤᠳᠠᠯᠳᠤᠭᠠᠨ ᠤ ᠲᠤᠪᠴᠢᠶ᠎᠎ᠠ ᠶᠢᠨ ᠠᠯᠪᠠᠨ ᠭᠡᠷ ᠤᠨ ᠠᠵᠢᠯᠯᠠᠬᠴᠢ᠂ ᠲᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃

    1976 -1983 ᠤᠨ ᠪᠤᠯᠳᠠᠯ᠎ᠠ᠂ ᠾᠸᠪᠸᠢ ᠮᠤᠵᠢ ᠶᠢᠨ ᠱᠢ ᠵᠢᠶᠠ ᠵᠤᠸᠠᠩ ᠲᠤᠰᠬᠠᠢ ᠤᠷᠤᠨ ᠤ ᠨᠠᠮ ᠤᠨ ᠬᠤᠷᠢᠶ᠎ᠠ ᠵᠢᠨ ᠠᠯᠪᠠᠨ ᠭᠡᠷ ᠤᠨ ᠮᠠᠲ᠋ᠸᠷᠢᠶᠠᠯ ᠤᠨ ᠰᠠᠯᠠᠭ᠎ᠠ ᠶᠢᠨ ᠠᠵᠢᠯᠯᠠᠬᠴᠢ᠂ ᠰᠠᠯᠠᠭᠠᠨ ᠲᠠᠷᠤᠭ᠎ᠠ( ᠡᠨᠡ ᠬᠤᠭᠤᠴᠠᠭᠠᠨ ᠳᠤ᠄ 1980 -1983 ᠤᠨ ᠪᠤᠯᠳᠠᠯ᠎ᠠ ᠾᠸᠪᠸᠢ  ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠦᠳᠡᠰᠢ ᠶᠢᠨ ᠶᠡᠭᠡ ᠰᠤᠷᠭᠠᠭᠤᠯᠢ ᠶᠢᠨ ᠤᠯᠤᠰ ᠲᠦᠷᠦ ᠰᠤᠷᠭᠠᠨ ᠬᠦᠮᠦᠵᠢᠯ ᠤᠨ ᠰᠠᠯᠪᠤᠷᠢ ᠳᠤ ᠰᠤᠷᠤᠯᠴᠠᠵᠠᠢ)

    1983 -1985 ᠤᠨ ᠪᠤᠯᠳᠠᠯ᠎ᠠ᠂ ᠾᠸᠪᠸᠢ ᠮᠤᠵᠢ ᠶᠢᠨ ᠦ᠋ ᠵᠢᠢ ᠰᠢᠶᠠᠨ ᠤ ᠨᠠᠮ ᠤᠨ ᠬᠤᠷᠢᠶ᠎ᠠ  ᠶᠢᠨ ᠱᠦᠵᠢ ᠶᠢᠨ ᠲᠤᠰᠢᠶᠠᠯ ᠢ ᠬᠠᠷᠢᠭᠤᠴᠠᠪᠠ᠃ 1985 -1986 ᠤᠨ ᠪᠤᠯᠳᠠᠯ᠎ᠠ᠂ ᠾᠸᠪᠸᠢ ᠮᠤᠵᠢ ᠶᠢᠨ ᠱᠢ ᠵᠢᠶᠠ ᠵᠤᠸᠠᠩ ᠲᠤᠰᠬᠠᠢ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠬ ᠵᠠᠬᠢᠷᠭᠠ ᠤ ᠲᠤᠰᠬᠠᠢ ᠲᠤᠰᠢᠶᠠᠯᠳᠠᠨ ᠤ ᠲᠤᠰᠢᠶᠠᠯ ᠢ ᠬᠠᠷᠢᠭᠤᠴᠠᠪᠠ᠃

    1986 -1990 ᠤᠨ ᠪᠤᠯᠳᠠᠯ᠎ᠠ᠂ ᠡᠪ ᠬᠠᠮᠳᠦ ᠵᠠᠯᠠᠭᠤᠴᠤᠳ ᠤᠨ ᠡᠪᠯᠡᠯ ᠤᠨ ᠾᠸᠪᠸᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ(ᠡᠨᠡ ᠬᠤᠭᠤᠴᠠᠭᠠᠨ ᠳᠤ᠄ 1988 ᠣᠨ ᠤ 2 ᠰᠠᠷ᠎ᠠ -1988 ᠣᠨ ᠤ 8 ᠰᠠᠷ᠎ᠠ ᠪᠤᠯᠳᠠᠯ᠎ᠠ ᠲᠦᠪ ᠤᠨ ᠨᠠᠮ ᠤᠨ ᠰᠤᠷᠭᠠᠭᠤᠯᠢ ᠶᠢᠨ ᠨᠠᠮ ᠤᠨ ᠪᠠᠢᠢᠭᠤᠯᠤᠯᠳᠠ ᠶᠢᠨ ᠤᠨᠤᠯ ᠤᠨ ᠪᠤᠯᠪᠠᠰᠤᠷᠠᠯ ᠤᠨ ᠠᠩᠭᠢ ᠳᠤ ᠰᠤᠷᠤᠯᠴᠠᠵᠠᠢ)

    1990 -1993 ᠤᠨ ᠪᠤᠯᠳᠠᠯ᠎ᠠ᠂ ᠾᠸᠪᠸᠢ ᠮᠤᠵᠢ ᠶᠢᠨ ᠴᠸᠩᠳ᠋ᠸ ᠲᠤᠰᠬᠠᠢ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠬ ᠵᠠᠬᠢᠷᠭᠠᠨ ᠤ ᠲᠤᠰᠬᠠᠢ ᠲᠤᠰᠢᠶᠠᠯᠳᠠᠨ ᠤ ᠲᠤᠰᠢᠶᠠᠯ ᠢ ᠬᠠᠷᠢᠭᠤᠴᠠᠪᠠ᠃

    1993 -1997 ᠤᠨ ᠪᠤᠯᠳᠠᠯ᠎ᠠ᠂ ᠾᠸᠪᠸᠢ ᠮᠤᠵᠢ ᠶᠢᠨ ᠨᠠᠮ ᠤᠨ ᠬᠤᠷᠢᠶ᠎ᠠ ᠶᠢᠨ ᠪᠠᠢᠢᠩᠭ᠋ᠤ ᠶᠢᠨ ᠭᠡᠰᠢᠬᠦᠨ᠂ ᠨᠠᠷᠢᠨ ᠪᠢᠴᠢᠭ᠌ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ (1992 -1994 ᠤᠨ ᠪᠤᠯᠳᠠᠯ᠎ᠠ᠂ ᠲᠦᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠡᠷ ᠰᠤᠷᠭᠠᠬᠤ ᠲᠡᠭᠡᠳᠦ ᠰᠤᠷᠭᠠᠭᠤᠯᠢ ᠵᠢᠨ ᠠᠵᠦ ᠠᠬᠤᠢ ᠶᠢᠨ ᠲᠤᠰᠬᠠᠢ ᠮᠡᠷᠭᠡᠵᠢᠯ ᠳᠤ ᠰᠤᠷᠤᠯᠴᠠᠵᠠᠢ)

    1997 -1998 ᠤᠨ ᠪᠤᠯᠳᠠᠯ᠎ᠠ᠂ ᠾᠸᠪᠸᠢ ᠮᠤᠵᠢ ᠶᠢᠨ ᠨᠠᠮ ᠤᠨ ᠬᠤᠷᠢᠶ᠎ᠠ ᠶᠢᠨ ᠪᠠᠢᠢᠩᠭ᠋ᠤ ᠶᠢᠨ ᠭᠡᠰᠢᠬᠦᠨ᠂ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠪᠠᠭ᠎ᠠ ᠲᠤᠭᠤᠢᠢᠯᠠᠩ ᠤᠨ ᠲᠡᠳ᠋ ᠲᠤᠭᠤᠢᠢᠯᠠᠡᠭ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃

    1998 -2000 ᠤᠨ ᠪᠤᠯᠳᠠᠯ᠎ᠠ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠪᠠᠢᠢᠩᠭ᠋ᠤ ᠶᠢᠨ ᠭᠡᠰᠢᠬᠦᠨ᠂ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠪᠠᠭ᠎ᠠ ᠲᠤᠭᠤᠢᠢᠯᠠᠩ ᠤᠨ ᠲᠡᠳ᠋ ᠲᠤᠭᠤᠢᠢᠯᠠᠡᠭ ᠤᠨ ᠲᠠᠷᠤᠭ᠎ᠠ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃ (1996 -1998 ᠤᠨ ᠪᠤᠯᠳᠠᠯ᠎ᠠ᠂ ᠲᠤᠮᠳᠠᠳᠦ ᠤᠯᠤᠰ ᠤᠨ ᠨᠡᠢᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠰᠫᠢᠷᠠᠨᠲ ᠤᠨ ᠬᠦᠷᠢᠶᠠᠯᠠᠩ ᠤᠨ ᠡᠳ᠋ ᠤᠨ ᠵᠠᠰᠠᠬ ᠠᠷᠠᠯᠵᠢᠶᠠᠨ ᠤ ᠰᠠᠯᠪᠤᠷᠢ ᠶᠢᠨ ᠬᠤᠳᠠᠯᠳᠤᠭ᠎ᠠ ᠠᠵᠦ ᠠᠬᠤᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠢᠢᠷᠢ ᠲᠡᠭᠡᠷ᠎ᠠ ᠪᠠᠨ ᠰᠤᠷᠤᠯᠴᠠᠬᠤ ᠠᠰᠫᠢᠷᠠᠨᠲ ᠤᠨ ᠠᠩᠭᠢ ᠳᠤ ᠰᠤᠷᠤᠯᠴᠠᠵᠠᠢ)

    2000 -2002 ᠤᠨ ᠪᠤᠯᠳᠠᠯ᠎ᠠ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠪᠠᠢᠢᠩᠭ᠋ᠤ ᠶᠢᠨ ᠭᠡᠰᠢᠬᠦᠨ᠂ ᠵᠤᠬᠢᠶᠠᠨ ᠪᠠᠢᠢᠭᠤᠯᠬᠤ ᠭᠡᠯᠳᠡᠰ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃

    2002 -2002 ᠤᠨ ᠪᠤᠯᠲᠠᠯ᠎ᠠ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠪᠠᠢᠢᠩᠭ᠋ᠤ ᠶᠢᠨ ᠭᠡᠰᠢᠬᠦᠨ᠂ ᠰᠢ ᠠᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃

    2002 -2003 ᠤᠨ ᠪᠤᠯᠳᠠᠯ᠎ᠠ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠰᠢ ᠠᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃

    2003 - 2004 ᠤᠨ ᠪᠤᠯᠳᠠᠯ᠎ᠠ᠂ ᠬᠠᠷᠠᠮᠦ᠋ᠷᠡᠨ ᠮᠤᠵᠢ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠶᠢᠨ ᠲᠤᠰᠢᠶᠠᠯ ᠢ ᠬᠠᠷᠢᠭᠤᠴᠠᠪᠠ᠃

    2004 - 2007 ᠤᠨ ᠪᠤᠯᠳᠠᠯ᠎ᠠ᠂ ᠬᠠᠷᠠᠮᠦ᠋ᠷᠡᠨ ᠮᠤᠵᠢ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠮᠤᠵᠢ ᠶᠢᠨ ᠲᠡᠳ᠋ ᠲᠠᠷᠤᠭ᠎ᠠ(ᠡᠨᠡ ᠬᠤᠭᠤᠴᠠᠭᠠᠨ ᠳᠤ᠄ 2005 - 2007 ᠤᠨ ᠪᠤᠯᠳᠠᠯ᠎ᠠ ᠬᠠᠷᠪᠢᠨ ᠤ ᠠᠵᠦ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠲᠡᠭᠡᠳᠦ ᠲᠡᠰ ᠤᠨ ᠬᠠᠮᠢᠶᠠᠷᠤᠯᠳᠠ ᠶᠢᠨ ᠠᠵᠢᠯᠲᠠᠨ ᠤ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠲᠤᠰᠬᠠᠢ ᠮᠡᠷᠭᠡᠵᠢᠯ ᠳ᠋ᠤ ᠰᠤᠷᠤᠯᠴᠠᠵᠦ᠂ ᠲᠡᠭᠡᠳᠦ ᠲᠡᠰ ᠤᠨ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠮᠠᠰᠲ᠋ᠸᠷ ᠴᠤᠯᠠ ᠬᠠᠮᠠᠭᠠᠯᠠᠪᠠ)

    2007 -2008 ᠤᠨ ᠪᠤᠯᠳᠠᠯ᠎ᠠ᠂ ᠬᠠᠷᠠᠮᠦ᠋ᠷᠡᠨ ᠮᠤᠵᠢ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠤᠷᠤᠯᠠᠬᠴᠢ ᠮᠤᠵᠢ ᠶᠢᠨ ᠲᠠᠷᠤᠭ᠎᠎ᠠ ᠶᠢᠨ ᠲᠤᠰᠢᠶᠠᠯ ᠢ ᠬᠠᠷᠢᠭᠤᠴᠠᠪᠠ᠃

    2008 -2010 ᠤᠨ ᠪᠤᠯᠳᠠᠯ᠎ᠠ᠂ ᠬᠠᠷᠠᠮᠦ᠋ᠷᠡᠨ ᠮᠤᠵᠢ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠮᠤᠵᠢ ᠶᠢᠨ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃

    2010 - 2012 ᠤᠨ ᠪᠤᠯᠳᠠᠯ᠎ᠠ᠂ ᠭᠦᠢᠵᠸᠦ ᠮᠤᠵᠢ ᠶᠢᠨ ᠨᠠᠮ ᠤᠨ ᠬᠤᠷᠢᠶ᠎ᠠ ᠶᠢᠨ ᠱᠦᠵᠢ᠂ ᠮᠤᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃

    2012 -2012 ᠤᠨ ᠪᠤᠯᠳᠠᠯ᠎ᠠ᠂ ᠲᠦᠪ ᠬᠤᠷᠢᠶ᠎ᠠ ᠶᠢᠨ ᠠᠯᠪᠠᠨ ᠲᠢᠩᠭᠢᠮ ᠤᠨ ᠪᠠᠢᠢᠩᠭ᠋ᠤ ᠶᠢᠨ ᠠᠵᠢᠯ ᠢ ᠡᠷᠬᠢᠯᠡᠭᠦ ᠲᠡᠳ᠋ ᠡᠷᠬᠢᠯᠡᠭᠴᠢ(ᠵᠢᠩᠬᠢᠨᠢ ᠶᠠᠮᠤᠨ ᠤ ᠲᠡᠰ) ᠶ᠋ᠢᠨ ᠲᠤᠰᠢᠶᠠᠯ ᠢ ᠬᠠᠷᠢᠭᠤᠴᠠᠵᠦ᠂ ᠲᠦᠪ ᠬᠤᠷᠢᠶ᠎ᠠ ᠶᠢᠨ ᠠᠯᠪᠠᠨ ᠲᠢᠩᠬᠢᠮ ᠤᠨ ᠡᠷᠬᠢᠯᠡᠭᠴᠢ᠂ ᠲᠦᠪ ᠤᠨ ᠰᠢᠭᠤᠳ ᠬᠠᠷᠢᠶ᠎ᠠ ᠪᠠᠢᠢᠭᠤᠯᠤᠯᠭ᠎ᠠ ᠶᠢᠨ ᠠᠵᠢᠯᠯᠠᠬᠤ ᠬᠤᠷᠢᠶ᠎ᠠ ᠶᠢᠨ ᠱᠦᠵᠢ᠂ ᠭᠦᠢᠵᠸᠦ ᠮᠤᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃

    2012 - 2014 ᠤᠨ ᠪᠤᠯᠳᠠᠯ᠎ᠠ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠬᠤᠷᠢᠶ᠎ᠠ ᠶᠢᠨ ᠠᠯᠪᠠᠨ ᠲᠢᠩᠭᠢᠮ ᠤᠨ ᠡᠷᠬᠢᠯᠡᠭᠴᠢ᠂ ᠲᠦᠪ ᠤᠨ ᠰᠢᠭᠤᠳ ᠬᠠᠷᠢᠶ᠎ᠠ ᠪᠠᠢᠢᠭᠤᠯᠤᠯᠭ᠎ᠠ ᠶᠢᠨ ᠠᠵᠢᠯᠯᠠᠬᠤ ᠬᠤᠷᠢᠶ᠎ᠠ ᠶᠢᠨ ᠱᠦᠵᠢ ᠵᠢᠨ ᠲᠤᠰᠢᠶᠠᠯ ᠢ ᠬᠠᠷᠢᠭᠤᠴᠠᠪᠠ᠃

    2014 - 2017 ᠣᠨ ᠪᠣᠯᠳᠠᠯ᠎ᠠ᠂ ᠲᠦᠪ ᠬᠤᠷᠢᠶ᠎ᠠ᠎ ᠶᠢᠨ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠬᠤᠷᠢᠶ᠎ᠠ᠎ ᠶᠢᠨ ᠠᠯᠪᠠᠨ ᠲᠢᠩᠭᠢᠮ ᠤᠨ ᠡᠷᠬᠢᠯᠡᠭᠴᠢ᠂ ᠲᠦᠪ ᠤᠨ ᠣᠯᠣᠰ ᠤᠨ ᠠᠮᠣᠷ ᠲᠦᠪᠰᠢᠨ ᠤ ᠵᠦᠪᠯᠡᠯ ᠤᠨ ᠠᠯᠪᠠᠨ ᠭᠡᠷ ᠤᠨ ᠡᠷᠬᠢᠯᠡᠭᠴᠢ᠂ ᠲᠦᠪ ᠤᠨ ᠰᠢᠭᠤᠳ ᠬᠠᠷᠢᠶ᠎ᠠ ᠪᠠᠢᠢᠭᠤᠯᠤᠯᠭ᠎ᠠ ᠶᠢᠨ ᠠᠵᠢᠯᠯᠠᠬᠤ ᠬᠤᠷᠢᠶ᠎ᠠ ᠶᠢᠨ ᠱᠦᠵᠢ ᠵᠢᠨ ᠲᠤᠰᠢᠶᠠᠯ ᠢ ᠬᠠᠷᠢᠭᠤᠴᠠᠪᠠ᠃

    2017 ᠣᠨ - ᠣᠳᠣ ᠪᠣᠯᠳᠠᠯ᠎ᠠ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠢᠢᠡᠭᠭᠤ ᠵᠢᠨ ᠭᠡᠰᠢᠬᠦᠨ᠂ ᠲᠦᠪ ᠬᠤᠷᠢᠶ᠎ᠠ᠎ ᠶᠢᠨ ᠠᠯᠪᠠᠨ ᠲᠢᠩᠭᠢᠮ ᠤᠨ ᠡᠷᠬᠢᠯᠡᠭᠴᠢ᠂ ᠲᠦᠪ ᠤᠨ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ ᠤᠨ ᠡᠷᠬᠢᠯᠡᠭᠴᠢ᠂ ᠲᠦᠪ ᠤᠨ ᠰᠢᠭᠤᠳ ᠬᠠᠷᠢᠶ᠎ᠠ ᠪᠠᠢᠢᠭᠤᠯᠤᠯᠭ᠎᠎ᠠ ᠶᠢᠨ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠢᠢᠨ᠎ᠠ᠃

    ᠠᠷᠪᠠᠨ ᠵᠢᠷᠭᠤᠳᠤᠭᠠᠷ᠂ ᠠᠷᠪᠠᠨ ᠲᠤᠯᠤᠳᠤᠭᠠᠷ ᠬᠤᠭᠤᠴᠠᠭᠠᠨ ᠤ ᠲᠦᠪ ᠬᠤᠷᠢᠶ᠎᠎ᠠ ᠶᠢᠨ ᠤᠷᠤᠯᠠᠬᠴᠢ ᠭᠡᠰᠢᠬᠦᠨ᠂ ᠠᠷᠪᠠᠨ ᠨᠠᠶ᠋ᠮᠠᠳᠤᠭᠠᠷ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠭᠡᠰᠢᠬᠦᠨ᠂ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶ᠎ ᠠ ᠶᠢᠨ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠬᠡᠰᠢᠬᠦᠨ᠂ ᠪᠠᠢᠢᠡᠭᠭᠤ ᠶᠢᠨ ᠬᠡᠰᠢᠬᠦᠨ ᠪᠣᠯᠣᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121860491