蒙古文网站Logo
ᠰᠢᠨᠬᠤᠸᠠ ᠮᠤᠩᠭ᠋ᠤᠯ ᠨᠧᠲ

ᠸᠠᠩ ᠶᠠᠩ ᠨᠦᠬᠦᠷ ᠤᠨ ᠳᠤᠪᠴᠢ ᠨᠠᠮᠳᠠᠷ

2017-10-26 16:10

ᠸᠠᠩ ᠶᠠᠩ ᠨᠦᠬᠦᠷ ᠤᠨ ᠳᠤᠪᠴᠢ ᠨᠠᠮᠳᠠᠷ

    ᠸᠠᠩ ᠶᠠᠩ ᠂ ᠡᠷᠡᠭᠳᠡᠢ᠂ ᠬᠢᠳᠡᠳ ᠦᠨᠳᠦᠰᠦᠳᠡᠨ᠂ 1955 ᠤᠨ ᠤ 3 ᠰᠠᠷ᠎ᠠ ᠳ᠋ᠤ ᠳᠦᠷᠦᠵᠡᠢ᠂ ᠠᠨᠾᠦ᠋ᠢ ᠶᠢᠨ ᠰᠦᠵᠸᠤ ᠶᠢᠨ ᠬᠦᠮᠦᠨ᠂ 1972 ᠤᠨ ᠤ 6 ᠰᠠᠷ᠎ᠠ ᠳ᠋ᠤ ᠠᠵᠢᠯ ᠳ᠋ᠤ ᠤᠷᠤᠵᠦ᠂ 1975 ᠤᠨ ᠤ 8 ᠰᠠᠷ᠎ᠠ ᠳ᠋ᠤ ᠳᠤᠮᠳᠠᠳᠤ ᠤᠯᠤᠰ ᠤᠨ ᠡᠪ ᠬᠠᠮᠳᠤ ᠨᠠᠮ ᠳ᠋ᠤ ᠤᠷᠤᠪᠠ᠂ ᠳᠦᠪ ᠤᠨ ᠨᠠᠮ ᠤᠨ ᠰᠤᠷᠭᠠᠭᠤᠯᠢ ᠵᠢᠨ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠳᠠᠢ᠂ ᠢᠨᠵᠸᠨ᠋ᠸᠷᠢᠩ ᠤᠨ ᠤᠬᠠᠭᠠᠨ ᠤ ᠮᠠᠰᠲ᠋ᠧᠷ ᠴᠤᠯᠠ ᠳᠠᠢ᠃

    ᠤᠳᠤ ᠨᠠᠮ ᠤᠨ ᠳᠦᠪ ᠬᠤᠷᠢᠶᠠᠨ ᠪ ᠤᠯᠤᠰ ᠳᠦᠷᠦ ᠵᠢᠨ ᠳᠤᠪᠴᠢᠶᠠᠨ ᠤ ᠪᠠᠢᠢᠩᠭ᠋ᠤ ᠵᠢᠨ ᠬᠡᠰᠢᠬᠦᠨ᠂ ᠳᠦᠷᠦ ᠵᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠢᠢᠳ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠤ ᠳᠤᠰᠢᠶᠠᠯ ᠢ ᠬᠠᠷᠢᠭᠤᠴᠠᠵᠦ ᠪᠠᠢᠢᠨ᠎ᠠ᠃

    1972 - 1976 ᠤᠨ ᠪᠤᠯᠳᠠᠯ᠎ᠠ᠂ ᠠᠨᠾᠦ᠋ᠢ ᠮᠤᠵᠢ ᠶᠢᠨ ᠰᠦ ᠰᠢᠶᠠᠨ ᠤᠷᠤᠨ ᠤ ᠢᠳᠡᠬᠡᠨ ᠤ ᠦᠢᠯᠡᠳᠪᠤᠷᠢ ᠵᠢᠨ ᠠᠵᠢᠯᠴᠢᠨ᠂ ᠦᠢᠯᠡᠳᠪᠤᠷᠢ ᠶᠢᠨ ᠳᠠᠰᠤᠬ ᠤᠨ ᠬᠠᠷᠢᠭᠤᠴᠠᠯᠭᠠᠳᠠᠨ ᠪᠠᠢᠢᠪᠠ᠃

    1976 - 1979 ᠤᠨ ᠪᠤᠯᠳᠠᠯ᠎ᠠ᠂ ᠠᠨᠾᠦ᠋ᠢ ᠮᠤᠵᠢ ᠶᠢᠨ ᠰᠦ ᠰᠢᠶᠠᠨ ᠤᠷᠤᠨ ᠤ《5·7》 ᠺᠠᠳ᠋ᠷᠴᠤᠳ ᠤᠨ ᠰᠤᠷᠭᠠᠭᠤᠯᠢ ᠶᠢᠨ ᠵᠢᠭᠠᠨ ᠰᠤᠷᠭᠠᠬᠴᠢ᠂ ᠵᠢᠭᠠᠬᠤ ᠶᠢ ᠰᠤᠳᠤᠯᠬᠤ ᠲᠠᠰᠤᠭ ᠤᠨ ᠲᠡᠳ᠋ ᠡᠷᠬᠢᠯᠡᠭᠴᠢ᠂ ᠰᠤᠷᠭᠠᠭᠤᠯᠢ ᠵᠢᠨ ᠨᠠᠮ ᠤᠨ ᠬᠤᠷᠢᠶ᠎ᠠ ᠶᠢᠨ ᠭᠡᠰᠢᠭᠦᠨ ᠤ ᠲᠤᠰᠢᠶᠠᠯ ᠢ ᠬᠠᠷᠢᠭᠤᠴᠠᠪᠠ᠃

    1979 - 1980 ᠤᠨ ᠪᠤᠯᠳᠠᠯ᠎ᠠ᠂ ᠳᠦᠪ ᠤᠨ ᠨᠠᠮ ᠤᠨ ᠰᠤᠷᠭᠠᠭᠤᠯᠢ ᠵᠢᠨ ᠤᠨᠤᠯ ᠰᠤᠷᠳᠠᠯ ᠤᠬᠠᠭᠤᠯᠭ᠎ᠠ ᠵᠢᠨ ᠺᠠᠳ᠋ᠷᠴᠤᠳ ᠤᠨ ᠠᠩᠬᠢ ᠶᠢᠨ ᠤᠯᠤᠰ ᠳᠦᠷᠦ ᠠᠵᠦ ᠠᠬᠤᠢ ᠶᠢᠨ ᠤᠬᠠᠭᠠᠨ ᠤ ᠳᠤᠰᠬᠠᠢ ᠮᠡᠷᠬᠡᠵᠢᠯ ᠳᠤ ᠰᠤᠷᠤᠯᠴᠠᠵᠠᠢ᠃

    1980 -1981 ᠤᠨ ᠪᠤᠯᠳᠠᠯ᠎ᠠ᠂ ᠠᠨᠾᠦ᠋ᠢ ᠮᠤᠵᠢ ᠶᠢᠨ ᠰᠦ ᠰᠢᠶᠠᠨ ᠤᠷᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠵᠢᠭᠠᠨ ᠰᠤᠷᠭᠠᠭᠴᠢ ᠪᠠᠶᠢᠪᠠ᠃

    1981 - 1982 ᠤᠨ ᠪᠤᠯᠳᠠᠯ᠎ᠠ᠂ ᠡᠪ ᠬᠠᠮᠳᠤ ᠵᠠᠯᠠᠭᠤᠴᠤᠳ ᠤᠨ ᠡᠪᠯᠡᠯ ᠤᠨ ᠠᠨᠾᠦ᠋ᠢ ᠮᠤᠵᠢ ᠶᠢᠨ ᠰᠦ ᠰᠢᠶᠠᠨ ᠤᠷᠤᠨ ᠤ ᠬᠤᠷᠢᠶ᠎ᠠ᠎ ᠶᠢᠨ ᠳᠡᠳ᠋ ᠱᠦᠵᠢ ᠶᠢᠨ ᠲᠤᠰᠢᠶᠠᠯ ᠢ ᠬᠠᠷᠢᠭᠤᠴᠠᠪᠠ᠃

    1982 - 1983 ᠤᠨ ᠪᠤᠯᠳᠠᠯ᠎ᠠ᠂ ᠡᠪ ᠬᠠᠮᠳᠤ ᠵᠠᠯᠠᠭᠤᠴᠤᠳ ᠤᠨ ᠡᠪᠯᠡᠯ ᠤᠨ ᠠᠨᠾᠦ᠋ᠢ ᠮᠤᠵᠢ ᠶᠢᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠳᠠᠷᠤᠭ᠎ᠠ᠎ ᠶᠢᠨ ᠳᠤᠰᠢᠶᠠᠯ ᠢ ᠬᠠᠷᠢᠭᠤᠴᠠᠵᠡᠢ᠃

    1983 - 1984 ᠤᠨ ᠪᠤᠯᠳᠠᠯ᠎ᠠ᠂ ᠡᠪ ᠬᠠᠮᠳᠤ ᠵᠠᠯᠠᠭᠤᠴᠤᠳ ᠤᠨ ᠡᠪᠯᠡᠯ ᠤᠨ ᠠᠨᠾᠦ᠋ᠢ ᠮᠤᠵᠢ ᠶᠢᠨ ᠬᠤᠷᠢᠶ᠎ᠠ ᠶᠢᠨ ᠳᠡᠳ᠋ ᠱᠦᠵᠢ ᠵᠢᠨ ᠳᠤᠰᠢᠶᠠᠯ ᠢ ᠬᠠᠷᠢᠭᠤᠴᠠᠪᠠ᠃

    1984 - 1987 ᠤᠨ ᠪᠤᠯᠳᠠᠯ᠎ᠠ ᠂ ᠠᠨᠾᠦ᠋ᠢ ᠮᠤᠵᠢ ᠶᠢᠨ ᠪᠡᠶ᠎ᠠ ᠶᠢᠨ ᠳᠠᠮᠢᠷ ᠤᠨ ᠵᠦᠪᠯᠡᠯ ᠤᠨ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠢᠢᠯᠠᠩ ᠤᠨ ᠳᠡᠳ᠋ ᠱᠦᠵᠢ ᠶᠢᠨ ᠳᠤᠰᠢᠶᠠᠯ ᠢ ᠬᠠᠷᠢᠭᠤᠴᠠᠵᠠᠢ᠃

    1987 - 1988 ᠤᠨ ᠪᠤᠯᠳᠠᠯ᠎ᠠ᠂ ᠠᠨᠾᠦ᠋ᠢ ᠮᠤᠵᠢ ᠶᠢᠨ ᠪᠠᠶ᠎ᠠ ᠶᠢᠨ ᠳᠠᠮᠢᠷ ᠤᠨ ᠵᠦᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠶᠢᠨ ᠳᠤᠰᠢᠶᠠᠯ ᠢ ᠬᠠᠷᠢᠭᠤᠴᠠᠪᠠ᠃

    1988 - 1992 ᠤᠨ ᠪᠤᠯᠳᠠᠯ᠎ᠠ᠂ ᠠᠨᠾᠦ᠋ᠢ ᠮᠤᠵᠢ ᠶᠢᠨ ᠳᠦᠩ ᠯᠢᠩ ᠬᠤᠳᠠ ᠵᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠷᠤᠯᠠᠬᠴᠢ ᠬᠤᠳᠠ ᠶᠢᠨ ᠳᠠᠷᠤᠭ᠎ᠠ᠂ ᠬᠤᠳᠠ ᠶᠢᠨ ᠳᠠᠷᠤᠭ᠎ᠠ ᠵᠢᠨ ᠳᠤᠰᠢᠶᠠᠯ ᠢ ᠬᠠᠷᠢᠭᠤᠴᠠᠵᠠᠢ(ᠡᠨᠡᠬᠦ ᠬᠤᠭᠤᠴᠠᠭᠠᠨ ᠳ᠋ᠤ᠄ 1989 - 1992 ᠤᠨ ᠪᠣᠯᠳᠠᠯ᠎ᠠ ᠳᠦᠪ ᠤᠨ ᠨᠠᠮ ᠤᠨ ᠰᠤᠷᠭᠠᠭᠤᠯᠢ ᠵᠢᠨ ᠵᠠᠬᠢᠳᠠᠯ ᠵᠢᠡᠷ ᠰᠤᠷᠭᠠᠬᠤ ᠳᠡᠬᠡᠳᠦ ᠰᠤᠷᠭᠠᠭᠤᠯᠢ ᠵᠢᠨ ᠵᠢᠩᠬᠢᠨᠢ ᠠᠩᠬᠢ ᠵᠢᠨ ᠨᠠᠮ ᠵᠠᠰᠠᠬ ᠤᠨ ᠬᠠᠮᠢᠶᠠᠷᠤᠯᠳᠠ ᠶᠢᠨ ᠳᠤᠰᠬᠠᠢ ᠮᠡᠷᠬᠡᠵᠢᠯ ᠳᠤ ᠠᠵᠢᠯ ᠤᠨ ᠪᠠᠢᠢᠷᠢ ᠳᠡᠬᠡᠷ᠎ᠠ ᠪᠡᠨ ᠰᠤᠷᠤᠯᠴᠠᠪᠠ)᠃

    1992 - 1993 ᠤᠨ ᠪᠤᠯᠳᠠᠯ᠎ᠠ᠂ ᠠᠨᠾᠦ᠋ᠢ ᠮᠤᠵᠢ ᠶᠢᠨ ᠳᠦᠯᠤᠪᠯᠡᠬᠡᠨ ᠤ ᠵᠦᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠮᠤᠵᠢ ᠵᠢᠨ ᠳᠠᠷᠤᠭ᠎ᠠ ᠶᠢᠨ ᠳᠤᠰᠠᠯᠠᠬᠴᠢ ᠶᠢᠨ ᠳᠤᠰᠢᠶᠠᠯ ᠢ ᠬᠠᠷᠢᠭᠤᠴᠠᠪᠠ᠃ 1993 -1993 ᠤᠨ ᠪᠤᠯᠳᠠᠯ᠎ᠠ᠂ ᠠᠨᠾᠦ᠋ᠢ ᠮᠤᠵᠢ ᠶᠢᠨ ᠳᠡᠳ᠋ ᠮᠤᠵᠢ ᠶᠢᠨ ᠳᠠᠷᠤᠭ᠎ᠠ᠎ ᠶᠢᠨ ᠲᠤᠰᠢᠶᠠᠯ ᠢ ᠬᠠᠷᠢᠭᠤᠴᠠᠪᠠ᠃

    1993 -1998 ᠤᠨ ᠪᠤᠯᠳᠠᠯ᠎ᠠ᠂ ᠠᠨᠾᠦ᠋ᠢ ᠮᠤᠵᠢ ᠶᠢᠨ ᠨᠠᠮ ᠤᠨ ᠬᠤᠷᠢᠶᠠᠨ ᠤ ᠪᠠᠢᠢᠩᠭ᠋ᠤ ᠶᠢᠨ ᠬᠡᠰᠢᠬᠦᠨ᠂ ᠳᠡᠳ᠋ ᠮᠤᠵᠢ ᠵᠢᠨ ᠳᠠᠷᠤᠭ᠎ᠠ ᠵᠢᠨ ᠳᠤᠰᠢᠶᠠᠯ ᠢ ᠬᠠᠷᠢᠭᠤᠴᠠᠵᠠᠢ(ᠡᠨᠡᠬᠦ ᠬᠤᠭᠤᠴᠠᠭᠠᠨ ᠳ᠋ᠤ᠄ 1993 - 1995 ᠤᠨ ᠪᠤᠯᠳᠠᠯ᠎ᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠶᠡᠬᠡ ᠰᠤᠷᠭᠠᠭᠤᠯᠢ ᠵᠢᠨ ᠬᠠᠮᠢᠶᠠᠷᠤᠯᠳᠠ ᠶᠢᠨ ᠰᠢᠨᠵᠢᠯᠡᠬᠦ ᠤᠬᠠᠭᠠᠨ ᠤ ᠰᠠᠯᠪᠤᠷᠢ ᠶᠢᠨ ᠬᠠᠮᠢᠶᠠᠷᠤᠯᠳᠠ ᠶᠢᠨ ᠰᠢᠨᠵᠢᠯᠡᠬᠦ ᠤᠬᠠᠭᠠᠨ ᠤ ᠳᠤᠰᠬᠠᠢ ᠮᠡᠷᠬᠡᠵᠢᠯ ᠤᠨ ᠠᠰᠫᠢᠷᠠᠨᠲ ᠤᠨ ᠬᠢᠴᠢᠶᠡᠯ ᠤᠨ ᠠᠩᠬᠢ ᠳ᠋ᠤ ᠠᠵᠢᠯ ᠤᠨ ᠪᠠᠢᠢᠷᠢ ᠳᠡᠬᠡᠷ᠎ᠠ ᠪᠡᠨ ᠰᠤᠷᠤᠯᠴᠠᠵᠦ᠂ ᠢᠨᠵᠧᠨ᠋ᠧᠷᠢᠩ ᠤᠨ ᠤᠬᠠᠭᠠᠨ ᠤ ᠮᠠᠰᠲ᠋ᠸᠷ ᠤᠨ ᠴᠤᠯᠠ ᠬᠠᠮᠠᠭᠠᠯᠠᠵᠠᠢ ; 1997 ᠣᠨ ᠤ 3 ᠰᠠᠷ᠎ᠠ - 1997 ᠣᠨ ᠤ 5 ᠰᠠᠷ᠎ᠠ ᠪᠤᠯᠳᠠᠯ᠎ᠠ ᠳᠦᠪ ᠤᠨ ᠨᠠᠮ ᠤᠨ ᠰᠤᠷᠭᠠᠭᠤᠯᠢ ᠶᠢᠨ ᠮᠤᠵᠢ ᠶᠠᠮᠤᠨ ᠤ ᠳᠡᠰ ᠤᠨ ᠺᠠᠳ᠋ᠷᠴᠤᠳ ᠤᠨ ᠳᠠᠪᠳᠠᠨ ᠪᠤᠯᠪᠠᠰᠤᠷᠠᠭᠤᠯᠬᠤ ᠠᠩᠬᠢ ᠳᠤ ᠰᠤᠷᠤᠯᠴᠠᠪᠠ)᠃

    1998 - 1999 ᠤᠨ ᠪᠤᠯᠳᠠᠯ᠎ᠠ᠂ ᠠᠨᠾᠦ᠋ᠢ ᠮᠤᠵᠢ ᠶᠢᠨ ᠨᠠᠮ ᠤᠨ ᠬᠤᠷᠢᠶ᠎ᠠ᠎ ᠶᠢᠨ ᠳᠡᠳ᠋ ᠱᠦᠵᠢ᠂ ᠳᠡᠳ᠋ ᠮᠤᠵᠢ ᠵᠢᠨ ᠳᠠᠷᠤᠭ᠎᠎ᠠ ᠶᠢᠨ ᠳᠤᠰᠢᠶᠠᠯ ᠢ ᠬᠠᠷᠢᠭᠤᠴᠠᠪᠠ᠃

    1999 - 2003 ᠤᠨ ᠪᠤᠯᠳᠠᠯ᠎ᠠ᠂ ᠤᠯᠤᠰ ᠤᠨ ᠬᠦᠭ᠍ᠵᠢᠬᠦᠯᠦᠯᠳᠠ ᠦᠬᠡᠷᠡᠴᠢᠯᠡᠯᠳᠡ ᠵᠢᠨ ᠵᠦᠪᠯᠡᠯ ᠤᠨ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠤ ᠳᠤᠰᠢᠶᠠᠯ ᠢ ᠬᠠᠷᠢᠭᠤᠴᠠᠪᠠ(ᠡᠨᠡᠬᠦ ᠬᠤᠭᠤᠴᠠᠭᠠᠨ ᠳ᠋ᠤ᠄ 2001 ᠣᠨ ᠤ 9 ᠰᠠᠷ᠎ᠠ - 2001 ᠣᠨ ᠤ 11 ᠰᠠᠷ᠎ᠠ ᠪᠤᠯᠳᠠᠯ᠎ᠠ ᠳᠦᠪ ᠤᠨ ᠨᠠᠮ ᠤᠨ ᠰᠤᠷᠭᠠᠭᠤᠯᠢ ᠵᠢᠨ ᠮᠤᠵᠢ ᠶᠠᠮᠤᠨ ᠤ ᠳᠡᠰ ᠤᠨ ᠺᠠᠳ᠋ᠷᠴᠤᠳ ᠤᠨ ᠳᠠᠪᠳᠠᠨ ᠪᠤᠯᠪᠠᠰᠤᠷᠠᠭᠤᠯᠬᠤ ᠠᠩᠬᠢ ᠳᠤ ᠰᠤᠷᠤᠯᠴᠠᠵᠠᠢ)᠃

    2003 – 2005 ᠤᠨ ᠪᠤᠯᠳᠠᠯ᠎ᠠ᠂ ᠳᠦᠷᠦ ᠵᠢᠨ ᠶᠠᠪᠤᠳᠠᠯ ᠤᠨ ᠬᠤᠷᠢᠶ᠎᠎ᠠ ᠶᠢᠨ ᠳᠡᠳ᠋ ᠨᠠᠷᠢᠨ ᠪᠢᠴᠢᠭ᠌ ᠤᠨ ᠳᠠᠷᠤᠭ᠎ᠠ(ᠳᠦᠷᠦ ᠵᠢᠨ ᠶᠠᠪᠤᠳᠠᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠪᠠᠢᠢᠩᠭ᠋ᠤ ᠶᠢᠨ ᠠᠵᠢᠯ ᠢ ᠬᠠᠷᠢᠭᠤᠴᠠᠵᠡᠢ᠂ ᠶᠠᠮᠤᠨ ᠤ ᠳᠡᠰ)᠂ ᠪᠠᠢᠢᠭᠤᠯᠤᠯᠭ᠎ᠠ᠎ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠲᠡᠳ᠋ ᠱᠦᠵᠢ ᠶᠢᠨ ᠳᠤᠰᠢᠶᠠᠯ ᠢ ᠬᠠᠷᠢᠭᠤᠴᠠᠪᠠ᠃

    2005 -2006 ᠤᠨ ᠪᠤᠯᠳᠠᠯ᠎ᠠ᠂ ᠴᠦᠩᠴᠢᠩ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠳᠤᠰᠢᠶᠠᠯ ᠢ ᠬᠠᠷᠢᠭᠤᠴᠠᠪᠠ᠃

    2006 - 2007 ᠤᠨ ᠪᠤᠯᠳᠠᠯ᠎ᠠ᠂ ᠴᠦᠩᠴᠢᠩ ᠬᠤᠳᠠ ᠵᠢᠨ ᠨᠠᠮ ᠤᠨ ᠬᠤᠷᠢᠶᠠᠨ ᠤ ᠱᠦᠵᠢ᠂ ᠬᠤᠳᠠ ᠵᠢᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠢᠢᠩᠭ᠋ᠤ ᠶᠢᠨ ᠬᠤᠷᠢᠢ᠎ᠠ ᠶᠢᠨ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠵᠠᠢ᠃

    2007 -2007 ᠤᠨ ᠪᠤᠯᠳᠠᠯ᠎ᠠ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠬᠡᠰᠢᠬᠦᠨ᠂ ᠴᠦᠩᠴᠢᠩ ᠬᠤᠳᠠ ᠵᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠵᠢᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠪᠠᠢᠢᠩᠭ᠋ᠤ ᠵᠢᠨ ᠬᠤᠷᠢᠶ᠎ᠠ᠎ ᠶᠢᠨ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠪᠠ᠃

    2007 - 2012 ᠤᠨ ᠪᠤᠯᠳᠠᠯ᠎ᠠ᠂ ᠨᠠᠮ ᠤᠨ ᠳᠦᠪ ᠬᠤᠷᠢᠶᠠᠨ ᠪ ᠤᠯᠤᠰ ᠳᠦᠷᠦ ᠵᠢᠨ ᠳᠤᠪᠴᠢᠶᠠᠨ ᠤ ᠬᠡᠰᠢᠬᠦᠨ᠂ ᠭᠤᠸᠠᠩᠳ᠋ᠦ᠋ᠩ ᠮᠤᠵᠢ ᠶᠢᠨ ᠨᠠᠮ ᠤᠨ ᠬᠤᠷᠢᠶ᠎᠎ᠠ ᠶᠢᠨ ᠱᠦᠵᠢ ᠶᠢᠨ ᠳᠤᠰᠢᠶᠠᠯ ᠢ ᠬᠠᠷᠢᠭᠤᠴᠠᠵᠠᠢ᠃

    2012-2013 ᠤᠨ ᠪᠤᠯᠳᠠᠯ᠎ᠠ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠬᠡᠰᠢᠬᠦᠨ ᠪᠠᠢᠢᠪᠠ᠃

    2013 - 2017 ᠤᠨ ᠪᠤᠯᠳᠠᠯ᠎ᠠ᠂ ᠨᠠᠮ ᠤᠨ ᠳᠦᠪ ᠬᠤᠷᠢᠶᠠᠨ ᠪ ᠤᠯᠤᠰ ᠳᠦᠷᠦ ᠵᠢᠨ ᠳᠤᠪᠴᠢᠶᠠᠨ ᠤ ᠬᠡᠰᠢᠬᠦᠨ᠂ ᠳᠦᠷᠦ ᠵᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠢᠢᠳ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠤ ᠳᠤᠰᠢᠶᠠᠯ ᠢ ᠬᠠᠷᠢᠭᠤᠴᠠᠪᠠ᠃

    2017 - ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠢᠢᠩᠭ᠋ᠤ ᠶᠢᠨ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠢᠢᠳ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠤ ᠳᠤᠰᠢᠶᠠᠯ ᠢ ᠬᠠᠷᠢᠭᠤᠴᠠᠵᠦ ᠪᠠᠢᠢᠨ᠎ᠠ᠃

    ᠨᠠᠮ ᠤᠨ ᠠᠷᠪᠠᠨ ᠵᠢᠷᠭᠤᠳᠤᠭᠠᠷ ᠬᠤᠭᠤᠴᠠᠭᠠᠨ ᠤ ᠳᠦᠪ ᠬᠤᠷᠢᠶᠠᠨ ᠤ ᠤᠷᠤᠯᠠᠬᠴᠢ ᠬᠡᠰᠢᠬᠦᠨ᠂ ᠠᠷᠪᠠᠨ ᠳᠤᠯᠤᠳᠤᠭᠠᠷ᠂ ᠠᠷᠪᠠᠨ ᠨᠠᠶ᠋ᠮᠠᠳᠤᠭᠠᠷ᠂ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠬᠡᠰᠢᠬᠦᠨ᠂ ᠠᠷᠪᠠᠨ ᠳᠤᠯᠤᠳᠤᠭᠠᠷ ᠠᠷᠪᠠᠨ ᠨᠠᠶ᠋ᠮᠠᠳᠤᠭᠠᠷ ᠬᠤᠭᠤᠴᠠᠭᠠᠨ ᠤ ᠳᠦᠪ ᠬᠤᠷᠢᠶᠠᠨ ᠤ ᠤᠯᠤᠰ ᠳᠦᠷᠦ ᠵᠢᠨ ᠳᠤᠪᠴᠢᠶᠠᠨ ᠤ ᠬᠡᠰᠢᠬᠦᠨ᠂ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠬᠡᠰᠢᠬᠦᠨ᠂ ᠪᠠᠢᠢᠩᠭ᠋ᠤ ᠶᠢᠨ ᠬᠡᠰᠢᠬᠦᠨ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121860543