蒙古文网站Logo
ᠰᠢᠨᠬᠤᠸᠠ ᠮᠤᠩᠭ᠋ᠤᠯ ᠨᠧᠲ

ᠬᠠᠨ ᠵᠸᠩ ᠨᠦᠬᠦᠷ ᠤᠨ ᠳᠤᠪᠴᠢ ᠨᠠᠮᠳᠠᠷ

2017-10-26 16:11

ᠬᠠᠨ ᠵᠸᠩ ᠨᠦᠬᠦᠷ ᠤᠨ ᠳᠤᠪᠴᠢ ᠨᠠᠮᠳᠠᠷ

    ᠬᠠᠨ ᠵᠸᠩ ᠂ ᠡᠷᠡᠭᠳᠠᠢ᠂ ᠬᠢᠳᠡᠳ ᠦᠨᠳᠦᠰ᠋ᠦᠳᠡᠨ᠂ 1954 ᠤᠨ ᠤ 4 ᠰᠠᠷ᠎᠎ᠠ ᠳᠤ ᠲᠦᠷᠦᠵᠠᠢ᠂ ᠵᠸᠵᠢᠶᠠᠩ ᠮᠤᠵᠢ ᠶᠢᠨ ᠼᠢᠰ᠋ᠢ ᠶᠢᠨ ᠬᠦᠮᠦᠨ᠂ 1975 ᠤᠨ ᠤ 12 ᠰᠠᠷ᠎ᠠ ᠳᠤ ᠠᠵᠢᠯ ᠳᠤ ᠤᠷᠤᠵᠦ᠂ 1979 ᠤᠨ ᠤ 5 ᠰᠠᠷ ᠠ᠎ ᠳᠤ ᠲᠤᠮᠳᠠᠳᠦ ᠤᠯᠤᠰ ᠤᠨ ᠡᠪ ᠬᠠᠮᠳᠦ ᠨᠠᠮ ᠳᠤ ᠤᠷᠤᠵᠦ᠂ ᠬᠤᠸᠠᠳᠦ᠋ᠩ ᠤᠨ ᠪᠠᠭᠰ᠋ᠢ ᠶᠢᠨ ᠶᠡᠭᠡ ᠰᠤᠷᠭᠠᠭᠤᠯᠢ ᠶᠢᠨ ᠤᠯᠠᠨ ᠤᠯᠤᠰ ᠤᠨ ᠠᠰ᠋ᠠᠭᠤᠳᠠᠯ ᠢ ᠰᠤᠳᠤᠯᠬᠤ ᠭᠠᠵᠠᠷ ᠲᠤ ᠤᠯᠠᠨ ᠤᠯᠤᠰ ᠤᠨ ᠬᠠᠷᠢᠴᠠᠭ᠎ᠠ ᠬᠢᠭᠡᠳ ᠲᠡᠯᠡᠭᠡᠢ ᠶᠢᠨ ᠠᠵᠦ ᠠᠬᠤᠢ ᠶᠢᠨ ᠲᠤᠰ᠋ᠬᠠᠢ ᠮᠡᠷᠭᠡᠵᠢᠯ ᠡᠴᠡ ᠳᠡᠬᠦᠰ᠋ᠴᠡᠢ᠂ ᠠᠵᠢᠯ ᠤᠨ ᠪᠠᠢᠢᠷᠢ ᠲᠡᠭᠡᠷ᠎ᠠ ᠪᠠᠨ ᠰᠤᠷᠤᠯᠴᠠᠬᠰ᠋ᠠᠨ ᠠᠰ᠋ᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠠᠵᠦ ᠠᠬᠤᠢ ᠶᠢᠨ ᠤᠬᠠᠭᠠᠨ ᠤ ᠮᠠᠰ᠋ᠲ᠋ᠸᠷ᠂ ᠲᠡᠭᠡᠳᠦ ᠲᠡᠰ ᠤᠨ ᠠᠵᠦ ᠠᠬᠤᠢᠢᠴᠢ᠃

    ᠤᠳᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠢᠢᠩᠭ᠋ᠤ ᠶᠢᠨ ᠭᠡᠰ᠋ᠢᠬᠦᠨ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰ᠋ᠢᠶᠠᠯ ᠢ ᠬᠠᠷᠢᠭᠤᠴᠠᠵᠤ ᠪᠠᠢᠢᠨ᠎ᠠ᠃

    1975 - 1980 ᠤᠨ ᠪᠤᠯᠳᠠᠯ᠎ᠠ᠂ ᠱᠠᠩᠬᠠᠢ ᠶᠢᠨ ᠰᠢᠦᠢ ᠬᠤᠢ ᠬᠦᠨᠳᠦ ᠵᠦᠭᠡᠭᠡᠪᠦᠷᠢᠯᠡᠯᠳᠡ ᠶᠢᠨ ᠤᠬᠰ᠋ᠠᠷᠠᠵᠦ ᠲᠠᠭᠠᠷᠠᠭᠤᠯᠬᠤ ᠠᠩᠭᠢ ᠶᠢᠨ ᠰᠠᠩ ᠬᠦᠮᠦᠷᠭᠡ ᠶᠢᠨ ᠬᠠᠮᠢᠶᠠᠷᠤᠬᠴᠢ᠂ ᠬᠠᠩᠭ᠋ᠠᠨ ᠪᠤᠷᠤᠯᠠᠭᠤᠯᠬᠤ ᠲᠠᠰ᠋ᠤᠬ ᠤᠨ ᠠᠯᠪᠠᠨ ᠠᠵᠢᠯᠳᠠᠨ᠂ ᠡᠪᠯᠡᠯ ᠤᠨ ᠶᠡᠷᠦᠩᠭᠡᠢ ᠡᠬᠦᠷ ᠤᠨ ᠲᠡᠳ᠋ ᠱᠦᠵᠢ ᠶᠢᠨ ᠲᠤᠰ᠋ᠢᠶᠠᠯ ᠢ ᠬᠠᠷᠢᠭᠤᠴᠠᠪᠠ᠃

    1980 - 1982 ᠤᠨ ᠪᠤᠯᠳᠠᠯ᠎ᠠ᠂ ᠱᠠᠩᠬᠠᠢ ᠬᠤᠳᠠ ᠶᠢᠨ ᠬᠢᠮᠢ ᠶᠢᠨ ᠠᠵᠦ ᠦᠢᠯᠡᠳᠪᠦᠷᠢ ᠶᠢᠨ ᠲᠤᠨᠤᠭ ᠲᠦᠬᠦᠭᠡᠷᠦᠮᠵᠢ ᠶᠢᠨ ᠠᠵᠦ ᠦᠢᠯᠡᠳᠪᠦᠷᠢ ᠶᠢᠨ ᠺᠤᠮᠫᠠᠨᠢ ᠶᠢᠨ ᠠᠵᠢᠯᠯᠠᠬᠴᠢ᠂ ᠡᠪᠯᠡᠯ ᠤᠨ ᠬᠤᠷᠢᠶ᠎ᠠ ᠶᠢᠨ ᠬᠠᠷᠢᠭᠤᠴᠠᠯᠭᠠᠳᠠᠨ ᠤ ᠲᠤᠰ᠋ᠢᠶᠠᠯ ᠢ ᠬᠠᠷᠢᠭᠤᠴᠠᠪᠠ᠃

    1982 - 1986 ᠤᠨ ᠪᠤᠯᠳᠠᠯ᠎ᠠ ᠂ ᠱᠠᠩᠬᠠᠢ ᠬᠤᠳᠠ ᠶᠢᠨ ᠬᠢᠮᠢ ᠶᠢᠨ ᠠᠵᠦ ᠦᠢᠯᠡᠳᠪᠦᠷᠢ ᠶᠢᠨ ᠲᠤᠪᠴᠢᠶ᠎ᠠ ᠶᠢᠨ ᠡᠪᠯᠡᠯ ᠤᠨ ᠬᠤᠷᠢᠶ᠎ᠠ ᠶᠢᠨ ᠱᠦᠵᠢ ᠵᠢᠨ ᠲᠤᠰ᠋ᠢᠶᠠᠯ ᠢ ᠬᠠᠷᠢᠭᠤᠴᠠᠪᠠ(ᠡᠨᠡᠬᠦ ᠬᠤᠭᠤᠴᠠᠭᠠᠨ ᠳᠤ᠄ 1983 - 1985 ᠤᠨ ᠪᠤᠯᠳᠠᠯ᠎ᠠ᠂ ᠹᠦᠳᠠᠨ ᠶᠡᠭᠡ ᠰᠤᠷᠭᠠᠭᠤᠯᠢ ᠶᠢᠨ ᠲᠤᠰ᠋ᠬᠠᠢ ᠮᠡᠷᠭᠡᠵᠢᠯ ᠤᠨ ᠠᠩᠭᠢ ᠳᠤ ᠰᠤᠷᠤᠯᠴᠠᠵᠠᠢ)᠃

    1986 - 1987 ᠤᠨ ᠪᠤᠯᠳᠠᠯ᠎ᠠ᠂ ᠱᠠᠩᠬᠠᠢ ᠬᠤᠳᠠ ᠶᠢᠨ ᠬᠢᠮᠢ ᠶᠢᠨ ᠠᠵᠦ ᠦᠢᠯᠡᠳᠪᠦᠷᠢ ᠶᠢᠨ ᠲᠤᠰ᠋ᠬᠠᠢ ᠮᠡᠷᠭᠡᠵᠢᠯ ᠤᠨ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠶᠢᠨ ᠲᠤᠰ᠋ᠢᠶᠠᠯ ᠢ ᠬᠠᠷᠢᠭᠤᠴᠠᠪᠠ᠃

    1987 - 1988 ᠤᠨ ᠪᠤᠯᠳᠠᠯ᠎ᠠ᠂ ᠱᠠᠩᠬᠠᠢ ᠶᠢᠨ ᠭᠤᠮ ᠱᠠᠬᠠᠢ ᠶᠢᠨ ᠦᠢᠯᠡᠳᠪᠦᠷᠢ ᠶᠢᠨ ᠨᠠᠮ ᠤᠨ ᠬᠤᠷᠢᠶ᠎ᠠ ᠶᠢᠨ ᠱᠦᠵᠢ᠂ ᠦᠢᠯᠡᠳᠪᠦᠷᠢ ᠶᠢᠨ ᠲᠡᠳ᠋ ᠲᠠᠷᠤᠭ᠎ᠠ ᠶᠢᠨ ᠲᠤᠰ᠋ᠢᠶᠠᠯ ᠢ ᠬᠠᠷᠢᠭᠤᠴᠠᠪᠠ(1985 - 1987 ᠤᠨ ᠪᠤᠯᠳᠠᠯ᠎ᠠ᠂ ᠬᠤᠸᠠᠳᠦ᠋ᠩ ᠤᠨ ᠪᠠᠭᠰ᠋ᠢ ᠶᠢᠨ ᠶᠡᠭᠡ ᠰᠤᠷᠭᠠᠭᠤᠯᠢ ᠶᠢᠨ ᠦᠳᠡᠰ᠋ᠢ ᠶᠢᠨ ᠶᠡᠭᠡ ᠰᠤᠷᠭᠠᠭᠤᠯᠢ ᠶᠢᠨ ᠤᠯᠤᠰ ᠲᠦᠷᠦ ᠵᠢᠨ ᠰᠤᠷᠭᠠᠨ ᠬᠦᠮᠦᠵᠢᠯ ᠤᠨ ᠰᠠᠯᠪᠤᠷᠢ  ᠳᠤ ᠤᠯᠤᠰ ᠲᠦᠷᠦ ᠵᠢᠨ ᠰᠤᠷᠭᠠᠨ ᠬᠦᠮᠦᠵᠢᠯ ᠤᠨ ᠲᠤᠰ᠋ᠬᠠᠢ ᠮᠡᠷᠭᠡᠵᠢᠯ ᠢᠶᠡᠷ ᠰᠤᠷᠤᠯᠴᠠᠵᠠᠢ)᠃

    1988 - 1990 ᠤᠨ ᠪᠤᠯᠳᠠᠯ᠎ᠠ᠂ ᠱᠠᠩᠬᠠᠢ ᠶᠢᠨ ᠳ᠋ᠠ ᠵᠦᠩ ᠬᠤᠸᠠ ᠭᠤᠮ ᠤᠨ ᠦᠢᠯᠡᠳᠪᠦᠷᠢ ᠶᠢᠨ ᠨᠠᠮ ᠤᠨ ᠬᠤᠷᠢᠶ᠎ᠠ ᠶᠢᠨ ᠱᠦᠵᠢ᠂ ᠦᠢᠯᠡᠳᠪᠦᠷᠢ ᠶᠢᠨ ᠲᠡᠳ᠋ ᠲᠠᠷᠤᠭ᠎᠎ᠠ ᠶᠢᠨ ᠲᠤᠰ᠋ᠢᠶᠠᠯ ᠢ ᠬᠠᠷᠢᠭᠤᠴᠠᠪᠠ᠃

    1990 - 1991 ᠤᠨ ᠪᠤᠯᠳᠠᠯ᠎ᠠ᠂ ᠡᠪ ᠬᠠᠮᠳᠦ ᠵᠠᠯᠠᠭᠤᠴᠤᠳ ᠤᠨ ᠡᠪᠯᠡᠯ ᠤᠨ ᠱᠠᠩᠬᠠᠢ ᠬᠤᠳᠠ ᠶᠢᠨ ᠬᠤᠷᠢᠶ᠎ᠠ ᠶᠢᠨ ᠲᠡᠳ᠋ ᠱᠦᠵᠢ(ᠠᠵᠢᠯ ᠡᠷᠬᠢᠯᠡᠬᠦ) ᠶ᠋ᠢᠨ ᠲᠤᠰ᠋ᠢᠶᠠᠯ ᠢ ᠬᠠᠷᠢᠭᠤᠴᠠᠪᠠ᠃

    1991 - 1992 ᠤᠨ ᠪᠤᠯᠳᠠᠯ᠎ᠠ᠂ ᠡᠪ ᠬᠠᠮᠳᠦ ᠵᠠᠯᠠᠭᠤᠴᠤᠳ ᠤᠨ ᠡᠪᠯᠡᠯ ᠤᠨ ᠱᠠᠩᠬᠠᠢ ᠬᠤᠳᠠ ᠶᠢᠨ ᠬᠤᠷᠢᠶ᠎ᠠ ᠶᠢᠨ ᠱᠦᠵᠢ ᠶᠢᠨ ᠲᠤᠰ᠋ᠢᠶᠠᠯ ᠢ ᠬᠠᠷᠢᠭᠤᠴᠠᠪᠠ᠃

    1992 -1993 ᠤᠨ ᠪᠤᠯᠳᠠᠯ᠎ᠠ᠂ ᠱᠠᠩᠬᠠᠢ ᠬᠤᠳᠠ ᠶᠢᠨ ᠯᠦ ᠸᠠᠨ ᠲᠤᠭᠤᠷᠢᠬ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠤᠷᠤᠯᠬᠠᠴᠢ ᠲᠤᠭᠤᠷᠢᠬ ᠤᠨ ᠲᠠᠷᠤᠭ᠎ᠠ ᠶᠢᠨ ᠲᠤᠰ᠋ᠢᠶᠠᠯ ᠢ ᠬᠠᠷᠢᠭᠤᠴᠠᠪᠠ᠃

    1993 - 1995 ᠤᠨ ᠪᠤᠯᠳᠠᠯ᠎ᠠ᠂ ᠱᠠᠩᠬᠠᠢ ᠬᠤᠳᠠ ᠶᠢᠨ ᠯᠦ ᠸᠠᠨ ᠲᠤᠭᠤᠷᠢᠬ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠲᠤᠭᠤᠷᠢᠬ ᠤᠨ ᠲᠠᠷᠤᠭ᠎ᠠ ᠶᠢᠨ ᠲᠤᠰ᠋ᠢᠶᠠᠯ ᠢ ᠬᠠᠷᠢᠭᠤᠴᠠᠪᠠ (1991 - 1994 ᠤᠨ ᠪᠤᠯᠳᠠᠯ᠎ᠠ᠂ ᠬᠤᠸᠠᠳᠦ᠋ᠩ ᠤᠨ ᠪᠠᠭᠰ᠋ᠢ ᠶᠢᠨ ᠶᠡᠭᠡ ᠰᠤᠷᠭᠠᠭᠤᠯᠢ ᠶᠢᠨ ᠤᠯᠠᠨ ᠤᠯᠤᠰ ᠤᠨ ᠠᠰ᠋ᠠᠭᠤᠳᠠᠯ ᠢ ᠰᠤᠳᠤᠯᠬᠤ ᠭᠠᠵᠠᠷ ᠤᠨ ᠤᠯᠠᠨ ᠤᠯᠤᠰ ᠤᠨ ᠬᠠᠷᠢᠴᠠᠭ᠎ᠠ ᠬᠢᠭᠡᠳ ᠲᠡᠯᠡᠭᠡᠢ ᠶᠢᠨ ᠠᠵᠦ ᠠᠬᠤᠢ ᠶᠢᠨ ᠲᠤᠰ᠋ᠬᠠᠢ ᠮᠡᠷᠭᠡᠵᠢᠯ ᠢᠶᠡᠷ ᠠᠵᠢᠯ ᠤᠨ ᠪᠠᠢᠢᠷᠢ ᠲᠡᠭᠡᠷ᠎ᠠ ᠪᠡᠨ ᠠᠰ᠋ᠫᠢᠷᠠᠨᠲ ᠢᠶᠡᠷ ᠰᠤᠷᠤᠯᠴᠠᠪᠠ ᠂ ᠠᠵᠦ ᠠᠬᠤᠢ ᠶᠢᠨ ᠤᠬᠠᠭᠠᠨ ᠤ ᠮᠠᠰ᠋ᠲ᠋ᠸᠷ ᠴᠤᠯᠠ ᠬᠠᠮᠠᠭᠠᠯᠠᠵᠠᠢ)᠃

    1995 - 1997 ᠤᠨ ᠪᠤᠯᠳᠠᠯ᠎ᠠ᠂ ᠱᠠᠩᠬᠠᠢ ᠬᠤᠳᠠ ᠶᠢᠨ ᠵᠠᠰ᠋ᠠᠬ ᠤᠨ ᠤᠷᠳᠤᠨ ᠤ ᠲᠡᠳ᠋ ᠨᠠᠷᠢᠨ ᠪᠢᠴᠢᠭ᠌ ᠤᠨ ᠳᠠᠷᠤᠭ᠎ᠠ᠂ ᠬᠤᠳᠠ ᠶᠢᠨ ᠶᠡᠷᠦᠩᠭᠡᠢᠢᠯᠡᠭᠰ᠋ᠠᠠ ᠠᠵᠦ ᠠᠬᠤᠢ ᠶᠢᠨ ᠠᠵᠢᠯ ᠤᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠵᠢᠨ ᠲᠦᠯᠦᠪᠯᠡᠬᠡ ᠵᠢᠨ ᠵᠦᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠬᠤᠳᠠ ᠶᠢᠨ ᠦᠨᠡᠳᠦ ᠲᠡᠮᠳᠡᠭᠳᠦ ᠶᠢᠨ ᠬᠠᠮᠢᠶᠠᠷᠤᠯᠳᠠ ᠶᠢᠨ ᠠᠯᠪᠠᠨ ᠭᠡᠷ ᠤᠨ ᠡᠷᠬᠢᠯᠡᠭᠴᠢ ᠶᠢᠨ ᠲᠤᠰ᠋ᠢᠶᠠᠯ ᠢ ᠬᠠᠷᠢᠭᠤᠴᠠᠪᠠ᠃

    1997 - 1998 ᠤᠨ ᠪᠤᠯᠳᠠᠯ᠎ᠠ᠎᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠪᠠᠢᠢᠩᠭ᠋ᠤ ᠶᠢᠨ ᠭᠡᠰ᠋ᠢᠬᠦᠨ᠂ ᠬᠤᠳᠠ ᠶᠢᠨ ᠵᠠᠰ᠋ᠠᠬ ᠤᠨ ᠤᠷᠳᠤᠨ ᠤ ᠲᠡᠳ᠋ ᠨᠠᠷᠢᠨ ᠪᠢᠴᠢᠭ᠌ ᠤᠨ ᠲᠠᠷᠤᠭ᠎ᠠ ᠶᠢᠨ ᠲᠤᠰ᠋ᠢᠶᠠᠯ  ᠬᠠᠷᠢᠭᠤᠴᠠᠪᠠ᠃

    1998 - 2002 ᠤᠨ ᠪᠤᠯᠳᠠᠯ᠎ᠠ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠪᠠᠢᠢᠩᠭ᠋ᠤ ᠶᠢᠨ ᠭᠡᠰ᠋ᠢᠬᠦᠨ᠂ ᠬᠤᠳᠠ ᠶᠢᠨ ᠲᠡᠳ᠋ ᠲᠠᠷᠤᠭ᠎ᠠ ᠶᠢᠨ ᠲᠤᠰ᠋ᠢᠶᠠᠯ ᠢ ᠬᠠᠷᠢᠭᠤᠴᠠᠪᠠ᠃

    2002 - 2003 ᠤᠨ ᠪᠤᠯᠳᠠᠯ᠎ᠠ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠡᠳ᠋ ᠲᠠᠷᠤᠭ᠎ᠠ᠎ ᠶᠢᠨ ᠲᠤᠰ᠋ᠢᠶᠠᠯ ᠢ ᠬᠠᠷᠢᠭᠤᠴᠠᠪᠠ᠃

    2003 - 2004 ᠤᠨ ᠪᠤᠯᠳᠠᠯ᠎ᠠ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠶᠢᠨ ᠲᠤᠰ᠋ᠢᠶᠠᠯ ᠢ ᠬᠠᠷᠢᠭᠤᠴᠠᠪᠠ᠃

    2004 - 2006 ᠤᠨ ᠪᠤᠯᠳᠠᠯ᠎ᠠ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠶᠢᠨ ᠲᠤᠰ᠋ᠢᠶᠠᠯ ᠢ ᠬᠠᠷᠢᠭᠤᠴᠠᠵᠦ᠂ 2010 ᠤᠨ ᠤ ᠱᠠᠩᠬᠠᠢ ᠶᠢᠨ ᠲᠡᠯᠡᠭᠡᠢ ᠶᠢᠨ ᠦᠵᠡᠰ᠋ᠬᠦᠯᠡᠩ ᠤᠨ ᠴᠤᠬᠯᠠᠭᠠᠨ ᠤ ᠵᠤᠬᠢᠶᠠᠨ ᠪᠠᠢᠢᠭᠤᠯᠬᠤ ᠺᠤᠮᠢᠰ ᠤᠨ ᠲᠡᠳ᠋ ᠡᠷᠬᠢᠯᠡᠭᠴᠢ ᠭᠡᠰ᠋ᠢᠬᠦᠨ᠂ ᠭᠦᠢᠴᠡᠳᠭᠡᠬᠦ ᠵᠦᠪᠯᠡᠯ ᠤᠨ ᠭᠦᠢᠴᠡᠳᠭᠡᠭ᠍ᠴᠢ ᠡᠷᠬᠢᠯᠡᠭᠴᠢ ᠶᠢᠨ ᠲᠤᠰ᠋ᠢᠶᠠᠯ ᠢ ᠬᠠᠷᠢᠭᠤᠴᠠᠪᠠ᠃

    2006 - 2007 ᠤᠨ ᠪᠤᠯᠳᠠᠯ᠎ᠠ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠤᠷᠤᠯᠠᠬᠴᠢ ᠱᠦᠵᠢ᠂ ᠬᠤᠳᠠ ᠶᠢᠨ ᠲᠠᠷᠤᠭ᠎ᠠ ᠶᠢᠨ ᠲᠤᠰ᠋ᠢᠶᠠᠯ ᠢ ᠬᠠᠷᠢᠭᠤᠴᠠᠵᠦ᠂ 2010 ᠤᠨ ᠤ ᠱᠠᠩᠬᠠᠢ ᠶᠢᠨ ᠲᠡᠯᠡᠭᠡᠢ ᠶᠢᠨ ᠦᠵᠡᠰ᠋ᠬᠦᠯᠡᠩ ᠤᠨ ᠴᠤᠬᠯᠠᠭᠠᠨ ᠤ ᠵᠤᠬᠢᠶᠠᠨ ᠪᠠᠢᠢᠭᠤᠯᠬᠤ ᠺᠤᠮᠢᠰ ᠤᠨ ᠲᠡᠳ᠋ ᠡᠷᠬᠢᠯᠡᠭᠴᠢ ᠭᠡᠰ᠋ᠢᠬᠦᠨ᠂ ᠨᠢᠭᠡᠳᠦᠭᠡᠷ ᠲᠡᠳ᠋ ᠡᠷᠬᠢᠯᠡᠭᠴᠢ ᠭᠡᠰ᠋ᠢᠬᠦᠨ᠂ ᠭᠦᠢᠴᠡᠳᠭᠡᠬᠦ ᠵᠦᠪᠯᠡᠯ ᠤᠨ ᠬᠦᠢᠴᠡᠳᠬᠡᠭ᠍ᠴᠢ ᠡᠷᠬᠢᠯᠡᠭᠴᠢ᠂ ᠬᠦᠢᠴᠡᠳᠬᠡᠬᠦ ᠵᠦᠪᠯᠡᠯ ᠤᠨ ᠡᠷᠬᠢᠯᠡᠭᠴᠢ ᠶᠢᠨ ᠲᠤᠰ᠋ᠢᠶᠠᠯ ᠢ ᠬᠠᠷᠢᠭᠤᠴᠠᠪᠠ᠃

    2007 - 2008 ᠤᠨ ᠪᠤᠯᠳᠠᠯ᠎ᠠ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠶᠢᠨ ᠲᠤᠰ᠋ᠢᠶᠠᠯ  ᠬᠠᠷᠢᠭᠤᠴᠠᠵᠦ᠂ 2010 ᠤᠨ ᠤ ᠱᠠᠩᠬᠠᠢ ᠶᠢᠨ ᠲᠡᠯᠡᠭᠡᠢ ᠶᠢᠨ ᠦᠵᠡᠰ᠋ᠬᠦᠯᠡᠩ ᠤᠨ ᠴᠤᠬᠯᠠᠭᠠᠨ ᠤ ᠵᠤᠬᠢᠶᠠᠨ ᠪᠠᠢᠢᠭᠤᠯᠬᠤ ᠺᠤᠮᠢᠰ ᠤᠨ ᠲᠡᠳ᠋ ᠡᠷᠬᠢᠯᠡᠭᠴᠢ ᠭᠡᠰ᠋ᠢᠬᠦᠨ᠂ ᠨᠢᠭᠡᠳᠦᠭᠡᠷ ᠲᠡᠳ᠋ ᠡᠷᠬᠢᠯᠡᠭᠴᠢ ᠭᠡᠰ᠋ᠢᠬᠦᠨ᠂ ᠭᠦᠢᠴᠡᠳᠭᠡᠬᠦ ᠵᠦᠪᠯᠡᠯ ᠤᠨ ᠡᠷᠬᠢᠯᠡᠭᠴᠢ ᠶᠢᠨ ᠲᠤᠰ᠋ᠢᠶᠠᠯ ᠢ ᠬᠠᠷᠢᠭᠤᠴᠠᠪᠠ᠃

    2008 – 2011 ᠤᠨ ᠪᠤᠯᠳᠠᠯ᠎ᠠ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ᠎ ᠶᠢᠨ ᠲᠤᠰ᠋ᠢᠶᠠᠯ ᠢ ᠬᠠᠷᠢᠭᠤᠴᠠᠵᠦ᠂ 2010 ᠤᠨ ᠤ ᠱᠠᠩᠬᠠᠢ ᠶᠢᠨ ᠲᠡᠯᠡᠭᠡᠢ ᠶᠢᠨ ᠦᠵᠡᠰ᠋ᠬᠦᠯᠡᠩ ᠤᠨ ᠴᠤᠬᠯᠠᠭᠠᠨ ᠤ ᠵᠤᠬᠢᠶᠠᠨ ᠪᠠᠢᠭᠤᠯᠬᠤ ᠺᠤᠮᠢᠰ ᠤᠨ ᠲᠡᠳ᠋ ᠡᠷᠬᠢᠯᠡᠭᠴᠢ ᠭᠡᠰ᠋ᠢᠬᠦᠨ᠂ ᠭᠦᠢᠴᠡᠳᠭᠡᠬᠦ ᠵᠦᠪᠯᠡᠯ ᠤᠨ ᠭᠦᠢᠴᠡᠳᠭᠡᠭ᠍ᠴᠢ ᠡᠷᠬᠢᠯᠡᠭᠴᠢ ᠶᠢᠨ ᠲᠤᠰ᠋ᠢᠶᠠᠯ ᠢ ᠬᠠᠷᠢᠭᠤᠴᠠᠪᠠ᠃

    2011 - 2012 ᠤᠨ ᠪᠤᠯᠳᠠᠯ᠎ᠠ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠶᠢᠨ ᠲᠤᠰ᠋ᠢᠶᠠᠯ ᠢ ᠬᠠᠷᠢᠭᠤᠴᠠᠪᠠ᠃

    2012 - 2017 ᠤᠨ ᠪᠤᠯᠳᠠᠯ᠎ᠠ᠂ ᠲᠦᠪ ᠬᠤᠷᠢᠶᠠᠨ ᠤ ᠤᠯᠤᠰ ᠲᠦᠷᠦ ᠶᠢᠨ ᠳᠤᠪᠴᠢᠶᠠᠨ ᠤ ᠭᠡᠰ᠋ᠢᠬᠦᠨ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠳᠤᠰ᠋ᠢᠶᠠᠯ ᠢ ᠬᠠᠷᠢᠭᠤᠴᠠᠪᠠ᠃

    2017 - ᠤᠳᠤ ᠪᠤᠯᠳᠠᠯ᠎ᠠ᠂ ᠲᠦᠪ ᠬᠤᠷᠢᠶᠠᠨ ᠤ ᠤᠯᠤᠰ ᠲᠦᠷᠦ ᠵᠢᠨ ᠳᠤᠪᠴᠢᠶᠠᠨ ᠤ ᠪᠠᠢᠢᠩᠭ᠋ᠤ ᠶᠢᠨ ᠬᠡᠰ᠋ᠢᠬᠦᠨ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠳᠤᠰ᠋ᠢᠶᠠᠯ ᠢ ᠬᠠᠷᠢᠭᠤᠴᠠᠪᠠ᠃

    ᠨᠠᠮ ᠤᠨ ᠠᠷᠪᠠᠨ ᠵᠢᠷᠭᠤᠳᠤᠭᠠᠷ ᠬᠤᠭᠤᠴᠠᠭ᠎ᠠ᠂ ᠠᠷᠪᠠᠨ ᠲᠤᠯᠤᠳᠤᠭᠠᠷ ᠬᠤᠭᠤᠴᠠᠭ᠎ᠠ᠂ ᠠᠷᠪᠠᠨ ᠨᠠᠶ᠋ᠮᠠᠳᠤᠭᠠᠷ ᠬᠤᠭᠤᠴᠠᠭ᠎ᠠ᠂ ᠠᠷᠪᠠ ᠶᠢᠰ᠋ᠦᠳᠦᠬᠡᠷ ᠬᠤᠭᠤᠴᠠᠭᠠᠨ ᠤ ᠲᠦᠪ ᠬᠤᠷᠢᠶᠠᠨ ᠤ ᠭᠡᠰ᠋ᠢᠬᠦᠨ᠂ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠳᠤᠪᠴᠢᠶᠠᠨ ᠤ ᠭᠡᠰ᠋ᠢᠬᠦᠨ᠂ ᠠᠷᠪᠠ ᠶᠢᠰ᠋ᠦᠳᠦᠬᠡᠷ ᠬᠤᠭᠤᠴᠭᠠᠠᠨ ᠤ ᠲᠦᠪ ᠬᠤᠷᠢᠶᠠᠨ ᠤ ᠤᠯᠤᠰ ᠲᠦᠷᠦ ᠵᠢᠨ ᠳᠤᠪᠴᠢᠶᠠᠨ ᠤ ᠬᠡᠰ᠋ᠢᠬᠦᠨ᠂ ᠪᠠᠢᠢᠩᠭ᠋ᠤ ᠵᠢᠨ ᠬᠡᠰ᠋ᠢᠬᠦᠨ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121860584