蒙古文网站Logo
ᠰᠢᠨᠬᠤᠸᠠ ᠮᠤᠩᠭ᠋ᠤᠯ ᠨᠧᠲ

ᠵᠤᠤ ᠯᠧ ᠵᠢᠢ ᠨᠦᠬᠦᠷ ᠤᠨ ᠳᠤᠪᠴᠢ ᠨᠠᠮᠳᠠᠷ

2017-10-26 17:19

   

ᠵᠤᠤ ᠯᠧ ᠵᠢᠢ ᠨᠦᠬᠦᠷ ᠤᠨ ᠳᠤᠪᠴᠢ ᠨᠠᠮᠳᠠᠷ

    ᠵᠤᠤ ᠯᠧ ᠵᠢᠢ᠂ ᠡᠷᠡᠭᠳᠡᠢ᠂ ᠬᠢᠳᠠᠳ ᠦᠨᠳᠦᠰᠦᠳᠡᠨ᠂ 1957 ᠤᠨ ᠤ 3 ᠰᠠᠷ᠎ᠠ ᠳᠤ ᠳᠦᠷᠦᠵᠡᠢ᠂ ᠱᠠᠨᠰᠢ ᠮᠤᠵᠢ ᠶᠢᠨ ᠰᠢ ᠠᠨ ᠤ ᠬᠦᠮᠦᠨ᠂ 1974 ᠤᠨ ᠤ 9 ᠰᠠᠷ᠎ᠠ ᠳᠤ ᠠᠵᠢᠯ ᠳᠤ ᠤᠷᠤᠵᠠᠢ᠂ 1975 ᠤᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠪᠠ᠂ ᠳᠦᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠃

    ᠤᠳᠤ ᠪᠡᠷ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠳᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠳᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠤᠢ᠃

    1974 – 1975 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠬᠦᠢ ᠳ᠋ᠧ ᠰᠢᠶᠠᠨ ᠤ ᠡᠾᠧ ᠳ᠋ᠦᠩ ᠰᠢᠶᠠᠩ ᠤᠨ ᠬᠦᠩᠪᠠ ᠶᠡᠬᠡ ᠪᠠᠷᠢᠭᠠᠳᠠ ᠶᠢᠨ ᠰᠡᠬᠡᠬᠡᠳᠡᠨ ᠪᠠᠶᠢᠪᠠ᠃

    1975 – 1977 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠬᠤᠳᠠᠯᠳᠤᠭᠠᠨ ᠤ ᠳᠠᠩᠬᠢᠮ ᠤᠨ ᠴᠢᠮᠡᠬᠡᠯᠡᠭᠴᠢ ᠪᠠᠶᠢᠪᠠ᠃

    1977 – 1980 ᠤᠨ ᠪᠤᠯᠳᠠᠯ᠎ᠠ᠂ ᠪᠡᠬᠡᠵᠢᠩ ᠶᠡᠬᠡ ᠰᠤᠷᠭᠠᠭᠤᠯᠢ ᠶᠢᠨ ᠬᠦᠨ ᠤᠬᠠᠭᠠᠨ ᠤ ᠰᠠᠯᠪᠤᠷᠢ ᠳᠤ ᠬᠦᠨ ᠤᠬᠠᠭᠠᠨ ᠤ ᠮᠡᠷᠬᠡᠵᠢᠯ ᠢᠶᠡᠷ ᠰᠤᠷᠤᠯᠴᠠᠪᠠ᠃

    1980 – 1982 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠬᠤᠳᠠᠯᠳᠤᠭᠠᠨ ᠤ ᠶᠠᠮᠤᠨ ᠤ ᠤᠯᠤᠰ ᠳᠦᠷᠦ ᠶᠢᠨ ᠭᠠᠵᠠᠷ ᠤᠨ ᠠᠵᠢᠯᠯᠠᠭᠴᠢ᠂ ᠮᠤᠵᠢ ᠶᠢᠨ ᠬᠤᠳᠠᠯᠳᠤᠭᠠᠨ ᠤ ᠰᠤᠷᠭᠠᠭᠤᠯᠢ ᠶᠢᠨ ᠪᠠᠭᠰᠢ᠂ ᠰᠤᠷᠭᠠᠭᠤᠯᠢ ᠶᠢᠨ ᠡᠪᠯᠡᠯ ᠤᠨ ᠡᠬᠦᠷ ᠤᠨ ᠱᠦᠵᠢ ᠶᠢᠨ ᠳᠤᠰᠢᠶᠠᠯ ᠢ ᠬᠠᠷᠢᠭᠤᠴᠠᠪᠠ᠃

    1982 – 1983 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠬᠤᠳᠠᠯᠳᠤᠭᠠᠨ ᠤ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠶᠢᠨ ᠳᠤᠰᠢᠶᠠᠯ ᠢ ᠬᠠᠷᠢᠭᠤᠴᠠᠪᠠ᠃

    1983 – 1984 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠬᠤᠳᠠᠯᠳᠤᠭᠠᠨ ᠤ ᠳᠢᠩᠬᠢᠮ ᠤᠨ ᠤᠯᠤᠰ ᠳᠦᠷᠦ ᠶᠢᠨ ᠭᠠᠵᠠᠷ ᠤᠨ ᠳᠡᠳ᠋ ᠡᠷᠬᠢᠯᠡᠭᠴᠢ᠂ ᠳᠢᠩᠬᠢᠮ ᠤᠨ ᠡᠪᠯᠡᠯ ᠤᠨ ᠬᠤᠷᠢᠶᠠᠨ ᠤ ᠱᠦᠵᠢ ᠶᠢᠨ ᠳᠤᠰᠢᠶᠠᠯ ᠢ ᠬᠠᠷᠢᠭᠤᠴᠠᠪᠠ᠃

    1984 – 1986 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠳᠡᠮᠦᠷᠯᠢᠭ᠌ ᠴᠠᠭᠢᠯᠭᠠᠨ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ᠂ ᠺᠤᠮᠫᠠᠨᠢ ᠶᠢᠨ ᠵᠠᠬᠢᠷᠤᠯ ᠤᠨ ᠳᠤᠰᠢᠶᠠᠯ ᠢ ᠬᠠᠷᠢᠭᠤᠴᠠᠪᠠ᠃

    1986 – 1991 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠬᠤᠳᠠᠯᠳᠤᠭᠠᠨ ᠤ ᠳᠢᠩᠬᠢᠮ ᠤᠨ ᠳᠡᠳ᠋ ᠳᠠᠷᠤᠭ᠎ᠠ᠂ ᠨᠠᠮ ᠤᠨ ᠬᠤᠷᠢᠶᠠᠨ ᠤ ᠳᠡᠳ᠋ ᠱᠦᠵᠢ ᠶᠢᠨ ᠳᠤᠰᠢᠶᠠᠯ ᠢ ᠬᠠᠷᠢᠭᠤᠴᠠᠪᠠ᠃

    1991 – 1993 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠬᠤᠳᠠᠯᠳᠤᠭᠠᠨ ᠤ ᠳᠢᠩᠬᠢᠮ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ (1992.04 ᠮᠤᠵᠢ ᠶᠢᠨ ᠬᠠᠩᠭᠠᠨ ᠪᠤᠷᠤᠯᠠᠭᠤᠯᠬᠤ ᠬᠤᠷᠰᠢᠶ᠎ᠡ ᠶᠢᠨ ᠡᠷᠬᠢᠯᠡᠭᠴᠢ ᠶᠢᠨ ᠳᠤᠰᠢᠶᠠᠯ ᠢ ᠬᠠᠪᠰᠤᠷᠭᠠᠨ ᠬᠠᠷᠢᠭᠤᠴᠠᠪᠠ) ᠶᠢᠨ ᠳᠤᠰᠢᠶᠠᠯ ᠢ ᠬᠠᠷᠢᠭᠤᠴᠠᠪᠠ᠃

    1993- 1994 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠮᠤᠵᠢ ᠶᠢᠨ ᠳᠠᠷᠤᠭ᠎ᠠ ᠶᠢᠨ ᠳᠤᠰᠠᠯᠠᠭᠴᠢ᠂ ᠮᠤᠵᠢ ᠶᠢᠨ ᠡᠳ᠋ ᠤᠨ ᠵᠠᠰᠠᠭ ᠤᠨ ᠳᠢᠩᠬᠢᠮ ᠤᠨ ᠳᠠᠷᠤᠭ᠎ᠠ᠂ ᠨᠠᠮ ᠤᠨ ᠳᠤᠭᠤᠶᠢᠯᠠᠩ ᠤᠨ ᠱᠦᠵᠢ ᠶᠢᠨ ᠳᠤᠰᠢᠶᠠᠯ ᠢ ᠬᠠᠷᠢᠭᠤᠴᠠᠪᠠ᠃

    1994 – 1995 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠳᠡᠳ᠋ ᠳᠠᠷᠤᠭ᠎ᠠ ᠶᠢᠨ ᠳᠤᠰᠢᠶᠠᠯ ᠢ ᠬᠠᠷᠢᠭᠤᠴᠠᠬᠤ ᠶᠢᠨ ᠬᠠᠮᠳᠤ ᠡᠳ᠋ ᠤᠨ ᠵᠠᠰᠠᠭ ᠤᠨ ᠳᠢᠩᠬᠢᠮ ᠤᠨ ᠳᠠᠷᠤᠭ᠎ᠠ᠂ ᠨᠠᠮ ᠤᠨ ᠳᠤᠭᠤᠶᠢᠯᠠᠩ ᠤᠨ ᠱᠦᠵᠢ ᠶᠢᠨ ᠳᠤᠰᠢᠶᠠᠯ ᠢ ᠬᠠᠪᠰᠤᠷᠭᠠᠨ ᠬᠠᠷᠢᠭᠤᠴᠠᠪᠠ᠃

    1995 - 1997 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠳᠡᠳ᠋ ᠳᠠᠷᠤᠭ᠎ᠠ ᠶᠢᠨ ᠳᠤᠰᠢᠶᠠᠯ ᠢ ᠬᠠᠷᠢᠭᠤᠴᠠᠪᠠ᠃

    1997-1997 ᠤᠨ ᠪᠤᠯᠳᠠᠯ᠎ᠠ᠂ ᠬᠦᠬᠡᠨᠠᠭᠤᠷ ᠮᠤᠵᠢ ᠶᠢᠨ ᠳᠡᠳ᠋ ᠳᠠᠷᠤᠭ᠎ᠠ᠂ ᠰᠢᠨᠢᠩ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠳᠤᠰᠢᠶᠠᠯ ᠢ ᠬᠠᠷᠢᠭᠤᠴᠠᠪᠠ᠃

    1997 - 1999 ᠤᠨ ᠪᠤᠯᠲᠠᠯ᠎ᠠ᠂ ᠬᠦᠬᠡᠨᠠᠭᠤᠷ ᠮᠤᠵᠢ ᠵᠢᠨ ᠨᠠᠮ ᠤᠨ ᠬᠤᠷᠢᠶᠠᠨ ᠤ ᠳᠡᠳ᠋ ᠱᠦᠵᠢ᠂ ᠰᠢᠨᠢᠩ ᠬᠤᠲᠠ ᠵᠢᠨ ᠨᠠᠮ ᠤᠨ ᠬᠤᠷᠢᠶᠠᠨ ᠤ ᠱᠦᠵᠢ ᠵᠢᠨ ᠲᠤᠰ᠋ᠢᠶᠠᠯ ᠢ ᠬᠠᠷᠢᠭᠤᠴᠠᠪᠠ᠃ (1996 -1998 ᠤᠨ ᠪᠤᠯᠲᠠᠯ᠎ᠠ᠂ ᠳᠤᠮᠳᠠᠳᠤ ᠤᠯᠤᠰ ᠤᠨ ᠨᠡᠢᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠰ᠋ᠫᠢᠷᠠᠨᠲ ᠤᠨ ᠬᠦᠷᠢᠶᠡᠯᠡᠩ ᠤᠨ ᠵᠤᠭᠤᠰ ᠬᠢᠭᠡᠳ ᠪᠠᠩᠬᠢ ᠵᠢᠨ ᠲᠤᠰ᠋ᠬᠠᠢ ᠮᠡᠷᠭᠡᠵᠢᠯ ᠤᠨ ᠠᠰ᠋ᠫᠢᠷᠠᠨᠲ ᠤᠨ ᠬᠢᠴᠢᠶᠡᠯ ᠤᠨ ᠠᠩᠬᠢ ᠳ᠋ᠤ ᠰᠤᠷᠤᠯᠴᠠᠪᠠ ; 1998 ᠣᠨ ᠦ 9 ᠰᠠᠷ᠎ᠠ - 1999 ᠣᠨ ᠦ 1 ᠰᠠᠷ᠎ᠠ ᠪᠤᠯᠲᠠᠯ᠎ᠠ᠂ ᠲᠦᠪ ᠤᠨ ᠨᠠᠮ ᠤᠨ ᠰᠤᠷᠭᠠᠭᠤᠯᠢ ᠵᠢᠨ ᠮᠤᠵᠢ ᠶᠠᠮᠤᠨ ᠤ ᠳᠡᠰ ᠤᠨ ᠺᠠᠳ᠋ᠷ ᠤᠨ ᠳᠠᠪᠲᠠᠨ ᠪᠤᠯᠪᠠᠰ᠋ᠤᠷᠠᠭᠤᠯᠬᠤ ᠠᠩᠬᠢ ᠳ᠋ᠤ ᠰᠤᠷᠤᠯᠴᠠᠪᠠ)

    1999 - 2000 ᠤᠨ ᠪᠤᠯᠲᠠᠯ᠎ᠠ᠂ ᠬᠦᠬᠡᠨᠠᠭᠤᠷ ᠮᠤᠵᠢ ᠵᠢᠨ ᠨᠠᠮ ᠤᠨ ᠬᠤᠷᠢᠶᠠᠨ ᠤ ᠳᠡᠳ᠋ ᠱᠦᠵᠢ᠂ ᠤᠷᠤᠯᠠᠬᠴᠢ ᠮᠤᠵᠢ ᠵᠢᠨ ᠳᠠᠷᠤᠭ᠎ᠠ ᠵᠢᠨ ᠲᠤᠰ᠋ᠢᠶᠠᠯ ᠢ ᠬᠠᠷᠢᠭᠤᠴᠠᠪᠠ᠃

    2000 - 2003 ᠤᠨ ᠪᠤᠯᠲᠠᠯ᠎ᠠ᠂ ᠬᠦᠬᠡᠨᠠᠭᠤᠷ ᠮᠤᠵᠢ ᠵᠢᠨ ᠨᠠᠮ ᠤᠨ ᠬᠤᠷᠢᠶᠠᠨ ᠤ ᠳᠡᠳ᠋ ᠱᠦᠵᠢ᠂ ᠮᠤᠵᠢ ᠵᠢᠨ ᠳᠠᠷᠤᠭ᠎ᠠ ᠵᠢᠨ ᠲᠤᠰ᠋ᠢᠶᠠᠯ ᠢ ᠬᠠᠷᠢᠭᠤᠴᠠᠪᠠ᠃

    2003 - 2003 ᠤᠨ ᠪᠤᠯᠲᠠᠯ᠎ᠠ᠂ ᠬᠦᠬᠡᠨᠠᠭᠤᠷ ᠮᠤᠵᠢ ᠵᠢᠨ ᠨᠠᠮ ᠤᠨ ᠬᠤᠷᠢᠶᠠᠨ ᠤ ᠱᠦᠵᠢ᠂ ᠮᠤᠵᠢ ᠵᠢᠨ ᠳᠠᠷᠤᠭ᠎ᠠ ᠵᠢᠨ ᠲᠤᠰ᠋ᠢᠶᠠᠯ ᠢ ᠬᠠᠷᠢᠭᠤᠴᠠᠪᠠ᠃

    2003 - 2004 ᠤᠨ ᠪᠤᠯᠲᠠᠯ᠎ᠠ᠂ ᠬᠦᠬᠡᠨᠠᠭᠤᠷ ᠮᠤᠵᠢ ᠵᠢᠨ ᠨᠠᠮ ᠤᠨ ᠬᠤᠷᠢᠶᠠᠨ ᠤ ᠱᠦᠵᠢ ᠵᠢᠨ ᠲᠤᠰ᠋ᠢᠶᠠᠯ ᠢ ᠬᠠᠷᠢᠭᠤᠴᠠᠪᠠ᠃

    2004 - 2007 ᠤᠨ ᠪᠤᠯᠲᠠᠯ᠎ᠠ᠂ ᠬᠦᠬᠡᠨᠠᠭᠤᠷ ᠮᠤᠵᠢ ᠵᠢᠨ ᠨᠠᠮ ᠤᠨ ᠬᠤᠷᠢᠶᠠᠨ ᠤ ᠱᠦᠵᠢ᠂ ᠮᠤᠵᠢ ᠵᠢᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠢᠢᠩᠭᠤ ᠵᠢᠨ ᠬᠤᠷᠢᠶᠠᠨ ᠤ ᠡᠷᠬᠢᠯᠡᠭᠴᠢ ᠵᠢᠨ ᠲᠤᠰ᠋ᠢᠶᠠᠯ ᠢ ᠬᠠᠷᠢᠭᠤᠴᠠᠪᠠ᠃ (2002 - 2005 ᠤᠨ ᠪᠤᠯᠲᠠᠯ᠎ᠠ᠂ ᠲᠦᠪ ᠤᠨ ᠨᠠᠮ ᠤᠨ ᠰᠤᠷᠭᠠᠭᠤᠯᠢ ᠵᠢᠨ ᠠᠵᠢᠯ ᠤᠨ ᠪᠠᠢᠢᠷᠢ ᠳᠡᠭᠡᠷ᠎ᠠ ᠪᠡᠨ ᠰᠤᠷᠤᠯᠴᠠᠬᠤ ᠠᠰ᠋ᠫᠢᠷᠠᠨᠲ ᠤᠨ ᠠᠩᠬᠢ ᠵᠢᠨ ᠤᠯᠤᠰ ᠲᠦᠷᠦ ᠵᠢᠨ ᠤᠬᠠᠭᠠᠨ ᠤ ᠲᠤᠰ᠋ᠬᠠᠢ ᠮᠡᠷᠭᠡᠵᠢᠯ ᠳ᠋ᠤ ᠰᠤᠷᠤᠯᠴᠠᠪᠠ)

    2007 - 2008 ᠤᠨ ᠪᠤᠯᠲᠠᠯ᠎ᠠ᠂ ᠱᠠᠨᠰ᠋ᠢ ᠮᠤᠵᠢ ᠵᠢᠨ ᠨᠠᠮ ᠤᠨ ᠬᠤᠷᠢᠶᠠᠨ ᠤ ᠱᠦᠵᠢ ᠵᠢᠨ ᠲᠤᠰ᠋ᠢᠶᠠᠯ ᠢ ᠬᠠᠷᠢᠭᠤᠴᠠᠪᠠ᠃

    2008 - 2012 ᠤᠨ ᠪᠤᠯᠲᠠᠯ᠎ᠠ᠂ ᠱᠠᠨᠰ᠋ᠢ ᠮᠤᠵᠢ ᠵᠢᠨ ᠨᠠᠮ ᠤᠨ ᠬᠤᠷᠢᠶᠠᠨ ᠤ ᠱᠦᠵᠢ᠂ ᠮᠤᠵᠢ ᠵᠢᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠢᠢᠩᠭᠤ ᠵᠢᠨ ᠬᠤᠷᠢᠶᠠᠨ ᠤ ᠡᠷᠬᠢᠯᠡᠭᠴᠢ ᠵᠢᠨ ᠲᠤᠰ᠋ᠢᠶᠠᠯ ᠢ ᠬᠠᠷᠢᠭᠤᠴᠠᠪᠠ᠃

    2012 - 2017 ᠤᠨ ᠪᠤᠯᠲᠠᠯ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰ᠋ᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠵᠤᠬᠢᠶᠠᠨ ᠪᠠᠢᠢᠭᠤᠯᠬᠤ ᠬᠡᠯᠲᠡᠰ ᠤᠨ ᠳᠠᠷᠤᠭ᠎ᠠ ᠵᠢᠨ ᠲᠤᠰ᠋ᠢᠶᠠᠯ ᠢ ᠬᠠᠷᠢᠭᠤᠴᠠᠪᠠ᠃

    2017 - ᠲᠦᠪ ᠤᠨ ᠤᠯᠤᠰ ᠲᠦᠷᠦ ᠵᠢᠨ ᠲᠤᠪᠴᠢᠶᠠᠨ ᠤ ᠪᠠᠢᠢᠩᠭᠤ ᠵᠢᠨ ᠭᠡᠰ᠋ᠢᠭᠦᠨ᠂ ᠲᠦᠪ ᠤᠨ ᠰᠠᠬᠢᠯᠭ᠎ᠠ ᠪᠠᠲᠤ ᠪᠠᠢᠢᠴᠠᠭᠠᠬᠤ ᠬᠤᠷᠢᠶᠠᠨ ᠤ ᠱᠦᠵᠢ᠂ ᠲᠦᠪ ᠤᠨ ᠵᠤᠬᠢᠶᠠᠨ ᠪᠠᠢᠢᠭᠤᠯᠬᠤ ᠬᠡᠯᠲᠡᠰ ᠤᠨ ᠳᠠᠷᠤᠭ᠎ᠠ ᠵᠢᠨ ᠲᠤᠰ᠋ᠢᠶᠠᠯ ᠢ ᠬᠠᠷᠢᠭᠤᠴᠠᠵᠤ ᠪᠠᠢᠢᠨ᠎ᠠ᠃

    ᠨᠠᠮ ᠤᠨ ᠠᠷᠪᠠᠨ ᠵᠢᠷᠭᠤᠳᠤᠭᠠᠷ᠂ ᠠᠷᠪᠠᠨ ᠳᠤᠯᠤᠳᠤᠭᠠᠷ᠂ ᠠᠷᠪᠠᠨ ᠨᠠᠶ᠋ᠮᠠᠳᠤᠭᠠᠷ᠂ ᠠᠷᠪᠠ ᠶᠢᠰ᠋ᠦᠳᠦᠭᠡᠷ ᠬᠤᠭᠤᠴᠠᠭᠠᠨ ᠦ ᠲᠦᠪ ᠬᠤᠷᠢᠶᠠᠨ ᠤ ᠭᠡᠰ᠋ᠢᠭᠦᠨ᠂ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰ᠋ᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠠᠷᠪᠠ ᠶᠢᠰ᠋ᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰ᠋ᠢᠭᠦᠨ᠂ ᠪᠠᠢᠢᠩᠭᠤ ᠵᠢᠨ ᠭᠡᠰ᠋ᠢᠭᠦᠨ᠃ ᠠᠷᠪᠠ ᠶᠢᠰ᠋ᠦᠳᠦᠭᠡᠷ ᠬᠤᠭᠤᠴᠠᠭᠠᠨ ᠤ ᠲᠦᠪ ᠤᠨ ᠰᠠᠬᠢᠯᠭ᠎ᠠ ᠪᠠᠲᠤ ᠪᠠᠢᠢᠴᠠᠭᠠᠬᠤ ᠬᠤᠷᠢᠶᠠᠨ ᠤ ᠭᠡᠰ᠋ᠢᠭᠦᠨ᠂ ᠪᠠᠢᠢᠩᠭᠤ ᠵᠢᠨ ᠭᠡᠰ᠋ᠢᠭᠦᠨ᠂ ᠱᠦᠵᠢ ᠪᠤᠯᠤᠨ᠎ᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121862006