ᠰᠢ ᠵᠢᠨ ᠫᠢᠩ ᠪᠤᠯᠵᠤᠭ᠎ᠠ ᠪᠡᠷ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠤᠳᠠᠰᠤ ᠪᠡᠷ ᠶᠠᠷᠢᠯᠴᠠᠪᠠ 2017-10-27 16:50

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ   ᠤᠯᠤᠰ ᠤᠨ ᠳᠡᠷᠢᠬᠦᠯᠡᠭᠴᠢ ᠰᠢ ᠵᠢᠨ ᠫᠢᠩ 26 ᠤ ᠡᠳᠦᠷ ᠪᠤᠯᠵᠤᠭ᠎ᠠ ᠪᠡᠷ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠤᠳᠠᠰᠤ ᠪᠡᠷ ᠶᠠᠷᠢᠯᠴᠠᠪᠠ᠃

    ᠫᠦᠲ᠋ᠢᠨ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭᠠᠨ ᠤ ᠪᠦᠬᠦ ᠤᠯᠤᠰ ᠤᠨ ᠳᠦᠯᠦᠬᠡᠯᠡᠭᠴᠢᠳ ᠤᠨ ᠶᠡᠬᠡ ᠬᠤᠷᠠᠯ ᠠᠮᠵᠢᠯᠳᠠ ᠲᠠᠢ ᠬᠤᠷᠠᠯᠳᠤᠭᠰᠠᠨ ᠪᠠ ᠰᠢ ᠵᠢᠨ ᠫᠢᠩ ᠳᠠᠬᠢᠨᠳᠠ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠪᠡᠷ ᠰᠤᠩᠭᠤᠭᠳᠠᠭᠰᠠᠨ ᠳᠤ ᠬᠠᠯᠠᠭᠤᠨ ᠪᠠᠶᠠᠷ ᠬᠦᠷᠬᠡᠵᠡᠢ᠃ ᠳᠡᠷᠡᠪᠡᠷ᠂ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠢᠶᠡᠷ ᠰᠢ ᠵᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠳᠤᠭᠳᠠᠭᠠᠭᠰᠠᠨ ᠨᠢ ᠮᠠᠰᠢ ᠴᠢᠬᠤᠯᠠ ᠶᠤᠮ᠃ ᠶᠡᠬᠡ ᠬᠤᠷᠠᠯ ᠤᠨ ᠠᠮᠵᠢᠯᠳᠠ ᠪᠦᠳᠦᠮᠵᠢ ᠳᠤᠮᠳᠠᠳᠤ ᠤᠯᠤᠰ ᠤᠨ ᠠᠷᠠᠳ ᠳᠦᠮᠡᠨ ᠡᠴᠡ ᠲᠠᠨ ᠤ ᠤᠳᠤᠷᠢᠳᠤᠭᠰᠠᠨ ᠳᠤᠮᠳᠠᠳᠤ ᠤᠯᠤᠰ ᠤᠨ ᠡᠪ ᠬᠠᠮᠳᠤ ᠨᠠᠮ ᠳᠤ ᠬᠠᠨᠳᠤᠭᠤᠯᠤᠭᠰᠠᠨ ᠢᠳᠡᠬᠡᠯ ᠪᠤᠯᠤᠨ ᠳᠡᠮᠵᠢᠯᠬᠡ ᠶᠢ ᠪᠦᠷᠢᠨ ᠬᠠᠷᠠᠭᠤᠯᠤᠯ᠎ᠠ᠃ ᠲᠠ ᠳᠤᠮᠳᠠᠳᠤ ᠤᠯᠤᠰ ᠤᠨ ᠨᠠᠮ ᠪᠤᠯᠤᠨ ᠠᠷᠠᠳ ᠳᠦᠮᠡᠨ ᠤ ᠳᠤᠮᠳᠠ ᠡᠷᠬᠢᠮ ᠳᠡᠬᠡᠳᠦ ᠨᠡᠷ᠎ᠡ ᠬᠦᠨᠳᠦ ᠲᠠᠢ᠃ ᠰᠢ ᠳᠡᠷᠢᠬᠦᠯᠡᠭᠴᠢ ᠳᠤᠮᠳᠠᠳᠤ ᠤᠯᠤᠰ ᠤᠨ ᠡᠪ ᠬᠠᠮᠳᠤ ᠨᠠᠮ ᠬᠡᠮᠡᠬᠦ ᠳᠡᠯᠡᠬᠡᠢ ᠶᠢᠨ ᠬᠠᠮᠤᠭ ᠤᠨ ᠳᠤᠮᠤ ᠵᠠᠰᠠᠭ ᠤᠨ ᠨᠠᠮ ᠢ ᠤᠳᠤᠷᠢᠳᠤᠨ ᠦᠷᠬᠦᠯᠵᠢᠯᠡᠨ ᠰᠢᠨ᠎ᠡ ᠠᠮᠵᠢᠯᠳᠠ ᠪᠦᠳᠦᠮᠵᠢ ᠭᠠᠷᠭᠠᠬᠤ ᠶᠢ ᠴᠢᠩ ᠰᠡᠳᠬᠢᠯ ᠡᠴᠡ ᠪᠡᠨ ᠬᠦᠰᠡᠨ ᠵᠦᠩᠨᠡᠵᠤ ᠪᠤᠢ᠃ ᠤᠷᠤᠰ ᠳᠤᠮᠳᠠᠳᠤ ᠶᠢᠨ ᠬᠠᠷᠢᠯᠴᠠᠭ᠎ᠠ ᠪᠤᠯ ᠤᠳᠤᠬᠠᠨ ᠤ ᠳᠡᠯᠡᠬᠡᠢ ᠶᠢᠨ ᠳᠤᠮᠤ ᠤᠯᠤᠰ ᠤᠳ ᠤᠨ ᠡᠶ᠎ᠡ ᠨᠠᠶᠢᠷᠳᠠᠢ ᠤᠷᠤᠰᠢᠨ ᠳᠤᠭᠳᠠᠨᠢᠬᠤ ᠶᠢᠨ ᠦᠯᠢᠬᠡᠷ ᠵᠢᠱᠢᠶ᠎ᠡ ᠪᠤᠯᠬᠤ ᠶᠤᠮ᠃ ᠪᠢ ᠳᠤᠷᠠᠳᠠᠶ᠎ᠠ ᠰᠢ ᠳᠡᠷᠢᠬᠦᠯᠡᠭᠴᠢ ᠲᠠᠢ ᠨᠢᠬᠳᠠ ᠬᠠᠷᠢᠯᠴᠠᠭ᠎ᠠ ᠪᠡᠨ ᠪᠠᠳᠤᠯᠠᠵᠤ᠂ ᠬᠤᠶᠠᠷ ᠤᠷᠤᠨ ᠤ ᠡᠯ᠎ᠡ ᠰᠠᠯᠪᠤᠷᠢ ᠳ᠋ᠡᠬᠢ ᠬᠠᠮᠳᠤ ᠶᠢᠨ ᠠᠵᠢᠯᠯᠠᠭ᠎ᠠ ᠶᠢ ᠠᠬᠢᠭᠤᠯᠤᠨ᠂ ᠤᠯᠠᠨ ᠤᠯᠤᠰ ᠤᠨ ᠪᠤᠯᠤᠨ ᠪᠦᠰᠡ ᠨᠤᠳᠤᠭ ᠤᠨ ᠲᠤᠮᠤ ᠴᠢᠬᠤᠯᠠ ᠠᠰᠠᠭᠤᠳᠠᠯ ᠤᠨ ᠳᠠᠯ᠎ᠠ ᠪᠡᠷ ᠨᠢᠬᠳᠠ ᠤᠶᠢᠯᠠᠭᠠᠯᠴᠠᠵᠤ ᠵᠤᠬᠢᠴᠠᠭᠤᠯᠤᠨ᠎ᠠ ᠬᠡᠵᠡᠢ᠃

    ᠫᠦᠲ᠋ᠢᠨ ᠪᠠᠶᠠᠷ ᠤᠨ ᠵᠠᠬᠢᠶ᠎ᠠ ᠢᠷᠡᠬᠦᠯᠦᠭᠰᠡᠨ ᠳᠤ ᠰᠢ ᠵᠢᠨ ᠫᠢᠩ ᠳᠠᠯᠠᠷᠬᠠᠯ ᠢᠯᠡᠷᠬᠡᠶᠢᠯᠡᠪᠡ᠃ ᠰᠢ ᠵᠢᠨ ᠫᠢᠩ᠂ ᠰᠠᠶ᠊ᠢᠬᠠᠨ ᠬᠠᠭᠠᠯᠳᠠ ᠪᠡᠨ ᠬᠢᠭᠰᠡᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠳᠦᠬᠡᠷ ᠶᠡᠬᠡ ᠬᠤᠷᠠᠯ ᠨᠢ ᠳᠤᠮᠳᠠᠳᠤ ᠤᠯᠤᠰ ᠤᠨ ᠨᠠᠮ ᠪᠠ ᠤᠯᠤᠰ ᠤᠨ ᠢᠷᠡᠬᠡᠳᠦᠢ ᠶᠢᠨ ᠬᠦᠭᠵᠢᠯᠳᠡ ᠶᠢᠨ ᠶᠡᠷᠦᠩᠬᠡᠢ ᠴᠢᠭᠯᠡᠯ ᠪᠤᠯᠤᠨ ᠠᠵᠢᠯᠯᠠᠭᠠᠨ ᠤ ᠬᠦᠳᠦᠯᠪᠦᠷᠢ ᠶᠢ ᠳᠤᠭᠳᠠᠭᠠᠵᠤ᠂ ᠪᠦᠬᠦ ᠨᠠᠮ ᠤᠨ 8900 ᠭᠠᠷᠤᠢ ᠳᠦᠮᠡᠨ ᠬᠡᠰᠢᠬᠦᠨ ᠤ ᠦᠨᠳᠦᠷ ᠬᠠᠮᠳᠤ ᠶᠢᠨ ᠳᠠᠨᠢᠯᠳᠠ ᠶᠢ ᠬᠠᠷᠠᠭᠤᠯᠤᠭᠰᠠᠨ ᠢᠶᠡᠷ ᠢᠶᠡᠨ ᠤᠨᠴᠠᠭᠠᠢ ᠴᠢᠬᠤᠯᠠ ᠠᠴᠢ ᠬᠤᠯᠪᠤᠭᠳᠠᠯ ᠲᠠᠢ ᠶᠤᠮ᠃ ᠳᠤᠮᠳᠠᠳᠤ ᠤᠯᠤᠰ ᠤᠨ ᠠᠷᠠᠳ ᠳᠦᠮᠡᠨ ᠢ ᠤᠳᠤᠷᠢᠳᠤᠨ ᠳᠤᠮᠳᠠᠳᠤ ᠶᠢᠨ ᠦᠨᠳᠦᠰᠦᠳᠡᠨ ᠨᠤᠬᠦᠳ ᠤᠨ ᠠᠭᠤᠤ ᠶᠡᠬᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠮᠦᠷᠦᠬᠡᠳᠦᠯ ᠢ ᠪᠡᠶᠡᠯᠡᠬᠦᠯᠬᠦ ᠬᠠᠷᠠᠯᠳᠠ ᠤᠷᠤᠭᠤ ᠤᠷᠤᠭᠰᠢᠯᠠᠬᠤ ᠢᠳᠡᠬᠡᠯ ᠵᠤᠷᠢᠭ ᠬᠢᠬᠡᠳ ᠴᠢᠳᠠᠪᠤᠷᠢ ᠪᠢᠳᠡᠨ ᠳᠤ ᠪᠤᠢ᠃ ᠡᠨᠡ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠡᠤᠬᠡᠨ ᠬᠠᠷᠢᠭᠤᠴᠠᠯᠭ᠎ᠠ ᠬᠢᠬᠡᠳ ᠳᠠᠷᠬᠠᠨ ᠡᠬᠦᠷᠬᠡ ᠪᠤᠯᠬᠤ ᠶᠤᠮ ᠬᠡᠵᠡᠢ᠃

    ᠰᠢ ᠵᠢᠨ ᠫᠢᠩ᠂ ᠳᠤᠮᠳᠠᠳᠤ ᠤᠯᠤᠰ ᠤᠨ ᠬᠦᠭᠵᠢᠯᠳᠡ ᠳᠡᠯᠡᠬᠡᠢ ᠨᠡᠶᠢᠳᠡ ᠡᠴᠡ ᠰᠠᠯᠵᠤ ᠴᠢᠳᠠᠬᠤ ᠦᠬᠡᠢ᠃ ᠤᠷᠤᠰ ᠪᠤᠯ ᠳᠤᠮᠳᠠᠳᠤ ᠤᠯᠤᠰ ᠤᠨ ᠪᠦᠬᠦ ᠳᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤ ᠶᠢᠨ ᠠᠵᠢᠯᠯᠠᠭᠠᠨ ᠤ ᠳᠦᠩᠰᠢ᠂ ᠤᠯᠠᠨ ᠤᠯᠤᠰ ᠤᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠶᠢᠨ ᠳᠠᠯ᠎ᠠ ᠶᠢᠨ ᠳᠤᠮᠳᠠᠳᠤ ᠤᠷᠤᠰ ᠤᠨ ᠬᠠᠷᠢᠯᠴᠠᠭ᠎ᠠ ᠶᠢ ᠬᠦᠨᠵᠡᠬᠡᠶᠢᠷᠡᠬᠦᠯᠬᠦ ᠵᠤᠷᠢᠭ ᠰᠢᠶ᠋ᠳᠪᠦᠷᠢ ᠬᠤᠪᠢᠷᠠᠬᠤ ᠦᠬᠡᠢ᠃ ᠳᠤᠮᠳᠠᠳᠤ ᠶᠢᠨ ᠳᠠᠯ᠎ᠠ ᠳᠤᠷᠠᠳᠠᠶ᠎ᠠ ᠤᠷᠤᠰ ᠤᠨ ᠳᠠᠯ᠎ᠠ ᠲᠠᠢ ᠬᠠᠮᠳᠤ ᠬᠤᠶᠠᠷ ᠤᠷᠤᠨ ᠤ ᠬᠠᠷᠢᠯᠴᠠᠭ᠎ᠠ ᠶᠢ ᠤᠯᠠᠮ ᠬᠦᠭᠵᠢᠬᠦᠯᠵᠤ᠂ ᠨᠡᠩ ᠤᠯᠠᠨ ᠪᠤᠳᠠᠳᠠᠢ ᠦᠷ᠎ᠡ ᠪᠦᠳᠦᠮᠵᠢ ᠭᠠᠷᠭᠠᠨ᠂ ᠳᠤᠮᠳᠠᠳᠤ ᠤᠷᠤᠰ ᠤᠨ ᠠᠷᠠᠳ ᠳᠦᠮᠡᠨ ᠪᠤᠯᠤᠨ ᠡᠯ᠎ᠡ ᠤᠯᠤᠰ ᠤᠨ ᠠᠷᠠᠳ ᠳᠦᠮᠡᠨ ᠳᠤ ᠠᠵᠠ ᠵᠢᠷᠭᠠᠯ ᠡᠳ᠋ᠯᠡᠬᠦᠯᠦᠨ᠎ᠡ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121867835