ᠲᠤᠮᠲᠠᠲᠤ ᠤᠯᠤᠰ ᠤᠨ ᠡᠪ ᠬᠠᠮᠲᠤ ᠨᠠᠮ ᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠨᠠᠮ ᠤᠨ ᠲᠤᠭᠤᠶᠢᠯᠠᠩ ᠤᠨ ᠬᠤᠷᠠᠯ ᠬᠤᠷᠠᠯᠲᠤᠭᠤᠯᠪᠠ 2017-10-29 12:24

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 28 ᠤ ᠡᠲᠦᠷ ᠤᠨ ᠴᠠᠬᠢᠯᠭᠠᠨ ᠮᠡᠲᠡᠭᠡ   ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠᠨ ᠬᠤᠶᠠᠲᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠨᠠᠮ ᠤᠨ ᠲᠤᠭᠤᠶᠢᠯᠠᠩ 26 ᠤ ᠡᠲᠦᠷ ᠬᠤᠷᠠᠯ ᠬᠤᠷᠠᠯᠲᠤᠭᠤᠯᠵᠤ᠂ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ᠃

    ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠲᠠᠷᠤᠭ᠎ᠠ᠂ ᠨᠠᠮ ᠤᠨ ᠲᠤᠭᠤᠶᠢᠯᠠᠩ ᠤᠨ ᠱᠦᠵᠢ ᠵᠠᠩ ᠳ᠋ᠧ ᠵᠢᠶᠠᠩ ᠬᠤᠷᠠᠯ ᠡᠷᠬᠢᠯᠡᠵᠦ ᠦᠭᠡ ᠶᠠᠷᠢᠪᠠ᠃

    ᠬᠤᠷᠠᠯ ᠡᠴᠡ ᠴᠢᠩᠭ᠋ᠠᠳᠬᠠᠭᠰᠠᠨ ᠨᠢ᠂ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠤᠨᠴᠠᠭᠠᠶᠢᠯᠠᠨ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠪᠦᠬᠦ ᠲᠠᠯ᠎ᠠ ᠪᠡᠷ ᠰᠤᠷᠤᠯᠴᠠᠨ ᠨᠠᠶᠢᠲᠠᠪᠤᠷᠢᠵᠢᠭᠤᠯᠵᠤ᠂《ᠳᠦᠷᠪᠡᠨ ᠤᠬᠠᠮᠰᠠᠷ》 ᠢ᠋ᠶᠡᠨ ᠳᠠᠰᠤᠷᠠᠯᠳᠠ ᠦᠬᠡᠢ ᠨᠡᠮᠡᠭᠳᠡᠬᠦᠯᠦᠨ᠂《ᠲᠦᠷᠪᠡᠨ ᠢᠲᠡᠭᠡᠯ》 ᠢ᠋ᠶᠡᠨ ᠪᠠᠲᠤᠵᠢᠭᠤᠯᠵᠤ᠂ ᠨᠠᠮ ᠤᠨ ᠤᠲᠤᠷᠢᠲᠤᠯᠭ᠎ᠠ ᠶᠢ ᠪᠠᠲᠤᠲᠠᠢ ᠪᠠᠷᠢᠮᠲᠠᠯᠠᠵᠤ᠂ ᠠᠷᠠᠳ ᠲᠦᠮᠡᠨ ᠡᠵᠡᠨ ᠮᠡᠲᠡᠵᠦ᠂ ᠬᠠᠦᠯᠢ ᠪᠡᠷ ᠤᠯᠤᠰ ᠶᠢᠡᠨ ᠵᠠᠰᠠᠬᠤ ᠶᠢ ᠤᠷᠭᠠᠨᠢᠭ ᠤᠶᠠᠯᠲᠤᠭᠤᠯᠤᠨ᠂ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠡᠷ ᠪᠠᠶᠢᠭᠤᠯᠬᠤ ᠰᠢᠶ᠋ᠳᠪᠦᠷᠢ ᠲᠠᠶᠢᠯᠠᠯᠲᠤᠭᠠᠨ᠂ ᠲᠤᠮᠲᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠠᠭᠤᠤ ᠶᠡᠬᠡ ᠢᠯᠠᠯᠲᠡ ᠶᠢ ᠲᠡᠮᠡᠴᠡᠨ ᠤᠯᠬᠤ ᠪᠠ ᠲᠤᠮᠲᠠᠲᠤ ᠶᠢᠨ ᠦᠨᠳᠦᠰᠦᠲᠡᠨ ᠤ ᠠᠭᠤᠤ ᠶᠡᠬᠡ ᠰᠡᠷᠬᠦᠨ ᠮᠠᠨᠲᠤᠯᠲᠠ ᠶᠢᠨ ᠲᠤᠮᠲᠠᠲᠤ ᠶᠢᠨ ᠬᠦᠰᠡᠯ ᠮᠦᠷᠦᠭᠡᠲᠦᠯ ᠤᠨ ᠲᠦᠯᠦᠭᠡ ᠴᠤᠴᠠᠯᠲᠠ ᠦᠭᠡᠢ ᠴᠢᠷᠮᠠᠶᠢᠬᠤ ᠬᠡᠷᠡᠭᠲᠡᠢ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121872574