ᠵᠤᠤ ᠯᠧ ᠵᠢᠢ᠄ ᠨᠠᠮ ᠤᠨ ᠲᠦᠪ ᠬᠤᠷᠢ᠍ᠶ᠎ᠠ ᠡᠴᠡ ᠤᠯᠭᠤᠭᠰᠠᠠ ᠴᠢ᠍ᠬᠤᠯᠠ ᠶ᠍ᠡᠬᠡ ᠤᠯᠤᠰ ᠲᠦᠷᠦ  ᠶᠢᠨ ᠬᠠᠷᠢ᠍ᠭᠤᠴᠠᠯᠭ᠎ᠠ ᠢᠢ ᠦᠨᠡᠡᠴᠢ ᠪᠠᠷ ᠬᠦᠢ᠍ᠴᠡᠳᠭᠡᠬᠦ ᠬᠡᠷᠡᠭᠲᠠᠢ 2017-10-30 12:00

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ   ᠠᠷᠪᠠ ᠶᠢᠰᠦᠲᠦᠭᠡᠷ ᠬᠤᠭᠤᠴᠠᠭᠠᠠ ᠤ ᠲᠦᠪ ᠤᠨ ᠰᠠᠬᠢᠯᠭ᠎ᠠ ᠪᠠᠲᠤ ᠪᠠᠢᠢᠴᠠᠭᠠᠬᠤ ᠬᠤᠷᠢᠶᠠᠠ ᠤ ᠪᠠᠢᠢᠩᠭᠤ ᠢᠢᠨ ᠬᠤᠷᠢᠶ᠎ᠠ 29 ᠤ ᠡᠲᠦᠷ ᠠᠩᠬᠠᠲᠤᠭᠠᠷ ᠬᠤᠷᠠᠯ᠋ ᠬᠤᠷᠠᠯᠲᠤᠭᠤᠯᠪᠠ᠃ ᠨᠠᠮ᠋ ᠤᠨ ᠲᠦᠪ ᠬᠤᠷᠢᠶᠠᠠ ᠤ ᠤᠯᠤᠰ ᠲᠦᠷᠦ ᠢᠢᠨ ᠲᠤᠪᠴᠢᠶᠠᠠ ᠤ ᠪᠠᠢᠢᠩᠭᠤ ᠢᠢᠨ ᠭᠡᠰᠢᠭᠦᠨ᠂ ᠲᠦᠪ ᠤᠨ ᠰᠠᠬᠢᠯᠭ᠎ᠠ ᠪᠠᠲᠤ ᠪᠠᠢᠢᠴᠠᠭᠠᠬᠤ ᠬᠤᠷᠢᠶᠠᠠ ᠤ ᠱᠦᠵᠢ ᠵᠤᠤ ᠯᠧ ᠵᠢᠢ ᠬᠤᠷᠠᠯ᠋ ᠡᠷᠬᠢᠯᠡᠵᠤ ᠶᠠᠷᠢᠶ᠎ᠠ ᠲᠠᠯᠪᠢᠪᠠ᠃ ᠲᠡᠷᠡ᠂ ᠨᠠᠮ᠋ ᠤᠨ ᠠᠷᠪᠠ ᠶᠢᠰᠦᠲᠦᠭᠡᠷ ᠶᠡᠬᠡ ᠬᠤᠷᠠᠯ᠋ ᠤᠨ ᠵᠤᠷᠢᠭ ᠰᠠᠨᠠᠭ᠎ᠠ ᠢᠢ ᠬᠦᠨᠵᠡᠭᠡᠢ ᠰᠤᠷᠤᠯᠴᠠᠠ ᠲᠤᠤᠱᠯᠠᠭᠤᠯᠵᠦ᠂ ᠰᠢ ᠵᠢᠨ ᠫᠢᠩ ᠤᠨ ᠰᠢᠨ᠎ᠠ ᠴᠠᠭ ᠦᠶ᠎ᠠ ᠢᠢᠨ ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ᠋ ᠵᠢᠷᠤᠮ᠋ ᠤᠨ ᠦᠵᠡᠯ᠋ ᠰᠠᠨᠠᠭ᠎ᠠ ᠪᠠᠷ ᠵᠢᠯᠤᠭᠤᠲᠤᠯᠭ᠎ᠠ ᠪᠤᠯᠭᠠᠬᠤ ᠢᠢ ᠪᠠᠷᠢᠮᠲᠠᠯᠠᠵᠦ᠂ ᠤᠭ ᠰᠠᠨᠠᠭ᠎ᠠ ᠪᠠᠠ ᠦᠯᠦ ᠮᠠᠷᠲᠠᠵᠦ᠂ ᠡᠬᠦᠷᠭᠡ ᠬᠠᠷᠢᠭᠤᠴᠠᠯᠭ᠎ᠠ ᠪᠠᠠ ᠪᠠᠲᠤ ᠴᠡᠭᠡᠵᠢᠯᠡᠵᠦ᠂ ᠲᠤᠰᠢᠶᠠᠯ᠋ ᠢᠶᠡᠨ ᠰᠠᠢᠢᠲᠤᠷ ᠬᠦᠢᠴᠡᠳᠭᠡᠵᠦ᠂ ᠵᠤᠷᠢᠠᠠᠲᠠᠢ ᠪᠡᠷ ᠬᠠᠷᠢᠭᠤᠴᠠᠯᠭ᠎ᠠ ᠡᠬᠦᠷᠭᠡᠯᠡᠵᠦ᠂ ᠲᠦᠪ ᠤᠨ ᠰᠠᠬᠢᠯᠭ᠎ᠠ ᠪᠠᠲᠤ ᠪᠠᠢᠢᠴᠠᠭᠠᠬᠤ ᠬᠤᠷᠢᠶᠠᠠ ᠤ ᠪᠠᠢᠢᠩᠭᠤ ᠢᠢᠨ ᠬᠤᠷᠢᠶ᠎ᠠ ᠢᠢ ᠨᠠᠮ᠋ ᠳ᠋ᠤ ᠦᠨᠡᠡᠴᠢ ᠰᠢᠳᠤᠷᠭᠤ ᠪᠠᠢᠢᠬᠤ ᠪᠠᠲᠤ ᠴᠢᠨᠭᠭ᠎ᠠ ᠲᠠᠢᠢᠴᠢᠨ ᠬᠠᠮᠲᠤ ᠪᠤᠯᠭᠠᠠ ᠪᠦᠲᠦᠭᠡᠡ ᠪᠠᠢᠢᠭᠤᠯᠵᠦ᠂ ᠰᠢ ᠵᠢᠨ ᠫᠢᠩ ᠨᠦᠬᠦᠷ ᠢᠶᠡᠷ ᠭᠤᠤᠯ᠋ ᠪᠤᠯᠭᠠᠭᠰᠠᠠ ᠨᠠᠮ᠋ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠬᠦᠢ ᠨᠢᠭᠡᠲᠦᠯᠲᠠᠢ ᠤᠲᠤᠷᠢᠲᠤᠯᠭ᠎ᠠ ᠢᠢ ᠡᠷᠡᠰ ᠬᠠᠮᠠᠭᠠᠯᠠᠬᠤ ᠴᠢᠬᠤᠯᠠ ᠶᠡᠬᠡ ᠤᠯᠤᠰ ᠲᠦᠷᠦ ᠢᠢᠨ ᠬᠠᠷᠢᠭᠤᠴᠠᠯᠭ᠎ᠠ ᠢᠢ ᠨᠡᠩ ᠰᠠᠢᠢᠲᠤᠷ ᠡᠬᠦᠷᠭᠡᠯᠡᠬᠦ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠵᠤᠤ ᠯᠧ ᠵᠢᠢ᠂ ᠨᠠᠮ᠋ ᠤᠨ ᠠᠷᠪᠠ ᠶᠢᠰᠦᠲᠦᠭᠡᠷ ᠶᠡᠬᠡ ᠬᠤᠷᠠᠯ᠋ ᠤᠨ ᠵᠤᠷᠢᠭ ᠰᠠᠨᠠᠭ᠎ᠠ ᠢᠢ ᠰᠤᠷᠤᠯᠴᠠᠠ ᠲᠤᠤᠱᠯᠠᠭᠤᠯᠬᠤ ᠪᠤᠯ᠋ ᠤᠲᠤᠬᠠᠠ ᠤ ᠪᠠ ᠬᠤᠢᠢᠰᠢᠲᠠ ᠢᠢᠨ ᠨᠢᠭᠡ ᠬᠤᠭᠤᠴᠠᠭᠠᠠ ᠤ ᠪᠦᠬᠦ ᠨᠠᠮ ᠤᠨ ᠲᠡᠷᠢᠭᠦᠨ ᠴᠢᠬᠤᠯᠠ ᠤᠯᠤᠰ ᠲᠦᠷᠦ ᠢᠢᠨ ᠡᠬᠦᠷᠭᠡ ᠪᠤᠯᠤᠨ᠎ᠠ᠃ ᠲᠦᠪ ᠤᠨ ᠰᠠᠬᠢᠯᠭ᠎ᠠ ᠪᠠᠲᠤ ᠪᠠᠢᠢᠴᠠᠭᠠᠬᠤ ᠬᠤᠷᠢᠶᠠᠠ ᠤ ᠪᠠᠢᠢᠩᠭᠤ ᠢᠢᠨ ᠬᠤᠷᠢᠶ᠎ᠠ ᠲᠦᠷᠦᠭᠦᠯᠡᠨ ᠰᠤᠷᠤᠯᠴᠠᠵᠦ᠂ ᠲᠦᠷᠦᠭᠦᠯᠡᠨ ᠪᠤᠲᠤᠯᠬᠢᠯᠠᠵᠦ᠂ ᠲᠦᠷᠦᠭᠦᠯᠡᠨ ᠲᠤᠤᠱᠯᠠᠭᠤᠯᠵᠦ᠂ ᠦᠪᠡᠷ ᠢ ᠪᠠᠠ ᠪᠠ ᠡᠬᠦᠷᠭᠡ ᠲᠤᠰᠢᠶᠠᠯ᠋ ᠢᠶᠡᠨ ᠪᠠᠬᠳᠠᠭᠠᠨ ᠤᠷᠤᠭᠤᠯᠵᠦ᠂ ᠰᠤᠷᠤᠯᠴᠠᠠ ᠤᠢᠢᠯᠠᠭᠠᠵᠦ᠂ ᠰᠠᠢᠢᠲᠤᠷ ᠡᠵᠡᠮᠰᠢᠨ᠂ ᠪᠤᠲᠠᠲᠠᠢ ᠠᠵᠢᠯᠯᠠᠵᠦ᠂ ᠶᠡᠷᠦᠩᠭᠡᠢ ᠱᠦᠵᠢ ᠰᠢ ᠵᠢᠨ ᠫᠢᠩ ᠤᠨ ᠨᠠᠮ᠋ ᠤᠨ ᠲᠦᠪ ᠬᠤᠷᠢᠶ᠎ᠠ ᠪᠤᠯᠤᠨ ᠪᠦᠬᠦ ᠨᠠᠮ᠋ ᠤᠨ ᠭᠤᠤᠯᠯᠠᠭᠴᠢ ᠪᠠᠢᠢᠷᠢ ᠰᠠᠭᠤᠷᠢ ᠢᠢ ᠨᠡᠩ ᠤᠬᠠᠮᠰᠠᠷ ᠡᠴᠡ ᠪᠠᠠ ᠡᠷᠡᠰ ᠬᠠᠮᠠᠭᠠᠯᠠᠵᠦ᠂ ᠨᠠᠮ᠋ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠬᠦᠢ ᠨᠢᠭᠡᠲᠦᠯᠲᠠᠢ ᠤᠲᠤᠷᠢᠲᠤᠯᠭ᠎ᠠ ᠢᠢ ᠡᠷᠡᠰ ᠬᠠᠮᠠᠭᠠᠯᠠᠵᠦ᠂ ᠤᠯᠤᠰ ᠲᠦᠷᠦ ᠢᠢᠨ ᠤᠬᠠᠮᠰᠠᠷ᠂ ᠶᠡᠬᠡ ᠲᠠᠯ᠎ᠠ ᠢᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠦᠯᠲᠠᠢ ᠪᠠᠢᠢᠬᠤ ᠤᠬᠠᠮᠰᠠᠷ ᠢᠶᠡᠨ ᠦᠨᠡᠡᠬᠦ ᠴᠢᠩᠭᠠᠳᠬᠠᠵᠦ᠂ ᠦᠵᠡᠯ᠋ ᠰᠠᠨᠠᠭᠠᠠ ᠤ ᠲᠠᠯ᠎ᠠ ᠪᠠᠷ ᠤᠯᠤᠰ ᠲᠦᠷᠦ ᠢᠢᠨ ᠲᠠᠯ᠎ᠠ ᠪᠠᠷ ᠠᠵᠢᠯᠯᠠᠭ᠎ᠠ ᠢᠢᠨ ᠲᠠᠯ᠎ᠠ ᠪᠠᠷ ᠰᠢ ᠵᠢᠨ ᠫᠢᠩ ᠨᠦᠬᠦᠷ ᠢᠶᠡᠷ ᠭᠤᠤᠯ᠋ ᠪᠤᠯᠭᠠᠭᠰᠠᠠ ᠨᠠᠮ᠋ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠢᠢᠬᠤ ᠭᠡᠷᠡᠭᠲᠡᠢ; ᠰᠢ ᠵᠢᠨ ᠫᠢᠩ ᠤᠨ ᠰᠢᠨ᠎ᠠ ᠴᠠᠭ ᠦᠶ᠎ᠠ ᠢᠢᠨ ᠲᠤᠮᠲᠠᠲᠤ ᠤᠯᠤᠰ ᠤᠨ ᠤᠨᠴᠠᠯᠢᠭ ᠲᠠᠢ ᠨᠡᠢᠢᠭᠡᠮ᠋ ᠵᠢᠷᠤᠮ᠋ ᠤᠨ ᠦᠵᠡᠯ᠋ ᠰᠠᠨᠠᠭ᠎ᠠ ᠪᠠᠷ ᠲᠠᠷᠢᠬᠢ ᠲᠤᠯᠤᠭᠠᠢ ᠪᠠᠠ ᠵᠡᠪᠰᠡᠭᠯᠡᠵᠦ᠂ ᠦᠢᠯᠡᠲᠦᠯᠭᠡ ᠪᠠᠠ ᠵᠢᠯᠤᠭᠤᠲᠤᠭᠤᠯᠵᠦ᠂ ᠠᠵᠢᠯ᠋ ᠢᠶᠡᠨ ᠠᠬᠢᠭᠤᠯᠵᠦ᠂ ᠮᠠᠷᠺᠰ ᠤᠨ ᠦᠵᠡᠯ᠋ ᠤᠨ ᠤᠨᠤᠯ᠋ ᠤᠨ ᠲᠦᠪᠰᠢᠨ ᠢᠶᠡᠨ ᠲᠠᠰᠤᠷᠠᠯᠲᠠ ᠦᠭᠡᠢ ᠲᠡᠭᠡᠭᠰᠢᠯᠡᠭᠦᠯᠵᠦ᠂ ᠵᠠᠮ᠋ ᠤᠨ ᠢᠲᠡᠭᠡᠯ᠋᠂ ᠤᠨᠤᠯ᠋ ᠤᠨ ᠢᠲᠡᠭᠡᠯ᠋᠂ ᠪᠠᠢᠢᠭᠤᠯᠤᠯ᠋ ᠤᠨ ᠢᠲᠡᠭᠡᠯ᠋᠂ ᠰᠤᠶᠤᠯ᠋ ᠤᠨ ᠢᠲᠡᠭᠡᠯ᠋ ᠢᠶᠡᠨ ᠲᠠᠰᠤᠷᠠᠯᠲᠠ ᠦᠭᠡᠢ ᠴᠢᠩᠭᠠᠳᠬᠠᠬᠤ ᠭᠡᠷᠡᠭᠲᠡᠢ; ᠨᠠᠮ᠋ ᠤᠨ ᠪᠦᠬᠦ ᠳᠠᠯ᠎ᠠ ᠵᠢᠨ ᠤᠳᠤᠷᠢᠳᠤᠯᠭ᠎ᠠ ᠵᠢ ᠨᠡᠩ ᠤᠬᠠᠮᠰᠠᠷ ᠳᠠᠢ ᠪᠠᠷ ᠪᠠᠷᠢᠮᠳᠠᠯᠠᠨ ᠴᠢᠩᠭᠠᠳᠬᠠᠵᠦ᠂ ᠪᠦᠬᠦ ᠳᠠᠯ᠎ᠠ ᠪᠠᠷ ᠨᠠᠮ᠋ ᠢ ᠴᠢᠩᠭ᠎ᠠ ᠵᠠᠰᠠᠬᠤ ᠵᠢ ᠴᠠᠬ ᠢᠮᠠᠬᠳᠠ ᠭᠦᠨᠵᠡᠭᠡᠢᠢᠷᠡᠭᠦᠯᠤᠨ ᠠᠬᠢᠭᠤᠯᠵᠦ᠂ ᠨᠠᠮ᠋ ᠢᠶᠡᠨ ᠨᠡᠩ ᠪᠠᠳᠤ ᠴᠢᠩᠭ᠎ᠠ ᠬᠦᠴᠦᠨ ᠳᠡᠬᠦᠯᠳᠡᠷ ᠪᠤᠯᠭᠠᠨ ᠪᠠᠢᠢᠭᠤᠯᠬᠤ ᠬᠡᠷᠡᠭᠳᠡᠢ; ᠨᠠᠮ᠋ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠳᠦᠪ ᠬᠤᠷᠢᠶᠠᠨ ᠤ ᠰᠠᠬᠢᠯᠭ᠎ᠠ ᠪᠠᠳᠤ ᠪᠠᠢᠢᠴᠠᠭᠠᠬᠤ ᠬᠤᠷᠢᠶᠠᠨ ᠤ ᠰᠠᠢᠢᠨ ᠠᠷᠭ᠎ᠠ ᠰᠠᠢᠢᠨ ᠳᠤᠷᠰᠢᠯᠭ᠎ᠠ ᠵᠢ ᠨᠡᠩ ᠢᠯᠡᠬᠦᠦ ᠤᠬᠠᠮᠰᠠᠷ ᠡᠴᠡ ᠪᠡᠨ ᠪᠠᠷᠢᠮᠳᠠᠯᠠᠨ ᠪᠠᠳᠠᠷᠠᠭᠤᠯᠵᠦ᠂ ᠨᠠᠮ᠋ ᠤᠨ ᠠᠷᠪᠠ ᠶᠢᠰᠦᠳᠦᠬᠡᠷ ᠶᠡᠬᠡ ᠬᠤᠷᠠᠯ᠋ ᠤᠨ ᠰᠢᠨ᠎ᠠ ᠪᠠᠢᠢᠷᠢᠯᠠᠭᠤᠯᠤᠯᠳᠠ ᠰᠢᠨ᠎ᠠ ᠱᠠᠭᠠᠷᠳᠠᠯᠭ᠎ᠠ ᠶᠤᠰᠤᠭᠠᠷ᠂ ᠨᠠᠮ᠋ ᠤᠨ ᠳᠦᠷᠢᠮ᠋ ᠡᠴᠡ ᠤᠯᠭᠤᠬᠰᠠᠨ ᠬᠢᠨᠠᠯᠳᠠ ᠳᠠᠯᠪᠢᠬᠤ᠂ ᠰᠠᠬᠢᠯᠭ᠎ᠠ ᠪᠠᠳᠤ ᠵᠢ ᠬᠡᠷᠡᠭᠵᠢᠬᠦᠯᠬᠦ ᠂ ᠬᠠᠷᠢᠭᠤᠴᠠᠯᠭ᠎ᠠ ᠨᠡᠬᠡᠮᠵᠢᠯᠡᠬᠦ ᠡᠬᠦᠷᠬᠡ ᠬᠠᠷᠢᠭᠤᠴᠠᠯᠭ᠎ᠠ ᠵᠢ ᠦᠨᠡᠨᠴᠢ ᠪᠠᠷ ᠬᠦᠢᠴᠡᠳᠬᠡᠵᠦ᠂ ᠨᠠᠮ᠋ ᠤᠨ ᠤᠯᠤᠰ ᠳᠦᠷᠦ ᠵᠢᠨ ᠪᠠᠢᠢᠭᠤᠯᠤᠯᠳᠠ ᠵᠢ ᠳᠡᠷᠢᠬᠦᠨ ᠪᠠᠢᠢᠷᠢᠨ ᠳ᠋ᠤ ᠳᠠᠯᠪᠢᠵᠦ᠂ ᠰᠤᠷᠳᠠᠯ᠋ ᠢ ᠲᠦᠪ ᠪᠤᠯᠭᠠᠵᠤ ᠰᠠᠬᠢᠯᠭ᠎ᠠ ᠪᠠᠳᠤ ᠵᠢ ᠴᠢᠩᠭᠠᠳᠬᠠᠬᠤ ᠵᠢ ᠡᠬᠦᠷᠢᠳᠡ ᠪᠠᠷᠢᠮᠳᠠᠯᠠᠵᠦ᠂ ᠢᠯᠵᠢᠷᠡᠯ᠋ ᠢ ᠡᠰᠡᠷᠬᠦᠴᠡᠬᠦ ᠳᠡᠮᠡᠴᠡᠯ᠋ ᠤᠨ ᠳᠡᠢᠢᠯᠦᠩᠬᠦᠢ ᠴᠢᠨᠠᠷᠳᠠᠢ ᠢᠯᠠᠯᠳᠠ ᠵᠢ ᠳᠡᠮᠡᠴᠡᠨ ᠤᠯᠵᠦ᠂ ᠨᠠᠮ᠋ ᠪᠤᠯᠤᠨ ᠤᠯᠤᠰ ᠤᠨ ᠬᠢᠨᠠᠯᠳᠠ ᠳᠠᠯᠪᠢᠬᠤ ᠰᠢᠰᠲ᠋ᠧᠮ᠋  ᠢ ᠬᠦᠴᠦᠯᠡᠨ ᠪᠦᠷᠢᠨᠰᠢᠬᠦᠯᠵᠦ᠂ ᠢᠯᠵᠢᠷᠠᠬᠦ ᠡᠴᠡ ᠵᠢᠷᠦᠬᠡᠰᠢᠶᠡᠬᠦ ᠰᠦᠷ ᠬᠦᠴᠤᠨ ᠢ ᠴᠢᠩᠭᠠᠳᠬᠠᠵᠦ᠂ ᠢᠯᠵᠢᠷᠠᠵᠦ ᠦᠯᠦ ᠪᠤᠯᠬᠤ ᠰᠢᠩᠬᠡᠯᠢᠭ ᠢ ᠪᠡᠬᠢᠯᠡᠵᠤ᠂ ᠢᠯᠵᠢᠷᠠᠬᠦ ᠢᠢ ᠪᠤᠳᠤᠬᠤ ᠦᠬᠡᠢ ᠤᠬᠠᠮᠰᠠᠷ ᠢ ᠴᠢᠩᠭᠠᠳᠬᠠᠵᠦ᠂ ᠰᠢᠨ᠎ᠠ ᠬᠡᠪ ᠰᠤᠷᠳᠠᠯ᠋ ᠢᠶᠡᠷ ᠰᠢᠨ᠎ᠠ ᠳᠦᠷᠰᠦ ᠪᠠᠢᠢᠳᠠᠯ᠋ ᠢ ᠡᠬᠦᠳᠬᠦ ᠬᠡᠷᠡᠭᠳᠡᠢ ᠭᠡᠵᠦ ᠵᠢᠭᠠᠵᠦ ᠭᠠᠷᠭᠠᠪᠠ᠃

    ᠵᠤᠤ ᠯᠧ ᠵᠢᠢ᠂ ᠳᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶᠠᠨ ᠤ ᠪᠠᠢᠢᠩᠭᠤ ᠵᠢᠨ ᠬᠤᠷᠢᠶᠠᠨ ᠤ ᠬᠡᠰᠢᠬᠦᠳ ᠡᠷᠬᠡᠪᠰᠢ ᠨᠠᠮ᠋ ᠳ᠋ᠠᠭᠠᠨ ᠦᠨᠡᠨᠴᠢ ᠪᠠᠢᠢᠬᠤ᠂ ᠠᠷᠠᠳ ᠳᠦᠮᠡᠨ ᠳ᠋ᠡᠬᠡᠨ ᠦᠨᠡᠨᠴᠢ ᠪᠠᠢᠢᠬᠤ᠂ ᠡᠪ ᠬᠠᠮᠳᠤᠴᠤᠳ ᠳᠠᠭᠠᠨ ᠦᠨᠡᠨᠴᠢ ᠪᠠᠢᠢᠬᠤ ᠬᠦᠰᠡᠯᠡᠩ ᠢᠳᠡᠬᠡᠯ᠋ ᠪᠢᠰᠢᠷᠡᠯ᠋ ᠢ ᠪᠠᠳᠤ ᠪᠠᠷᠢᠮᠳᠠᠯᠠᠵᠦ᠂ ᠨᠠᠮ᠋ ᠪᠤᠯᠤᠨ ᠠᠷᠠᠳ ᠳᠦᠮᠡᠨ ᠤ ᠰᠢᠳᠤᠷᠭᠤ ᠬᠠᠮᠠᠭᠠᠯᠠᠬᠴᠢ ᠪᠤᠯᠬᠤ ᠬᠡᠷᠡᠭᠳᠡᠢ᠃ ᠡᠷᠬᠡᠪᠰᠢ ᠤᠯᠤᠰ ᠳᠦᠷᠦ ᠵᠢᠨ ᠵᠤᠬᠰᠤᠴᠠ ᠪᠡᠨ ᠳᠡᠬᠡᠭᠰᠢᠯᠡᠬᠦᠯᠵᠦ᠂ ᠤᠬᠠᠮᠰᠡᠷ ᠡᠴᠡ ᠪᠠᠨ ᠪᠦᠬᠦ ᠳᠡᠯ᠎ᠠ ᠵᠢ ᠪᠤᠳᠤᠯᠬᠢᠯᠠᠨ ᠳᠤᠤᠷᠠᠬᠢ ᠠᠵᠢᠯ᠋ ᠢᠶᠡᠨ ᠬᠢᠵᠦ᠂ ᠨᠠᠮ᠋ ᠤᠨ ᠳᠦᠪ ᠬᠤᠷᠢᠶᠠᠨ ᠤ ᠡᠷᠬᠡ ᠰᠦᠷ ᠪᠤᠯᠤᠨ ᠳᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠵᠢ ᠳᠦᠷᠦᠬᠦᠯᠡᠨ ᠬᠠᠮᠠᠭᠠᠯᠠᠵᠦ᠂ ᠨᠠᠮ᠋ ᠤᠨ ᠱᠤᠭᠤᠮ᠋ ᠴᠢᠭᠯᠡᠯᠳᠡ ᠳᠦᠷᠦ ᠵᠢᠨ ᠪᠤᠳᠤᠯᠭ᠎ᠠ ᠵᠢ ᠪᠡᠶ᠎ᠠ ᠪᠠᠷ ᠢᠶᠡᠨ ᠳᠠᠭᠠᠭᠤᠯᠤᠨ ᠳᠤᠤᠱᠯᠠᠭᠤᠯᠤᠨ ᠬᠡᠷᠡᠭᠵᠢᠬᠦᠯᠵᠦ᠂ ᠨᠠᠮ᠋ ᠤᠨ ᠳᠦᠪ ᠬᠤᠷᠢᠶ᠎ᠠ ᠡᠴᠡ ᠭᠠᠷᠭᠠᠬᠰᠠᠨ ᠴᠢᠬᠤᠯᠠ ᠶᠡᠬᠡ ᠰᠢᠢᠳᠪᠤᠷᠢᠳᠦ ᠪᠤᠳᠤᠯᠭ᠎ᠠ ᠪᠠᠢᠢᠷᠢᠯᠠᠭᠤᠯᠤᠯᠳᠠ ᠵᠢ ᠪᠡᠶᠡᠴᠢᠯᠡᠨ ᠬᠦᠢᠴᠡᠳᠬᠡᠬᠦ ᠬᠡᠷᠡᠭᠳᠡᠢ᠃ ᠵᠤᠷᠢᠬᠳᠠᠢ ᠪᠡᠷ ᠬᠠᠷᠢᠭᠤᠴᠠᠯᠭ᠎ᠠ ᠡᠭᠦᠷᠬᠡᠯᠡᠵᠤ᠂ ᠦᠨᠡᠨ ᠡᠴᠡ ᠵᠦᠪ ᠢ ᠡᠷᠢᠵᠦ᠂ ᠡᠬᠦᠷᠬᠡ ᠬᠠᠷᠢᠭᠤᠴᠠᠯᠭ᠎ᠠ ᠪᠡᠨ ᠬᠦᠢᠴᠡᠳᠬᠡᠵᠦ᠂ ᠴᠢᠳᠠᠪᠤᠷᠢ ᠪᠠᠨ ᠨᠡᠮᠡᠭᠳᠡᠭᠦᠯᠵᠤ᠂ ᠡᠯ᠎ᠠ ᠵᠦᠢᠯ᠋ ᠤᠨ ᠠᠵᠢᠯ᠋ ᠢᠶᠡᠨ ᠪᠦᠳᠦᠬᠡᠯᠴᠢ ᠪᠠᠷ ᠰᠠᠢᠢᠳᠤᠷ ᠬᠢᠬᠦ ᠬᠡᠷᠡᠭᠳᠡᠢ᠃ ᠬᠤᠪᠢᠳᠠᠨ ᠬᠠᠮᠢᠶᠠᠷᠬᠤ ᠰᠠᠯᠠᠭ᠎ᠠ ᠮᠦᠴᠢᠷ ᠪᠤᠯᠤᠨ ᠨᠢᠬᠡᠴᠡ ᠵᠢᠨ ᠠᠵᠢᠯ᠋ ᠢᠶᠡᠨ ᠴᠢᠩᠭ᠎ᠠ ᠬᠢᠬᠦ ᠵᠢᠨ ᠬᠠᠮᠳᠤ ᠤᠳᠤᠷᠢᠳᠬᠤ ᠪᠠᠬ ᠢᠶᠡᠨ ᠴᠢᠨᠭᠭ᠎ᠠ ᠰᠠᠢᠢᠳᠤᠷ ᠬᠠᠮᠢᠶᠠᠷᠴᠤ᠂ ᠡᠩᠨᠡᠬᠡ ᠪᠠᠨ ᠰᠠᠢᠢᠳᠤᠷ ᠳᠠᠭᠠᠭᠤᠯᠬᠤ ᠬᠡᠷᠡᠭᠳᠡᠢ᠃ ᠠᠷᠢᠭᠤᠨ ᠴᠢᠬᠡᠴᠢ ᠪᠠᠢᠢᠬᠤ ᠵᠢ ᠪᠠᠳᠤᠯᠠᠬᠤ ᠵᠢᠨ ᠬᠠᠮᠳᠤ ᠪᠠᠰᠠ ᠨᠠᠮ᠋ ᠤᠨ ᠳᠦᠷᠢᠮ᠋ ᠳᠤᠬᠳᠠᠭᠠᠯ᠋ ᠨᠠᠮ᠋ ᠤᠨ ᠰᠠᠬᠢᠯᠭ᠎ᠠ ᠪᠠᠳᠤ ᠵᠢ ᠵᠢᠱᠢᠶᠡᠴᠢ ᠪᠡᠷ ᠵᠢᠷᠤᠮᠯᠠᠵᠦ᠂《ᠭᠤᠷᠪᠠᠨ ᠴᠢᠩᠭ᠎ᠠ ᠭᠤᠷᠪᠠᠨ ᠪᠤᠳᠠᠳᠠᠢ》 ᠶ᠋ᠢ ᠨᠠᠷᠢᠨ ᠬᠢᠨᠠᠮᠠᠭᠠᠢ ᠦᠢᠯᠡᠳᠦᠯᠬᠡᠵᠢᠬᠦᠯᠵᠦ᠂ ᠳᠦᠪ ᠤᠨ ᠨᠡᠶ᠋ᠮᠡᠨ ᠳᠤᠬᠳᠠᠭᠠᠯ᠋᠂ ᠠᠷᠢᠭᠤᠨ ᠴᠢᠬᠡᠴᠢ ᠪᠡᠷ ᠪᠡᠶ᠎ᠠ ᠪᠠᠨ ᠱᠠᠭᠠᠷᠳᠠᠬᠤ᠂ ᠬᠠᠮᠢᠶ᠎ᠠ ᠪᠦᠬᠦᠢ ᠠᠵᠢᠯ᠋ ᠪᠤᠯᠤᠨ ᠠᠮᠢᠳᠤᠷᠠᠯ᠋᠎ ᠤᠨ ᠳᠠᠯ᠎ᠠ ᠪᠠᠷ ᠬᠢ ᠳᠤᠬᠳᠠᠭᠠᠯ᠋ ᠢ ᠴᠢᠩᠭ᠎ᠠ ᠵᠢᠷᠤᠮᠯᠠᠵᠦ ᠪᠠᠢᠢᠭᠠᠳ᠂ ᠦᠪᠡᠷ ᠤᠨ ᠪᠤᠳᠠᠳᠤ ᠠᠵᠢᠯᠯᠠᠭ᠎ᠠ ᠪᠡᠷ ᠢᠶᠡᠨ ᠦᠷᠬᠡᠨ ᠤᠯᠠᠨ ᠰᠠᠬᠢᠯᠭ᠎ᠠ ᠪᠠᠳᠤ ᠪᠠᠢᠢᠴᠠᠭᠠᠬᠤ ᠺᠠᠳ᠋ᠷᠴᠤᠳ ᠲᠤ ᠦᠯᠢᠭᠡᠷ ᠲᠠᠭᠤᠷᠢᠶᠠᠯ᠋ ᠪᠤᠯᠵᠤ᠂ ᠵᠢᠱᠢᠶᠡᠴᠢ ᠪᠤᠯᠬᠤ ᠦᠢᠯᠡᠳᠦᠯ᠋ ᠢ ᠦᠵᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃

    ᠨᠠᠮ᠋ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶᠠᠨ ᠤ ᠳᠡᠳ᠋ ᠱᠦᠵᠢ ᠶᠠᠩ ᠰᠢᠶᠤᠤ ᠳ᠋ᠦ᠋ ᠬᠤᠷᠠᠯ᠋ ᠳ᠋ᠦ ᠤᠷᠤᠯᠴᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121876111