蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠠᠽᠢᠶ᠎ᠠ ᠨᠤᠮᠤᠬᠠᠨ ᠳᠠᠯᠠᠢ ᠶᠢᠨ ᠤᠷᠤᠨ ᠤ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠵᠤᠬᠢᠶᠠᠨ ᠪᠠᠶᠢᠭᠤᠯᠤᠯᠳᠠ ᠶᠢᠨ ᠬᠤᠷᠢᠨ ᠳᠠᠪᠤᠳᠡᠬᠢ ᠤᠳᠤᠷᠢᠳᠬᠤ ᠬᠦᠮᠦᠰ ᠤᠨ ᠠᠯᠪᠠᠨ ᠤ ᠪᠤᠰᠤ ᠬᠤᠷᠠᠯ ᠳᠤ ᠤᠷᠤᠯᠴᠠᠵᠤ ᠸᠢᠶᠧᠲ᠋ᠨᠠᠮ ᠯᠠᠤᠰ ᠲᠤ ᠳᠦᠷᠦ ᠶᠢᠨ ᠠᠶᠢᠯᠴᠢᠯᠠᠯ ᠬᠢᠨ᠎ᠡ

2017-11-03 13:42

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ   ᠭᠠᠳᠠᠭᠠᠳᠤ ᠬᠡᠷᠡᠭ ᠤᠨ ᠶᠠᠮᠤᠨ ᠤ ᠦᠬᠦᠯᠡᠭᠴᠢ ᠯᠤ ᠺᠠᠩ 3 ᠤ ᠡᠳᠦᠷ ᠵᠠᠷᠯᠠᠬᠤ ᠳ᠋ᠠᠭᠠᠨ᠂ ᠸᠢᠶᠧᠲ᠋ᠨᠠᠮ ᠤᠨ ᠤᠷᠢᠯᠭ᠎ᠠ ᠪᠡᠷ ᠤᠯᠤᠰ ᠤᠨ ᠳᠡᠷᠢᠬᠦᠯᠡᠭᠴᠢ ᠰᠢ ᠵᠢᠨ ᠫᠢᠩ 11 ᠰᠠᠷ᠎ᠠ ᠶᠢᠨ 10 ᠡᠴᠡ 11 ᠤ ᠡᠳᠦᠷ ᠪᠤᠯᠳᠠᠯ᠎ᠠ ᠳᠤᠰ ᠬᠦᠷᠦᠨ ᠳᠤ ᠬᠦᠷᠴᠤ ᠠᠽᠢᠶ᠎ᠠ ᠨᠤᠮᠤᠬᠠᠨ ᠳᠠᠯᠠᠢ ᠶᠢᠨ ᠤᠷᠤᠨ ᠤ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠵᠤᠬᠢᠶᠠᠨ ᠪᠠᠶᠢᠭᠤᠯᠤᠯᠳᠠ ᠶᠢᠨ ᠬᠤᠷᠢᠨ ᠳᠠᠪᠤᠳᠡᠬᠢ ᠤᠳᠤᠷᠢᠳᠬᠤ ᠬᠦᠮᠦᠰ ᠤᠨ ᠠᠯᠪᠠᠨ ᠤ ᠪᠤᠰᠤ ᠬᠤᠷᠠᠯ ᠳᠤ ᠤᠷᠤᠯᠴᠠᠬᠤ ᠪᠤᠯᠤᠨ᠎ᠠ ᠬᠡᠵᠡᠢ᠃

    ᠮᠦᠨ ᠸᠢᠶᠧᠲ᠋ᠨᠠᠮ ᠤᠨ ᠡᠪ ᠬᠠᠮᠳᠤ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠷᠤᠧᠠᠨ ᠹᠦ᠋ ᠴᠧᠩ᠂ ᠸᠢᠶᠧᠲ᠋ᠨᠠᠮ ᠤᠨ ᠨᠡᠶᠢᠬᠡᠮ ᠵᠢᠷᠤᠮᠳᠤ ᠪᠦᠬᠦᠳᠡ ᠨᠠᠶᠢᠷᠠᠮᠳᠠᠬᠤ ᠤᠯᠤᠰ ᠤᠨ ᠳᠡᠷᠢᠬᠦᠯᠡᠭᠴᠢ ᠴᠧᠨ ᠳ᠋ᠠ ᠭᠤᠧᠠᠩ ᠪᠤᠯᠤᠨ ᠯᠠᠤᠰ ᠤᠨ ᠠᠷᠠᠳ ᠤᠨ ᠬᠤᠪᠢᠰᠬᠠᠯᠳᠤ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠯᠠᠤᠰ ᠤᠨ ᠠᠷᠠᠳ ᠤᠨ ᠠᠷᠠᠳᠴᠢᠯᠠᠭᠰᠠᠨ ᠪᠦᠬᠦᠳᠡ ᠨᠠᠶᠢᠷᠠᠮᠳᠠᠬᠤ ᠤᠯᠤᠰ ᠤᠨ ᠳᠡᠷᠢᠬᠦᠯᠡᠭᠴᠢ ᠪᠧᠨᠶᠠᠩ ᠤᠨ ᠤᠷᠢᠯᠭ᠎ᠠ ᠪᠡᠷ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ ᠰᠢ ᠵᠢᠨ ᠫᠢᠩ 11 ᠰᠠᠷ᠎ᠠ ᠶᠢᠨ 12 ᠡᠴᠡ 14 ᠤ ᠡᠳᠦᠷ ᠪᠤᠯᠳᠠᠯ᠎ᠠ ᠳᠤᠰ ᠬᠤᠶᠠᠷ ᠬᠦᠷᠦᠨ ᠳᠤ ᠳᠦᠷᠦ ᠶᠢᠨ ᠠᠶᠢᠯᠴᠢᠯᠠᠯ ᠬᠢᠬᠦ ᠶᠤᠮ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121901593