ᠸᠠᠩ ᠬᠤ ᠨᠢᠩ᠄ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠡᠷ ᠤᠨᠤᠪᠴᠢᠳᠠᠢ ᠤᠬᠠᠭᠤᠯᠤᠨ ᠳᠠᠶᠢᠯᠪᠤᠷᠢᠯᠠᠬᠤ ᠠᠵᠢᠯᠯᠠᠭᠠᠨ ᠤ ᠴᠢᠭᠯᠡᠯᠳᠦ ᠴᠢᠨᠠᠷ ᠪᠤᠯᠤᠨ ᠪᠤᠳᠠᠳᠤ ᠦᠷ᠎ᠡ ᠠᠰᠢᠭᠳᠤ ᠴᠢᠨᠠᠷ ᠢ ᠳᠡᠬᠡᠭᠰᠢᠯᠡᠬᠦᠯᠬᠦ ᠬᠡᠷᠡᠭᠳᠡᠢ 2017-11-03 13:42

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ   ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠳᠦᠪ ᠤᠨ ᠤᠬᠠᠭᠤᠯᠤᠨ ᠳᠠᠶᠢᠯᠪᠤᠷᠢᠯᠠᠬᠤ ᠪᠠᠭ ᠤᠨ ᠳᠠᠶᠢᠴᠢᠯᠠᠬᠤ ᠬᠤᠷᠠᠯ 1 ᠤ ᠡᠳᠦᠷ ᠪᠡᠬᠡᠵᠢᠩ ᠳᠤ ᠬᠤᠷᠠᠯᠳᠤᠪᠠ᠃ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠳᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ ᠨᠢᠩ ᠬᠤᠷᠠᠯ ᠳᠤ ᠤᠷᠤᠯᠴᠠᠵᠤ ᠴᠢᠬᠤᠯᠠ ᠶᠠᠷᠢᠶ᠎ᠠ ᠳᠠᠯᠪᠢᠵᠠᠢ᠃

    ᠳᠡᠷᠡᠪᠡᠷ ᠨᠠᠮ ᠤᠨ ᠳᠦᠪ ᠬᠤᠷᠢᠶᠠᠨ ᠤ ᠳᠤᠮᠤ ᠴᠢᠬᠤᠯᠠ ᠬᠤᠷᠠᠯ᠂ ᠳᠤᠮᠤ ᠴᠢᠬᠤᠯᠠ ᠠᠵᠢᠯ ᠤᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠤᠬᠠᠭᠤᠯᠤᠨ ᠳᠠᠶᠢᠯᠪᠤᠷᠢᠯᠠᠬᠤ ᠠᠵᠢᠯᠯᠠᠭ᠎ᠠ ᠵᠤᠬᠢᠶᠠᠨ ᠪᠠᠶᠢᠭᠤᠯᠤᠭᠰᠠᠨ ᠢᠶᠡᠷ ᠦᠷᠬᠡᠨ ᠤᠯᠠᠨ ᠺᠠᠳ᠋ᠷ ᠤᠯᠠᠨ ᠳᠦᠮᠡᠨ ᠤ ᠬᠠᠯᠠᠭᠤᠨ ᠬᠦᠷᠢᠶᠡᠯᠡᠯ ᠢ ᠤᠯᠵᠤ ᠪᠠᠶᠢᠨ᠎ᠠ᠃ ᠰᠢ ᠵᠢᠨ ᠫᠢᠩ ᠶᠡᠷᠦᠩᠬᠡᠢ ᠱᠦᠵᠢ ᠨᠠᠮ ᠤᠨ ᠳᠦᠪ ᠬᠤᠷᠢᠶᠠᠨ ᠤ ᠵᠤᠷᠢᠭ ᠰᠠᠨᠠᠭ᠎ᠠ ᠶᠢ ᠤᠬᠠᠭᠤᠯᠤᠨ ᠳᠠᠶᠢᠯᠪᠤᠷᠢᠯᠠᠬᠤ ᠠᠵᠢᠯ ᠢ ᠰᠠᠶᠢᠳᠤᠷ ᠬᠦᠢᠴᠡᠳᠬᠡᠬᠦ ᠶᠢ ᠳᠡᠬᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠭᠰᠡᠬᠡᠷ ᠢᠷᠡᠭᠰᠡᠨ ᠳᠡᠳᠦᠢ ᠦᠬᠡᠢ ᠳᠤᠳᠤᠷᠬᠠᠢ ᠱᠠᠭᠠᠷᠳᠠᠯᠭ᠎ᠠ ᠳᠤᠷᠠᠳᠤᠭᠰᠠᠨ᠃ ᠪᠢᠳᠡ ᠡᠨᠡᠬᠦ ᠤᠳᠠᠭᠠᠨ ᠤ ᠳᠦᠪᠯᠡᠷᠡᠬᠦᠯᠦᠨ ᠤᠬᠠᠭᠤᠯᠤᠨ ᠳᠠᠶᠢᠯᠪᠤᠷᠢᠯᠠᠬᠤ ᠠᠵᠢᠯ ᠢ ᠦᠨᠡᠨ ᠪᠤᠳᠠᠳᠠᠢ ᠰᠠᠶᠢᠨ ᠬᠢᠵᠤ᠂ ᠦᠷᠬᠡᠨ ᠤᠯᠠᠨ ᠺᠠᠳ᠋ᠷ ᠤᠯᠠᠨ ᠳᠦᠮᠡᠨ ᠤ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠶᠢ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠲᠠᠢ ᠨᠡᠩ ᠰᠠᠶᠢᠨ ᠨᠢᠬᠡᠳᠦᠯᠵᠢᠬᠦᠯᠬᠦ ᠬᠡᠷᠡᠭᠳᠡᠢ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121901596