蒙古文网站Logo
ᠰᠢᠨᠬᠤᠸᠠ ᠮᠤᠩᠭ᠋ᠤᠯ ᠨᠧᠲ

ᠨᠠᠮ ᠦᠨ ᠠᠷᠪᠠ ᠶᠢᠰᠤᠳᠤᠭᠡᠷ ᠶᠡᠬᠡ ᠬᠤᠷᠠᠯ ᠦᠨ ᠵᠤᠷᠢᠬ ᠰᠠᠨᠠᠭ᠎ᠠ ᠢᠢ ᠰᠤᠷᠤᠯᠴᠠᠨ ᠲᠤᠤᠱᠯᠠᠭᠤᠯᠬᠤ ᠲᠦᠪ ᠦᠨ ᠤᠬᠠᠭᠤᠯᠤᠨ ᠲᠠᠢᠢᠯᠪᠤᠷᠢᠯᠠᠬᠤ ᠪᠦᠯᠬᠦᠮ ᠪᠠᠢᠢᠭᠤᠯᠤᠬᠳᠠᠪᠠ

2017-11-03 13:42

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ   ᠨᠠᠮ ᠦᠨ ᠠᠷᠪᠠ ᠶᠢᠰᠤᠳᠤᠭᠡᠷ ᠶᠡᠬᠡ ᠬᠤᠷᠠᠯ ᠦᠨ ᠵᠤᠷᠢᠬ ᠰᠠᠨᠠᠭ᠎ᠠ ᠢᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠦᠷᠨᠢᠯᠳᠠ ᠭᠠᠷᠭᠠᠬᠤ ᠢᠢᠨ ᠲᠦᠯᠤᠬᠡ᠂ ᠨᠠᠮ ᠦᠨ ᠲᠦᠪ ᠬᠤᠷᠢᠶ᠎ᠠ ᠡᠴᠡ ᠲᠦᠪ ᠦᠨ ᠤᠬᠠᠭᠤᠯᠬᠤ ᠬᠡᠯᠳᠡᠰ ᠬᠤᠯᠪᠤᠬᠳᠠᠯ ᠪᠦᠬᠦᠢ ᠰᠠᠯᠠᠭ᠎ᠠ ᠮᠦᠴᠢᠷ ᠳᠠᠢ ᠬᠠᠮᠳᠤᠷᠠᠨ ᠲᠦᠪ ᠦᠨ ᠤᠬᠠᠭᠤᠯᠤᠨ ᠲᠠᠢᠢᠯᠪᠤᠷᠢᠯᠠᠬᠤ ᠪᠦᠯᠬᠦᠮ ᠪᠠᠢᠢᠭᠤᠯᠬᠤ ᠪᠡᠷ ᠲᠤᠭᠳᠠᠪᠠ᠃

    ᠤᠢᠢᠯᠠᠭᠠᠬᠰᠠᠨ ᠢᠶᠡᠷ᠂ ᠲᠦᠪ ᠦᠨ ᠤᠬᠠᠭᠤᠯᠤᠨ ᠲᠠᠢᠢᠯᠪᠤᠷᠢᠯᠠᠬᠤ ᠪᠦᠯᠬᠦᠮ ᠨᠢ ᠭᠤᠤᠯᠳᠠᠭᠤ ᠨᠠᠮ ᠦᠨ ᠠᠷᠪᠠ ᠶᠢᠰᠤᠳᠤᠭᠡᠷ ᠶᠡᠬᠡ ᠬᠤᠷᠠᠯ ᠦᠨ ᠪᠢᠴᠢᠭ᠌ ᠮᠠᠲ᠋ᠧᠷᠢᠶᠠᠯ ᠢ ᠲᠤᠭᠤᠷᠪᠢᠨ ᠪᠢᠴᠢᠬᠦ ᠳᠤ ᠤᠷᠤᠯᠴᠠᠬᠰᠠᠨ ᠬᠤᠯᠪᠤᠬᠳᠠᠯ ᠪᠦᠬᠦᠢ ᠨᠦᠬᠦᠳ ᠢᠶᠡᠷ ᠪᠦᠷᠢᠯᠳᠤᠵᠤ᠂ ᠨᠠᠮ ᠦᠨ ᠲᠦᠪ ᠬᠤᠷᠢᠶᠠᠨ ᠦ ᠤᠯᠤᠰ ᠲᠦᠷᠤ ᠢᠢᠨ ᠲᠤᠪᠴᠢᠶᠠᠨ ᠦ ᠬᠡᠰᠢᠬᠦᠨ᠂ ᠲᠦᠪ ᠦᠨ ᠱᠦᠵᠢ ᠨᠠᠷ ᠦᠨ ᠭᠠᠵᠠᠷ ᠦᠨ ᠱᠦᠵᠢ᠂ ᠲᠦᠪ ᠦᠨ ᠰᠠᠬᠢᠯᠭ᠎ᠠ ᠪᠠᠳᠤ ᠪᠠᠢᠢᠴᠠᠭᠠᠬᠤ ᠬᠤᠷᠢᠶᠠᠨ ᠦ ᠲᠡᠳ᠋ ᠱᠦᠵᠢ ᠶᠠᠩ ᠰᠢᠶᠤᠤ ᠳ᠋ᠦ᠋᠂ ᠨᠠᠮ ᠦᠨ ᠲᠦᠪ ᠬᠤᠷᠢᠶᠠᠨ ᠦ ᠤᠯᠤᠰ ᠲᠦᠷᠤ ᠢᠢᠨ ᠲᠤᠪᠴᠢᠶᠠᠨ ᠦ ᠬᠡᠰᠢᠬᠦᠨ᠂ ᠴᠦᠩᠴᠢᠩ ᠬᠤᠳᠠ ᠢᠢᠨ ᠨᠠᠮ ᠦᠨ ᠬᠤᠷᠢᠶᠠᠨ ᠦ ᠱᠦᠵᠢ ᠴᠧᠨ ᠮᠢᠨ ᠡᠯ᠂ ᠨᠠᠮ ᠦᠨ ᠲᠦᠪ ᠬᠤᠷᠢᠶᠠᠨ ᠦ ᠤᠯᠤᠰ ᠲᠦᠷᠤ ᠢᠢᠨ ᠲᠤᠪᠴᠢᠶᠠᠨ ᠦ ᠬᠡᠰᠢᠬᠦᠨ᠂ ᠲᠦᠪ ᠦᠨ ᠱᠦᠵᠢ ᠨᠠᠷ ᠦᠨ ᠭᠠᠵᠠᠷ ᠦᠨ ᠱᠦᠵᠢ᠂ ᠲᠦᠪ ᠦᠨ ᠤᠬᠠᠭᠤᠯᠬᠤ ᠬᠡᠯᠳᠡᠰ ᠦᠨ ᠲᠠᠷᠤᠭ᠎ᠠ ᠬᠤᠧᠠᠩ ᠺᠦᠨ ᠮᠢᠩ ᠵᠡᠷᠬᠡ ᠨᠡᠢᠢᠳᠠ 36 ᠨᠦᠬᠦᠳ ᠢᠶᠡᠷ ᠪᠦᠷᠢᠯᠳᠤᠵᠠᠢ᠃

    1 ᠤ ᠡᠳᠤᠷ ᠡᠴᠡ ᠡᠬᠢᠯᠠᠵᠤ᠂ ᠲᠦᠪ ᠦᠨ ᠤᠬᠠᠭᠤᠯᠤᠨ ᠲᠠᠢᠢᠯᠪᠤᠷᠢᠯᠠᠬᠤ ᠪᠦᠯᠬᠦᠮ ᠦᠨ ᠪᠦᠷᠢᠯᠳᠤᠬᠦᠨ ᠬᠠᠮᠳᠤᠪᠡᠷ ᠬᠢᠴᠢᠶᠠᠯ ᠪᠡᠯᠡᠳᠬᠡᠨ᠎ᠠ᠃ ᠤᠯᠠᠨ  ᠢᠶᠡᠷ ᠢᠶᠡᠨ ᠨᠠᠮ ᠦᠨ ᠠᠷᠪᠠ ᠶᠢᠰᠤᠳᠤᠭᠡᠷ ᠶᠡᠬᠡ ᠬᠤᠷᠠᠯ ᠦᠨ ᠵᠤᠷᠢᠬ ᠰᠠᠨᠠᠭ᠎ᠠ ᠢᠢ ᠬᠦᠨᠵᠡᠬᠡᠢ ᠰᠤᠷᠤᠯᠴᠠᠨ ᠤᠢᠢᠯᠠᠭᠠᠵᠤ᠂ ᠨᠠᠮ ᠦᠨ ᠠᠷᠪᠠᠨ ᠶᠢᠰᠤᠳᠤᠭᠡᠷ ᠶᠡᠬᠡ ᠬᠤᠷᠠᠯ ᠡᠴᠡ ᠲᠤᠷᠠᠳᠤᠬᠰᠠᠨ ᠠᠯᠢ ᠤᠯᠠᠨ ᠰᠢᠨ᠎ᠠ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠳᠠ᠂ ᠴᠢᠬᠤᠯᠠ ᠮᠠᠭᠠᠳᠯᠠᠯᠲᠠ᠂ ᠴᠢᠬᠤᠯᠠ ᠠᠷᠭ᠎ᠠ ᠬᠡᠮᠵᠢᠶ᠎ᠠ ᠪᠡᠷ ᠭᠤᠤᠯᠯᠠᠭᠤᠯᠵᠤ᠂ ᠤᠳᠤᠬᠠᠨ ᠦ ᠺᠠᠳ᠋ᠷ ᠤᠯᠠᠨ ᠲᠦᠮᠡᠨ ᠦ ᠰᠤᠷᠤᠯᠴᠠᠨ ᠲᠤᠤᠱᠯᠠᠭᠤᠯᠬᠤ ᠶᠠᠪᠤᠴᠠ ᠳᠤ ᠨᠡᠢᠢᠳᠡᠮ ᠠᠩᠬᠠᠷᠤᠯ ᠲᠠᠯᠪᠢᠵᠤ ᠪᠠᠢᠢᠭ᠎ᠠ ᠬᠠᠯᠠᠮᠰᠢᠯ ᠠᠰᠠᠭᠤᠳᠠᠯ ᠪᠤᠯᠤᠨ ᠤᠷᠤᠰᠢᠵᠤ ᠪᠠᠢᠢᠭ᠎ᠠ ᠦᠵᠡᠯ ᠰᠠᠨᠠᠭᠠᠨ ᠦ ᠲᠦᠭᠡᠷᠢᠭᠳᠡᠯ ᠢᠶᠡᠷ ᠭᠤᠤᠯᠯᠠᠭᠤᠯᠵᠤ᠂ ᠬᠦᠨᠵᠡᠬᠡᠢ ᠰᠡᠳᠬᠢᠬᠦ ᠪᠠ ᠰᠤᠳᠤᠯᠤᠨ ᠶᠠᠷᠢᠯᠴᠠᠵᠤ᠂ ᠤᠬᠠᠭᠤᠯᠤᠨ ᠲᠠᠢᠢᠯᠪᠤᠷᠢᠯᠠᠬᠤ ᠡᠬᠡ ᠪᠢᠴᠢᠭ᠌ ᠢᠶᠡᠨ ᠨᠠᠷᠢᠨ ᠬᠢᠨᠠᠮᠠᠭᠠᠢ ᠪᠡᠯᠡᠳᠬᠡᠵᠤ᠂ ᠪᠤᠳᠠᠳᠠᠢ ᠳᠠᠢ ᠨᠡᠩ ᠰᠠᠢᠢᠨ ᠤᠶᠠᠯᠳᠤᠭᠤᠯᠵᠤ᠂ ᠤᠯᠠᠨ ᠲᠦᠮᠡᠨ ᠦ ᠠᠩᠬᠠᠷᠤᠯ ᠲᠠᠯᠪᠢᠵᠤ ᠪᠠᠢᠢᠭ᠎ᠠ ᠠᠰᠠᠭᠤᠳᠠᠯ ᠳᠦ ᠬᠠᠷᠢᠭᠤ ᠦᠭᠴᠤ᠂ ᠤᠬᠠᠭᠤᠯᠤᠨ ᠲᠠᠢᠢᠯᠪᠤᠷᠢᠯᠠᠬᠤ ᠴᠢᠭᠯᠡᠯᠳᠤ ᠴᠢᠨᠠᠷ ᠪᠤᠯᠤᠨ ᠪᠤᠳᠠᠳᠠᠢ ᠦᠷ᠎ᠠ ᠪᠦᠲᠦᠮᠵᠢᠲᠦ ᠴᠢᠨᠠᠷ ᠢ ᠲᠡᠭᠡᠭᠰᠢᠯᠡᠬᠦᠯᠬᠦ ᠪᠡᠷ ᠪᠠᠢᠢᠨ᠎ᠠ᠃ ᠲᠦᠪ ᠦᠨ ᠤᠬᠠᠭᠤᠯᠤᠨ ᠲᠠᠢᠢᠯᠪᠤᠷᠢᠯᠠᠬᠤ ᠪᠦᠯᠬᠦᠮ 5 ᠤ ᠡᠳᠤᠷ ᠡᠴᠡ ᠡᠬᠢᠯᠠᠵᠤ ᠪᠦᠬᠦ ᠤᠯᠤᠰ ᠦᠨ ᠡᠯ᠎ᠠ ᠭᠠᠵᠠᠷ ᠲᠤ ᠬᠦᠷᠴᠦ ᠤᠬᠠᠭᠤᠯᠤᠨ ᠲᠠᠢᠢᠯᠪᠤᠷᠢᠯᠠᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121901597