蒙古文网站Logo
ᠰᠢᠨᠬᠤᠸᠠ ᠮᠤᠩᠭ᠋ᠤᠯ ᠨᠧᠲ

ᠠᠮᠧᠷᠢᠺᠠ ᠶᠢᠨ ᠶᠡᠷᠦᠩᠬᠡᠶᠢᠯᠡᠭᠴᠢ ᠲᠷᠠᠮᠫ ᠲᠤᠮᠳᠠᠳᠤ ᠤᠯᠤᠰ ᠲᠤ ᠲᠦᠷᠦ ᠶᠢᠨ ᠠᠶᠢᠯᠴᠢᠯᠠᠯ ᠬᠢᠬᠦ ᠪᠡᠷ ᠪᠤᠢ

2017-11-03 18:24

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 2 ᠤᠨ ᠡᠳᠤᠷ ᠤᠨ ᠴᠠᠬᠢᠯᠭᠠᠨ ᠮᠡᠳᠡᠬᠡ   ᠭᠠᠳᠠᠭᠠᠳᠤ ᠶᠠᠪᠤᠳᠠᠯ ᠤᠨ ᠶᠠᠮᠤᠨ ᠤ ᠦᠬᠦᠯᠡᠭᠴᠢ ᠯᠦ ᠺᠠᠩ 2 ᠤᠨ ᠡᠳᠤᠷ ᠵᠠᠷᠯᠠᠭᠰᠠᠨ ᠢᠶᠡᠷ᠂ ᠤᠯᠤᠰ ᠤᠨ ᠲᠡᠷᠢᠬᠦᠯᠡᠭᠴᠢ ᠰᠢ ᠵᠢᠨ ᠫᠢᠩ ᠤᠨ ᠤᠷᠢᠯᠭ᠎ᠠ ᠪᠡᠷ᠂ ᠠᠮᠧᠷᠢᠺᠠ ᠶᠢᠨ ᠶᠡᠷᠦᠩᠬᠡᠶᠢᠯᠡᠭᠴᠢ ᠲᠷᠡᠮᠫ 11 ᠰᠠᠷ᠎ᠠ ᠶᠢᠨ 8 ᠤ ᠡᠳᠤᠷ ᠡᠴᠡ 10 ᠤ ᠡᠳᠤᠷ  ᠪᠤᠯᠳᠠᠯ᠎ᠠ ᠲᠤᠮᠳᠠᠳᠤ ᠤᠯᠤᠰ ᠲᠤ ᠲᠦᠷᠦ ᠶᠢᠨ ᠠᠶᠢᠯᠴᠢᠯᠠᠯ ᠬᠢᠨ᠎ᠠ᠃ ᠲᠤᠬᠠᠢ ᠶᠢᠨ ᠦᠶ᠎ᠡ ᠳᠤ᠂ ᠬᠤᠶᠠᠷ ᠤᠯᠤᠰ ᠤᠨ ᠤᠳᠤᠷᠢᠳᠬᠤ ᠬᠦᠮᠦᠰ ᠲᠤᠮᠳᠠᠳᠤ ᠠᠮᠧᠷᠢᠺᠠ ᠶᠢᠨ ᠬᠠᠷᠢᠯᠴᠠᠭ᠎ᠠ ᠪᠤᠯᠤᠨ ᠬᠠᠮᠳᠤ ᠪᠡᠷ ᠠᠩᠬᠠᠷᠴᠤ ᠪᠤᠢ ᠤᠯᠠᠨ ᠤᠯᠤᠰ ᠤᠨ ᠪᠠ ᠪᠦᠰᠡ ᠨᠤᠳᠤᠭ ᠤᠨ ᠲᠤᠮᠤ ᠴᠢᠬᠤᠯᠠ ᠠᠰᠠᠭᠤᠳᠠᠯ  ᠤᠨ ᠲᠤᠬᠠᠢ ᠰᠠᠨᠠᠯ ᠢᠶᠡᠨ ᠬᠦᠨᠵᠡᠬᠡᠢ ᠰᠤᠯᠢᠯᠴᠠᠬᠤ ᠪᠤᠯᠤᠨ᠎ᠠ᠃ ᠲᠤᠮᠳᠠᠳᠤ ᠶᠢᠨ ᠲᠠᠯ᠎ᠠ ᠳᠤᠷᠠᠲᠠᠶ᠎ᠠ ᠠᠮᠧᠷᠢᠺᠠ ᠲᠠᠢ ᠬᠠᠮᠲᠤ ᠪᠡᠷ ᠲᠷᠠᠮᠫ ᠶᠡᠷᠦᠩᠬᠡᠶᠢᠯᠡᠭᠴᠢ ᠶᠢᠨ ᠲᠤᠮᠳᠠᠳᠤ ᠤᠯᠤᠰ ᠲᠤ ᠬᠢᠬᠦ ᠠᠶᠢᠯᠴᠢᠯᠠᠯ ᠪᠤᠯᠤᠨ ᠲᠤᠮᠳᠠᠳᠤ ᠠᠮᠧᠷᠢᠺᠠ ᠶᠢᠨ ᠲᠡᠷᠢᠬᠦᠨ ᠤ ᠠᠩᠬᠠᠳᠤᠭᠠᠷ ᠤᠳᠠᠭᠠᠨ ᠤ ᠠᠭᠤᠯᠵᠠᠯᠳᠠ ᠲᠡᠭᠦᠰ ᠠᠮᠵᠢᠯᠳᠠ ᠤᠯᠬᠤ ᠶᠢ ᠠᠬᠢᠭᠤᠯᠵᠤ᠂ ᠲᠤᠮᠳᠠᠳᠤ ᠠᠮᠧᠷᠢᠺᠠ ᠶᠢᠨ ᠬᠦᠭ᠍ᠵᠢᠯᠳᠡ ᠳᠤ ᠰᠢᠨ᠎ᠡ ᠬᠦᠴᠦᠨ ᠨᠡᠮᠡᠷᠢᠯᠡᠬᠦ ᠪᠡᠷ ᠴᠢᠷᠮᠠᠶᠢᠨ᠎ᠠ᠃ 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121903062