蒙古文网站Logo
ᠰᠢᠨᠬᠤᠸᠠ ᠮᠤᠩᠭ᠋ᠤᠯ ᠨᠧᠲ

ᠲᠦᠪ ᠤᠨ ᠤᠬᠠᠭᠤᠯᠬᠤ ᠬᠡᠯᠳᠡᠰ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠢᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠬᠢ ᠡᠷᠬᠢᠯᠡᠪᠡ

2017-11-07 17:57

    ᠰ᠋ᠢᠨᠬᠤᠸᠠ ᠬᠤᠷᠢᠶ᠎ᠠ   ᠪᠡᠭᠡᠵᠢᠩ ᠤᠨ 11 ᠰ᠋ᠠᠷ᠎ᠠ ᠢᠢᠨ 5 ᠤ ᠡᠳᠦᠷ ᠤᠨ ᠴᠠᠬᠢᠯᠭᠠᠨ ᠮᠡᠳᠡᠭᠡ   11 ᠰᠠᠷ᠎ᠠ ᠢᠢᠨ 1 ᠡᠴᠡ 4 ᠤ ᠡᠳᠤᠷ ᠪᠤᠯᠳᠠᠯ᠎ᠠ᠂ ᠲᠦᠪ ᠤᠨ ᠤᠬᠠᠭᠤᠯᠬᠤ ᠬᠡᠯᠳᠡᠰ ᠪᠡᠭᠡᠵᠢᠩ ᠳ᠋ᠤ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠢᠢ᠌ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠬᠢ ᠡᠷᠬᠢᠯᠡᠵᠥ᠂ ᠶᠡᠬᠡ ᠬᠤᠷᠠᠯ ᠤᠨ ᠵᠤᠷᠢᠭ ᠰᠠᠨᠠᠭ᠎ᠠ ᠢᠢ᠌ ᠬᠦᠨᠵᠡᠬᠡᠢ᠌ ᠰᠤᠷᠤᠯᠴᠠᠨ ᠡᠵᠡᠮᠰᠢᠵᠥ᠂ ᠤᠷᠤᠨ ᠨᠤᠳᠤᠭ ᠤᠨ ᠤᠬᠠᠭᠤᠯᠤᠨ ᠲᠠᠢᠢᠯᠪᠤᠷᠢᠯᠠᠬᠤ ᠭᠤᠤᠯᠯᠠᠭᠴᠢ᠌ ᠬᠦᠴᠦᠨ ᠢ ᠪᠤᠯᠪᠠᠰᠤᠷᠠᠭᠤᠯᠵᠥ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠢᠢ᠌ ᠰᠤᠷᠤᠯᠴᠠᠨ ᠲᠤᠤᠱᠯᠠᠭᠤᠯᠬᠤ ᠦᠨᠳᠦᠰᠦᠨ ᠱᠠᠳᠤᠨ ᠤ ᠤᠬᠠᠭᠤᠯᠤᠨ ᠲᠠᠢᠢᠯᠪᠤᠷᠢᠯᠠᠬᠤ ᠠᠵᠢᠯ ᠳ᠋ᠤ ᠪᠠᠢᠢᠷᠢᠯᠠᠭᠤᠯᠤᠯᠲᠠ ᠬᠢᠪᠡ᠃ ᠬᠤᠷᠠᠯ ᠳ᠋ᠤ ᠤᠷᠤᠯᠴᠠᠭᠰᠠᠠ ᠨᠦᠬᠦᠳ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠪᠤᠯᠤᠨ ᠨᠠᠮ ᠤᠨ ᠲᠦᠷᠢᠮ ᠢ ᠨᠠᠷᠢᠨ ᠬᠢᠨᠠᠮᠠᠭᠠᠢ᠌ ᠰᠤᠷᠤᠯᠴᠠᠵᠥ᠂ ᠰᠢ᠌ ᠵᠢᠨ ᠫᠢᠩ ᠤᠨ ᠰᠢᠨ᠎ᠠ ᠴᠠᠭ ᠦᠶ᠎ᠠ ᠢᠢᠨ ᠲᠤᠮᠳᠠᠳᠤ ᠤᠯᠤᠰ ᠤᠨ ᠤᠨᠴᠠᠯᠢᠭ ᠲᠠᠢ᠌ ᠨᠡᠢᠢᠬᠡᠮ ᠵᠢᠷᠤᠮ ᠤᠨ ᠦᠵᠡᠯ ᠰᠠᠨᠠᠭ᠎ᠠ ᠢᠢ᠌ ᠰᠤᠷᠤᠯᠴᠠᠨ ᠡᠵᠡᠮᠰᠢᠵᠥ᠂ ᠲᠦᠪ ᠤᠨ ᠤᠬᠠᠭᠤᠯᠤᠨ ᠲᠠᠢᠢᠯᠪᠤᠷᠢᠯᠠᠬᠤ ᠪᠦᠯᠬᠦᠮ ᠤᠨ ᠲᠠᠢᠢᠴᠢᠯᠠᠯᠳᠡ ᠢᠢᠨ ᠬᠤᠷᠠᠯ ᠤᠨ ᠵᠤᠷᠢᠭ ᠰᠠᠨᠠᠭ᠎ᠠ ᠢᠢ᠌ ᠰᠤᠷᠤᠯᠴᠠᠨ ᠡᠵᠡᠮᠰᠢᠵᠥ᠂ ᠲᠦᠪ ᠤᠨ ᠤᠬᠠᠭᠤᠯᠤᠨ ᠲᠠᠢᠢᠯᠪᠤᠷᠢᠯᠠᠬᠤ ᠪᠦᠯᠬᠦᠮ ᠤᠨ ᠲᠦᠷᠦᠬᠦᠤ ᠲᠠᠯᠠᠪᠠᠢ᠌ ᠤᠬᠠᠭᠤᠯᠤᠨ ᠲᠠᠢᠢᠯᠪᠤᠷᠢᠯᠠᠬᠤ ᠮᠡᠳᠡᠬᠦᠯᠥᠯᠳᠡ ᠢᠢ᠌ ᠰᠤᠨᠤᠰᠤᠭᠰᠠᠠ ᠪᠦᠭᠡᠳ ᠦᠨᠳᠦᠰᠦᠨ ᠱᠠᠳᠤᠨ ᠤ ᠤᠨᠤᠯ ᠤᠨ ᠤᠬᠠᠭᠤᠯᠤᠨ ᠲᠠᠢᠢᠯᠪᠤᠷᠢᠯᠠᠬᠤ ᠠᠵᠢᠯ ᠢ ᠪᠦᠳᠦᠭᠡᠯᠴᠢ᠌ ᠪᠡᠷ ᠦᠷᠨᠢᠬᠦᠯᠬᠦ ᠲᠤᠬᠠᠢ᠌ ᠲᠤᠷᠰᠢᠯᠭ᠎ᠠ ᠪᠡᠨ ᠰᠤᠯᠢᠯᠴᠠᠭᠰᠠᠠ ᠪᠠ ᠬᠦᠨᠵᠡᠬᠡᠢ᠌ ᠰᠤᠳᠤᠯᠤᠨ ᠶᠠᠷᠢᠯᠴᠠᠪᠠ᠃

    ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠵᠢ᠌ ᠰᠠᠢᠢᠲᠤᠷ ᠰᠤᠷᠤᠯᠴᠠᠵᠤ᠂ ᠰᠠᠢᠢᠲᠤᠷ ᠤᠬᠠᠭᠤᠯᠵᠤ᠂ ᠰᠠᠢᠢᠲᠤᠷ ᠲᠤᠤᠱᠯᠠᠭᠤᠯᠬᠤ ᠪᠤᠯ ᠤᠳᠤᠬᠠᠨ ᠤ ᠪᠠ ᠬᠤᠢᠢᠰᠢᠳᠠ ᠵᠢᠨ ᠬᠡᠰᠡᠭ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠤᠯᠤᠨ᠎ᠠ᠃ ᠤᠭ ᠵᠤᠬᠢᠶᠠᠯ ᠢ ᠤᠩᠰᠢᠬᠤ᠂ ᠤᠭ ᠵᠤᠬᠢᠶᠠᠯ ᠢ ᠰᠤᠷᠤᠯᠴᠠᠬᠤ᠂ ᠤᠭ ᠶᠤᠰᠤ ᠵᠢ᠌ ᠨᠢ᠌ ᠤᠢᠢᠯᠠᠭᠠᠬᠤ ᠵᠢ᠌ ᠪᠠᠷᠢᠮᠳᠠᠯᠠᠵᠤ᠂ ᠨᠡᠪᠲᠡᠷᠠᠳᠡᠯ᠎ᠠ ᠤᠢᠢᠯᠠᠭᠠᠵᠤ ᠪᠤᠳᠠᠳᠠᠢ᠌ ᠠᠵᠢᠯᠯᠠᠬᠤ ᠲᠠᠯ᠎ᠠ ᠪᠡᠷ ᠬᠦᠴᠦ ᠤᠷᠤᠭᠤᠯᠵᠤ᠂ ᠰᠢ᠌ ᠵᠢᠨ ᠫᠢᠩ ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠲᠠᠢ᠌ ᠨᠡᠢᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠬᠤ ᠠᠴᠢ᠌ ᠬᠤᠯᠪᠤᠭᠳᠠᠯ᠂ ᠲᠡᠤᠬᠡᠨ ᠪᠠᠢᠢᠷᠢ᠌ ᠰᠠᠭᠤᠷᠢ᠌᠂ ᠪᠠᠶᠠᠯᠢᠭ ᠠᠭᠤᠯᠤᠭᠳᠠᠬᠤᠨ᠂ ᠵᠤᠷᠢᠭ ᠰᠠᠨᠠᠭᠠᠨ ᠤ ᠮᠦᠨ ᠴᠢᠨᠠᠷ ᠪᠤᠯᠤᠨ ᠦᠢᠯᠡᠳᠦᠯᠭᠡ ᠵᠢᠨ ᠱᠠᠭᠠᠷᠳᠠᠯᠭ᠎ᠠ ᠵᠢ᠌ ᠭᠦᠨᠵᠡᠭᠡᠢ᠌ ᠤᠢᠢᠯᠠᠭᠠᠨ ᠡᠵᠡᠮᠰᠢᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠠ ᠦᠷ᠎ᠠ ᠪᠦᠲᠦᠭᠡᠯ ᠢᠶᠡᠷ ᠲᠠᠷᠢᠬᠢ ᠲᠤᠯᠤᠭᠠᠢ᠌ ᠪᠠᠨ ᠵᠡᠪᠰᠡᠭᠯᠡᠵᠤ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠡᠨ ᠠᠬᠢᠭᠤᠯᠤᠨ᠎ᠠ ᠭᠡᠵᠤ ᠤᠯᠠᠨ ᠢᠶᠡᠷ ᠢᠶᠡᠨ ᠢᠯᠡᠳᠭᠡᠵᠡᠭᠡᠪᠡ᠃

    ᠤᠯᠠᠨ ᠢᠶᠡᠷ ᠢᠶᠡᠨ᠂ ᠲᠦᠪ ᠤᠨ ᠱᠠᠭᠠᠷᠳᠠᠯᠭ᠎ᠠ ᠪᠤᠯᠤᠨ ᠪᠠᠢᠢᠷᠢᠯᠠᠭᠤᠯᠤᠯᠲᠠ ᠶᠤᠰᠤᠭᠠᠷ᠂ ᠦᠨᠳᠦᠰᠦᠨ ᠱᠠᠳᠤᠨ ᠳᠦ ᠴᠢᠭᠯᠡᠭᠦᠯᠦᠭᠰᠡᠨ ᠨᠢᠭᠤᠷᠳᠠᠬᠤ ᠬᠡᠯᠪᠡᠷᠢ᠌ ᠵᠢᠨ᠂ ᠬᠠᠷᠢᠯᠴᠠᠨ ᠬᠤᠷᠰᠢᠯᠴᠠᠬᠤ ᠬᠡᠯᠪᠡᠷᠢ᠌ ᠵᠢᠨ ᠤᠬᠠᠭᠤᠯᠤᠨ ᠲᠠᠢᠢᠯᠪᠤᠷᠢᠯᠠᠬᠤ ᠠᠵᠢᠯᠯᠠᠭ᠎ᠠ ᠵᠢ᠌ ᠨᠠᠷᠢᠨ ᠬᠢᠨᠠᠮᠠᠭᠠᠢ᠌ ᠵᠤᠬᠢᠶᠠᠨ ᠪᠠᠢᠢᠭᠤᠯᠵᠤ᠂ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠵᠢᠨ ᠪᠤᠳᠠᠳᠤ ᠪᠠᠢᠢᠳᠠᠯ᠂ ᠠᠵᠢᠯ ᠤᠨ ᠪᠤᠳᠠᠳᠤ ᠪᠠᠢᠢᠳᠠᠯ ᠲᠠᠢ᠌ ᠨᠢᠭᠳᠠ ᠤᠶᠠᠯᠳᠤᠭᠤᠯᠵᠤ᠂ ᠠᠰᠠᠭᠤᠳᠠᠯ ᠢᠶᠡᠷ ᠤᠳᠤᠷᠢᠳᠤᠮᠵᠢ᠌ ᠪᠤᠯᠭᠠᠬᠤ ᠵᠢ᠌ ᠴᠢᠬᠤᠯᠠᠴᠢᠯᠠᠵᠤ᠂ ᠡᠷᠡᠭᠡᠯᠵᠡᠭᠡ ᠢᠢ᠌ ᠠᠷᠢᠯᠭᠠᠬᠤ ᠲᠠᠢᠢᠯᠪᠤᠷᠢᠯᠠᠯ ᠬᠢᠬᠦ ᠵᠢ᠌ ᠴᠢᠬᠤᠯᠠᠴᠢᠯᠠᠵᠤ᠂ ᠺᠠᠳ᠋ᠷ ᠤᠯᠠᠨ ᠲᠦᠮᠡᠨ ᠤ ᠠᠩᠬᠠᠷᠴᠤ ᠪᠠᠢᠢᠭ᠎ᠠ ᠬᠠᠯᠠᠮᠵᠢᠯᠠᠵᠤ ᠪᠠᠢᠢᠭ᠎ᠠ ᠠᠰᠠᠭᠤᠳᠠᠯ ᠳᠦ ᠬᠠᠷᠢᠭᠤᠯᠳᠠ ᠦᠭᠴᠤ᠂ ᠤᠬᠠᠭᠤᠯᠤᠨ ᠲᠠᠢᠢᠯᠪᠤᠷᠢᠯᠠᠬᠤ ᠠᠵᠢᠯᠯᠠᠭ᠎ᠠ ᠵᠢᠨ ᠬᠠᠨᠳᠤᠯᠭᠠᠲᠦ ᠴᠢᠨᠠᠷ ᠪᠠ ᠦᠷ᠎ᠠ ᠪᠦᠲᠦᠮᠵᠢᠲᠦ ᠴᠢᠨᠠᠷ ᠢ ᠤᠯᠠᠮ ᠴᠢᠨᠠᠭᠰᠢᠳᠠ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠵᠢ᠌ ᠳᠤᠳᠤᠷᠬᠠᠢ᠌ ᠲᠠᠢᠢᠯᠪᠤᠷᠢᠯᠠᠵᠤ᠂ ᠤᠢᠢᠯᠠᠭᠠᠳᠠᠯ᠎ᠠ ᠲᠠᠢᠢᠯᠪᠤᠷᠢᠯᠠᠵᠤ᠂ ᠤᠯᠠᠨ ᠲᠦᠮᠡᠨ ᠳᠦ ᠲᠦᠬᠦᠭᠡᠷᠡᠭᠦᠯᠵᠤ᠂ ᠡᠵᠡᠮᠰᠢᠭᠦᠯᠤᠨ᠎ᠠ ᠭᠡᠵᠤ ᠢᠯᠡᠳᠭᠡᠵᠡᠭᠡᠵᠠᠢ᠌᠃

    ᠡᠯ᠎ᠠ ᠭᠠᠵᠠᠷ ᠤᠨ ᠨᠠᠮ ᠤᠨ ᠬᠤᠷᠢᠶᠠᠨ ᠤ ᠤᠬᠠᠭᠤᠯᠬᠤ ᠰᠠᠯᠠᠭ᠎ᠠ ᠮᠦᠴᠢᠷ ᠤᠨ ᠬᠠᠮᠢᠶ᠎ᠠ ᠪᠦᠬᠦᠢ᠌ ᠬᠠᠷᠢᠭᠤᠴᠠᠯᠭᠠᠳᠠᠨ᠂ ᠤᠬᠠᠭᠤᠯᠤᠨ ᠲᠠᠢᠢᠯᠪᠤᠷᠢᠯᠠᠬᠤ ᠪᠦᠯᠬᠦᠮ ᠤᠨ ᠳᠠᠷᠤᠭ᠎ᠠ᠂ ᠤᠨᠤᠯ ᠤᠨ ᠭᠠᠵᠠᠷ ᠤᠨ ᠲᠠᠷᠤᠭ᠎ᠠ᠂ ᠦᠨᠳᠦᠰᠦᠨ ᠱᠠᠳᠤᠨ ᠤ ᠤᠨᠤᠯ ᠤᠨ ᠤᠬᠠᠭᠤᠯᠤᠨ ᠲᠠᠢᠢᠯᠪᠤᠷᠢᠯᠠᠬᠤ ᠲᠡᠷᠢᠬᠦᠨ ᠤ ᠨᠡᠢᠢᠳᠡᠯᠢᠭ ᠵᠢᠱᠢᠶ᠎ᠠ ᠢᠢᠨ ᠲᠦᠯᠥᠬᠡᠯᠡᠭᠴᠢ᠌ ᠰᠤᠳᠤᠯᠤᠨ ᠶᠠᠷᠢᠯᠴᠠᠬᠤ ᠠᠩᠬᠢ ᠳ᠋ᠤ ᠤᠷᠤᠯᠴᠠᠵᠠᠢ᠌᠃

ᠢᠷᠡᠯᠳᠡ᠄ ᠰ᠋ᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121919469