ᠰᠢ ᠵᠢᠨ ᠫᠢᠩ ᠤᠯᠠᠨ ᠤᠯᠤᠰ ᠤᠨ ᠬᠤᠯᠤᠰᠤ ᠤᠷᠢᠶᠠᠩᠭᠤ ᠶᠢᠨ ᠵᠤᠬᠢᠶᠠᠨ ᠪᠠᠶᠢᠭᠤᠯᠤᠯᠳᠠ ᠪᠠᠶᠢᠭᠤᠯᠤᠭᠳᠠᠭᠰᠠᠨ 20 ᠵᠢᠯ ᠤᠨ ᠤᠢ ᠳᠤ ᠪᠠᠶᠠᠷ ᠤᠨ ᠵᠠᠬᠢᠶ᠎ᠠ ᠢᠯᠡᠬᠡᠪᠡ 2017-11-07 18:01

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ   ᠤᠯᠠᠨ ᠤᠯᠤᠰ ᠤᠨ ᠬᠤᠯᠤᠰᠤ ᠤᠷᠢᠶᠠᠩᠭᠤ ᠶᠢᠨ ᠵᠤᠬᠢᠶᠠᠨ ᠪᠠᠶᠢᠭᠤᠯᠤᠯᠳᠠ ᠪᠠᠶᠢᠭᠤᠯᠤᠭᠳᠠᠭᠰᠠᠨ 20 ᠵᠢᠯ ᠤᠨ ᠤᠢ ᠶᠢᠨ ᠪᠠᠶᠠᠷ ᠵᠢᠴᠢ ᠬᠤᠯᠤᠰᠤ ᠤᠷᠢᠶᠠᠩᠭᠤ ᠶᠢᠨ ᠪᠤᠬᠢᠷᠳᠤᠯ ᠦᠬᠡᠢ ᠬᠦᠭᠵᠢᠯᠳᠡ ᠬᠢᠬᠡᠳ ᠡᠮᠦᠨᠡᠳᠦ ᠬᠠᠭᠠᠰ ᠪᠦᠮᠪᠦᠷᠴᠡᠭ ᠤᠨ ᠬᠠᠮᠳᠤ ᠶᠢᠨ ᠠᠵᠢᠯᠯᠠᠭᠠᠨ ᠤ ᠰᠠᠶᠢᠳ ᠨᠠᠷ ᠤᠨ ᠳᠡᠬᠡᠳᠦ ᠳᠦᠪᠰᠢᠨ ᠤ ᠹᠤᠷᠦ᠋ᠮ 6 ᠤ ᠡᠳᠦᠷ ᠪᠡᠬᠡᠵᠢᠩ ᠳᠤ ᠪᠤᠯᠪᠠ᠃ ᠤᠯᠤᠰ ᠤᠨ ᠳᠡᠷᠢᠬᠦᠯᠡᠭᠴᠢ ᠰᠢ ᠵᠢᠨ ᠫᠢᠩ ᠵᠠᠬᠢᠶ᠎ᠠ ᠢᠯᠡᠬᠡᠵᠤ ᠪᠠᠶᠠᠷ ᠬᠦᠷᠬᠡᠵᠡᠢ᠃

    ᠰᠢ ᠵᠢᠨ ᠫᠢᠩ᠂ ᠬᠤᠯᠤᠰᠤ ᠤᠷᠢᠶᠠᠩᠭᠤ ᠶᠢᠨ ᠵᠤᠬᠢᠶᠠᠨ ᠪᠠᠶᠢᠭᠤᠯᠤᠯᠳᠠ ᠪᠠᠶᠢᠭᠤᠯᠤᠭᠳᠠᠭᠰᠠᠨ 20 ᠵᠢᠯ ᠤᠨ ᠳᠤᠷᠰᠢ ᠳᠡᠯᠡᠬᠡᠢ ᠶᠢᠨ ᠬᠤᠯᠤᠰᠤ ᠤᠷᠢᠶᠠᠩᠭᠤ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠠᠯᠬᠤᠮ ᠢᠶᠡᠨ ᠳᠦᠷᠬᠡᠳᠬᠡᠵᠤ᠂ ᠬᠤᠯᠤᠰᠤ ᠤᠷᠢᠶᠠᠩᠭᠤ ᠶᠢᠨ ᠦᠢᠯᠡᠳᠪᠦᠷᠢᠯᠡᠯ ᠤᠨ ᠪᠦᠰᠡ ᠳ᠋ᠡᠬᠢ ᠶᠠᠳᠠᠭᠤ ᠡᠴᠡ ᠠᠩᠬᠢᠵᠢᠷᠠᠭᠤᠯᠬᠤ ᠠᠵᠢᠯ ᠢ ᠠᠬᠢᠭᠤᠯᠬᠤ᠂ ᠬᠤᠯᠤᠰᠤ ᠤᠷᠢᠶᠠᠩᠭᠤ ᠶᠢᠨ ᠪᠦᠳᠦᠬᠡᠭᠳᠡᠬᠦᠨ ᠤ ᠬᠤᠳᠠᠯᠳᠤᠭ᠎ᠠ ᠶᠢ ᠬᠦᠭᠵᠢᠬᠦᠯᠬᠦ᠂ ᠳᠤᠭᠳᠠᠪᠤᠷᠢᠳᠠᠢ ᠬᠦᠭᠵᠢᠯᠳᠡ ᠶᠢ ᠠᠬᠢᠭᠤᠯᠬᠤ ᠳᠤ ᠢᠳᠡᠪᠬᠢᠳᠡᠢ ᠡᠬᠦᠷᠬᠡ ᠬᠦᠢᠴᠡᠳᠬᠡᠭᠰᠡᠨ ᠬᠡᠵᠤ ᠵᠢᠭᠠᠵᠤ ᠭᠠᠷᠭᠠᠵᠠᠢ᠃

    ᠰᠢ ᠵᠢᠨ ᠫᠢᠩ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭᠠᠨ ᠤ ᠪᠦᠬᠦ ᠤᠯᠤᠰ ᠤᠨ ᠳᠦᠯᠦᠬᠡᠯᠡᠭᠴᠢᠳ ᠤᠨ ᠶᠡᠬᠡ ᠬᠤᠷᠠᠯ ᠢᠶᠡᠷ ᠳᠤᠮᠳᠠᠳᠤ ᠤᠯᠤᠰ ᠨᠢ ᠬᠦᠮᠦᠨ ᠪᠠᠶᠢᠭᠠᠯᠢ ᠶᠢᠨ ᠡᠶ᠎ᠡ ᠵᠤᠬᠢᠴᠠᠯ ᠢ ᠪᠠᠷᠢᠮᠳᠠᠯᠠᠵᠤ᠂ ᠨᠡᠶᠢᠬᠡᠮ ᠵᠢᠷᠤᠮᠳᠤ ᠨᠡᠶᠢᠬᠡᠮ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ᠬᠦᠴᠦᠯᠡᠨ᠂ ᠪᠤᠬᠢᠷᠳᠤᠯ ᠦᠬᠡᠢ ᠬᠦᠭᠵᠢᠯᠳᠡ ᠶᠢᠨ ᠵᠠᠮ ᠢᠶᠡᠷ ᠵᠠᠮᠨᠠᠵᠤ᠂ ᠦᠵᠡᠰᠬᠦᠯᠡᠩᠳᠤ ᠳᠤᠮᠳᠠᠳᠤ ᠤᠯᠤᠰ ᠢ ᠪᠠᠶᠢᠭᠤᠯᠤᠨ᠎ᠠ ᠬᠡᠵᠤ ᠳᠤᠷᠠᠳᠤᠭᠰᠠᠨ᠃ ᠳᠤᠮᠳᠠᠳᠤ ᠤᠯᠤᠰ ᠦᠷᠬᠦᠯᠵᠢᠯᠡᠨ ᠬᠤᠯᠤᠰᠤᠨ ᠤᠷᠢᠶᠠᠩᠭᠤ ᠶᠢᠨ ᠵᠤᠬᠢᠶᠠᠨ ᠪᠠᠶᠢᠭᠤᠯᠤᠯᠳᠠ ᠶᠢᠨ ᠠᠵᠢᠯ ᠢ ᠳᠡᠮᠵᠢᠵᠤ᠂ ᠳᠤᠷᠠᠳᠠᠶ᠎ᠠ ᠲᠡᠯᠡᠬᠡᠢ ᠨᠡᠢᠢᠭᠡᠮ ᠤᠨ ᠬᠠᠮᠳᠤ 2030 ᠤᠨ ᠤ ᠳᠤᠭᠳᠠᠪᠤᠷᠢᠳᠠᠢ ᠬᠦᠭᠵᠢᠯᠳᠡ ᠶᠢᠨ ᠬᠦᠳᠦᠯᠪᠦᠷᠢ ᠶᠢ ᠢᠳᠡᠪᠬᠢᠳᠡᠢ ᠳᠤᠤᠱᠯᠠᠭᠤᠯᠵᠤ᠂ ᠳᠡᠯᠡᠬᠡᠢ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠤᠨ᠂ ᠬᠦᠮᠦᠨ ᠳᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠪᠦᠷᠢᠯᠳᠦᠯ ᠢ ᠠᠬᠢᠭᠤᠯᠵᠤ᠂ ᠨᠡᠩ ᠦᠵᠡᠰᠬᠦᠯᠡᠩᠳᠡᠢ ᠳᠡᠯᠡᠬᠡᠢ ᠶᠢᠷᠳᠢᠨᠴᠦ ᠶᠢ ᠬᠠᠮᠳᠤᠪᠠᠷ ᠪᠠᠶᠢᠭᠤᠯᠤᠨ᠎ᠠ ᠬᠡᠵᠤ ᠴᠢᠬᠤᠯᠠᠴᠢᠯᠠᠵᠠᠢ᠃

    ᠬᠤᠯᠤᠰᠤ ᠤᠷᠢᠶᠠᠩᠭᠤ ᠶᠢᠨ ᠵᠤᠬᠢᠶᠠᠨ ᠪᠠᠶᠢᠭᠤᠯᠤᠯᠳᠠ 1997 ᠤᠨ ᠳᠤ ᠪᠠᠶᠢᠭᠤᠯᠤᠭᠳᠠᠭᠰᠠᠨ᠂ ᠳᠤᠮᠳᠠᠳᠤ ᠤᠯᠤᠰ ᠲᠤ ᠠᠩᠬ᠎ᠠ ᠪᠠᠶᠢᠭᠤᠯᠤᠭᠰᠠᠨ ᠵᠠᠰᠠᠭ ᠤᠨ ᠭᠠᠵᠠᠷ ᠤᠨ ᠬᠤᠭᠤᠷᠤᠨᠳᠤ ᠶᠢᠨ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠪᠤᠯᠬᠤ ᠶᠤᠮ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121919971