蒙古文网站Logo
ᠰᠢᠨᠬᠤᠸᠠ ᠮᠤᠩᠭ᠋ᠤᠯ ᠨᠧᠲ

ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ《ᠴᠡᠷᠢᠭ ᠤᠨ ᠶᠠᠪᠤᠳᠠᠯ ᠤᠨ ᠬᠤᠷᠢᠶ᠍ᠠᠨ ᠤ ᠲᠡᠷᠢᠬᠦᠯᠡᠭᠴᠢ  ᠶᠢᠨ ᠬᠠᠷᠢᠭᠤᠴᠠᠯᠭ᠎ᠠ ᠢᠢᠨ ᠲᠦᠷᠢᠮ ᠢ ᠪᠦᠬᠦ ᠲᠠᠯ᠎ᠠ ᠪᠡᠷ ᠬᠦᠨᠵᠡᠬᠡᠢ ᠲᠤᠤᠱᠯᠠᠭᠤᠯᠬᠤ ᠲᠤᠬᠠᠢ ᠰᠠᠨᠠᠯ 》 ᠢ ᠲᠠᠷᠤᠮᠠᠯᠯᠠᠨ ᠲᠠᠷᠬᠠᠭᠠᠪᠠ

2017-11-07 18:04

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠢᠢᠨ 5 ᠤ ᠡᠳᠦᠷ ᠤᠨ ᠴᠠᠬᠢᠯᠭᠠᠨ ᠮᠡᠳᠡᠭᠡ   ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠢᠢ ᠲᠤᠤᠱᠯᠠᠭᠤᠯᠤᠨ ᠨᠠᠢᠢᠳᠠᠪᠤᠷᠢᠵᠢᠭᠤᠯᠵᠥ᠂ 《ᠨᠠᠮ ᠤᠨ ᠲᠦᠪ ᠬᠤᠷᠢᠶ᠍ᠠᠨ ᠤ ᠲᠦᠪᠯᠡᠷᠡᠭᠰᠡᠡ ᠨᠢᠬᠡᠳᠤᠯᠳᠡᠢ ᠤᠳᠤᠷᠢᠳᠤᠯᠭ᠎ᠠ ᠢᠢ ᠴᠢᠩᠭᠠᠳᠬᠠᠬᠤ ᠪᠠ ᠬᠠᠮᠠᠭᠠᠯᠠᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠍ᠠᠨ ᠤ ᠤᠯᠤᠰ ᠲᠦᠷᠦ ᠢᠢᠨ ᠲᠤᠪᠴᠢᠶ᠍ᠠᠨ ᠪ ᠲᠤᠭᠳᠠᠭᠠᠯ ᠤᠳ》 ᠢ ᠲᠤᠤᠱᠯᠠᠭᠤᠯᠤᠨ ᠨᠠᠢᠢᠳᠠᠪᠤᠷᠢᠵᠢᠭᠤᠯᠬᠤ ᠢᠢᠨ ᠲᠦᠯᠥᠬᠡ᠂ ᠤᠢᠢᠷ᠎ᠠ ᠢᠢᠨ ᠡᠳᠤᠷ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠡᠴᠡ《ᠴᠡᠷᠢᠭ ᠤᠨ ᠶᠠᠪᠤᠳᠠᠯ ᠤᠨ ᠬᠤᠷᠢᠶ᠍ᠠᠨ ᠤ ᠲᠡᠷᠢᠬᠦᠯᠡᠭᠴᠢ ᠢᠢᠨ ᠬᠠᠷᠢᠭᠤᠴᠠᠯᠭ᠎ᠠ ᠢᠢᠨ ᠲᠦᠷᠢᠮ ᠢ ᠪᠦᠬᠦ ᠲᠠᠯ᠎ᠠ ᠪᠡᠷ ᠬᠦᠨᠵᠡᠬᠡᠢ ᠲᠤᠤᠱᠯᠠᠭᠤᠯᠬᠤ ᠲᠤᠬᠠᠢ ᠰᠠᠨᠠᠯ》 ᠢ ᠲᠠᠷᠤᠮᠠᠯᠯᠠᠨ ᠲᠠᠷᠬᠠᠭᠠᠪᠠ᠃

    《ᠰᠠᠨᠠᠯ》ᠳ᠋ᠤ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠲᠡᠷᠢᠬᠦᠯᠡᠭᠴᠢ ᠢᠢᠨ ᠬᠠᠷᠢᠭᠤᠴᠠᠯᠭ᠎ᠠ ᠢᠢᠨ ᠲᠦᠷᠢᠮ ᠢ ᠬᠡᠷᠡᠭᠵᠢᠬᠦᠯᠬᠦ ᠪᠤᠯ ᠨᠠᠮ ᠪᠤᠯᠤᠨ ᠤᠯᠤᠰ ᠤᠨ ᠴᠡᠷᠢᠭ ᠤᠨ ᠶᠠᠪᠤᠳᠠᠯ ᠤᠨ ᠤᠳᠤᠷᠢᠳᠬᠤ ᠲᠦᠷᠢᠮ ᠤᠨ ᠤᠷᠳᠤ ᠬᠤᠭᠤᠴᠠᠭᠠᠨ ᠤ ᠬᠦᠭᠵᠢᠯᠳᠡ ᠢᠢᠨ ᠴᠢᠬᠤᠯᠠ ᠶᠡᠬᠡ ᠦᠷ᠎ᠠ ᠪᠦᠳᠦᠭᠡᠯ ᠮᠥᠨ᠂ ᠲᠡᠷᠡ ᠨᠢ ᠮᠠᠨ ᠤ ᠨᠠᠮ ᠤᠨ ᠴᠡᠷᠢᠭ ᠪᠠᠢᠢᠭᠤᠯᠬᠤ ᠴᠡᠷᠢᠭ ᠢ ᠵᠠᠰᠠᠬᠤ ᠨᠠᠨᠳ᠋ᠢᠨ ᠲᠤᠷᠰᠢᠯᠭ᠎ᠠ ᠪᠤᠯᠤᠨ ᠰᠢᠯᠢᠳᠡᠭ ᠤᠯᠠᠮᠵᠢᠯᠠᠯ ᠢ ᠲᠤᠰᠬᠠᠬᠰᠠᠨ ᠪᠠᠢᠢᠨ᠎ᠠ᠃ ᠴᠡᠷᠢᠭ ᠤᠨ ᠶᠠᠪᠤᠳᠠᠯ ᠤᠨ ᠬᠤᠷᠢᠶ᠍ᠠᠨ ᠤ ᠲᠡᠷᠢᠬᠦᠯᠡᠭᠴᠢ ᠢᠢᠨ ᠬᠠᠷᠢᠭᠤᠴᠠᠯᠭ᠎ᠠ ᠢᠢᠨ ᠲᠦᠷᠢᠮ ᠢ ᠬᠦᠨᠵᠡᠬᠡᠢ ᠲᠤᠤᠱᠯᠠᠭᠤᠯᠬᠤ ᠨᠢ ᠠᠷᠠᠳ ᠤᠨ ᠴᠡᠷᠢᠭ ᠠᠩᠬᠢ ᠢᠢᠨ ᠪᠠᠢᠢᠭᠤᠯᠤᠯᠳᠠ ᠢᠢᠨ ᠦᠨᠳᠦᠰᠦᠨ ᠴᠢᠭᠯᠡᠯ ᠲᠠᠢ ᠬᠤᠯᠪᠤᠭᠳᠠᠵᠥ᠂ ᠰᠢᠨ᠎ᠠ ᠴᠠᠭ ᠦᠶ᠎ᠠ ᠢᠢᠨ ᠤᠯᠤᠰ ᠢ ᠬᠦᠴᠦᠷᠬᠡᠭᠵᠢᠭᠦᠯᠬᠦ ᠴᠡᠷᠢᠭ ᠢ ᠬᠦᠴᠦᠷᠭᠡᠭᠵᠢᠬᠦᠯᠬᠦ ᠦᠢᠯᠡᠰ ᠤᠨ ᠬᠦᠭᠵᠢᠯᠳᠡ ᠲᠠᠢ ᠬᠤᠯᠪᠤᠭᠳᠠᠵᠥ᠂ ᠨᠠᠮ ᠪᠤᠯᠤᠨ ᠤᠯᠤᠰ ᠤᠨ ᠦᠨᠢ ᠤᠳᠠᠭᠠᠨ ᠤ ᠠᠮᠤᠷ ᠲᠦᠪᠰᠢᠨ ᠲᠠᠢ ᠬᠤᠯᠪᠤᠭᠳᠠᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠢᠢᠬᠡᠮ ᠵᠢᠷᠤᠮ ᠤᠨ ᠠᠯᠤᠰ ᠢᠷᠡᠬᠡᠳᠤᠢ ᠪᠠ ᠬᠤᠪᠢ ᠵᠠᠶ᠍ᠠᠭ᠎ᠠ ᠲᠠᠢ ᠬᠤᠯᠪᠤᠭᠳᠠᠨ᠎ᠠ ᠬᠡᠵᠥ ᠵᠢᠭᠠᠵᠤ ᠭᠠᠷᠭᠠᠪᠠ᠃

    《ᠰᠠᠨᠠᠯ》 ᠳ᠋ᠤ᠂ ᠰᠢ ᠵᠢᠨ ᠫᠢᠩ ᠤᠨ ᠰᠢᠨ᠎ᠠ ᠴᠠᠬ ᠦᠶ᠎ᠠ ᠢᠢᠨ ᠳᠤᠮᠳᠠᠳᠤ ᠤᠯᠤᠰ ᠦᠨ ᠤᠨᠴᠠᠯᠢᠬ ᠳᠠᠢ ᠨᠡᠢᠢᠬᠡᠮ ᠵᠢᠷᠤᠮ ᠦᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠰᠢ ᠵᠢᠨ ᠫᠢᠩ ᠦᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠢᠢ ᠪᠦᠬᠦ ᠲᠠᠯ᠎ᠠ ᠪᠡᠷ ᠲᠤᠤᠱᠯᠠᠭᠤᠯᠵᠤ᠂ ᠨᠠᠮ ᠦᠨ ᠴᠡᠷᠢᠭ ᠠᠩᠬᠢ ᠳ᠋ᠡᠬᠢ ᠬᠠᠷᠢᠴᠠᠯᠠᠰᠢ ᠦᠬᠡᠢ ᠤᠳᠤᠷᠢᠳᠤᠯᠭ᠎ᠠ ᠢᠢᠨ ᠦᠨᠳᠤᠰᠤᠨ ᠵᠠᠷᠴᠢᠮ ᠪᠤᠯᠤᠨ ᠲᠦᠷᠢᠮ ᠢ ᠪᠦᠬᠦ ᠲᠠᠯ᠎ᠠ ᠪᠡᠷ ᠲᠤᠤᠱᠯᠠᠭᠤᠯᠵᠤ᠂ ᠤᠯᠤᠰ ᠲᠦᠷᠤ᠂ ᠦᠵᠡᠯ ᠰᠠᠨᠠᠭ᠎ᠠ᠂ ᠵᠤᠬᠢᠶ᠍ᠠᠨ ᠪᠠᠢᠢᠭᠤᠯᠤᠯᠳᠠ᠂ ᠲᠦᠷᠢᠮ᠂ ᠰᠤᠷᠳᠠᠯ ᠦᠨ ᠲᠠᠯ᠎ᠠ ᠪᠡᠷ ᠴᠡᠷᠢᠭ ᠦᠨ ᠶᠠᠪᠤᠳᠠᠯ ᠤᠨ ᠬᠤᠷᠢᠶ᠍ᠠᠨ ᠦ ᠲᠡᠷᠢᠬᠦᠯᠡᠭᠴᠢ ᠢᠢᠨ ᠬᠠᠷᠢᠭᠤᠴᠠᠯᠭ᠎ᠠ ᠢᠢᠨ ᠲᠦᠷᠢᠮ ᠢ ᠲᠤᠤᠱᠯᠠᠭᠤᠯᠬᠤ ᠳᠤ ᠪᠠᠳᠤ ᠴᠢᠩᠭ᠎ᠠ ᠪᠠᠳᠤᠯᠠᠭ᠎ᠠ ᠬᠠᠩᠭᠠᠵᠤ᠂ ᠪᠦᠬᠦ ᠴᠡᠷᠢᠭ ᠦᠨ ᠬᠠᠷᠢᠴᠠᠯᠠᠰᠢ ᠦᠬᠡᠢ ᠦᠨᠡᠨᠴᠢ ᠰᠢᠳᠤᠷᠭᠤ᠂ ᠬᠠᠷᠢᠴᠠᠯᠠᠰᠢ ᠦᠬᠡᠢ ᠠᠷᠢᠭᠤᠨ ᠴᠢᠬᠡᠴᠢ᠂ ᠬᠠᠷᠢᠴᠠᠯᠠᠰᠢ ᠦᠬᠡᠢ ᠨᠠᠢᠢᠳᠠᠪᠤᠷᠢᠳᠠᠢ ᠪᠠᠢᠢᠬᠤ ᠢᠢ ᠦᠨᠡᠨᠬᠦ ᠪᠠᠳᠤᠯᠠᠵᠤ᠂ ᠲᠡᠷᠢᠬᠦᠯᠡᠭᠴᠢ ᠰᠢ ᠵᠢᠨ ᠫᠢᠩ ᠦᠨ ᠵᠢᠯᠤᠭᠤᠳᠤᠯᠭ᠎ᠠ ᠢᠢ ᠡᠷᠡᠰ ᠰᠤᠨᠤᠰᠴᠤ᠂ ᠲᠡᠷᠢᠬᠦᠯᠡᠭᠴᠢ ᠰᠢ ᠵᠢᠨ ᠫᠢᠩ ᠳᠤ ᠬᠠᠷᠢᠭᠤᠴᠠᠵᠤ᠂ ᠲᠡᠷᠢᠬᠦᠯᠡᠭᠴᠢ ᠰᠢ ᠵᠢᠨ ᠫᠢᠩ ᠢ ᠰᠡᠳᠬᠢᠯ ᠠᠮᠤᠷ ᠪᠠᠢᠢᠯᠭᠠᠬᠤ ᠭᠡᠷᠡᠭᠳᠠᠢ ᠬᠡᠵᠤ ᠴᠢᠬᠤᠯᠠᠴᠢᠯᠠᠪᠠ᠃

    《ᠰᠠᠨᠠᠯ》 ᠳ᠋ᠤ ᠪᠠᠰᠠ ᠪᠦᠬᠦ ᠴᠡᠷᠢᠭ ᠦᠨ ᠡᠯ᠎ᠠ ᠱᠠᠳᠤᠨ ᠦ ᠴᠡᠷᠢᠭ ᠦᠨ ᠶᠠᠪᠤᠳᠠᠯ ᠦᠨ ᠬᠤᠷᠢᠶ᠍ᠠᠨ ᠦ ᠲᠡᠷᠢᠬᠦᠯᠡᠭᠴᠢ ᠢᠢᠨ ᠬᠠᠷᠢᠭᠤᠴᠠᠯᠭ᠎ᠠ ᠢᠢᠨ ᠲᠦᠷᠢᠮ ᠢ ᠪᠦᠬᠦ ᠲᠠᠯ᠎ᠠ ᠪᠡᠷ ᠲᠤᠤᠱᠯᠠᠭᠤᠯᠬᠤ ᠳᠤ ᠪᠤᠳᠠᠳᠠᠢ ᠱᠠᠭᠠᠷᠳᠠᠯᠭ᠎ᠠ ᠲᠤᠷᠠᠳᠤᠬᠰᠠᠨ ᠪᠠᠢᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121919977