蒙古文网站Logo
ᠰᠢᠨᠬᠤᠸᠠ ᠮᠤᠩᠭ᠋ᠤᠯ ᠨᠧᠲ

ᠰᠢᠨᠬᠤᠧᠠ ᠬᠤᠷᠢᠶᠠᠨ ᠤ ᠰᠢᠬᠦᠮᠵᠢ᠄ ᠰᠢᠨ᠎ᠡ ᠴᠠᠭ ᠦᠶ᠎ᠡ ᠶᠢ ᠳᠡᠮᠳᠡᠭᠯᠡᠭᠴᠢ ᠲᠠ ᠪᠦᠬᠦᠨ ᠳ᠋ᠡᠬᠡᠨ ᠪᠠᠶᠠᠷ ᠤᠨ ᠡᠳᠦᠷ ᠤᠨ ᠮᠡᠨᠳᠦ ᠬᠦᠷᠬᠡᠶ᠎ᠡ

2017-11-08 11:41

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠭᠡ   ᠠᠷᠪᠠᠨ ᠨᠠᠶ᠋ᠮᠠᠳᠡᠬᠢ ᠤᠳᠠᠭᠠᠨ ᠤ ᠰᠡᠳᠬᠦᠯᠴᠢᠳ ᠤᠨ ᠪᠠᠶᠠᠷ᠂ ᠳᠤᠮᠳᠠᠳᠤ ᠤᠯᠤᠰ ᠤᠨ ᠰᠡᠳᠬᠦᠯᠴᠢᠳ ᠤᠨ ᠡᠪᠯᠡᠯ ᠪᠠᠶᠢᠭᠤᠯᠤᠭᠳᠠᠭᠰᠠᠨ 80 ᠵᠢᠯ ᠤᠨ ᠤᠢ ᠦᠨᠦᠳᠦᠷ ᠳᠤᠬᠢᠶᠠᠵᠤ ᠪᠠᠶᠢᠨ᠎ᠠ᠃ ᠤᠯᠤᠰ ᠲᠠᠶᠠᠭᠠᠷ ᠤᠨ ᠰᠤᠨᠢᠨ ᠮᠡᠳᠡᠬᠡᠨ ᠤ ᠠᠵᠢᠯᠳᠠᠨ ᠤ ᠦᠪᠡᠷ ᠤᠨ ᠬᠢᠨᠢ ᠪᠠᠶᠠᠷ ᠳᠤᠷᠠᠰᠬᠠᠯ ᠪᠤᠯᠤᠭᠰᠠᠨ ᠡᠨᠡ ᠡᠳᠦᠷ᠂ ᠤᠨᠴᠠᠭᠠᠶᠢᠯᠠᠨ ᠳᠤᠬᠢᠷᠠᠭᠤᠯᠤᠭᠰᠠᠨ ᠠᠮᠠᠷᠠᠯᠳᠠ ᠬᠡᠵᠤ ᠦᠬᠡᠢ᠂ ᠰᠠᠨᠠᠭᠠᠴᠢᠯᠠᠭ᠎ᠠ ᠲᠠᠢ ᠳᠤᠬᠢᠷᠠᠭᠤᠯᠤᠭᠰᠠᠨ ᠬᠡᠮᠨᠡᠯ ᠲᠠᠢ ᠠᠵᠢᠯ ᠬᠡᠵᠤ ᠦᠬᠡᠢ᠂ ᠭᠠᠭᠴᠠᠬᠦ ᠤᠷᠬᠢᠯᠤᠮ᠎ᠠ ᠬᠠᠯᠠᠭᠤᠨ ᠰᠡᠳᠬᠢᠯ ᠢᠶᠡᠷ ᠪᠤᠷᠪᠢ ᠪᠤᠬᠢᠰᠬᠢᠯ ᠦᠬᠡᠢ ᠶᠠᠭᠠᠷᠠᠭᠰᠠᠨ ᠡᠳᠦᠷ ᠬᠤᠨᠤᠭ ᠤᠳ ᠯᠡ ᠬᠡᠪ ᠢᠶᠡᠷ ᠦᠷᠬᠦᠯᠵᠢᠯᠡᠨ᠎ᠡ᠃

    ᠳᠡᠤᠬᠡᠨ ᠬᠦᠷᠳᠤ ᠡᠷᠴᠢ ᠲᠠᠢ ᠡᠷᠬᠢᠭᠰᠡᠭᠡᠷ᠂ ᠡᠷᠡᠨ ᠵᠠᠭᠤᠨ ᠤ ᠠᠯᠬᠤᠭ᠎ᠠ ᠢᠳᠡᠷᠡᠬᠦᠨ ᠤᠷᠤᠭᠰᠢᠯᠠᠭᠰᠠᠭᠠᠷ᠂ ᠬᠡᠪᠯᠡᠯ ᠮᠡᠳᠡᠬᠡᠯᠡᠯ ᠤᠨ ᠠᠵᠢᠯᠳᠠᠳ ᠤᠨ ᠮᠦᠷᠦᠨ ᠳᠡᠬᠡᠷ᠎᠎ᠡ ᠪᠠᠰᠠ ᠨᠢᠬᠡᠨ ᠰᠢᠨ᠎ᠡ ᠡᠬᠦᠷᠬᠡ ᠬᠠᠷᠢᠭᠤᠴᠠᠯᠭ᠎ᠠ ᠨᠡᠮᠡᠭᠳᠡᠯ᠎ᠡ - ᠨᠡᠷ᠎ᠡ ᠨᠢᠳᠡᠷ ᠲᠡᠬᠡᠨ ᠳᠡᠩᠴᠡᠭᠰᠡᠨ ᠰᠢᠨ᠎ᠡ ᠴᠠᠭ ᠦᠶ᠎ᠡ ᠶᠢᠨ ᠳᠡᠮᠳᠡᠭᠯᠡᠭᠴᠢ ᠬᠢᠬᠡᠳ ᠳᠠᠮᠵᠢᠭᠤᠯᠤᠭᠴᠢ ᠪᠤᠯᠬᠤ ᠬᠡᠷᠡᠭᠳᠡᠢ᠃

    ᠨᠠᠮ ᠤᠨ ᠰᠤᠨᠢᠨ ᠮᠡᠳᠡᠬᠡᠨ ᠤ ᠠᠵᠢᠯᠳᠠᠨ ᠪᠤᠯ ᠠᠭᠤᠤ ᠶᠡᠬᠡ ᠴᠠᠭ ᠦᠶ᠎ᠡ ᠶᠢ ᠬᠡᠷᠡᠴᠢᠯᠡᠭᠴᠢ ᠶᠤᠮ᠃ ᠫᠤᠤ ᠶᠢᠨ ᠰᠤᠮᠤ ᠢᠰᠬᠡᠷᠴᠤ ᠳᠠᠷᠢ ᠶᠢᠨ ᠤᠳᠤᠭ᠎ᠠ ᠮᠠᠨᠠᠷᠠᠭᠰᠠᠨ ᠤᠨ ᠵᠢᠯ ᠤᠳ ᠲᠤ᠂ ᠴᠠᠬᠢᠯᠭᠠᠨ ᠳᠤᠯᠬᠢᠶᠠᠨ ᠢᠶᠡᠷ ᠳᠠᠮᠵᠢᠭᠳᠠᠭᠰᠠᠨ《ᠬᠤᠪᠢᠰᠬᠠᠯᠳᠤ ᠳᠤᠮᠳᠠᠳᠤ》ᠶ᠋ᠢᠨ ᠤᠷᠢᠶ᠎ᠠ ᠢᠯᠠᠯᠳᠠ ᠶᠢᠨ ᠢᠳᠡᠬᠡᠯ ᠵᠤᠷᠢᠭ ᠢ ᠳᠤᠩᠬᠠᠭᠯᠠᠵᠤ ᠪᠠᠶᠢᠯ᠎᠎ᠠ᠃ ᠳᠤᠬᠠᠢ ᠶᠢᠨ ᠦᠶ᠎ᠡ ᠳᠤ᠂ ᠭᠠᠭᠴᠠ 《ᠨᠢᠬᠡ ᠬᠠᠭᠠᠰ ᠷᠠᠳᠢᠣ᠋》 ᠪᠡᠷ ᠵᠢᠶᠠᠩᠰᠢ ᠶᠢᠨ ᠿᠦᠢᠵᠢᠨ ᠤ ᠭᠠᠭᠴᠠ ᠳᠠᠰᠤᠯᠭ᠎ᠠ ᠰᠢᠪᠠᠷ ᠪᠠᠶᠢᠰᠢᠩ ᠡᠴᠡ ᠰᠢᠨ᠎ᠡ ᠬᠤᠪᠢᠰᠬᠠᠯᠳᠤ ᠵᠠᠰᠠᠭ ᠤᠨ ᠡᠷᠬᠡ ᠪᠤᠢ ᠪᠤᠯᠤᠭᠰᠠᠨ ᠢ ᠳᠡᠯᠡᠬᠡᠢ ᠶᠢᠨ ᠦᠨᠴᠦᠭ ᠪᠤᠯᠤᠩ ᠤᠷᠤᠭᠤ ᠰᠠᠴᠤᠭᠰᠠᠨ ᠰᠠᠨ᠃ 《ᠳᠤᠮᠳᠠᠳᠤ ᠶᠢᠨ ᠪᠠᠷᠠᠭᠤᠨ ᠬᠤᠶᠢᠳᠤ ᠦᠨᠴᠦᠭ》 ᠡᠴᠡ 《ᠠᠷᠠᠳ ᠤᠨ ᠴᠢᠯᠦᠬᠡᠯᠡᠬᠦ ᠴᠡᠷᠢᠭ ᠤᠨ ᠵᠠᠭᠤᠨ ᠳᠦᠮᠡᠨ ᠴᠡᠷᠢᠭ᠌ ᠬᠦᠬᠡᠮᠦ᠋ᠷᠡᠨ ᠢ ᠭᠠᠳᠤᠯᠤᠭᠰᠠᠨ》 ᠬᠦᠷᠳᠡᠯ᠎ᠡ᠂ 《ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠦᠯᠢᠬᠡᠷ ᠳᠠᠭᠤᠷᠢᠶᠠᠯ - ᠵᠢᠶᠤᠤ ᠢᠤᠢ ᠯᠦ》 ᠡᠴᠡ 《ᠨᠡᠯᠦᠬᠡᠷ ᠳᠠᠯᠠᠢ ᠳᠤ ᠦᠨᠢᠳᠡ ᠨᠤᠶᠢᠷᠰᠤᠯ᠎ᠠ》 ᠬᠦᠷᠳᠡᠯ᠎ᠡ ᠁ ᠴᠠᠭ ᠦᠶ᠎ᠡ ᠶᠢᠨ ᠢᠯᠭᠤᠭᠰᠠᠨ ᠳᠠᠭᠤᠤ ᠶᠢ ᠦᠨᠡᠨᠴᠢ ᠰᠢᠳᠤᠷᠭᠤ ᠪᠡᠷ ᠪᠢᠴᠢᠭᠯᠡᠵᠤ᠂ ᠳᠡᠤᠬᠡᠨ ᠳᠡᠮᠳᠡᠭᠯᠡᠯ ᠬᠠᠯᠠᠭᠤᠨ ᠴᠢᠰᠤ ᠪᠡᠷ ᠳᠤᠭᠤᠷᠪᠢᠭᠳᠠᠵᠠᠢ᠃

    ᠦᠩᠬᠡᠷᠡᠭᠰᠡᠨ ᠵᠢᠯ ᠤᠳ ᠢ ᠡᠷᠬᠢᠨ ᠬᠠᠷᠠᠬᠤ ᠳᠤ᠂ ᠬᠡᠪᠯᠡᠯ ᠮᠡᠳᠡᠬᠡᠯᠡᠯ ᠤᠨ ᠠᠭᠤᠰᠤᠯᠴᠠᠭᠰᠠᠨ ᠬᠦᠭᠵᠢᠯ ᠢᠳᠡ ᠠᠪᠴᠤ᠂ ᠮᠡᠳᠡᠬᠡ ᠮᠡᠳᠡᠬᠡᠯᠡᠯ ᠤᠨ ᠤᠯᠠᠮᠵᠢᠯᠠᠭᠳᠠᠬᠤ ᠵᠠᠬᠪᠤᠷ ᠡᠳᠦᠷ ᠳᠤᠳᠤᠮ ᠰᠢᠨᠡᠴᠢᠯᠡᠭᠳᠡᠵᠤ ᠪᠠᠶᠢᠨ᠎ᠠ᠃ 《ᠰᠢᠨ᠎ᠡ》 ᠬᠡᠮᠡᠬᠦ ᠦᠬᠡ ᠤᠳᠤᠬᠠᠨ ᠤ ᠳᠤᠮᠳᠠᠳᠤ ᠤᠯᠤᠰ ᠤᠨ ᠰᠤᠨᠢᠨ ᠮᠳᠡᠬᠡᠨ ᠤ ᠠᠵᠢᠯᠳᠠᠨ ᠤᠨ ᠬᠦᠯᠢᠶᠡᠨ ᠠᠪᠤᠭᠴᠢᠳ ᠤᠨ ᠪᠠᠶᠢᠳᠠᠯ ᠪᠤᠯᠤᠨ ᠵᠦᠷᠢᠶᠡᠳᠦ ᠳᠠᠮᠵᠢᠭᠤᠯᠭ᠎ᠠ ᠶᠢᠨ ᠬᠠᠨᠳᠤᠰᠢ ᠳᠤ ᠰᠠᠨᠠᠭᠴᠢᠯᠠᠭ᠎ᠠ ᠡᠴᠡ ᠵᠤᠬᠢᠴᠠᠬᠤ ᠬᠡᠷᠡᠭᠳᠡᠢ ᠵᠦᠢᠯ ᠪᠤᠯᠵᠤ᠂ ᠦᠪᠡᠷᠰᠡᠳ ᠤᠨ ᠢᠶᠡᠨ ᠳᠠᠮᠵᠢᠭᠤᠯᠬᠤ ᠬᠦᠴᠦᠨ᠂ ᠦᠨᠡᠮᠰᠢᠬᠦᠯᠬᠦ ᠬᠦᠴᠦᠨ᠂ ᠨᠦᠯᠦᠬᠡᠯᠡᠬᠦ ᠬᠦᠴᠦᠨ ᠢᠶᠡᠨ ᠳᠠᠰᠤᠷᠠᠯᠳᠠ ᠦᠬᠡᠢ ᠳᠡᠬᠡᠭᠰᠢᠯᠡᠬᠦᠯᠬᠦ ᠴᠢᠬᠤᠯᠠ ᠲᠠᠢ ᠪᠤᠯᠵᠤ᠂ ᠨᠠᠮ ᠤᠨ ᠳᠦᠪ ᠬᠤᠷᠢᠶᠠᠨ ᠤ ᠤᠯᠤᠰ ᠢ ᠵᠠᠰᠠᠬᠤ ᠳᠦᠷᠦ ᠪᠠᠷᠢᠬᠤ ᠲᠠᠢ ᠬᠠᠷᠠᠭᠠᠯᠵᠠᠭᠰᠠᠨ ᠰᠤᠨᠢᠨ ᠮᠡᠳᠡᠬᠡᠨ ᠤ ᠴᠢᠨᠠᠷ ᠪᠤᠯᠤᠨ ᠰᠤᠨᠢᠨ ᠮᠡᠳᠡᠬᠡᠨ ᠤ ᠬᠦᠴᠦᠨ ᠢ ᠴᠢᠷᠮᠠᠶᠢᠨ ᠪᠦᠷᠢᠯᠳᠦᠬᠦᠯᠬᠦ ᠬᠡᠷᠡᠭᠳᠡᠢ ᠪᠤᠯᠪᠠ᠃

    ᠬᠦᠮᠦᠨ ᠪᠦᠬᠦᠨ ᠮᠢᠺᠷᠤᠹᠤᠨ ᠠᠳᠬᠤᠭᠰᠠᠨ ᠡᠨᠡᠬᠦ ᠴᠠᠭ ᠦᠶ᠎ᠡ ᠳᠤ᠂ ᠰᠤᠨᠢᠨ ᠮᠡᠳᠡᠬᠡᠨ ᠤ ᠦᠨᠡᠨ ᠪᠤᠳᠠᠳᠤ ᠴᠢᠨᠠᠷ ᠢ ᠪᠠᠷᠢᠮᠳᠠᠯᠠᠨ᠎ᠠ ᠬᠡᠳᠡᠭ ᠡᠷᠬᠢᠮ ᠨᠠᠨᠳᠢᠨ ᠵᠠᠷᠴᠢᠮ ᠤᠨ ᠠᠰᠠᠭᠤᠳᠠᠯ ᠪᠤᠯᠵᠤ ᠪᠠᠶᠢᠭ᠎ᠠ ᠶᠤᠮ᠃ 《ᠦᠨᠡᠨ ᠪᠤᠳᠠᠳᠤ ᠬᠡᠷᠡᠭ ᠤᠴᠢᠷ ᠲᠤ ᠦᠨᠳᠦᠰᠦᠯᠡᠨ ᠦᠨᠡᠨ ᠪᠤᠳᠠᠳᠠᠢ ᠪᠡᠷ ᠳᠡᠮᠳᠡᠭᠯᠡᠬᠦ ᠬᠡᠷᠡᠭᠳᠡᠢ᠂ ᠮᠦᠨ ᠵᠠᠷᠢᠮ ᠪᠤᠳᠠᠳᠠᠢ ᠬᠡᠷᠡᠭ ᠤᠴᠢᠷ ᠢ ᠤᠨᠤᠪᠴᠢᠳᠠᠢ ᠪᠡᠷ ᠮᠡᠳᠡᠬᠡᠯᠡᠬᠦ ᠬᠡᠷᠡᠭᠳᠡᠢ᠂ ᠪᠠᠰᠠ ᠬᠤᠷᠤ᠎ᠠ ᠳᠠᠯ᠎ᠠ ᠡᠴᠡ ᠬᠡᠷᠡᠭ ᠤᠴᠢᠷ ᠪᠤᠶᠤ ᠪᠤᠳᠠᠰ ᠤᠨ ᠪᠦᠬᠦ ᠳᠠᠯ᠎ᠠ ᠶᠢ ᠡᠵᠡᠮᠳᠡᠵᠤ ᠳᠤᠰᠬᠠᠬᠤ ᠬᠡᠷᠡᠭᠳᠡᠢ᠃》 ᠡᠨᠡ ᠪᠤᠯ ᠰᠢᠨ᠎ᠡ ᠴᠠᠭ ᠦᠶ᠎᠎ᠠ ᠶᠢᠨ ᠭᠡᠷᠡᠯᠳᠦᠬᠦᠯᠦᠭᠴᠢ ᠪᠠ ᠪᠠᠷᠠᠯᠠᠭᠴᠢ ᠪᠤᠯᠤᠭᠰᠠᠨ ᠪᠢᠳᠡᠨᠡᠷ ᠤᠨ ᠵᠦᠷᠢᠴᠡᠵᠤ ᠦᠯᠦ ᠪᠤᠯᠬᠤ ᠠᠵᠢᠯ ᠮᠡᠷᠬᠡᠵᠢᠯ ᠤᠨ ᠵᠠᠷᠴᠢᠮ ᠪᠤᠯᠬᠤ ᠶᠤᠮ᠃

    ᠢᠷᠡᠬᠦ ᠳᠠᠪᠤᠨ ᠵᠢᠯ ᠨᠢ ᠬᠤᠤᠰ ᠵᠠᠭᠤᠨ ᠵᠢᠯ ᠤᠨ ᠳᠡᠮᠡᠴᠡᠬᠦ ᠬᠠᠷᠠᠯᠳᠠ ᠶᠢᠨ ᠳᠡᠤᠬᠡᠨ ᠴᠢᠬᠤᠯᠠ ᠴᠠᠭ ᠦᠶ᠎ᠡ ᠪᠤᠯᠤᠨ᠎ᠠ᠃ ᠪᠢᠳᠡ ᠴᠢᠨᠡᠬᠡᠯᠢᠭ᠌ ᠨᠡᠶᠢᠬᠡᠮ ᠢ ᠪᠦᠬᠦ ᠳᠠᠯ᠎ᠠ ᠪᠡᠷ ᠪᠠᠶᠢᠭᠤᠯᠬᠤ ᠳᠡᠳᠦᠢ ᠦᠬᠡᠢ ᠨᠢᠬᠡᠳᠦᠬᠡᠷ ᠵᠠᠭᠤᠨ ᠵᠢᠯ ᠤᠨ ᠳᠡᠮᠡᠴᠡᠬᠦ ᠬᠠᠷᠠᠯᠳᠠ ᠶᠢ ᠪᠡᠶᠡᠯᠡᠬᠦᠯᠵᠤ᠂ ᠪᠠᠰᠠ ᠨᠡᠶᠢᠬᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠳᠠᠯ᠎ᠠ ᠪᠡᠷ ᠪᠠᠶᠢᠭᠤᠯᠬᠤ ᠰᠢᠨ᠎ᠡ ᠠᠶᠠᠨ ᠤ ᠭᠠᠷᠤᠭ᠎ᠠ ᠪᠡᠨ ᠡᠬᠢᠯᠡᠬᠦᠯᠵᠤ᠂ ᠬᠤᠶᠠᠳᠡᠬᠢ ᠵᠠᠭᠤᠨ ᠵᠢᠯ ᠤᠨ ᠳᠡᠮᠡᠴᠡᠬᠦ ᠬᠠᠷᠠᠯᠳᠠ ᠤᠷᠤᠭᠤ ᠴᠡᠷᠢᠭᠯᠡᠨ᠎ᠡ᠃ ᠪᠢᠳᠡ ᠪᠤᠯ ᠰᠢᠨ᠎ᠡ ᠴᠠᠭ ᠦᠶ᠎ᠡ ᠳᠤ ᠤᠷᠤᠭᠰᠠᠨ ᠳᠤᠮᠳᠠᠳᠤ ᠤᠯᠤᠰ ᠢ ᠳᠡᠮᠳᠡᠭᠯᠡᠭᠴᠢ᠃

    ᠪᠢᠳᠡ ᠰᠢᠨ᠎ᠡ ᠴᠠᠭ ᠦᠶ᠎ᠡ ᠶᠢᠨ ᠤᠷᠤᠰᠬᠠᠯ ᠳᠤ ᠠᠯᠬᠤᠭ᠎ᠠ ᠳᠡᠩᠴᠡᠬᠦᠯᠦᠨ᠂ ᠨᠡᠩ ᠰᠠᠶᠢᠨ ᠰᠠᠶᠢᠬᠠᠨ ᠬᠦᠰᠡᠯ ᠮᠦᠷᠦᠬᠡᠳᠦᠯ ᠡᠪᠦᠷᠯᠡᠵᠤ ᠤᠯᠤᠰ ᠲᠠᠶᠠᠭᠠᠷ ᠤᠨ ᠰᠤᠨᠢᠨ ᠮᠡᠳᠡᠬᠡᠨ ᠤ ᠠᠵᠢᠯᠳᠠᠨ ᠲᠠᠢ ᠬᠠᠮᠳᠤᠪᠠᠷ ᠴᠢᠷᠮᠠᠶᠢᠨ᠎ᠠ᠄ ᠤᠷᠮ᠎ᠠ ᠵᠤᠷᠢᠭ ᠡᠷᠴᠢᠯᠡᠭᠰᠡᠨ ᠵᠤᠬᠢᠶᠠᠯ᠂ ᠤᠷᠤᠭᠰᠢᠯᠠᠨ ᠳᠠᠪᠰᠢᠭᠰᠠᠨ ᠬᠦᠴᠦᠨ ᠢᠶᠡᠷ ᠪᠢᠷ ᠪᠡᠬᠡᠰ ᠵᠢᠷᠢᠯᠵᠢᠬᠦᠯᠦᠨ ᠳᠤᠮᠳᠠᠳᠤ ᠶᠢᠨ ᠦᠯᠢᠬᠡᠷ ᠢ ᠰᠠᠶᠢᠬᠠᠨ ᠶᠠᠷᠢᠵᠤ᠂ ᠰᠢᠨ᠎ᠡ ᠴᠠᠭ ᠦᠶ᠎ᠡ ᠶᠢᠨ ᠳᠠᠭᠤᠤ ᠶᠢ ᠠᠶᠠᠯᠠᠭᠤᠯᠤᠨ ᠰᠢᠨ᠎ᠡ ᠠᠶᠠᠨ ᠳ᠋ᠠᠭᠠᠨ ᠤᠮᠤᠭ ᠳᠡᠬᠦᠯᠳᠡᠷ ᠮᠤᠷᠳᠠᠨ᠎ᠠ!

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121923748