蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠪᠢᠴᠢᠭ᠌ ᠮᠠᠲ᠋ᠧᠷᠢᠶᠠᠯ ᠵᠢᠴᠢ ᠰᠤᠷᠤᠯᠴᠠᠬᠤ ᠬᠠᠪᠰᠤᠷᠤᠮᠵᠢ ᠶᠢᠨ ᠮᠠᠲ᠋ᠧᠷᠢᠶᠠᠯ ᠢ 7000 ᠲᠦᠮᠡ ᠭᠠᠷᠤᠢ ᠬᠤᠪᠢ ᠬᠡᠪᠯᠡᠨ ᠲᠠᠷᠬᠠᠭᠠᠪᠠ

2017-11-11 13:04

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠱᠢ ᠵᠢᠩ ᠨᠠᠨ) ᠰᠤᠷᠪᠤᠯᠵᠢᠯᠠᠭᠴᠢ ᠤᠯᠤᠰ ᠤᠨ ᠰᠤᠨᠢᠨ ᠮᠡᠳᠡᠭᠡ ᠬᠡᠪᠯᠡᠯ ᠷᠠᠳ᠋ᠢᠤ᠋ ᠲᠸᠯᠸᠢᠰ ᠶᠡᠷᠦᠩᠬᠡᠢ ᠲᠤᠪᠴᠢᠶ᠎ᠠ ᠡᠴᠡ ᠤᠶᠢᠯᠠᠭᠠᠭᠰᠠᠨ ᠢᠶᠡᠷ᠂ 11 ᠰᠠᠷ᠎ᠠ ᠶᠢᠨ 10 ᠤ ᠡᠳᠦᠷ ᠪᠤᠯᠲᠠᠯ᠎ᠠ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠪᠢᠴᠢᠭ᠌ ᠮᠠᠲ᠋ᠧᠷᠢᠶᠠᠯ ᠵᠢᠴᠢ ᠬᠠᠪᠰᠤᠷᠤᠮᠵᠵᠢ ᠶᠢᠨ ᠰᠤᠷᠤᠯᠴᠠᠬᠤ ᠮᠠᠲ᠋ᠧᠷᠢᠶᠠᠯ ᠢ ᠬᠡᠪᠯᠡᠨ ᠲᠠᠷᠬᠠᠭᠠᠭᠰᠠᠨ ᠶᠡᠷᠦᠩᠬᠡᠢ ᠬᠡᠮᠵᠢᠶ᠎ᠠ 7174 ᠲᠦᠮᠡᠨ ᠬᠤᠪᠢ ᠳᠤ ᠬᠦᠷᠴᠠᠢ᠃

    ᠪᠦᠷᠢᠳᠭᠡᠯ ᠢ ᠦᠨᠳᠦᠰᠦᠯᠡᠪᠡᠯ᠂ ᠤᠳᠤᠬᠠᠨ ᠪᠤᠯᠲᠠᠯ᠎ᠠ ᠠᠷᠠᠳ ᠤᠨ ᠬᠡᠪᠯᠡᠯ ᠤᠨ ᠬᠤᠷᠢᠶᠠᠨ ᠤ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠮᠡᠳᠡᠭᠦᠯᠦᠯᠲᠠ ᠶᠢᠨ ᠲᠤᠪᠬᠢᠮᠠᠯ ᠢ 2089 ᠲᠦᠮᠡᠨ ᠬᠤᠪᠢ ᠲᠠᠷᠬᠠᠭᠠᠵᠤ᠂《ᠳᠤᠮᠳᠠᠳᠤ ᠤᠯᠤᠰ ᠤᠨ ᠡᠪ ᠬᠠᠮᠲᠤ ᠨᠡᠮ ᠤᠨ ᠳᠦᠷᠢᠮ》ᠲᠤᠪᠬᠢᠮᠠᠯ ᠢ 3442 ᠲᠦᠮᠡᠨ ᠬᠤᠪᠢ ᠲᠠᠷᠬᠠᠭᠠᠵᠤ᠂《ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠮᠡᠲ᠋ᠸᠷᠢᠶᠠᠯ ᠤᠨ ᠡᠮᠭᠢᠳᠭᠡᠯ》 ᠢ᠋ 442 ᠲᠦᠮᠡᠨ ᠬᠤᠪᠢ ᠲᠠᠷᠬᠠᠭᠠᠵᠤ᠂《ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠮᠡᠳᠡᠭᠦᠯᠦᠯᠲᠠ ᠶᠢᠨ ᠬᠠᠪᠰᠤᠷᠤᠮᠵᠢ ᠶᠢᠨ ᠮᠠᠲ᠋ᠸᠷᠢᠶᠠᠯ》 ᠢ᠋ 493 ᠲᠦᠮᠡᠨ ᠬᠤᠪᠢ ᠲᠠᠷᠬᠠᠭᠠᠵᠠᠢ᠃ ᠨᠠᠮ ᠤᠨ ᠪᠠᠶᠢᠭᠤᠯᠤᠯᠲᠠ ᠶᠢᠨ ᠤᠩᠰᠢᠬᠤ ᠮᠠᠲ᠋ᠸᠷᠢᠶᠠᠯ ᠤᠨ ᠬᠡᠪᠯᠡᠯ ᠤᠨ ᠬᠤᠷᠢᠶ᠎ᠠ ᠪᠤᠯᠤᠨ ᠰᠤᠷᠤᠯᠴᠠᠬᠤ ᠬᠡᠪᠯᠡᠯ ᠤᠨ ᠬᠤᠷᠢᠶ᠎ᠠ ᠡᠴᠡ ᠬᠠᠮᠲᠤᠷᠠᠨ ᠬᠡᠪᠯᠡᠭᠰᠡᠨ《ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠮᠡᠳᠡᠭᠦᠯᠦᠯᠲᠠ ᠶᠢ ᠰᠤᠷᠤᠯᠴᠠᠬᠤ ᠬᠠᠪᠰᠤᠷᠤᠮᠵᠢ ᠶᠢᠨ ᠵᠠᠭᠤᠨ ᠠᠰᠠᠭᠤᠯᠲᠠ》 ᠶ᠋ᠢ 438 ᠲᠦᠮᠡᠨ ᠬᠤᠪᠢ ᠲᠠᠷᠬᠠᠭᠠᠨ᠂ ᠨᠠᠮ ᠤᠨ ᠪᠠᠶᠢᠭᠤᠯᠤᠯᠲᠠ ᠶᠢᠨ ᠤᠩᠰᠢᠬᠤ ᠮᠠᠲ᠋ᠸᠷᠢᠶᠠᠯ ᠤᠨ ᠬᠡᠪᠯᠡᠯ ᠤᠨ ᠬᠤᠷᠢᠶᠠᠨ ᠡᠴᠡ ᠬᠡᠪᠯᠡᠭᠰᠡᠨ《ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠨᠠᠮ ᠤᠨ ᠳᠦᠷᠢᠮ ᠤᠨ ᠵᠠᠰᠠᠪᠤᠷᠢᠯᠠᠬᠤ ᠲᠦᠰᠦᠯ ᠢ ᠰᠤᠷᠤᠯᠴᠠᠬᠤ ᠠᠰᠠᠭᠤᠯᠲᠠ ᠬᠠᠷᠢᠭᠤᠯᠲᠠ》 ᠶ᠋ᠢ 270 ᠲᠦᠮᠡᠨ ᠬᠤᠪᠢ ᠲᠠᠷᠬᠠᠭᠠᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121939800