蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠸᠢᠶᠸᠲ᠋ᠨᠠᠮ ᠤᠨ ᠡᠪ ᠬᠠᠮᠲᠤ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ ᠷᠤᠸᠠᠨ ᠹᠦ᠋ ᠵᠦᠩ ᠪᠤᠯᠤᠨ ᠸᠢᠶᠸᠲ᠋ᠨᠠᠮ ᠤᠨ ᠤᠯᠤᠰ ᠤᠨ ᠲᠡᠷᠢᠭᠦᠯᠡᠭᠴᠢ ᠴᠧᠨ ᠳ᠋ᠠ ᠭᠤᠸᠠᠩ ᠤᠨ ᠬᠠᠮᠲᠤᠪᠡᠷ ᠡᠷᠬᠢᠯᠡᠭᠰᠡᠨ ᠤᠬᠲᠤᠬᠤ ᠳᠠᠢᠢᠯᠠᠯᠭ᠎ᠠ ᠳ᠋ᠤ ᠤᠷᠤᠯᠴᠠᠪᠠ

2017-11-14 12:41

    ᠰᠢᠨᠬᠤᠸᠠ ᠬᠤᠷᠢᠶ᠎ᠠ ᠬᠠᠨᠤᠢ ᠵᠢᠨ 11 ᠰᠠᠷ᠎ᠠ ᠵᠢᠨ 12  ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠾᠥᠧᠧ ᠰᠢᠶᠤᠤ ᠭᠤᠧᠠᠩ ᠮᠧᠩ ᠨᠠ) ᠨᠠᠮ᠋ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠵᠢᠨ ᠫᠢᠩ 12 ᠤᠨ ᠡᠳᠦᠷ ᠸᠢᠶᠸᠲ᠋ᠨᠠᠮ ᠤᠨ ᠡᠪ ᠬᠠᠮᠲᠤ ᠨᠠᠮ᠋ ᠤᠨ ᠲᠦᠪ ᠬᠤᠷᠢᠶᠠᠨ ᠤ ᠶᠡᠷᠤᠩᠬᠡᠢ ᠱᠦᠵᠢ ᠷᠤᠸᠠᠨ ᠹᠦ᠋ ᠵᠦᠩ ᠪᠤᠯᠤᠨ ᠸᠢᠶᠸᠲ᠋ᠨᠠᠮ ᠤᠨ ᠤᠯᠤᠰ ᠤᠨ ᠲᠡᠷᠢᠭᠦᠯᠡᠭᠴᠢ ᠴᠸᠨ ᠳ᠋ᠠ ᠭᠤᠸᠠᠩ ᠤᠨ ᠬᠠᠨᠤᠢ ᠵᠢᠨ ᠤᠯᠠᠨ ᠤᠯᠤᠰ ᠤᠨ ᠬᠤᠷᠠᠯ ᠤᠨ ᠲᠦᠪ ᠲᠤ ᠡᠷᠬᠢᠯᠡᠭᠰᠡᠨ ᠦᠪᠡᠳᠡᠭᠰᠢ ᠶᠡᠬᠡ ᠤᠬᠲᠤᠬᠤ ᠳᠠᠢᠢᠯᠠᠯᠭ᠎ᠠ ᠳ᠋ᠤ ᠤᠷᠤᠯᠴᠠᠪᠠ᠃

    ᠲᠤᠬᠠᠢ ᠵᠢᠨ ᠭᠠᠵᠠᠷ ᠤᠨ ᠴᠠᠭ ᠢᠶᠡᠷ 7 ᠴᠠᠭ 30 ᠮᠢᠨᠦ᠋ᠲ ᠤᠨ ᠦᠶᠡᠰ ᠲᠤ᠂ ᠰᠢ ᠵᠢᠨ ᠫᠢᠩ ᠪᠤᠯᠤᠨ ᠷᠤᠸᠠᠨ ᠹᠦ᠋ ᠵᠦᠩ ᠬᠠᠮᠳᠤᠪᠡᠷ ᠳᠠᠢᠢᠯᠠᠯᠭ᠎ᠠ ᠵᠢᠨ ᠲᠢᠩᠬᠢᠮ᠋ ᠳ᠋ᠤ ᠬᠦᠷᠴᠤ᠂ ᠴᠸᠨ ᠳ᠋ᠠ ᠭᠤᠸᠠᠩ ᠬᠠᠯᠠᠭᠤᠨ ᠵᠢᠨᠷ ᠤᠬᠲᠤᠵᠤ ᠠᠪᠤᠪᠠ᠃ ᠬᠦᠭ᠍ᠵᠢᠮ᠋ ᠤᠨ ᠠᠩᠬᠢ ᠳᠤᠮᠳᠠᠳᠤ ᠸᠢᠶᠸᠲ᠋ᠨᠠᠮ ᠬᠤᠶᠠᠷ ᠤᠯᠤᠰ ᠤᠨ ᠰᠦᠯᠲᠡ ᠳᠠᠭᠤᠤ ᠵᠢ ᠬᠦᠭ᠍ᠵᠢᠮᠳᠡᠪᠡ᠃

    ᠷᠤᠸᠠᠨ ᠹᠦ᠋ ᠵᠦᠩ ᠸᠢᠶᠸᠲ᠋ᠨᠠᠮ ᠤᠨ ᠨᠠᠮ᠋᠂ ᠵᠠᠰᠠᠬ ᠤᠨ ᠭᠠᠵᠠᠷ ᠪᠠ ᠠᠷᠠᠳ ᠲᠦᠮᠡᠨ ᠢ ᠲᠦᠯᠦᠭᠡᠯᠡᠨ ᠰᠢ ᠵᠢᠨ ᠫᠢᠩ ᠤᠨ ᠸᠢᠶᠸᠲ᠋ᠨᠠᠮ ᠳᠤ ᠲᠦᠷᠦ ᠵᠢᠨ ᠶᠠᠪᠤᠳᠠᠯ ᠤᠨ ᠠᠢᠢᠯᠴᠢᠯᠠᠯᠲᠠ ᠬᠢᠭ᠍ᠰᠡᠨ ᠢ ᠪᠠᠶᠠᠷᠯᠠᠨ ᠤᠬᠲᠤᠪᠠ᠃ ᠷᠤᠸᠠᠨ ᠹᠦ᠋ ᠵᠦᠩ᠂ ᠸᠢᠶᠸᠲ᠋ᠨᠠᠮ ᠪᠤᠯᠤᠨ  ᠳᠤᠮᠳᠠᠳᠤ ᠤᠯᠤᠰ ᠪᠤᠯ ᠨᠦᠬᠦᠷᠰᠡᠭ ᠬᠦᠷᠰᠢ ᠪᠤᠯᠤᠨ᠎ᠠ᠂ ᠥᠨᠢ ᠤᠲᠠᠭᠠᠨ ᠤ ᠤᠯᠠᠮᠵᠢᠯᠠᠯᠲᠤ ᠨᠥᠬᠥᠷᠯᠡᠯ ᠲᠠᠢ᠃ ᠲᠡᠷᠢᠭᠦᠯᠡᠭᠴᠢ ᠬᠤ ᡁᠢ ᠮᠢᠩ᠂ ᠲᠡᠷᠢᠭᠦᠯᠡᠭᠴᠢ ᠮᠠᠤ ᠽᠧ ᠳ᠋ᠦᠩ ᠵᠡᠷᠭᠡ ᠬᠤᠶᠠᠷ ᠤᠯᠤᠰ ᠤᠨ ᠠᠬᠠᠮᠠᠳ ᠨᠢᠭᠡ ᠦᠶ᠎ᠠ ᠵᠢᠨ ᠤᠳᠤᠷᠢᠳᠬᠤ ᠬᠦᠮᠦᠰ ᠤᠨ ᠪᠠᠢᠢᠭᠤᠯᠤᠭᠰᠠᠨ ᠭᠦᠨ ᠵᠤᠵᠠᠭᠠᠨ ᠨᠦᠬᠦᠷᠯᠡᠯ ᠨᠢ ᠬᠤᠶᠠᠷ ᠤᠯᠤᠰ ᠤᠨ ᠠᠷᠠᠳ ᠲᠦᠮᠡᠨ ᠤ ᠡᠷᠬᠢᠮ᠋ ᠨᠠᠨᠳᠢᠨ ᠥᠪ ᠬᠦᠷᠦᠩᠬᠡ ᠪᠤᠯᠤᠨ᠎ᠠ᠃ ᠸᠢᠶᠸᠲ᠋ᠨᠠᠮ ᠤᠨ ᠬᠢᠨ ᠸᠢᠶᠸᠲ᠋ᠨᠠᠮ ᠳᠤᠮᠳᠠᠳᠤ ᠵᠢᠨ ᠬᠠᠷᠢᠯᠴᠠᠭ᠎ᠠ ᠵᠢ ᠳᠡᠭᠡᠳᠦ ᠬᠡᠮᠵᠢᠶ᠎ᠠ ᠪᠡᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠡᠷ ᠤᠯᠠᠮᠵᠢᠯᠠᠯᠲᠤ ᠨᠦᠬᠦᠷᠯᠡᠯ ᠢᠶᠡᠨ ᠵᠤᠵᠠᠭᠠᠳᠬᠠᠵᠥ᠂ ᠪᠤᠲᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠪᠡᠨ ᠭᠦᠨᠵᠡᠭᠡᠢᠢᠷᠡᠭᠦᠯᠵᠦ᠂ ᠸᠢᠶᠸᠲ᠋ᠨᠠᠮ ᠳᠤᠮᠳᠠᠳᠤ ᠵᠢᠨ ᠪᠦᠬᠦ ᠲᠠᠯ᠎ᠠ ᠵᠢᠨ ᠪᠠᠢᠢᠯᠳᠤᠬᠤ ᠪᠤᠳᠤᠯᠭ᠎ᠠ ᠵᠢᠨ ᠬᠠᠮᠳᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠵᠢᠨ ᠦᠷᠬᠦᠯᠵᠢᠯᠡᠨ ᠡᠷᠡᠭᠦᠯ ᠲᠤᠬᠲᠠᠭᠤᠨ ᠵᠢᠨᠷ ᠬᠦᠭ᠍ᠵᠢᠭᠦ ᠵᠢ ᠠᠬᠢᠭᠤᠯᠤᠨ᠎ᠠ᠃ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠵᠢᠨ ᠫᠢᠩ ᠤᠨ ᠲᠤᠰ ᠤᠳᠠᠭᠠᠨ ᠤ ᠠᠢᠢᠯᠴᠢᠯᠠᠯᠲᠠ ᠨᠢ ᠯᠠᠪᠳᠠᠢ ᠸᠢᠶᠸᠲ᠋ᠨᠠᠮ ᠳᠤᠮᠳᠠᠳᠤ ᠵᠢᠨ ᠬᠠᠷᠢᠯᠴᠠᠭ᠎ᠠ ᠳ᠋ᠤ ᠰᠢᠨ᠎ᠠ ᠬᠦᠳᠡᠯᠭᠡᠬᠦ ᠬᠦᠴᠦᠨ ᠨᠡᠮᠡᠷᠢᠯᠡᠬᠦ ᠵᠢ ᠢᠲᠡᠭᠡᠵᠦ ᠪᠠᠢᠢᠨ᠎ᠠ ᠭᠡᠵᠦ ᠢᠯᠡᠳᠬᠡᠪᠡ᠃

    ᠰᠢ ᠵᠢᠨ ᠫᠢᠩ ᠪᠠᠶᠠᠷ ᠤᠨ ᠦᠬᠡ ᠬᠡᠯᠡᠬᠦ ᠳ᠋ᠡᠬᠡᠨ᠂ ᠬᠤᠶᠠᠷ ᠵᠢᠯ ᠠᠯᠤᠰᠯᠠᠭᠠᠳ ᠡᠨᠡᠬᠦ ᠦᠵᠡᠰᠬᠦᠯᠡᠩᠳᠤ ᠰᠠᠢᠢᠬᠠᠨ ᠪᠠᠶᠠᠨ ᠳᠠᠩᠰᠤᠭ ᠨᠤᠳᠤᠬ ᠲᠡᠪᠢᠰᠭᠡᠷ ᠲᠤ ᠳᠠᠬᠢᠨᠳᠠ ᠬᠦᠷᠴᠤ ᠢᠷᠡᠬᠦ ᠪᠡᠷ᠂ ᠪᠢ ᠸᠢᠶᠸᠲ᠋ᠨᠠᠮ ᠤᠨ ᠠᠷᠠᠳ ᠲᠦᠮᠡᠨ ᠤ ᠳᠤᠮᠳᠠᠳᠤ ᠤᠯᠤᠰ ᠦᠨ ᠠᠷᠠᠳ ᠲᠦᠮᠡᠨ ᠳᠤ ᠡᠪᠤᠷᠯᠡᠵᠦ ᠪᠠᠢᠢᠭ᠎ᠠ ᠬᠦᠨ ᠵᠤᠵᠠᠭᠠᠨ ᠬᠠᠢᠢᠷ᠎ᠠ ᠰᠡᠳᠬᠢᠯᠭᠡ ᠪᠠ ᠨᠦᠬᠦᠷᠯᠡᠯ ᠢ ᠲᠠᠬᠢᠨᠳᠠ ᠮᠡᠳᠡᠷᠡᠭᠰᠡᠨ ᠪᠠᠢᠢᠨ ᠠ᠃ ᠦᠨᠤᠳᠤᠷ ᠦᠨ ᠸᠢᠶᠸᠲ᠋ᠨᠠᠮ᠂ ᠤᠯᠤᠰ ᠲᠦᠷᠤ ᠨᠡᠢᠢᠬᠡᠮ᠋ ᠲᠤᠭᠳᠠᠭᠤᠨ᠂ ᠠᠵᠤ ᠠᠬᠤᠢ ᠦᠷᠬᠦᠯᠵᠢᠯᠠᠨ ᠬᠦᠭ᠍ᠵᠢᠵᠤ᠂ ᠠᠷᠠᠳ ᠲᠦᠮᠡᠨ ᠠᠮᠤᠷ ᠠᠮᠤᠭᠤᠯᠠᠩ ᠠᠵᠤ ᠲᠦᠷᠤᠵᠤ ᠪᠠᠢᠢᠨ᠎ᠠ᠃ ᠸᠢᠶᠸᠲ᠋ᠨᠠᠮ ᠤᠨ ᠡᠪ ᠬᠠᠮᠳᠤ ᠨᠠᠮ᠋ ᠦᠨ ᠪᠠᠳᠤ ᠴᠢᠩᠭ᠋᠎ᠠ ᠤᠳᠤᠷᠢᠳᠤᠯᠭ᠎ᠠ ᠲᠤᠤᠷ᠎ᠠ᠂ ᠸᠢᠶᠸᠲ᠋ᠨᠠᠮ ᠤᠨ ᠠᠷᠠᠳ ᠲᠦᠮᠡᠨ ᠯᠠᠪᠳᠠᠶ᠎ ᠡᠷᠳᠡ ᠨᠢᠭᠡᠨ ᠡᠳᠦᠷ ᠸᠢᠶᠸᠲ᠋ᠨᠠᠮ ᠢᠶᠡᠨ ᠠᠷᠠᠳ ᠨᠢ ᠪᠠᠶᠠᠨ ᠴᠢᠨᠡᠭᠡᠯᠢᠭ᠌᠂ ᠤᠯᠤᠰ ᠨᠢ ᠬᠦᠴᠦᠷᠭᠡᠭ᠌᠂ ᠡᠷᠬᠡ ᠲᠡᠭᠰᠢ᠂ ᠠᠷᠠᠳᠴᠢᠯᠠᠯ ᠳᠠᠢ᠂ ᠪᠤᠯᠪᠠᠰᠤᠨ ᠨᠡᠢᠢᠬᠡᠮ᠋ ᠵᠢᠷᠤᠮ᠋ ᠦᠨ ᠤᠳᠤᠬᠢᠴᠢᠯᠠᠬᠰᠠᠨ ᠤᠯᠤᠰ ᠪᠤᠯᠭᠠᠨ ᠪᠦᠳᠦᠭᠡᠨ ᠪᠠᠢᠢᠭᠤᠯᠬᠤ ᠢᠢ ᠪᠠᠳᠤ ᠢᠳᠡᠬᠡᠵᠤ ᠪᠠᠢᠢᠨ᠎ᠠ ᠬᠡᠵᠤ ᠵᠢᠭᠠᠵᠤ ᠭᠠᠷᠭᠠᠪᠠ᠃

    ᠰᠢ ᠵᠢᠨ ᠫᠢᠩ᠂ ᠮᠢᠨᠤ ᠡᠨᠡ ᠤᠳᠠᠭ᠎ᠠ ᠶᠢᠨ ᠠᠢᠢᠯᠴᠢᠯᠠᠯᠳᠠ ᠢᠢᠨ ᠭᠤᠤᠯ ᠵᠤᠷᠢᠯᠭ᠎ᠠ ᠪᠤᠯ ᠤᠯᠠᠮᠵᠢᠯᠠᠯᠳᠤ ᠨᠦᠬᠦᠷᠯᠠᠯ ᠢᠶᠡᠨ ᠪᠠᠳᠤᠳᠬᠠᠵᠤ᠂ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠪᠡᠨ ᠬᠦᠨᠵᠡᠬᠡᠢᠢᠷᠡᠬᠦᠯᠵᠤ᠂ ᠳᠤᠮᠳᠠᠳᠤ ᠸᠢᠶᠸᠲ᠋ᠨᠠᠮ ᠤᠨ ᠬᠠᠷᠢᠯᠴᠠᠭ᠎ᠠ ᠶᠢᠨ ᠰᠠᠢᠢᠨ ᠰᠠᠢᠢᠠᠬᠠᠨ ᠢᠷᠡᠬᠡᠳᠤᠢ ᠢᠢ ᠵᠢᠷᠤᠭᠯᠠᠨ ᠲᠦᠯᠦᠪᠯᠡᠬᠦ ᠵᠢᠨ ᠲᠦᠯᠥᠬᠡ ᠶᠤᠮ᠋᠃ ᠳᠤᠮᠳᠠᠳᠤ ᠸᠢᠶᠸᠲ᠋ᠨᠠᠮ ᠬᠤᠶᠠᠷ ᠤᠯᠤᠰ ᠪᠤᠯ ᠪᠦᠷ ᠡᠪ ᠬᠠᠮᠳᠤ ᠨᠠᠮ᠋ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠨᠡᠢᠢᠬᠡᠮ᠋ ᠵᠢᠷᠤᠮ᠋ ᠤᠨ ᠵᠠᠮ᠋ ᠢ ᠪᠠᠷᠢᠮᠳᠠᠯᠠᠵᠤ ᠪᠠᠢᠢᠳᠠᠭ᠂ ᠬᠠᠷᠢᠯᠴᠠᠨ ᠪᠦᠯᠬᠦᠮᠳᠡᠯ ᠬᠠᠮᠳᠤᠷᠠᠯᠴᠠᠭ᠎ᠠ ᠪᠠᠨ ᠴᠢᠩᠭ᠋ᠠᠳᠬᠠᠵᠤ᠂ ᠬᠦᠭ᠍ᠵᠢᠯ ᠴᠡᠴᠡᠭᠯᠡᠯ ᠢ ᠬᠠᠮᠳᠤᠪᠡᠷ ᠰᠦᠪᠡᠭ᠍ᠴᠢᠯᠡᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠢᠢᠴᠠᠬᠦ ᠪᠦᠭᠡᠳ ᠲᠤᠰ ᠭᠠᠵᠠᠷ ᠤᠷᠤᠨ ᠲᠡᠷᠡᠴᠢᠯᠡᠨ ᠲᠡᠯᠡᠬᠡᠢ ᠶᠢᠨ ᠡᠩᠬᠡ ᠲᠠᠢᠢᠪᠤᠩ᠂ ᠲᠤᠭᠳᠠᠭᠤᠨ᠂ ᠬᠦᠭ᠍ᠵᠢᠯᠳᠠ ᠳᠤ ᠠᠰᠢᠬᠳᠠᠢ ᠶᠤᠮ᠋᠃ ᠳᠤᠮᠳᠠᠳᠤ ᠤᠯᠤᠰ ᠲᠤᠷᠠᠳᠠᠶ᠎ᠠ ᠸᠢᠶᠧᠲ᠋ᠨᠠᠮ ᠲᠠᠢ ᠬᠠᠮᠳᠤ ᠪᠡᠷ ᠤᠷᠳᠤ ᠬᠤᠭᠤᠴᠠᠭ᠎ᠠ ᠪᠡᠷ ᠲᠤᠭᠳᠠᠭᠤᠨ ᠪᠠᠢᠢᠬᠤ᠂ ᠢᠷᠡᠬᠡᠳᠤᠢ ᠳᠤ ᠬᠠᠨᠳᠤᠬᠤ᠂ ᠡᠶᠡᠯᠳᠡᠭ ᠬᠦᠷᠰᠢ ᠶᠢᠨ ᠨᠦᠬᠦᠷᠰᠡᠭ ᠬᠠᠷᠢᠯᠴᠠᠭ᠎ᠠ᠂ ᠪᠦᠬᠦ ᠲᠠᠯ᠎ᠠ ᠪᠡᠷ ᠬᠠᠮᠳᠤᠷᠠᠯᠴᠠᠭ᠎ᠠ ᠬᠢᠬᠦ ᠴᠢᠭᠯᠡᠯᠳᠠ ᠪᠤᠯᠤᠨ ᠰᠠᠢᠢᠨ ᠬᠦᠷᠰᠢ᠂ ᠰᠠᠢᠢᠨ ᠨᠠᠢᠢᠵᠢ᠂ ᠰᠠᠢᠢᠨ ᠨᠦᠬᠦᠷ᠂ ᠰᠠᠢᠢᠨ ᠬᠠᠨᠢᠳᠠᠨ ᠤ ᠵᠤᠷᠢᠬ ᠰᠠᠨᠠᠭ᠎ᠠ ᠶᠢ ᠦᠷᠭᠦᠯᠵᠢᠯᠡᠨ ᠪᠠᠷᠢᠮᠳᠠᠯᠠᠨ ᠵᠢᠷᠦᠮᠯᠠᠵᠤ᠂ ᠳᠤᠮᠳᠠᠳᠤ ᠸᠢᠶᠧᠲ᠋ᠨᠠᠮ ᠤᠨ ᠪᠦᠬᠦ ᠲᠠᠯ᠎ᠠ ᠶᠢᠨ ᠪᠠᠢᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠦᠷᠭᠦᠯᠵᠢᠯᠡᠨ ᠤᠷᠤᠭᠰᠢ ᠬᠦᠭ᠍ᠵᠢᠬᠦ ᠵᠢ ᠠᠬᠢᠭᠤᠯᠤᠨ᠎ᠠ᠃

    ᠳᠠᠢᠢᠯᠠᠯᠭ᠎ᠠ ᠨᠢ ᠬᠦᠷ ᠬᠦᠭ᠍ᠵᠢᠶᠡᠨᠲᠠᠢ ᠨᠦᠬᠦᠷᠰᠡᠭ ᠠᠬᠤᠢ ᠪᠠᠢᠢᠳᠠᠯ ᠳᠤ ᠶᠠᠪᠤᠭᠳᠠᠪᠠ᠃

    ᠳᠠᠢᠢᠯᠠᠯᠭ᠎ᠠ ᠡᠴᠡ ᠡᠮᠦᠨ᠎ᠠ᠂ ᠰᠢ ᠵᠢᠨ ᠫᠢᠩ ᠪᠤᠯᠤᠨ ᠷᠤᠧᠠᠨ ᠹᠦ᠋ ᠵᠦᠩ ᠬᠠᠮᠲᠦᠪᠡᠷ《ᠸᠢᠶᠧᠲ᠋ᠨᠠᠮ ᠤᠨ ᠬᠡᠷᠡᠯ ᠵᠢᠷᠤᠭᠴᠢᠳ ᠤᠨ ᠬᠠᠷᠠᠭᠠᠨ ᠳ᠋ᠡᠬᠢ ᠳᠤᠮᠳᠠᠳᠤ ᠤᠯᠤᠰ》ᠭᠡᠬᠦ ᠬᠡᠷᠡᠯ ᠵᠢᠷᠤᠭ ᠤᠨ ᠦᠵᠡᠭᠦᠯᠦᠯᠭᠡ ᠵᠢ ᠰᠤᠨᠢᠷᠬᠠᠵᠠᠢ᠃

    ᠳ᠋ᠢᠩ ᠰᠢᠤᠧᠠᠢ ᠰᠢᠶᠠᠩ᠂ ᠯᠢᠦ ᠾᠧ᠂ ᠶᠠᠩ ᠵᠢᠶᠧ ᡂᠢ ᠵᠡᠷᠭᠡ ᠳᠤᠮᠳᠠᠳᠤ ᠶᠢᠨ ᠲᠠᠯ᠎ᠠ ᠵᠢᠨ ᠪᠠᠷ᠎ᠠ ᠪᠤᠯᠤᠭᠰᠠᠳ᠂ 《ᠸᠢᠶᠧᠲ᠋ᠨᠠᠮ ᠤᠨ ᠡᠪ ᠬᠠᠮᠲᠦ ᠨᠠᠮ᠋ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠪᠠᠢᠢᠩᠭ᠋ᠤ ᠵᠢᠨ ᠱᠦᠵᠢ᠂ ᠲᠦᠪ ᠤᠨ ᠪᠠᠢᠢᠴᠠᠭᠠᠬᠤ ᠵᠦᠪᠯᠡᠯ ᠤᠨ ᠡᠷᠬᠢᠯᠡᠭᠴᠢ ᠴᠧᠨ ᠭᠦᠧᠧ ᠸᠠᠩ᠂ ᠸᠢᠶᠧᠲ᠋ᠨᠠᠮ ᠤᠨ ᠡᠪ ᠬᠠᠮᠲᠦ ᠨᠠᠮ᠋ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠵᠤᠬᠢᠶᠠᠨ ᠪᠠᠢᠢᠭᠤᠯᠬᠤ ᠬᠡᠯᠳᠡᠰ ᠤᠨ ᠳᠠᠷᠤᠭ᠎ᠠ ᠹᠠᠨ ᠮᠢᠩ ᠵᠧᠩ᠂ ᠸᠢᠶᠧᠲ᠋ᠨᠠᠮ᠋ ᠤᠨ ᠡᠪ ᠬᠠᠮᠲᠦ ᠨᠠᠮ᠋ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠳᠡᠳ᠋ ᠶᠡᠷᠦᠩᠬᠡᠢ ᠰᠠᠢᠢᠳ᠂ ᠭᠠᠳᠠᠭᠠᠳᠦ ᠶᠠᠪᠤᠳᠠᠯ ᠤᠨ ᠶᠠᠮᠤᠨ ᠤ ᠰᠠᠢᠢᠳ ᠹᠠᠨ ᠫᠢᠩ ᠮᠢᠩ᠂ ᠸᠢᠶᠧᠲ᠋ᠨᠠᠮ ᠤᠨ ᠡᠪ ᠬᠠᠮᠲᠦ ᠨᠠᠮ᠋ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠰᠤᠷᠳᠠᠯ ᠤᠬᠠᠭᠤᠯᠭ᠎ᠠ ᠰᠤᠷᠭᠠᠨ ᠬᠦᠮᠦᠵᠢᠯ ᠤᠨ ᠶᠠᠮᠤᠨ ᠤ ᠰᠠᠢᠢᠳ ᠦ᠋ ᠸᠧᠨ ᠱᠠᠩ᠂ ᠸᠢᠶᠧᠲ᠋ᠨᠠᠮ ᠤᠨ ᠡᠪ ᠬᠠᠮᠲᠦ ᠨᠠᠮ᠋ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠠᠵᠤ ᠠᠬᠤᠢ ᠵᠢᠨ ᠶᠠᠮᠤᠨ ᠤ ᠰᠠᠢᠢᠳ ᠷᠤᠧᠠᠨ ᠸᠧᠨ ᠫᠢᠩ᠂ ᠸᠢᠶᠧᠲ᠋ᠨᠠᠮ᠋ ᠤᠨ ᠡᠪ ᠬᠠᠮᠲᠦ ᠨᠠᠮ᠋ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠦᠨᠳᠦᠰᠦᠳᠡᠨ ᠤ ᠬᠦᠳᠡᠯᠭᠡᠭᠡᠨ ᠤ ᠶᠠᠮᠤᠨ ᠤ ᠰᠠᠢᠢᠳ ᠵᠠᠩ ᠱᠢ ᠮᠧᠢ᠂ ᠸᠢᠶᠧᠲ᠋ᠨᠠᠮ ᠤᠨ ᠡᠪ ᠬᠠᠮᠲᠦ ᠨᠠᠮ᠋ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠪᠠᠢᠢᠩᠭ᠋ᠤ ᠵᠢᠨ ᠳᠡᠳ᠋ ᠶᠡᠷᠦᠩᠬᠡᠢ ᠰᠠᠢᠢᠳ ᠵᠠᠩ ᠾᠧ ᠫᠢᠩ᠂ ᠸᠢᠶᠧᠲ᠋ᠨᠠᠮ ᠤᠨ ᠡᠪ ᠬᠠᠮᠲᠦ ᠨᠠᠮ᠋ ᠤᠨ ᠲᠦᠪ ᠬᠤᠷᠢᠶᠡᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠳᠡᠳ᠋ ᠶᠡᠷᠦᠩᠬᠡᠢ ᠰᠠᠢᠢᠳ ᠸᠠᠩ ᠲᠢᠩ ᠬᠤᠢ᠂ ᠸᠢᠶᠧᠲ᠋ᠨᠠᠮ ᠤᠨ ᠡᠪ ᠬᠠᠮᠲᠦ ᠨᠠᠮ᠋ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠤᠯᠤᠰ ᠤᠨ ᠪᠠᠲᠤᠯᠠᠨ ᠬᠠᠮᠠᠭᠠᠯᠠᠯᠲᠠ ᠵᠢᠨ ᠶᠠᠮᠤᠨ ᠤ ᠰᠠᠢᠢᠳ ᠦ᠋ ᠴᠦᠨ ᠯᠢ᠂ ᠸᠢᠶᠧᠲ᠋ᠨᠠᠮ᠋ ᠤᠨ ᠡᠪ ᠬᠠᠮᠲᠦ ᠨᠠᠮ᠋ ᠤᠨ ᠲᠦᠪ ᠬᠤᠷᠢᠶᠡᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠳᠤᠳᠤᠭᠠᠳᠦ ᠵᠢ ᠬᠠᠮᠠᠭᠠᠯᠠᠬᠤ ᠶᠠᠮᠤᠨ ᠤ ᠰᠠᠢᠢᠳ ᠰᠦ ᠯᠢᠨ ᠨᠠᠷ ᠤᠭᠲᠤᠬᠤ ᠳᠠᠢᠢᠯᠠᠯᠭ᠎ᠠ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121953570