蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠯᠠᠤᠰ ᠤᠨ ᠵᠠᠭᠤᠴᠢᠯᠠᠭᠤᠷ ᠲᠥ ᠨᠡᠷ᠎ᠡ ᠬᠠᠳᠠᠭᠰᠠᠠ ᠵᠤᠬᠢᠶᠠᠯ ᠨᠡᠶᠢᠳᠡᠯᠡᠯ᠎ᠠ

2017-11-14 16:34

    ᠰᠢᠨᠬᠤᠸᠠ ᠬᠤᠷᠢᠶ᠎ᠠ ᠪᠡᠭᠡᠵᠢᠩ ᠤᠨ 11 ᠰᠠᠷ᠎ᠠ ᠶᠢᠨ 13 ᠤ ᠡᠳᠤᠷ ᠤᠨ ᠴᠠᠬᠢᠯᠭᠠᠨ ᠮᠡᠳᠡᠭᠡ 11 ᠰᠠᠷ᠎ᠠ ᠶᠢᠨ 13 ᠤ ᠡᠳᠤᠷ᠂ ᠪᠦᠬᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠲᠥ ᠲᠦᠷᠦ ᠶᠢᠨ ᠶᠠᠪᠤᠳᠠᠯ ᠤᠨ ᠠᠢᠢᠯᠴᠢᠯᠠᠯᠳᠡ ᠬᠢᠬᠦ ᠲᠠᠰᠢᠷᠡᠮ ᠢᠶᠡᠷ᠂ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠵᠢᠨ ᠫᠢᠩ ᠯᠠᠤᠰ ᠤᠨ《ᠠᠷᠠᠳ ᠤᠨ ᠰᠤᠨᠢᠨ》᠂《ᠪᠠᠲ᠋ᠧᠯᠢᠶᠤᠤ ᠰᠤᠨᠢᠨ》᠂《ᠸ᠋ᠢᠶᠧᠨ᠋ᠲ᠋ᠢᠶᠠᠩ ᠤᠨ ᠰᠤᠨᠢᠨ》ᠳ᠋ᠤ《ᠭᠠᠷ ᠬᠤᠯᠪᠤᠨ ᠲᠤᠮᠳᠠᠳᠤ ᠯᠠᠤᠰ ᠤᠨ ᠪᠠᠢᠢᠯᠳᠤᠬᠤ ᠪᠤᠳᠤᠯᠭ᠎ᠠ ᠶᠢᠨ ᠠᠴᠢ ᠬᠤᠯᠪᠤᠭᠳᠠᠯ ᠲᠠᠢ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠢᠢᠭᠤᠯᠤᠶ᠎ᠠ》ᠬᠡᠬᠦ ᠰᠡᠳᠤᠪ ᠲᠠᠢ ᠨᠡᠷ᠎ᠡ ᠬᠠᠳᠠᠭᠰᠠᠠ ᠵᠤᠬᠢᠶᠠᠯ ᠨᠡᠢᠢᠳᠡᠯᠡᠪᠡ᠃ ᠪᠦᠬᠦ ᠠᠭᠤᠯᠭ᠎ᠠ ᠨᠢ ᠲᠤᠤᠷᠠᠬᠢ ᠮᠡᠳᠤ᠄

    ᠭᠠᠷ ᠬᠤᠯᠪᠤᠨ ᠲᠤᠮᠳᠠᠳᠤ ᠯᠠᠤᠰ ᠤᠨ ᠪᠠᠢᠢᠯᠳᠤᠬᠤ ᠪᠤᠳᠤᠯᠭ᠎ᠠ ᠶᠢᠨ ᠠᠴᠢ ᠬᠤᠯᠪᠤᠭᠳᠠᠯ ᠲᠠᠢ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠢᠢᠭᠤᠯᠤᠶ᠎ᠠ

    ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠪᠦᠬᠦᠳᠡ ᠨᠠᠢᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ   ᠰᠢ ᠵᠢᠨ ᠫᠢᠩ

    ᠯᠠᠤᠰ ᠤᠨ ᠠᠷᠠᠳ ᠤᠨ ᠬᠤᠪᠢᠰᠬᠠᠯᠳᠤ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠪᠧᠨᠶᠠᠩ• ᠸᠧᠯᠡᠵᠢ ᠶᠢᠨ ᠤᠷᠢᠯᠭ᠎ᠠ ᠪᠡᠷ ᠪᠢ ᠪᠦᠬᠦᠳᠡ ᠨᠠᠢᠢᠷᠠᠮᠳᠠᠬᠤ ᠠᠷᠠᠳᠴᠢᠯᠠᠭᠰᠠᠠ ᠯᠠᠤᠰ ᠠᠷᠠᠳ ᠤᠯᠤᠰ ᠲᠥ ᠲᠦᠷᠦ ᠶᠢᠨ ᠶᠠᠪᠤᠳᠠᠯ ᠤᠨ ᠠᠢᠢᠯᠴᠢᠯᠠᠯᠳᠡ ᠬᠢᠬᠦ ᠪᠡᠷ ᠪᠠᠢᠢᠨ᠎ᠠ᠃ ᠪᠢ ᠯᠠᠤᠰ ᠲᠥ ᠬᠤᠶᠠᠷ ᠤᠳᠠᠭ᠎ᠠ ᠠᠢᠢᠯᠴᠢᠯᠠᠵᠥ ᠦᠩᠬᠡᠷᠡᠪᠡ᠂ ᠬᠠᠯᠠᠭᠤᠮᠰᠤᠭ ᠵᠤᠴᠢᠨᠰᠠᠭ ᠯᠠᠤᠰ ᠤᠨ ᠠᠷᠠᠳ ᠲᠦᠮᠡᠨ᠂ ᠬᠡᠷᠡᠯ ᠰᠠᠴᠤᠷᠠᠭᠰᠠᠠ ᠸ᠋ᠢᠶᠧᠨ᠋ᠲ᠋ᠢᠶᠠᠩ  ᠰᠤᠪᠤᠷᠭ᠎ᠠ᠂ ᠦᠩᠭᠡ ᠦᠵᠡᠮᠵᠢ ᠭᠤᠶᠤᠮᠰᠤᠭ ᠮᠧᠶᠢᠭᠤᠩ ᠮᠦᠷᠡᠨ ᠤ ᠬᠦᠪᠡᠬᠡ ᠨᠠᠳᠠᠳᠤ ᠬᠦᠨᠵᠡᠬᠡᠢ ᠪᠦᠬᠡᠳ ᠰᠠᠢᠢᠨ ᠰᠠᠢᠢᠬᠠᠨ ᠰᠠᠭᠤᠭᠳᠠᠯ ᠦᠯᠡᠳᠡᠭᠡᠪᠡ᠃ ᠪᠢ ᠯᠠᠤᠰ ᠤᠨ ᠰᠢᠨ᠎ᠡ ᠬᠠᠭᠤᠴᠢᠨ ᠨᠠᠢᠢᠵᠢ ᠨᠠᠷ ᠲᠠᠢ ᠪᠡᠨ ᠨᠦᠬᠦᠷᠯᠡᠯ ᠢᠶᠡᠨ ᠠᠭᠤᠵᠢᠷᠠᠳᠠᠯ᠎ᠠ ᠵᠤᠭᠤᠭᠳᠠᠵᠥ᠂ ᠬᠦᠭ᠍ᠵᠢᠯᠳᠡ ᠶᠢ ᠬᠠᠮᠳᠤᠪᠡᠷ ᠡᠷᠢᠯᠬᠢᠯᠡᠵᠥ᠂ ᠬᠤᠶᠠᠷ ᠤᠯᠤᠰ ᠤᠨ ᠬᠠᠷᠢᠯᠴᠠᠭ᠎ᠠ ᠶᠢᠨ ᠰᠠᠢᠢᠨ ᠰᠠᠢᠢᠬᠠᠨ ᠢᠷᠡᠬᠡᠳᠤᠢ ᠶᠢ ᠬᠠᠮᠳᠤᠪᠡᠷ ᠨᠡᠬᠡᠬᠡᠬᠦ ᠶᠢ ᠬᠦᠰᠡᠵᠤ ᠪᠠᠢᠢᠨ᠎ᠠ᠃

    ᠲᠤᠮᠳᠠᠳᠤ ᠯᠠᠤᠰ ᠪᠤᠯ ᠬᠦᠰᠡᠯᠡᠩ ᠢᠳᠡᠭᠡᠯ ᠪᠢᠰᠢᠷᠡᠯ ᠨᠢᠭᠡᠳᠠᠢ᠂ ᠨᠡᠢᠢᠬᠡᠮ ᠤᠨ ᠪᠠᠢᠢᠭᠤᠯᠤᠯ ᠠᠳᠠᠯᠢᠬᠠᠨ᠂ ᠬᠦᠭ᠍ᠵᠢᠯᠳᠡ ᠶᠢᠨ ᠵᠠᠮ ᠠᠳᠠᠯᠢᠪᠳᠤᠷ ᠨᠡᠢᠢᠬᠡᠮ ᠵᠢᠷᠤᠮᠳᠤ ᠬᠦᠷᠰᠢ ᠤᠯᠤᠰ ᠶᠤᠮ᠃ ᠬᠠᠷᠢᠯᠴᠠᠭ᠎ᠠ ᠪᠠᠢᠢᠭᠤᠯᠤᠭᠰᠠᠠ ᠬᠠᠭᠠᠰ ᠭᠠᠷᠤᠢ ᠵᠠᠭᠤᠨ ᠤ ᠲᠤᠷᠰᠢ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠴᠠᠭ ᠦᠶ᠎ᠡ ᠶᠢᠨ ᠬᠤᠪᠢᠰᠤᠯᠳᠡ ᠪᠤᠯᠤᠨ ᠲᠡᠯᠡᠬᠡᠢ ᠶᠢᠨ ᠤᠷᠪᠠᠭᠠᠨ ᠬᠦᠷᠪᠡᠭᠡᠨ ᠲᠠᠢ ᠪᠠᠢᠢᠳᠠᠯ ᠤᠨ ᠰᠢᠯᠭᠠᠯᠳᠠ ᠶᠢ ᠲᠠᠭᠠᠭᠠᠵᠥ᠂ ᠬᠦᠮᠥᠰ ᠤᠨ ᠰᠡᠳᠬᠢᠯ ᠢ ᠬᠦᠳᠡᠯᠬᠡᠮ᠎ᠡ ᠦᠯᠢᠭᠡᠷ ᠳᠠᠭᠤᠷᠢᠰᠬᠠᠯ ᠢ ᠪᠢᠴᠢᠭᠯᠡᠪᠡ᠃ ᠮᠠᠤ ᠽᠧ ᠳ᠋ᠦᠩ᠂ ᠵᠧᠥ ᠡᠧᠨ ᠯᠠᠢ ᠪᠤᠯᠤᠨ ᠺᠠᠢᠢᠱᠠᠨ• ᠹᠧᠩᠧᠢᠬᠠᠨ ᠵᠡᠷᠬᠡ ᠬᠤᠶᠠᠷ ᠤᠯᠤᠰ ᠤᠨ ᠠᠬᠠᠮᠠᠳ ᠨᠢᠬᠡ ᠦᠶ᠎ᠡ ᠶᠢᠨ ᠤᠳᠤᠷᠢᠳᠬᠤ ᠬᠦᠮᠥᠰ ᠰᠡᠳᠬᠢᠯ ᠰᠠᠨᠠᠭ᠎ᠠ ᠪᠡᠨ ᠮᠡᠳᠡᠯᠴᠡᠵᠥ᠂ ᠬᠦᠨ ᠵᠤᠵᠠᠭᠠᠨ ᠲᠠᠢᠢᠴᠢᠨ ᠨᠦᠬᠦᠷᠯᠡᠯ ᠪᠠᠢᠢᠭᠤᠯᠵᠥ᠂ ᠲᠤᠮᠳᠠᠳᠤ ᠯᠠᠤᠰ ᠤᠨ ᠦᠶ᠎ᠡ ᠶᠢᠨ ᠦᠶ᠎ᠡ ᠨᠦᠬᠦᠷᠰᠡᠭ ᠪᠠᠢᠢᠬᠤ ᠳ᠋ᠤ ᠪᠠᠳᠤ ᠰᠠᠭᠤᠷᠢ ᠲᠠᠯᠪᠢᠭᠰᠠᠠ ᠪᠠᠢᠢᠨ᠎ᠠ᠃ ᠯᠠᠤᠰ ᠤᠨ ᠴᠢᠬᠤᠯᠠ ᠤᠳᠤᠷᠢᠳᠬᠤ ᠬᠦᠮᠥᠰ ᠬᠦᠢᠨᠢᠩ • ᠪᠧᠨᠱᠧᠨᠠ ᠶᠢᠨ ᠬᠤᠢᠢᠴᠢᠰ ᠲᠤᠮᠳᠠᠳᠤ ᠤᠯᠤᠰ ᠲᠥ ᠤᠯᠠᠨ ᠵᠢᠯ ᠰᠤᠷᠤᠯᠴᠠᠵᠥ ᠦᠩᠭᠡᠷᠡᠭᠰᠡᠨ᠂ ᠲᠡᠳᠡ ᠲᠤᠮᠳᠠᠳᠤ ᠤᠯᠤᠰ ᠲᠥ ᠵᠠᠯᠠᠭᠤ ᠨᠠᠰᠤᠨ ᠤ ᠤᠯᠠ ᠮᠦᠷ ᠢᠶᠡᠨ ᠦᠯᠡᠳᠡᠭᠡᠭ᠍ᠰᠡᠡ ᠢᠶᠡᠷ ᠪᠠᠷᠠᠬᠤ ᠦᠭᠡᠢ᠂ ᠲᠤᠮᠳᠠᠳᠤ ᠯᠠᠤᠰ ᠤᠨ ᠤᠯᠠᠮᠵᠢᠯᠠᠯᠳᠤ ᠨᠦᠬᠦᠷᠯᠡᠯ ᠤᠨ ᠬᠡᠷᠡᠴᠢᠯᠡᠭᠴᠢ᠂ ᠵᠠᠯᠭᠠᠮᠵᠢᠯᠠᠭᠴᠢ᠂ ᠠᠬᠢᠭᠤᠯᠤᠭᠴᠢ ᠪᠤᠯᠤᠭᠰᠠᠠ ᠪᠠᠢᠢᠨ᠎ᠠ᠃ ᠲᠡᠭᠡᠷ᠎ᠡ ᠵᠠᠭᠤᠨ ᠤ ᠵᠢᠷᠡ ᠲᠠᠯᠠᠭᠠᠳ ᠤᠨ ᠤ ᠦᠶ᠎ᠡ ᠳ᠋ᠤ᠂ ᠲᠤᠮᠳᠠᠳᠤ ᠤᠯᠤᠰ ᠤᠨ ᠴᠡᠷᠢᠭ ᠠᠷᠠᠳ ᠯᠠᠤᠰ ᠤᠨ ᠦᠨᠳᠦᠰᠦᠳᠡᠨ ᠤ ᠲᠤᠰᠠᠭᠠᠷ ᠲᠤᠬᠳᠠᠨᠢᠯ ᠪᠤᠯᠤᠨ ᠴᠢᠯᠥᠬᠡᠯᠡᠯᠳᠡ ᠶᠢᠨ ᠦᠢᠯᠡᠰ ᠢ ᠢᠳᠡᠪᠬᠢᠳᠡᠢ ᠳᠡᠮᠵᠢᠵᠦ᠂ ᠲᠤᠮᠳᠠᠳᠤ ᠤᠯᠤᠰ ᠤᠨ 200 ᠭᠠᠷᠤᠢ ᠪᠠᠢᠢᠯᠳᠤᠭᠴᠢ ᠲᠡᠳᠡᠨ ᠤ ᠪᠠᠢᠢᠯᠳᠤᠨ ᠲᠡᠮᠡᠴᠡᠵᠥ ᠶᠠᠪᠤᠭᠰᠠᠠ ᠡᠨᠡᠬᠦ ᠬᠠᠯᠠᠭᠤᠨ ᠬᠦᠷᠦᠰᠦᠨ ᠳ᠋ᠤ ᠮᠦᠩᠭᠡ ᠨᠤᠢᠢᠷᠰᠤᠵᠥ᠂ ᠠᠮᠢ ᠨᠠᠰᠤ ᠪᠡᠷ ᠢᠶᠡᠨ ᠲᠤᠮᠳᠠᠳᠤ ᠯᠠᠤᠰ ᠤᠨ ᠨᠦᠬᠦᠷᠯᠡᠯ ᠤᠨ ᠪᠠᠯᠠᠷᠠᠰᠢ ᠦᠭᠡᠢ ᠬᠦᠰᠢᠶ᠎ᠡ ᠶᠢ ᠪᠤᠰᠬᠠᠭᠰᠠᠠ ᠶᠤᠮ᠃

    ᠰᠢᠨ᠎ᠡ ᠴᠠᠭ ᠦᠶ᠎ᠡ ᠳ᠋ᠤ ᠤᠷᠤᠭᠠᠳ᠂ ᠲᠤᠮᠳᠠᠳᠤ ᠯᠠᠤᠰ ᠤᠨ ᠨᠦᠬᠦᠷᠯᠡᠯ ᠶᠠᠪᠤᠬᠤ ᠲᠤᠳᠤᠮ ᠰᠠᠢᠢᠵᠢᠷᠠᠵᠥ᠂ ᠰᠢᠨ᠎ᠡ ᠦᠷᠨᠢᠬᠦᠨ ᠪᠠᠳᠠᠷᠠᠩᠭ᠋ᠤᠢ ᠠᠮᠢᠵᠢᠷᠡᠯ ᠤᠨ ᠬᠦᠴᠦᠨ ᠢᠯᠡᠷᠡᠪᠡ᠃ ᠬᠤᠶᠠᠷ ᠤᠯᠤᠰ ᠤᠨ ᠪᠦᠬᠦ ᠲᠠᠯ᠎ᠠ ᠶᠢᠨ ᠪᠠᠢᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠲᠠᠰᠤᠷᠠᠯᠳᠡ ᠦᠭᠡᠢ ᠦᠷᠬᠡᠵᠢᠪᠡ᠃ ᠲᠡᠬᠡᠳᠤ ᠲᠠᠪᠬᠤᠷᠭ᠎ᠠ ᠶᠢᠨ ᠶᠠᠪᠤᠯᠴᠠᠭ᠎ᠠ ᠡᠳᠤᠷ ᠢᠷᠡᠬᠦᠶ᠎ᠡ ᠨᠢᠬᠳᠠᠷᠠᠵᠥ᠂ ᠨᠠᠮ ᠤᠨ ᠬᠤᠭᠤᠷᠤᠨᠳᠤᠬᠢ ᠰᠤᠯᠢᠯᠴᠠᠭ᠎ᠠ ᠦᠷᠬᠦᠯᠵᠢᠯᠡᠨ ᠬᠦᠨᠵᠡᠬᠡᠢᠢᠷᠡᠵᠥ᠂ ᠤᠯᠤᠰ ᠲᠦᠷᠦ ᠶᠢᠨ ᠢᠳᠡᠬᠡᠯᠴᠡᠬᠡ ᠤᠯᠠᠮ ᠪᠠᠳᠤᠵᠢᠪᠡ᠃ ᠲᠤᠮᠳᠠᠳᠤ ᠤᠯᠤᠰ ᠤᠨ ᠬᠠᠭᠤᠴᠢ ᠦᠬᠡᠨ ᠳ᠋ᠤ᠄《ᠨᠢᠬᠡ ᠪᠠᠭᠰᠢ ᠶᠢᠨ ᠱᠠᠪᠢ ᠶᠢ ᠬᠠᠮᠳᠤ ᠰᠤᠷᠤᠯᠭᠠᠳᠠᠨ ᠬᠡᠮᠡᠵᠦ᠂ ᠬᠦᠰᠡᠯᠡᠩ ᠢᠳᠡᠭᠡᠯ ᠪᠢᠰᠢᠷᠡᠯ ᠨᠢᠭᠡᠳᠠᠢ ᠶᠢ ᠨᠠᠢᠢᠵᠢ ᠬᠡᠮᠡᠮᠤᠢ》ᠬᠡᠳᠡᠭ᠂ ᠡᠨᠡ ᠪᠤᠯ ᠲᠤᠮᠳᠠᠳᠤ ᠯᠠᠤᠰ ᠤᠨ ᠬᠠᠷᠢᠯᠴᠠᠭ᠎ᠠ ᠶᠢᠨ ᠦᠨᠡᠨ ᠲᠦᠷᠰᠦᠯᠡᠯ ᠪᠤᠯᠤᠨ᠎ᠠ᠃ ᠬᠦᠰᠡᠯᠡᠩ ᠢᠳᠡᠭᠡᠯ ᠪᠢᠰᠢᠷᠡᠯ ᠨᠢᠭᠡᠳᠠᠢ ᠰᠠᠢᠢᠨ ᠬᠦᠷᠰᠢ᠂ ᠰᠠᠢᠢᠨ ᠨᠠᠢᠢᠵᠢ᠂ ᠰᠠᠢᠢᠨ ᠨᠦᠬᠦᠷ᠂ ᠰᠠᠢᠢᠨ ᠬᠠᠨᠢᠳᠠᠨ ᠪᠤᠯᠤᠭᠰᠠᠠ ᠤ ᠬᠤᠪᠢ ᠳ᠋ᠤ ᠲᠤᠮᠳᠠᠳᠤ ᠯᠠᠤᠰ ᠨᠡᠢᠢᠬᠡᠮ ᠵᠢᠷᠤᠮ ᠤᠨ ᠤᠨᠤᠯ ᠪᠤᠯᠤᠨ ᠦᠢᠯᠡᠳᠦᠯᠬᠡ ᠶᠢᠨ ᠰᠢᠨ᠎ᠡ ᠡᠬᠦᠳᠦᠯᠳᠡ ᠶᠢ ᠡᠷᠢᠯᠬᠢᠯᠡᠬᠦ᠂ ᠠᠵᠥ ᠠᠬᠤᠢ᠂ ᠤᠯᠤᠰ ᠲᠦᠷᠦ᠂ ᠰᠤᠶᠤᠯ᠂ ᠨᠡᠢᠢᠬᠡᠮ ᠵᠡᠷᠬᠡ ᠡᠯ᠎ᠡ ᠲᠠᠯ᠎ᠠ ᠶᠢᠨ ᠪᠦᠳᠦᠭᠡᠨ ᠪᠠᠢᠢᠭᠤᠯᠤᠯᠳᠠ ᠶᠢ ᠪᠦᠬᠦ ᠲᠠᠯ᠎ᠠ ᠪᠡᠷ ᠠᠬᠢᠭᠤᠯᠬᠤ᠂ ᠤᠳᠤᠬᠢᠴᠢᠯᠠᠯᠳᠡ ᠶᠢ ᠲᠦᠷᠭᠡᠨ ᠠᠬᠢᠭᠤᠯᠬᠤ ᠶᠠᠪᠤᠴᠠ ᠳᠤᠮᠳᠠ ᠢᠮᠠᠬᠳᠠ ᠡᠷᠭᠡ ᠲᠡᠭᠰᠢ ᠪᠡᠷ ᠬᠠᠨᠳᠤᠵᠤ᠂ ᠬᠠᠷᠢᠯᠴᠠᠨ ᠲᠤᠰᠠᠯᠠᠵᠤ ᠶᠠᠪᠤᠵᠠᠢ᠃ ᠲᠤᠮᠳᠠᠳᠤ ᠯᠠᠤᠰ ᠤᠨ ᠬᠠᠷᠢᠯᠴᠠᠭ᠎ᠠ ᠪᠤᠯ ᠲᠤᠮᠳᠠᠳᠤ ᠤᠯᠤᠰ ᠪᠤᠯᠤᠨ ᠡᠷᠬᠢᠨ ᠲᠤᠭᠤᠷᠢᠨ ᠤ ᠤᠯᠤᠰ ᠯᠤᠭ᠎ᠠ ᠶᠢᠨ ᠡᠶᠡᠯᠳᠡᠭ ᠬᠦᠷᠰᠢ ᠶᠢᠨ ᠨᠦᠬᠦᠷᠰᠡᠭ ᠬᠠᠷᠢᠯᠴᠠᠭ᠎ᠠ᠂ ᠪᠦᠬᠦ ᠲᠠᠯ᠎ᠠ ᠪᠡᠷ ᠬᠠᠮᠳᠤᠷᠠᠯᠴᠠᠭ᠎ᠠ ᠬᠢᠬᠦ ᠬᠠᠷᠢᠯᠴᠠᠭ᠎ᠠ ᠵᠢᠨ ᠦᠯᠢᠬᠡᠷ ᠳᠠᠭᠤᠷᠢᠶᠠᠯ ᠬᠡᠵᠥ ᠬᠡᠯᠡᠵᠥ ᠪᠤᠯᠤᠨ᠎ᠠ᠃

    ᠳᠤᠮᠳᠠᠳᠤ ᠯᠠᠤᠰ ᠤᠨ ᠬᠦᠭ᠍ᠵᠢᠯᠲᠠ ᠶᠢᠨ ᠪᠠᠢᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠲᠦᠷᠭᠡᠳᠴᠠᠢ᠃ ᠳᠤᠮᠳᠠᠳᠤ ᠤᠯᠤᠰ ᠤᠨ ᠳᠤᠷᠠᠳᠤᠭᠰᠠᠨ《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠪᠤᠯᠤᠨ ᠯᠠᠤᠰ ᠤᠨ《ᠳᠤᠳᠤᠭᠠᠳᠦ ᠡᠬᠡ ᠬᠠᠭᠤᠷᠠᠢ ᠶᠢᠨ ᠳᠦᠭᠵᠢᠮᠡᠯ ᠤᠯᠤᠰ ᠡᠴᠡ ᠲᠤᠳᠤᠭᠠᠳᠦ ᠡᠬᠡ ᠬᠠᠭᠤᠷᠠᠢ ᠶᠢᠨ ᠬᠤᠯᠪᠤᠯᠳᠤᠨ ᠨᠡᠪᠲᠡᠷᠡᠯᠴᠡᠭᠰᠡᠨ ᠤᠯᠤᠰ ᠪᠤᠯᠬᠤ》ᠪᠠᠢᠢᠯᠳᠤᠬᠤ ᠪᠤᠳᠤᠯᠭ᠎ᠠ᠂ ᠳᠤᠮᠳᠠᠳᠤ ᠤᠯᠤᠰ ᠤᠨ《ᠠᠷᠪᠠᠨ ᠭᠤᠷᠪᠠᠳᠤᠭᠠᠷ ᠲᠠᠪᠤᠨ ᠵᠢᠯ》 ᠤᠨ ᠲᠦᠯᠦᠪᠵᠢᠭᠦᠯᠭᠡ ᠪᠤᠯᠤᠨ ᠯᠠᠤᠰ ᠤᠨ ᠨᠡᠢᠢᠭᠡᠮ ᠤᠨ ᠬᠦᠭ᠍ᠵᠢᠯᠲᠠ ᠶᠢᠨ 《ᠨᠠᠶ᠋ᠮᠠᠳᠤᠭᠠᠷ ᠲᠠᠪᠤᠨ ᠵᠢᠯ》 ᠤᠨ ᠲᠦᠯᠦᠪᠵᠢᠭᠦᠯᠭᠡ ᠳᠡᠭᠡᠳᠦ ᠬᠡᠮᠵᠢᠶ᠎ᠠ ᠪᠡᠷ ᠨᠢᠭᠡᠳᠦᠯᠲᠠᠢ ᠪᠠᠢᠢᠵᠤ᠂ ᠬᠤᠶᠠᠷ ᠤᠯᠤᠰ ᠤᠨ ᠬᠦᠭ᠍ᠵᠢᠯᠲᠠ ᠶᠢᠨ ᠤᠢᠢᠯᠠᠭᠠᠭᠳᠠᠬᠤᠨ ᠮᠠᠰᠢ ᠠᠳᠠᠯᠢᠪᠲᠤᠷ ᠶᠤᠮ᠃ ᠨᠢᠳᠤᠨᠤᠨ᠂ ᠬᠤᠶᠠᠷ ᠤᠯᠤᠰ ᠤᠨ ᠪᠤᠳᠠᠳᠠᠢ  ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠪᠡᠯᠭᠡ ᠲᠡᠮᠳᠡᠭᠳᠦ ᠲᠦᠷᠦᠯ ᠵᠦᠢᠯ - ᠳᠤᠮᠳᠠᠳᠤ ᠯᠠᠤᠰ ᠤᠨ ᠲᠡᠮᠦᠷ ᠵᠠᠮ ᠪᠦᠬᠦ ᠱᠤᠭᠤᠮ ᠢᠶᠡᠷ ᠪᠠᠷᠢᠯᠭ᠎ᠠ ᠡᠬᠢᠯᠡᠵᠤ᠂ ᠯᠠᠤᠰ ᠤᠨ ᠠᠷᠠᠳ ᠲᠦᠮᠡᠨ ᠤ ᠬᠦᠭ᠍ᠵᠢᠯᠲᠠ ᠶᠢᠨ ᠬᠦᠰᠡᠯ ᠵᠡᠭᠦᠳᠦ ᠶᠢ ᠠᠴᠢᠶᠠᠯᠠᠭᠰᠠᠨ ᠵᠠᠮ ᠬᠠᠷᠢᠯᠴᠠᠭ᠎ᠠ ᠶᠢᠨ ᠭᠦᠢᠰᠤ ᠱᠤᠭᠤᠮ ᠠᠯᠬᠤᠮ ᠠᠯᠬᠤᠮ ᠢᠶᠡᠷ ᠪᠤᠳᠠᠳᠤ ᠠᠬᠤᠢ ᠪᠤᠯᠵᠤ ᠬᠤᠪᠢᠷᠠᠵᠤ ᠪᠠᠢᠢᠨ᠎ᠠ᠃ ᠮᠦᠧᠧ ᠬᠠᠨ - ᠮᠦᠧᠧᠳ᠋ᠢᠩ ᠤᠨ ᠠᠵᠤ ᠠᠬᠤᠢ ᠶᠢᠨ ᠬᠠᠮᠲᠤᠷᠠᠯᠴᠠᠭᠠᠨ ᠤ ᠤᠷᠤᠨ ᠪᠤᠯᠤᠨ ᠸ᠋ᠢᠶᠧᠨ᠋ᠲ᠋ᠢᠶᠠᠩ  ᠤᠨ ᠰᠠᠢᠢᠰᠧᠲ᠋ᠠ ᠵᠢᠨ ᠶᠡᠷᠦᠩᠬᠡᠢᠢᠯᠡᠭᠰᠡᠨ ᠨᠡᠬᠡᠬᠡᠯᠳᠡ ᠶᠢᠨ ᠤᠷᠤᠨ ᠤ ᠪᠦᠲᠦᠭᠡᠨ ᠪᠠᠢᠢᠭᠤᠯᠤᠯᠲᠠ ᠤᠷᠤᠭᠰᠢᠳᠠᠢ ᠠᠬᠢᠵᠤ᠂ ᠤᠯᠠᠨ ᠠᠵᠤ ᠠᠬᠤᠢᠢᠯᠠᠯ ᠪᠤᠯᠤᠨ ᠪᠠᠢᠢᠭᠤᠯᠤᠮᠵᠢ ᠭᠡᠷ᠎ᠠ ᠲᠤᠭᠳᠠᠨ ᠢᠷᠡᠵᠦ ᠰᠠᠭᠤᠵᠤ᠂ ᠯᠠᠤᠰ ᠤᠨ ᠠᠵᠤ ᠦᠢᠯᠡᠰ ᠤᠨ ᠳᠡᠰ ᠳᠡᠪᠰᠢᠯᠳᠡ᠂ ᠭᠠᠳᠠᠭᠠᠳᠦ ᠪᠡᠯᠡ ᠶᠢ ᠳᠠᠳᠠᠬᠤ᠂ ᠠᠵᠢᠯ ᠤᠯᠭᠤᠯᠲᠠ ᠶᠢ ᠠᠬᠢᠭᠤᠯᠬᠤ᠂ ᠳᠤᠮᠳᠠ ᠪᠠᠭ᠎ᠠ ᠠᠵᠤ ᠠᠬᠤᠢᠢᠯᠠᠯ ᠤᠨ ᠬᠦᠭ᠍ᠵᠢᠯᠲᠠ ᠶᠢ ᠳᠠᠢᠢᠴᠢᠯᠠᠬᠤ ᠳᠦ ᠬᠦᠴᠦᠨ ᠨᠡᠮᠡᠷᠢᠯᠡᠬᠦ ᠪᠤᠯᠤᠨ᠎ᠠ᠃

    ᠳᠤᠮᠳᠠᠳᠤ ᠯᠠᠤᠰ ᠤᠨ ᠪᠤᠳᠠᠳᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠲᠦᠷᠭᠡᠨ ᠤ ᠵᠠᠮ ᠳ᠋ᠤ ᠤᠷᠤᠵᠠᠢ᠃ ᠳᠤᠮᠳᠠᠳᠤ ᠤᠯᠤᠰ ᠨᠢᠭᠡᠨᠳᠡ ᠯᠠᠤᠰ ᠤᠨ ᠨᠢᠭᠡᠳᠦᠭᠡᠷ ᠲᠤᠮᠤ ᠪᠡᠯᠡ ᠤᠷᠤᠭᠤᠯᠤᠯᠲᠠ ᠶᠢᠨ ᠤᠯᠤᠰ᠂ ᠬᠤᠶᠠᠳᠤᠭᠠᠷ ᠲᠤᠮᠤ ᠠᠷᠠᠯᠵᠢᠶᠠᠨ ᠤ ᠬᠠᠨᠢᠳᠠᠨ ᠪᠤᠯᠪᠠ᠃ ᠡᠨᠡ ᠵᠢᠯ ᠤᠨ 1 ᠡᠴᠡ 9 ᠰᠠᠷ᠎ᠠ ᠪᠤᠯᠳᠠᠯ᠎ᠠ᠂ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠠ 21 ᠳ᠋ᠦᠩᠰᠢᠭᠤᠷ ᠳ᠋ᠤᠯᠯᠠᠷ ᠲᠦ ᠬᠦᠷᠴᠤ᠂ ᠳᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠡᠴᠡ 25.1% ᠢᠶᠡᠷ ᠨᠡᠮᠡᠭᠳᠡᠪᠡ᠃ ᠳᠤᠮᠳᠠᠳᠤ ᠤᠯᠤᠰ ᠤᠨ ᠯᠠᠤᠰ ᠲᠡᠬᠢ ᠰᠢᠭᠤᠳ ᠪᠡᠯᠡ ᠤᠷᠤᠭᠤᠯᠤᠯᠲᠠ ᠨᠡᠢᠢᠳᠡ 61 ᠳ᠋ᠦᠩᠰᠢᠭᠤᠷ ᠳ᠋ᠤᠯᠯᠠᠷ ᠢ ᠳᠠᠪᠠᠵᠤ᠂ ᠲᠤᠬᠠᠢ ᠵᠢᠨ ᠭᠠᠵᠠᠷ ᠤᠨ ᠤᠰᠤᠨ ᠴᠠᠬᠢᠯᠭᠠᠨ᠂ ᠠᠭᠤᠷᠬᠠᠢ ᠶᠢᠨ ᠦᠢᠯᠡᠰ᠂ ᠦᠢᠯᠡᠴᠢᠯᠡᠭᠡᠨ ᠤ ᠠᠷᠠᠯᠵᠢᠶ᠎ᠠ ᠵᠡᠷᠭᠡ ᠠᠵᠢᠯ ᠲᠦᠷᠦᠯ ᠤᠨ ᠬᠦᠭ᠍ᠵᠢᠯᠲᠠ ᠶᠢ ᠳᠠᠢᠢᠴᠢᠯᠠᠵᠠᠢ᠃ ᠳᠤᠮᠳᠠᠳᠤ ᠤᠯᠤᠰ ᠤᠨ ᠬᠢᠨ ᠡᠮᠨᠡᠯᠭᠡ ᠶᠢᠨ ᠬᠤᠷᠢᠶ᠎ᠠ᠂ ᠵᠠᠰᠠᠮᠠᠯ ᠵᠠᠮ᠂ ᠰᠤᠷᠭᠠᠭᠤᠯᠢ ᠵᠡᠷᠭᠡ ᠠᠯᠢ ᠤᠯᠠᠨ ᠠᠷᠠᠳ ᠤᠨ ᠠᠮᠢᠳᠤᠷᠠᠯ ᠳᠤ ᠲᠤᠰᠠ ᠳᠡᠮᠵᠢᠯᠭᠡ ᠦᠵᠡᠭᠦᠯᠬᠦ ᠲᠦᠷᠦᠯ ᠵᠦᠢᠯ ᠢ ᠨᠠᠢᠢᠳᠠᠪᠤᠷᠢᠵᠢᠭᠤᠯᠵᠤ᠂ ᠯᠠᠤᠰ ᠤᠨ ᠠᠷᠠᠳ ᠲᠦᠮᠡᠨ ᠤ ᠠᠮᠢᠳᠤᠷᠠᠯ ᠤᠨ ᠬᠢᠷᠢ ᠲᠦᠪᠰᠢᠨ ᠪᠤᠯᠤᠨ ᠶᠠᠰᠤ ᠴᠢᠨᠠᠷ ᠢ ᠳᠡᠭᠡᠭ᠍ᠰᠢᠯᠡᠭᠦᠯᠬᠦ ᠳᠦ ᠲᠤᠰᠠ ᠪᠤᠯᠪᠠ᠃ ᠳᠤᠮᠳᠠᠳᠤ ᠤᠯᠤᠰ ᠤᠨ ᠠᠵᠤ ᠠᠬᠤᠢᠢᠯᠠᠯ ᠤᠨ ᠳᠠᠭᠠᠭᠠᠴᠢᠯᠠᠨ ᠪᠠᠢᠢᠭᠤᠯᠤᠭᠰᠠᠨ ᠡᠮᠦᠨ᠎ᠠ ᠯᠧᠢᠢᠺᠧ ᠵᠢᠨ ᠤᠰᠤᠨ ᠴᠠᠬᠢᠯᠭᠠᠨ ᠦᠷᠳᠡᠭᠡ ᠶᠢᠨ ᠤᠷᠴᠢᠯ ᠨᠢ ᠮᠠᠰᠢ ᠰᠠᠢᠢᠨ ᠪᠠᠢᠢᠵᠤ᠂ ᠯᠠᠤᠰ ᠤᠨ ᠠᠵᠤ ᠠᠬᠤᠢ ᠶᠢᠨ ᠪᠦᠲᠦᠭᠡᠨ ᠪᠠᠢᠢᠭᠤᠯᠤᠯᠲᠠ ᠪᠤᠯᠤᠨ ᠨᠡᠢᠢᠭᠡᠮ ᠤᠨ ᠬᠦᠭ᠍ᠵᠢᠯᠲᠠ ᠳᠤ ᠴᠢᠬᠤᠯᠠ ᠦᠢᠯᠡᠳᠦᠯ ᠦᠵᠡᠭᠦᠯᠵᠤ ᠪᠠᠢᠢᠨ᠎ᠠ᠃ ᠯᠠᠤᠰ ᠤᠨ ᠳᠤᠮᠳᠠᠳᠤ ᠤᠯᠤᠰ ᠲᠦ ᠴᠢᠭᠯᠡᠭᠦᠯᠦᠭᠰᠡᠨ ᠭᠠᠳᠠᠭᠠᠳᠦ ᠭᠠᠷᠭᠠᠯᠳᠠ ᠲᠠᠰᠤᠷᠠᠯᠲᠠ ᠦᠭᠡᠢ ᠦᠷᠭᠡᠳᠴᠤ᠂ ᠯᠠᠤᠰ ᠤᠨ ᠳᠤᠳᠤᠷᠭ᠎ᠠ᠂ ᠺᠤᠹᠧ᠂ ᠪᠠᠨᠠᠨᠠ᠂ ᠲᠠᠷᠪᠤᠰ ᠵᠡᠷᠭᠡ ᠲᠠᠷᠢᠶᠠᠯᠠᠩ ᠤᠨ ᠪᠦᠲᠦᠭᠡᠭ᠍ᠳᠡᠭᠦᠨ ᠡᠳᠦᠷ ᠡᠴᠡ ᠡᠳᠦᠷ ᠳᠤᠮᠳᠠᠳᠤ ᠤᠯᠤᠰ ᠤᠨ ᠬᠡᠷᠡᠭᠯᠡᠭᠴᠢᠳ ᠤᠨ ᠳᠠᠭᠠᠰᠢᠶᠠᠯ ᠳᠤ ᠬᠦᠷᠴᠤ ᠪᠠᠢᠢᠨ᠎ᠠ᠃

    ᠳᠤᠮᠳᠠᠳᠤ ᠯᠠᠤᠰ ᠤᠨ ᠰᠤᠶᠤᠯ ᠢᠷᠭᠡᠨᠰᠢᠯ ᠤᠨ ᠰᠤᠯᠢᠯᠴᠠᠭ᠎ᠠ ᠡᠳᠦᠷ ᠢᠷᠡᠬᠦᠶ᠎ᠠ ᠬᠦᠭ᠍ᠵᠢᠶᠠᠨ ᠲᠠᠢ ᠪᠤᠯᠪᠠ᠃ ᠡᠨᠡ ᠵᠢᠯ ᠤᠨ ᠳᠡᠭᠡᠷ᠎ᠠ ᠬᠠᠭᠠᠰ ᠵᠢᠯ ᠳ᠋ᠤ ᠳᠤᠮᠳᠠᠳᠤ ᠤᠯᠤᠰ ᠤᠨ 40 ᠲᠦᠮᠡᠨ ᠵᠤᠭᠠᠴᠠᠭᠰᠠᠳ ᠯᠠᠤᠰ ᠲᠦ ᠬᠦᠷᠴᠤ ᠵᠤᠭᠠᠴᠠᠨ ᠲᠤᠭᠤᠷᠢᠵᠠᠢ᠃ ᠳᠤᠮᠳᠠᠳᠤ ᠤᠯᠤᠰ ᠲᠦ ᠢᠷᠡᠵᠤ ᠬᠤᠳᠠᠯᠳᠤᠭ᠎ᠠ ᠡᠷᠬᠢᠯᠡᠨ᠂ ᠵᠤᠭᠠᠴᠠᠨ ᠲᠤᠭᠤᠷᠢᠬᠤ ᠯᠠᠤᠰ ᠬᠦᠮᠦᠨ ᠤᠯᠠᠮ ᠡᠴᠡ ᠠᠷᠪᠢᠳᠴᠤ ᠪᠠᠢᠢᠨ᠎ᠠ᠂ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠤᠷᠤᠯᠭ᠎ᠠ ᠶᠢᠨ ᠱᠠᠩᠨᠠᠯ ᠤᠨ ᠮᠦᠩᠬᠦ ᠶᠢ ᠬᠦᠷᠳᠡᠬᠦ ᠳᠤᠮᠳᠠᠳᠤ ᠳᠤ ᠰᠤᠷᠤᠯᠴᠠᠬᠤ ᠯᠠᠤᠰ ᠤᠨ ᠰᠤᠷᠤᠭᠴᠢᠳ ᠤᠨ ᠲᠤᠭ᠎ᠠ ᠪᠤᠯ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠤᠯᠤᠰ ᠳᠤᠳᠤᠷ᠎ᠠ ᠬᠠᠮᠤᠭ ᠤᠨ ᠤᠯᠠᠨ ᠨᠢ ᠪᠤᠯᠤᠨ᠎ᠠ᠃ ᠳᠤᠮᠳᠠᠳᠤ ᠤᠯᠤᠰ ᠤᠨ《ᠡᠩᠬᠡ ᠲᠠᠢᠢᠪᠤᠩ ᠨᠡᠷᠡᠮᠵᠢᠳᠦ ᠭᠠᠯᠲᠦ ᠲᠡᠷᠭᠡ》᠂《ᠮᠸᠢᠢᠭᠤᠩ ᠮᠦᠷᠡᠨ ᠤ ᠭᠡᠷᠡᠯ ᠭᠡᠭᠡᠨ ᠤ ᠠᠶᠠᠯᠠᠯ》ᠡᠮ ᠡᠮᠴᠢᠯᠡᠭᠡᠨ  ᠤ ᠦᠢᠯᠡᠴᠢᠯᠡᠭᠡ ᠶᠢᠨ ᠠᠵᠢᠯᠯᠠᠭ᠎ᠠ ᠨᠢ ᠯᠠᠤᠰ ᠤᠨ ᠠᠷᠠᠳ ᠲᠦᠮᠡᠨ ᠤ ᠦᠷᠭᠡᠨ ᠲᠡᠯᠬᠡᠷ ᠮᠠᠭᠳᠠᠭᠠᠯ ᠢ ᠤᠯᠵᠠᠢ᠃ ᠳᠤᠮᠳᠠᠳᠤ ᠤᠯᠤᠰ ᠤᠨ ᠱᠠᠩᠬᠠᠢ ᠶᠢᠨ ᠵᠠᠭᠤ ᠰᠢᠬᠠᠮ ᠵᠠᠯᠠᠭᠤ ᠰᠠᠢᠢᠨ ᠳᠤᠷᠠᠴᠤᠳ ᠤᠷᠢᠳ ᠬᠤᠵᠢᠳ ᠯᠠᠤᠰ ᠲᠦ ᠬᠦᠷᠴᠤ ᠰᠦᠯᠵᠢᠶᠠᠨ ᠤ ᠮᠡᠷᠭᠡᠵᠢᠯ᠂ ᠪᠡᠶ᠎ᠠ ᠵᠢᠨ ᠲᠠᠮᠢᠷ ᠤᠨ ᠰᠤᠷᠭᠠᠨ ᠬᠦᠮᠦᠵᠢᠯ ᠵᠡᠷᠭᠡ ᠠᠵᠢᠯ ᠳᠦ ᠤᠷᠤᠯᠴᠠᠪᠠ᠂ ᠡᠭᠦᠨ ᠳᠤ ᠨᠢᠭᠡᠨ ᠰᠠᠢᠢᠨ ᠳᠤᠷ᠎ᠠ ᠶᠢᠨ ᠠᠵᠢᠯᠳᠠᠨ ᠨᠢ ᠯᠠᠤᠰ ᠤᠨ ᠤᠯᠤᠰ ᠤᠨ ᠡᠷᠡᠭᠳᠠᠢ ᠶᠢᠨ ᠰᠠᠭᠰᠤᠨ ᠪᠦᠮᠪᠦᠭᠡ ᠶᠢᠨ ᠠᠩᠭᠢ ᠶᠢᠨ ᠳᠠᠰᠬᠠᠯᠵᠢᠭᠤᠯᠤᠭᠴᠢ ᠪᠡᠷ ᠠᠵᠢᠯᠯᠠᠵᠤ ᠪᠤᠢ᠃ ᠳᠤᠮᠳᠠᠳᠤ ᠯᠠᠤᠰ ᠤᠨ ᠬᠠᠮᠲᠤᠷᠠᠵᠤ ᠰᠢᠩᠭᠡᠬᠡᠨ ᠦᠢᠯᠡᠳᠦᠭᠰᠡᠨ ᠪᠠᠷᠢᠮᠳᠠᠳᠤ ᠺᠢᠨᠣ᠋《ᠤᠨ ᠰᠠᠷ᠎ᠠ ᠵᠢᠨ ᠦᠯᠢᠭᠡᠷ》 ᠤᠨ ᠰᠦᠯᠵᠢᠶ᠎ᠠ ᠪᠡᠷ ᠦᠵᠡᠭᠰᠡᠨ ᠬᠡᠮᠵᠢᠶ᠎ᠠ ᠵᠠᠭᠤᠨ ᠲᠦᠮᠡᠨ ᠤᠳᠠᠭ᠎ᠠ ᠶᠢ ᠳᠠᠪᠠᠵᠤ᠂ ᠬᠤᠶᠠᠷ ᠤᠯᠤᠰ ᠤᠨ ᠠᠷᠠᠳ ᠲᠦᠮᠡᠨ ᠤ ᠰᠡᠳᠭᠢᠯ ᠢ ᠶᠡᠬᠡᠳᠡ ᠬᠦᠳᠡᠯᠭᠡᠭ᠍ᠰᠡᠨ ᠶᠤᠮ᠃ ᠯᠠᠤᠰ ᠤᠨ ᠨᠢᠭᠡ ᠨᠦᠬᠦᠷᠰᠡᠭ ᠬᠦᠮᠦᠨ ᠤ ᠵᠤᠬᠢᠶᠠᠨ ᠳᠠᠭᠤᠯᠠᠭᠰᠠᠨ ᠷᠤᠺ ᠳᠠᠭᠤᠤ《 ᠨᠢᠭᠡ ᠪᠦᠰᠡ ᠨᠢᠭᠡ ᠵᠠᠮ》 ᠨᠢ ᠰᠦᠯᠵᠢᠶᠠᠨ ᠤ ᠬᠠᠯᠠᠮᠰᠢᠯ ᠪᠤᠯᠵᠤ᠂ ᠠᠯᠢ ᠤᠯᠠᠨ ᠰᠦᠯᠵᠢᠶᠠᠨ ᠠᠨᠳᠠ ᠶᠢᠨ ᠮᠠᠭᠳᠠᠭᠠᠯ ᠪᠠ ᠦᠨᠡᠯᠡᠯᠳᠡ ᠶᠢ ᠤᠯᠤᠭᠰᠠᠨ ᠪᠠᠢᠢᠨ᠎ᠠ᠃

    ᠲᠤᠰ ᠤᠯᠤᠰ ᠤᠨ ᠢᠶᠡᠨ ᠤᠨᠴᠠᠯᠢᠬ ᠲᠠᠢ ᠨᠡᠢᠢᠬᠡᠮ ᠵᠢᠷᠤᠮ ᠢ ᠪᠦᠳᠤᠬᠡᠨ ᠪᠠᠢᠢᠭᠤᠯᠬᠤ ᠠᠭᠤᠤ ᠶᠡᠬᠡ ᠠᠶᠠᠨ ᠳᠤ ᠳᠤᠮᠳᠠᠳᠤ ᠯᠠᠤᠰ ᠬᠤᠶᠠᠷ ᠤᠯᠤᠰ ᠪᠤᠯ《ᠵᠤᠷᠢᠯᠳᠠ ᠨᠢᠬᠡᠳᠠᠢ ᠪᠦᠭᠡᠳ ᠠᠮᠢᠰᠬᠤᠭ᠎ᠠ ᠨᠢᠭᠡᠳᠠᠢ》ᠶᠤᠮ᠃ ᠲᠡᠭᠡᠷ᠎ᠠ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠳᠤ ᠨᠠᠮ ᠠᠷᠪᠠ ᠶᠢᠰᠤᠳᠤᠭᠡᠷ ᠤᠳᠠᠭ᠎ᠠ ᠶᠢᠨ ᠪᠦᠬᠦ ᠤᠯᠤᠰ ᠤᠨ ᠲᠦᠯᠤᠬᠡᠯᠡᠭᠴᠢᠳ ᠤᠨ ᠶᠡᠬᠡ ᠬᠤᠷᠠᠯ ᠢ ᠠᠮᠵᠢᠯᠳᠠ ᠳᠠᠢ ᠬᠤᠷᠠᠯᠳᠤᠭᠤᠯᠪᠠ᠃ ᠡᠨᠡ ᠤᠳᠠᠭ᠎ᠠ ᠶᠢᠨ ᠶᠡᠬᠡ ᠬᠤᠷᠠᠯ ᠡᠴᠡ ᠳᠤᠮᠳᠠᠳᠤ ᠤᠯᠤᠰ ᠤᠨ ᠨᠠᠮ ᠪᠤᠯᠤᠨ ᠤᠯᠤᠰ ᠤᠨ ᠢᠷᠡᠬᠡᠳᠤᠢ ᠶᠢᠨ ᠬᠦᠭ᠍ᠵᠢᠯᠳᠠ ᠶᠢᠨ ᠶᠠᠷᠤᠩᠬᠡᠢ ᠴᠢᠭᠯᠡᠯᠳᠠ ᠪᠤᠯᠤᠨ ᠠᠵᠢᠯᠯᠠᠭᠠᠨ ᠤ ᠬᠦᠳᠤᠯᠪᠤᠷᠢ ᠶᠢ ᠲᠤᠭᠳᠠᠭᠠᠪᠠ᠃ ᠶᠡᠬᠡ ᠬᠤᠷᠠᠯ ᠡᠴᠡ ᠤᠳᠤ ᠡᠴᠡ ᠲᠤᠰ ᠵᠠᠭᠤᠨ ᠤ ᠲᠤᠮᠳᠠᠴᠢ ᠪᠤᠯᠳᠠᠯᠡᠬᠢ ᠳᠤᠮᠳᠠᠳᠤ ᠤᠯᠤᠰ ᠤᠨ ᠪᠦᠳᠤᠬᠡᠨ ᠪᠠᠢᠢᠭᠤᠯᠤᠯᠳᠠ ᠬᠦᠭ᠍ᠵᠢᠯᠳᠠ ᠶᠢᠨ ᠠᠤᠭ᠎ᠠ ᠵᠢᠷᠤᠬ ᠲᠦᠯᠤᠪᠯᠡᠬᠡ ᠶᠢ ᠲᠦᠰᠦᠪᠯᠡᠨ ᠵᠢᠷᠤᠬᠯᠠᠵᠠᠢ᠃ 2020 ᠤᠨ ᠪᠤᠯᠬᠤ ᠳᠤ ᠴᠢᠨᠡᠭᠡᠯᠢᠭ᠌ ᠨᠡᠢᠢᠬᠡᠮ ᠢ ᠪᠦᠬᠦ ᠲᠠᠯ᠎ᠠ ᠪᠡᠷ ᠪᠡᠶᠡᠯᠡᠬᠦᠯᠤᠨ᠎ᠠ; 2020 ᠤᠨ ᠡᠴᠡ 2035 ᠤᠨ ᠪᠤᠯᠬᠤ ᠳᠤ ᠨᠡᠢᠢᠬᠡᠮ ᠵᠢᠷᠤᠮ ᠤᠨ ᠤᠳᠤᠬᠢᠴᠢᠯᠠᠯᠳᠠ ᠶᠢ ᠦᠨᠳᠤᠰᠤᠨ ᠳᠡᠬᠡᠨ ᠪᠡᠶᠡᠯᠡᠬᠦᠯᠤᠨ᠎ᠠ ; 2035 ᠤᠨ ᠡᠴᠡ ᠲᠤᠰ ᠵᠠᠭᠤᠨ ᠤ ᠲᠤᠮᠳᠠᠴᠢ ᠪᠤᠯᠬᠤ ᠳᠤ ᠳᠤᠮᠳᠠᠳᠤ ᠤᠯᠤᠰ ᠢᠶᠡᠨ ᠪᠡᠶᠡᠨ ᠬᠦᠴᠦᠷᠭᠡᠭ᠌ ᠠᠷᠠᠳᠴᠢᠯᠠᠬᠰᠠᠨ ᠪᠤᠯᠪᠠᠰᠤᠨ ᠡᠶ᠎ᠠ ᠵᠤᠬᠢᠴᠠᠩᠭ᠋ᠤᠢ ᠦᠵᠡᠰᠬᠦᠯᠡᠩᠳᠤ ᠰᠠᠢᠢᠬᠠᠨ ᠨᠡᠢᠢᠬᠡᠮ ᠵᠢᠷᠤᠮᠳᠤ ᠤᠳᠤᠬᠢᠴᠢᠯᠠᠬᠰᠠᠨ ᠬᠦᠴᠦᠷᠭᠡᠭ ᠤᠯᠤᠰ ᠪᠤᠯᠭᠠᠨ ᠪᠦᠳᠤᠬᠡᠨ ᠪᠠᠢᠢᠭᠤᠯᠤᠨ᠎ᠠ᠃ ᠪᠢᠳᠠ ᠳᠤᠮᠳᠠᠳᠤ ᠤᠯᠤᠰ ᠤᠨ ᠠᠷᠠᠳ ᠲᠦᠮᠡᠨ ᠢ ᠲᠠᠭᠠᠭᠤᠯᠤᠨ ᠳᠤᠮᠳᠠᠳᠤ ᠶᠢᠨ ᠦᠨᠳᠤᠰᠤᠳᠠᠨ ᠤ ᠠᠭᠤᠤ ᠶᠡᠬᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠵᠦᠭ ᠤᠷᠤᠬᠰᠢᠯᠠᠬᠤ ᠴᠢᠳᠠᠪᠤᠷᠢ ᠲᠠᠢ ᠪᠦᠬᠡᠳ ᠢᠳᠡᠬᠡᠯ ᠳᠠᠢ ᠶᠤᠮ᠃ ᠯᠠᠤᠰ ᠤᠨ ᠠᠷᠠᠳ ᠤᠨ ᠬᠤᠪᠢᠰᠬᠠᠯᠳᠤ ᠨᠠᠮ ᠤᠨ ᠤᠳᠤᠷᠢᠳᠤᠯᠭ᠎ᠠ ᠲᠤᠤᠷ᠎ᠠ᠂ ᠯᠠᠤᠰ ᠤᠨ ᠨᠡᠢᠢᠬᠡᠮ ᠡᠶ᠎ᠠ ᠵᠤᠬᠢᠴᠠᠩᠭ᠋ᠤᠢ ᠲᠤᠭᠳᠠᠭᠤᠨ ᠪᠠᠢᠢᠵᠤ᠂ ᠠᠵᠤ ᠠᠬᠤᠢ ᠦᠷᠨᠢᠬᠦᠨ ᠬᠦᠭ᠍ᠵᠢᠵᠤ᠂ ᠤᠯᠤᠰ ᠤᠷᠤᠨ ᠡᠳᠤᠷ ᠲᠤᠳᠤᠮ ᠰᠢᠨᠡᠳᠦᠨ ᠬᠤᠪᠢᠷᠠᠵᠤ᠂ ᠯᠠᠤᠰ ᠤᠨ ᠨᠠᠮ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠦᠯᠤᠬᠡᠯᠡᠭᠴᠢᠳ ᠤᠨ ᠶᠡᠬᠡ ᠬᠤᠷᠠᠯ ᠡᠴᠡ ᠲᠤᠭᠳᠠᠭᠠᠬᠰᠠᠨ ᠬᠠᠷᠠᠯᠳᠠ ᠪᠡᠷ ᠰᠢᠨᠡᠴᠢᠯᠡᠯᠳᠡ ᠶᠢᠨ ᠤᠢᠢᠯᠡᠰ ᠢ ᠪᠦᠬᠦ ᠲᠠᠯ᠎ᠠ ᠪᠡᠷ ᠠᠬᠢᠭᠤᠯᠵᠤ ᠪᠠᠢᠢᠨ᠎ᠠ᠃ ᠠᠳᠠᠯᠢᠬᠠᠨ ᠲᠡᠦᠬᠡᠨ ᠬᠠᠷᠢᠭᠤᠴᠠᠯᠭ᠎ᠠ᠂ ᠠᠳᠠᠯᠢᠬᠠᠨ ᠬᠦᠰᠡᠯ ᠵᠡᠬᠦᠳᠤ ᠨᠢ ᠶᠠᠭ ᠳᠤᠮᠳᠠᠳᠤ ᠯᠠᠤᠰ  ᠢ ᠬᠠᠮᠳᠤ ᠳ᠋ᠤ ᠨᠢ ᠲᠤᠭᠤᠯᠵᠤ ᠪᠠᠢᠢᠭ᠎ᠠ ᠯᠠᠨᠼᠠᠩᠵᠢᠶᠠᠩ ᠮᠦᠷᠡᠨ- ᠮᠧᠢᠢᠭᠤᠩ ᠮᠦᠷᠠᠨ ᠰᠢᠭ᠌ ᠢᠶᠡᠨ᠂ ᠮᠠᠨ ᠤ ᠠᠯᠤᠰ ᠢᠷᠡᠬᠡᠳᠤᠢ ᠶᠢ ᠪᠠᠳᠤ ᠬᠤᠯᠪᠤᠵᠤ᠂ ᠮᠠᠨ ᠤ ᠬᠤᠪᠢ ᠵᠠᠶᠠᠭ᠎ᠠ ᠶᠢ ᠨᠢᠬᠳᠠ ᠬᠡᠯᠬᠢᠵᠠᠢ᠃

    - ᠪᠢᠳᠠ ᠪᠠᠢᠢᠯᠳᠤᠬᠤ ᠪᠤᠳᠤᠯᠭ᠎ᠠ ᠶᠢᠨ ᠤᠢᠢᠯᠠᠭᠠᠯᠴᠠᠭ᠎ᠠ ᠪᠠᠨ ᠴᠢᠩᠭ᠋ᠠᠳᠬᠠᠵᠤ᠂ ᠬᠠᠷᠢᠯᠴᠠᠨ ᠬᠦᠨᠳᠤᠳᠬᠡᠵᠤ ᠬᠠᠷᠢᠯᠴᠠᠨ ᠢᠳᠡᠬᠡᠬᠦ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠢᠢᠭᠤᠯᠤᠶ᠎ᠠ᠃ ᠳᠤᠮᠳᠠᠳᠤ ᠯᠠᠤᠰ ᠬᠤᠶᠠᠷ ᠲᠠᠯ᠎ᠠ ᠪᠡᠷ ᠢᠶᠡᠨ ᠬᠤᠶᠠᠷ ᠤᠯᠤᠰ ᠤᠨ ᠨᠦᠬᠦᠷᠰᠡᠭ ᠬᠠᠷᠢᠯᠴᠠᠭᠠᠨ ᠤ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠬᠤᠶᠠᠷ ᠲᠠᠯ᠎ᠠ ᠶᠢᠨ ᠬᠠᠷᠢᠯᠴᠠᠭᠠᠨ ᠤ ᠬᠦᠭ᠍ᠵᠢᠯᠳᠠ ᠶᠢᠨ ᠵᠦᠪ ᠴᠢᠭᠯᠡᠯ ᠢ ᠪᠠᠳᠤ ᠡᠵᠡᠮᠳᠡᠵᠤ᠂ ᠤᠯᠤᠰ ᠲᠦᠷᠤ ᠶᠢᠨ ᠢᠳᠡᠬᠡᠯᠴᠡᠬᠡ ᠪᠠᠨ ᠬᠦᠨᠵᠡᠬᠡᠢᠢᠷᠡᠬᠦᠯᠵᠤ᠂ ᠦᠬᠡᠷᠡᠴᠢᠯᠠᠯᠳᠠ ᠶᠢ ᠠᠬᠢᠭᠤᠯᠬᠤ᠂ ᠨᠡᠢᠢᠬᠡᠮ ᠵᠢᠷᠤᠮ ᠤᠨ ᠪᠦᠳᠤᠬᠡᠨ ᠪᠠᠢᠢᠭᠤᠯᠤᠯᠳᠠ ᠶᠢᠨ ᠤᠨᠤᠯ ᠪᠤᠯᠤᠨ ᠤᠢᠢᠯᠡᠳᠤᠯᠬᠡ ᠶᠢᠨ ᠰᠦᠪᠡᠭ᠍ᠴᠢᠯᠡᠯᠳᠡ ᠶᠢᠨ ᠲᠤᠷᠰᠢᠯᠭ᠎ᠠ ᠪᠡᠨ ᠬᠠᠷᠢᠯᠴᠠᠨ ᠲᠤᠯᠢᠳᠠᠵᠤ᠂ ᠲᠦᠷᠤ ᠶᠢᠨ ᠨᠠᠮ᠂ ᠵᠠᠰᠠᠬ ᠤᠨ ᠤᠷᠳᠤᠨ᠂ ᠬᠠᠤᠯᠢ ᠲᠤᠭᠳᠠᠭᠠᠬᠤ ᠪᠠᠢᠢᠭᠤᠯᠤᠮᠵᠢ᠂ ᠤᠷᠤᠨ ᠨᠤᠳᠤᠬ ᠤᠨ ᠰᠤᠯᠢᠯᠴᠠᠭ᠎ᠠ ᠪᠠᠨ ᠨᠢᠬᠳᠠᠷᠠᠭᠤᠯᠵᠤ᠂ ᠳᠤᠮᠳᠠᠳᠤ ᠯᠠᠤᠰ ᠤᠨ ᠪᠦᠬᠦ ᠲᠠᠯ᠎ᠠ ᠶᠢᠨ ᠪᠠᠢᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠦᠷᠬᠡᠵᠢᠯ ᠪᠤᠯᠤᠨ ᠬᠦᠨᠵᠡᠬᠡᠢᠢᠷᠡᠯ ᠢ ᠠᠬᠢᠭᠤᠯᠬᠤ ᠭᠡᠷᠡᠭᠳᠠᠢ᠃ ᠬᠤᠶᠠᠷ ᠤᠯᠤᠰ ᠢᠶᠡᠷ ᠢᠶᠡᠨ ᠨᠦᠬᠦᠬᠡ ᠡᠳᠡᠬᠡᠳ ᠤᠨ ᠢᠶᠡᠨ ᠭᠤᠤᠯᠯᠠᠭᠴᠢ ᠠᠰᠢᠬ ᠲᠤᠰᠠ ᠪᠤᠯᠤᠨ ᠠᠩᠬᠠᠷᠴᠦ ᠬᠠᠯᠠᠮᠵᠢᠯᠠᠵᠤ ᠪᠠᠢᠢᠭ᠎ᠠ ᠴᠢᠬᠤᠯᠠ ᠶᠡᠬᠡ ᠠᠰᠠᠭᠤᠳᠠᠯ ᠤᠨ ᠲᠠᠯ᠎ᠠ ᠪᠡᠷ ᠦᠷᠬᠦᠯᠵᠢᠯᠠᠨ ᠬᠠᠷᠢᠯᠴᠠᠨ ᠲᠡᠮᠵᠢᠵᠤ᠂ ᠤᠴᠢᠷ ᠶᠠᠪᠤᠳᠠᠯ ᠤᠨ ᠦᠨᠡᠨ ᠬᠤᠳᠠᠯ ᠵᠦᠪ ᠪᠤᠷᠤᠭᠤ ᠶᠢ ᠦᠨᠳᠦᠰᠦᠯᠡᠨ ᠭᠠᠳᠠᠭᠠᠳᠤ ᠲᠦᠷᠤ ᠶᠢᠨ ᠪᠤᠳᠤᠯᠭ᠎ᠠ ᠪᠠᠨ ᠲᠤᠭᠳᠠᠭᠠᠵᠤ᠂ ᠬᠦᠭ᠍ᠵᠢᠵᠤ ᠪᠠᠢᠢᠭ᠎ᠠ ᠤᠯᠤᠰ ᠤᠨ ᠡᠷᠬᠡ ᠠᠰᠢᠬ ᠢ ᠬᠠᠮᠳᠤᠪᠡᠷ ᠬᠠᠮᠠᠭᠠᠯᠠᠬᠤ ᠬᠡᠷᠡᠭᠳᠠᠢ᠃

    - ᠪᠢᠳᠠ ᠪᠠᠢᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠪᠠᠨ ᠬᠦᠨᠵᠡᠬᠡᠢᠢᠷᠡᠬᠦᠯᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠡᠮᠵᠢᠬᠦ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠢᠢᠭᠤᠯᠤᠶ᠎ᠠ᠃ ᠳᠤᠮᠳᠠᠳᠤ ᠤᠯᠤᠰ ᠯᠠᠤᠰ ᠤᠨ ᠬᠢᠨ ᠤ ᠦᠪᠡᠷᠮᠢᠴᠠ ᠤᠷᠤᠨ ᠪᠠᠢᠢᠷᠢ ᠶᠢᠨ ᠲᠠᠪᠠᠭᠤᠯᠢᠬ ᠢᠶᠡᠨ ᠪᠠᠳᠠᠷᠠᠭᠤᠯᠵᠤ᠂ ᠪᠤᠬᠢᠷᠳᠤᠯ ᠦᠬᠡᠢ ᠦᠷᠬᠦᠯᠵᠢᠯᠡᠬᠦ ᠬᠦᠭ᠍ᠵᠢᠯᠳᠠ ᠶᠢ ᠪᠡᠶᠡᠯᠡᠬᠦᠯᠬᠦ ᠶᠢ ᠲᠡᠮᠵᠢᠨ᠎ᠠ᠃ ᠳᠤᠮᠳᠠᠳᠤ ᠯᠠᠤᠰ ᠤᠨ ᠲᠡᠮᠤᠷ ᠵᠠᠮ ᠨᠢ ᠠᠽᠢᠶ᠎ᠠ ᠶᠢᠨ ᠲᠡᠮᠤᠷ ᠵᠠᠮ ᠤᠨ ᠲᠤᠮᠤ ᠲᠤᠤᠷ ᠤᠨ ᠴᠢᠬᠤᠯᠠ ᠪᠦᠷᠢᠯᠳᠤᠬᠦᠨ ᠭᠡᠰᠡᠭ ᠪᠤᠯᠤᠬᠰᠠᠨ ᠤ ᠬᠤᠪᠢ ᠳᠤ ᠯᠠᠤᠰ ᠲᠤ ᠴᠢᠬᠤᠯᠠ ᠶᠡᠬᠡ ᠪᠠᠢᠢᠯᠳᠤᠬᠤ ᠪᠤᠳᠤᠯᠭ᠎ᠠ ᠶᠢᠨ ᠪᠠ ᠪᠤᠳᠠᠳᠤ ᠠᠴᠢ ᠬᠤᠯᠪᠤᠬᠳᠠᠯ ᠳᠠᠢ ᠶᠤᠮ᠃ ᠬᠤᠶᠠᠷ ᠲᠠᠯ᠎ᠠ ᠪᠡᠷ ᠢᠶᠡᠨ ᠨᠢᠬᠡᠳᠤᠯᠳᠠᠢ ᠲᠦᠯᠤᠪᠵᠢᠬᠦᠯᠤᠨ ᠵᠤᠬᠢᠴᠠᠭᠤᠯᠤᠨ ᠠᠬᠢᠭᠤᠯᠬᠤ ᠪᠠᠨ ᠴᠢᠩᠭ᠋ᠠᠳᠬᠠᠵᠤ᠂ ᠡᠷᠳᠡ ᠨᠢᠭᠡᠨ ᠡᠳᠦᠷ ᠲᠡᠷᠭᠡ ᠨᠡᠪᠲᠡᠷᠡᠭᠦᠯᠬᠦ ᠪᠡᠷ ᠴᠢᠷᠮᠠᠢᠢᠵᠤ᠂ ᠯᠠᠤᠰ ᠤᠨ ᠡᠷᠬᠢᠨ ᠲᠤᠭᠤᠷᠢᠨ ᠤ ᠤᠯᠤᠰ ᠲᠡᠷᠡᠴᠢᠯᠡᠨ ᠲᠡᠯᠡᠬᠡᠢ ᠳᠠᠬᠢᠨ ᠯᠤᠭ᠎ᠠ ᠬᠤᠯᠪᠤᠯᠳᠤᠨ ᠨᠡᠪᠳᠡᠷᠡᠯᠴᠡᠬᠦ ᠶᠢ ᠪᠡᠶᠡᠯᠡᠬᠦᠯᠬᠦ ᠭᠡᠷᠡᠭᠳᠠᠢ᠃ ᠪᠢᠳᠠ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ᠂ ᠲᠠᠭᠠᠭᠤᠯᠢ ᠤᠳᠤᠨ᠂ ᠤᠰᠤᠨ ᠴᠠᠬᠢᠯᠭᠠᠨ ᠤ ᠦᠷᠳᠡᠬᠡ ᠵᠡᠷᠬᠡ ᠴᠢᠬᠤᠯᠠ ᠶᠡᠬᠡ ᠲᠦᠷᠤᠯ ᠵᠤᠢᠢᠯ ᠤᠨ ᠪᠦᠳᠤᠬᠡᠨ ᠪᠠᠢᠢᠭᠤᠯᠤᠯᠳᠠ ᠪᠤᠯᠤᠨ ᠠᠰᠢᠬᠯᠠᠯᠳᠠ ᠶᠢ ᠲᠦᠷᠭᠡᠳᠭᠡᠨ ᠠᠬᠢᠭᠤᠯᠵᠤ᠂ ᠯᠠᠤᠰ ᠤᠨ ᠠᠷᠠᠳ ᠲᠦᠮᠡᠨ ᠳᠤ ᠢᠯᠡᠬᠦᠤ ᠠᠰᠢᠬ ᠬᠦᠷᠳᠡᠬᠡᠵᠤ᠂ ᠡᠷᠳᠡᠬᠡᠨ ᠠᠰᠢᠬ ᠬᠦᠷᠳᠡᠬᠡᠬᠦ ᠭᠡᠷᠡᠭᠳᠠᠢ᠃

    - ᠪᠢᠳᠠ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠡᠨ ᠦᠷᠭᠡᠳᠬᠡᠵᠦ᠂ ᠬᠠᠷᠢᠯᠴᠠᠨ ᠠᠰᠢᠬᠲᠠᠢ ᠬᠠᠮᠳᠤᠪᠡᠷ ᠠᠰᠢᠭ ᠬᠦᠷᠳᠡᠬᠦ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ ᠪᠠᠢᠢᠭᠤᠯᠤᠶ᠎ᠠ᠃ ᠳᠤᠮᠳᠠᠳᠤ ᠯᠠᠤᠰ ᠬᠤᠶᠠᠷ ᠤᠯᠤᠰ ᠠᠭᠤᠯᠠ ᠤᠰᠤ ᠪᠡᠷ ᠢᠶᠡᠨ ᠵᠠᠯᠭᠠᠯᠳᠤᠵᠤ᠂ ᠠᠵᠤ ᠠᠬᠤᠢ ᠬᠠᠷᠢᠯᠴᠠᠨ ᠨᠦᠬᠦᠪᠦᠷᠢᠯᠡᠵᠥ ᠪᠠᠢᠢᠳᠠᠭ᠃ ᠯᠠᠤᠰ ᠤᠨ ᠪᠠᠢᠢᠭᠠᠯᠢ ᠶᠢᠨ ᠳᠠᠪᠠᠭᠤᠯᠢᠭ ᠤᠬᠢ ᠰᠠᠢᠢᠨ᠂ ᠠᠵᠤ ᠠᠬᠤᠢ ᠶᠢᠨ ᠬᠦᠭ᠍ᠵᠢᠯᠲᠡ ᠲᠦᠷᠭᠡᠨ᠂ ᠶᠠᠬ ᠠᠵᠤ ᠦᠢᠯᠡᠳᠪᠦᠷᠢᠵᠢᠯᠲᠡ ᠪᠠ ᠤᠳᠤᠬᠢᠴᠢᠯᠠᠯᠲᠠ ᠶᠢ ᠠᠬᠢᠭᠤᠯᠬᠤ ᠵᠠᠩᠭᠢᠯᠠᠭ᠎ᠠ ᠵᠢᠨ ᠱᠠᠲᠤᠨ ᠳ᠋ᠤ ᠬᠦᠷᠦᠭᠡᠳ ᠪᠠᠢᠢᠨ᠎ᠠ᠃ ᠳᠤᠮᠳᠠᠳᠤ ᠤᠯᠤᠰ ᠪᠡᠯᠡ ᠮᠦᠩᠭᠦ᠂ ᠮᠡᠷᠭᠡᠵᠢᠯ᠂ ᠲᠤᠨᠤᠬ ᠲᠦᠭᠦᠭᠡᠷᠦᠮᠵᠢ ᠵᠡᠷᠭᠡ ᠲᠠᠯ᠎ᠠ ᠪᠡᠷ ᠡᠯᠪᠡᠭ᠌ ᠪᠠᠶᠠᠯᠢᠭ ᠲᠤᠷᠰᠢᠯᠭ᠎ᠠ ᠪᠠ ᠳᠠᠪᠠᠭᠤᠯᠢᠬ ᠲᠠᠢ ᠶᠤᠮ᠃ ᠬᠤᠶᠠᠷ ᠲᠠᠯ᠎ᠠ ᠪᠡᠷ ᠢᠶᠡᠨ ᠬᠠᠮᠳᠤᠷᠠᠯᠴᠠᠬᠤ ᠳᠠᠯᠲᠠ ᠬᠦᠴᠦᠨ ᠵᠢᠨᠨ ᠲᠠᠰᠤᠷᠠᠯᠲᠠ ᠦᠭᠡᠢ ᠠᠭᠤᠳᠠᠯᠵᠤ᠂ ᠬᠠᠮᠳᠤᠷᠠᠯᠴᠠᠬᠤ ᠬᠡᠯᠪᠡᠷᠢ ᠪᠡᠨ ᠰᠢᠨᠡᠴᠢᠯᠡᠵᠦ᠂ ᠴᠠᠬᠢᠯᠭᠠᠨ ᠬᠦᠴᠦᠨ ᠤ ᠲᠠᠯ᠎ᠠ ᠪᠡᠷ ᠬᠤᠯᠪᠤᠯᠳᠤᠨ ᠨᠡᠪᠲᠡᠷᠡᠯᠴᠡᠬᠦ᠂ ᠮᠦᠩᠭᠦᠨ ᠭᠦᠢᠯᠭᠡᠭᠡᠨ᠂ ᠡᠨᠧᠷᠬᠢ ᠵᠡᠷᠭᠡ ᠬᠦᠷᠢᠶᠡᠨ ᠳ᠋ᠡᠬᠢ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠡᠨ ᠦᠷᠭᠡᠳᠬᠡᠵᠦ᠂ ᠯᠠᠤᠰ ᠤᠨ ᠬᠦᠳᠡᠭᠡ ᠠᠵᠤ ᠠᠬᠤᠢ ᠂ ᠤᠰᠤᠨ ᠠᠰᠢᠬᠯᠠᠯᠳᠡ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ ᠵᠡᠷᠭᠡ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠢᠢᠭᠤᠯᠤᠯᠲᠠ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠤᠲᠠᠲᠠᠢ ᠠᠰᠢᠬ ᠬᠦᠷᠳᠡᠬᠡᠶ᠎ᠡ᠃

    - ᠪᠢᠳᠠ ᠰᠤᠶᠤᠯ ᠢᠷᠭᠡᠨᠰᠢᠯ ᠤᠨ ᠰᠤᠯᠢᠯᠴᠠᠭ᠎ᠠ ᠪᠡᠨ ᠦᠷᠭᠡᠳᠬᠡᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠳᠠᠬᠤ ᠬᠤᠪᠢ ᠵᠠᠶᠠᠭᠠᠨ ᠤ ᠬᠠᠮᠲᠤ ᠶᠢᠨ ᠴᠤᠬᠴᠠ ᠵᠢ ᠪᠠᠢᠢᠭᠤᠯᠤᠶ᠎ᠠ᠃ ᠪᠢᠳᠠ ᠰᠤᠶᠤᠯ᠂ ᠰᠢᠨᠵᠢᠯᠡᠬᠦ ᠤᠬᠠᠭᠠᠨ ᠮᠡᠷᠭᠡᠵᠢᠯ᠂ ᠵᠠᠯᠠᠭᠤᠴᠤᠳ᠂ ᠤᠷᠤᠨ ᠨᠤᠳᠤᠭ ᠵᠡᠷᠭᠡ ᠬᠦᠷᠢᠶᠡᠨ ᠳᠡᠬᠢ ᠰᠤᠯᠢᠯᠴᠠᠭ᠎ᠠ ᠬᠠᠮᠲᠤᠷᠠᠯᠴᠠᠭ᠎ᠠ ᠪᠡᠨ ᠴᠢᠩᠭ᠋ᠠᠳᠬᠠᠵᠤ ᠂ ᠳᠤᠮᠳᠠᠳᠤ ᠯᠠᠤᠰ ᠤᠨ ᠨᠦᠬᠦᠷᠯᠡᠯ ᠢᠶᠡᠨ ᠦᠶ᠎ᠡ ᠶᠢᠨ ᠦᠶ᠎ᠠ ᠪᠡᠷ ᠤᠯᠠᠮᠵᠢᠯᠠᠶ᠎ᠠ᠃ ᠳᠤᠮᠳᠠᠳᠤ ᠤᠯᠤᠰ ᠲᠤ ᠢᠷᠡᠵᠦ ᠰᠤᠷᠤᠯᠴᠠᠵᠤ᠂ ᠵᠤᠭᠠᠴᠠᠵᠤ᠂ ᠠᠵᠢᠯᠯᠠᠬᠤ ᠯᠠᠤᠰ ᠤᠨ ᠨᠠᠢᠢᠵᠢ ᠨᠠᠷ ᠨᠡᠩ ᠤᠯᠠᠨ ᠪᠤᠯᠵᠤ᠂ ᠳᠤᠮᠳᠠᠳᠤ ᠯᠠᠤᠰ ᠤᠨ ᠤᠯᠠᠮᠵᠢᠯᠠᠯᠲᠤ ᠨᠦᠬᠦᠷᠯᠡᠯ ᠢ ᠵᠠᠯᠭᠠᠮᠵᠢᠯᠠᠨ ᠪᠠᠳᠠᠷᠠᠭᠤᠯᠬᠤ ᠡᠯᠴᠢᠨ ᠪᠤᠯᠬᠤ ᠶᠢ ᠪᠠᠶᠠᠷᠯᠠᠨ ᠤᠬᠲᠤᠵᠤ ᠪᠠᠢᠢᠨ᠎ᠠ᠃ ᠳᠤᠮᠳᠠᠳᠤ ᠤᠯᠤᠰ ᠯᠠᠤᠰ ᠤᠨ 2018 ᠤᠨ ᠤ ᠵᠤᠭᠠᠴᠠᠯ ᠤᠨ ᠤᠨ ᠤ ᠠᠵᠢᠯᠯᠠᠭ᠎ᠠ ᠡᠷᠬᠢᠯᠡᠬᠦ ᠶᠢ ᠢᠳᠡᠪᠬᠢᠲᠡᠢ ᠪᠡᠷ ᠳᠡᠮᠵᠢᠵᠦ᠂ ᠨᠡᠩ ᠤᠯᠠᠨ ᠳᠤᠮᠳᠠᠳᠤ ᠶᠢᠨ ᠵᠤᠭᠠᠴᠠᠬᠰᠠᠳ ᠯᠠᠤᠰ ᠲᠦ ᠢᠷᠡᠵᠦ ᠲᠤᠭᠤᠷᠢᠨ ᠵᠤᠭᠠᠴᠠᠵᠤ᠂ ᠯᠠᠤᠰ ᠤᠨ ᠲᠡᠤᠬᠡ ᠰᠤᠶᠤᠯ ᠤᠨ ᠦᠪᠡᠷᠮᠢᠴᠠ ᠷᠢᠳᠢ ᠰᠢᠳᠢ ᠶᠢ ᠤᠢᠢᠯᠠᠭᠠᠬᠤ ᠵᠢ ᠵᠤᠷᠢᠬᠵᠢᠭᠤᠯᠤᠨ᠎ᠠ᠃

    ᠳᠤᠮᠳᠠᠳᠤ ᠯᠠᠤᠰ ᠪᠤᠯ ᠪᠦᠷ ᠯᠠᠨᠼᠠᠩᠵᠢᠶᠠᠩ ᠮᠦᠷᠡᠨ - ᠮᠧᠢᠢᠭᠤᠩ ᠮᠦᠷᠡᠨ ᠤ ᠬᠠᠮᠳᠤᠷᠠᠯᠴᠠᠭᠠᠨ ᠤ ᠲᠤᠬᠲᠠᠴᠠ ᠶᠢᠨ ᠴᠢᠬᠤᠯᠠ ᠪᠦᠷᠢᠯᠳᠦᠭᠦᠨ ᠪᠤᠯᠤᠨ᠎ᠠ᠃ ᠯᠠᠨᠼᠠᠩᠵᠢᠶᠠᠩ ᠮᠦᠷᠡᠨ- ᠮᠧᠢᠢᠭᠤᠩ ᠮᠦᠷᠡᠨ ᠤ ᠬᠠᠮᠳᠤᠷᠠᠯᠴᠠᠭᠠᠨ ᠤ ᠲᠤᠬᠲᠠᠴᠠ ᠶᠢ 2016 ᠤᠨ ᠡᠴᠡ ᠵᠢᠩᠬᠢᠨᠢ ᠪᠡᠷ ᠬᠡᠷᠡᠭᠵᠢᠭᠦᠯᠵᠦ ᠡᠬᠢᠯᠡᠭᠰᠡᠨ ᠡᠴᠡ ᠨᠠᠰᠢ ᠡᠯᠪᠡᠭ᠌ ᠪᠠᠶᠠᠯᠢᠭ ᠦᠷ᠎ᠡ ᠪᠦᠲᠦᠭᠡᠯ ᠤᠯᠵᠤ᠂《ᠯᠠᠨᠼᠠᠩᠵᠢᠶᠠᠩ ᠮᠦᠷᠡᠨ - ᠮᠧᠢᠢᠭᠤᠩ ᠮᠦᠷᠡᠨ ᠤ ᠬᠠᠮᠳᠤᠷᠠᠯᠴᠠᠭᠠᠨ ᠤ ᠬᠤᠷᠲᠤᠴᠠ》ᠪᠠ《ᠯᠠᠨᠼᠠᠩᠵᠢᠶᠠᠩ ᠮᠦᠷᠡᠨ - ᠮᠸᠢᠢᠭᠤᠩ ᠮᠦᠷᠡᠨ ᠤ ᠬᠠᠮᠳᠤᠷᠠᠯᠴᠠᠭᠠᠨ ᠤ ᠦᠷ᠎ᠠ ᠪᠦᠲᠦᠮᠵᠢ》 ᠶ᠋ᠢ ᠬᠠᠷᠠᠭᠤᠯᠵᠤ᠂ ᠬᠠᠷᠢᠯᠴᠠᠨ ᠡᠷᠬᠡ ᠲᠡᠭᠰᠢ ᠪᠡᠷ ᠬᠠᠨᠳᠤᠵᠤ᠂ ᠦᠨᠡᠨ ᠰᠡᠳᠬᠢᠯ ᠡᠴᠡ ᠪᠡᠨ ᠬᠠᠪᠰᠤᠷᠤᠯᠴᠠᠬᠤ᠂ ᠨᠢᠭᠡ ᠭᠡᠷ ᠤᠨ ᠬᠢ ᠮᠡᠲᠦ ᠲᠤᠳᠤᠨᠤ ᠯᠠᠨᠼᠠᠩᠵᠢᠶᠠᠩ ᠮᠦᠷᠡᠨ- ᠮᠧᠢᠢᠭᠤᠩ ᠮᠦᠷᠡᠨ ᠤ ᠬᠠᠮᠲᠤᠷᠠᠯᠴᠠᠭᠠᠨ ᠤ ᠰᠤᠶᠤᠯ ᠢ ᠪᠤᠢ ᠪᠤᠯᠭᠠᠪᠠ᠃ ᠯᠠᠤᠰ ᠪᠤᠯ ᠳᠠᠷᠠᠭ᠎ᠠ ᠵᠢᠯ ᠤᠨ ᠯᠠᠨᠼᠠᠩᠵᠢᠶᠠᠩ ᠮᠦᠷᠡᠨ - ᠮᠧᠢᠢᠭᠤᠩ ᠮᠦᠷᠡᠨ ᠤ ᠬᠠᠮᠳᠤᠷᠠᠯᠴᠠᠭᠠᠨ ᠤ ᠬᠠᠮᠲᠤ ᠶᠢᠨ ᠲᠡᠷᠢᠭᠦᠯᠡᠭᠴᠢ ᠤᠯᠤᠰ ᠪᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠯᠠᠤᠰ ᠲᠠᠢ ᠬᠠᠮᠲᠤ ᠴᠢᠷᠮᠠᠢᠢᠵᠤ ᠪᠠᠢᠢᠭᠠᠳ᠂ ᠯᠠᠨᠼᠠᠩᠵᠢᠶᠠᠩ ᠮᠦᠷᠡᠨ - ᠮᠧᠢᠢᠭᠤᠩ ᠮᠦᠷᠡᠨ ᠤ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠵᠤ᠂ ᠯᠠᠤᠰ ᠤᠨ ᠳᠤᠷᠠᠳᠤᠬᠰᠠᠨ ᠳᠦᠷᠦᠭᠦᠦ ᠬᠤᠭᠤᠴᠠᠭᠠᠨ ᠤ ᠠᠮᠵᠢᠯᠳᠠ ᠤᠯᠬᠤ ᠲᠦᠷᠦᠯ ᠵᠦᠢᠯ ᠢ ᠨᠠᠢᠢᠳᠠᠪᠤᠷᠢᠵᠢᠭᠤᠯᠵᠤ᠂ ᠳᠡᠳ᠋ ᠤᠷᠤᠨ ᠪᠦᠰᠡ ᠵᠢᠨ ᠬᠦᠭ᠍ᠵᠢᠯᠲᠡ ᠶᠢ ᠳᠠᠢᠢᠴᠢᠯᠠᠵᠤ᠂ ᠭᠠᠵᠠᠷ ᠤᠷᠤᠨ ᠤ ᠤᠯᠤᠰ ᠤᠳ ᠪᠠ ᠠᠷᠠᠳ ᠲᠦᠮᠡᠨ ᠳ᠋ᠤ ᠨᠡᠩ ᠤᠯᠠᠨ ᠪᠤᠶᠠᠨ ᠦᠢᠯᠡᠳᠦᠨ᠎ᠡ᠃

    ᠯᠠᠤᠰᠴᠤᠳ ᠦᠷᠬᠦᠯᠵᠢ《ᠭᠠᠬᠴᠠ ᠮᠤᠳᠤ ᠭᠠᠯ ᠪᠤᠯᠬᠤ ᠦᠭᠡᠢ᠂ ᠭᠠᠬᠴᠠ ᠬᠦᠮᠦᠨ ᠠᠢᠢᠯ ᠪᠤᠯᠬᠤ ᠦᠭᠡᠢ》ᠭᠡᠵᠦ ᠬᠡᠯᠡᠳᠡᠭ᠂ ᠳᠤᠮᠳᠠᠳᠤᠴᠤᠳ ᠪᠤᠯ《ᠤᠯᠠᠨ ᠤ ᠬᠦᠴᠦᠨ ᠳᠤ ᠤᠪᠤᠭ᠎ᠠ ᠪᠤᠰᠤᠨ᠎ᠠ》ᠭᠡᠳᠡᠭ᠃ ᠳᠤᠮᠳᠠᠳᠤ ᠯᠠᠤᠰ ᠬᠠᠷᠢᠯᠴᠠᠨ ᠢᠲᠡᠭᠡᠵᠦ᠂ ᠭᠠᠷ ᠬᠤᠯᠪᠤᠨ ᠬᠠᠮᠲᠤᠷᠠᠯᠴᠠᠪᠠᠯ ᠯᠠᠪᠲᠠᠢ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠰᠠᠢᠢᠨ ᠰᠠᠢᠢᠬᠠᠨ ᠢᠷᠡᠭᠡᠳᠦᠢ ᠶᠢ ᠨᠡᠭᠡᠭᠡᠨ ᠡᠭᠦᠳᠬᠦ ᠶᠢ ᠪᠢ ᠪᠠᠲᠤ ᠢᠲᠡᠭᠡᠵᠦ ᠪᠠᠢᠢᠨ᠎ᠠ᠃

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121953576