蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠯᠠᠦᠰ ᠤᠨ ᠠᠷᠠᠳ ᠤᠨ ᠬᠤᠪᠢᠰᠬᠠᠯᠲᠤ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠤᠯᠤᠰ ᠤᠨ ᠲᠡᠷᠢᠬᠦᠯᠡᠭᠴᠢ ᠪᠧᠨᠶᠠᠩ ᠲᠠᠢ ᠬᠡᠯᠡᠯᠴᠡᠭᠡ ᠬᠢᠪᠡ

2017-11-14 16:35

    ᠬᠤᠶᠠᠷ ᠲᠠᠯ᠎ᠠ ᠪᠡᠷ ᠶᠢᠡᠨ ᠲᠤᠮᠲᠠᠲᠤ ᠯᠠᠦᠰ ᠤᠨ ᠪᠠᠶᠢᠯᠲᠤᠬᠤ ᠪᠤᠲᠤᠯᠭ᠎ᠠ ᠶᠢᠨ ᠠᠴᠢ ᠬᠤᠯᠪᠤᠭᠲᠠᠯ ᠲᠠᠢ ᠬᠤᠪᠢ ᠵᠠᠶᠠᠭᠠᠨ ᠤ ᠬᠠᠮᠲᠤ ᠶᠢᠨ ᠴᠤᠭᠴᠠ ᠪᠠᠶᠢᠭᠤᠯᠬᠤ ᠪᠡᠷ ᠰᠠᠨᠠᠯ ᠨᠢᠭᠡᠲᠡᠢ ᠵᠦᠪᠰᠢᠶᠡᠷᠡᠵᠡᠢ

    ᠰᠢᠨᠬᠤᠧᠠ ᠬᠤᠷᠢᠶ᠎ᠠ   ᠸᠢᠶᠧᠨ᠋ᠲ᠋ᠢᠶᠠᠩ ᠤᠨ 11 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠴᠧᠨ ᡁᠢ᠂ ᠡᠾᠦ᠋ᠸᠸ ᠰᠢᠶᠤᠤ ᠭᠤᠧᠠᠩ᠂ ᠯᠦᠧᠧ ᠵᠢᠶᠦ᠋ᠨ )  ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ 13 ᠤ ᠡᠳᠤᠷ ᠸᠢᠶᠧᠨ᠋ᠲ᠋ᠢᠶᠠᠩ ᠳᠠᠬᠢ ᠤᠯᠤᠰ ᠤᠨ ᠲᠡᠷᠢᠭᠦᠯᠡᠭᠴᠢ ᠶᠢᠨ ᠤᠷᠳᠤᠨ ᠳᠤ ᠯᠠᠤᠰ ᠤᠨ ᠠᠷᠠᠳ ᠤᠨ ᠬᠤᠪᠢᠰᠬᠠᠯᠳᠤ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠪᠧᠨᠶᠠᠩ ᠲᠠᠢ ᠬᠡᠯᠡᠯᠴᠡᠭᠡ ᠬᠢᠪᠡ᠃ ᠬᠤᠶᠠᠷ ᠲᠠᠯ᠎ᠠ ᠪᠠᠷ ᠢᠶᠠᠨ ᠨᠦᠬᠦᠬᠡ ᠲᠠᠯ᠎ᠠ ᠶᠢᠨ ᠢᠶᠠᠨ ᠬᠦᠭ᠍ᠵᠢᠯᠳᠡ ᠶᠢᠨ ᠠᠮᠵᠢᠯᠳᠠ ᠶᠢ ᠲᠡᠬᠡᠳᠤ ᠬᠡᠮᠵᠢᠶ᠎ᠡ ᠪᠠᠷ ᠦᠨᠡᠯᠡᠵᠥ᠂ ᠬᠠᠷᠢᠯᠴᠠᠨ ᠰᠤᠯᠢᠯᠴᠠᠬᠤ ᠪᠠ ᠬᠠᠷᠢᠯᠴᠠᠨ ᠲᠤᠯᠢᠳᠠᠬᠤ ᠪᠠᠨ ᠴᠢᠩᠭ᠋ᠠᠳᠬᠠᠨ ᠲᠤᠮᠳᠠᠳᠤ ᠤᠯᠤᠰ ᠤᠨ ᠦᠭᠡᠷᠡᠴᠢᠯᠡᠯᠳᠡ ᠨᠡᠬᠡᠬᠡᠯᠳᠡ ᠪᠤᠯᠤᠨ ᠯᠠᠤᠰ ᠤᠨ ᠰᠢᠨᠡᠴᠢᠯᠡᠯᠳᠡ ᠶᠢᠨ ᠦᠢᠯᠡᠰ ᠤᠨ ᠲᠠᠰᠤᠷᠠᠯᠳᠡ ᠦᠭᠡᠢ ᠤᠷᠤᠭᠰᠢ ᠬᠦᠭ᠍ᠵᠢᠬᠦ ᠶᠢ ᠠᠬᠢᠭᠤᠯᠵᠥ᠂ ᠰᠠᠶᠢᠨ ᠬᠦᠷᠰᠢ᠂ ᠰᠠᠶᠢᠨ ᠨᠠᠶᠢᠵᠢ᠂ ᠰᠠᠶᠢᠨ ᠨᠦᠬᠦᠷ᠂ ᠰᠠᠶᠢᠨ ᠬᠠᠨᠢᠳᠠᠨ ᠤ ᠵᠤᠷᠢᠭ ᠰᠠᠨᠠᠭ᠎ᠠ ᠶᠢ ᠦᠷᠬᠦᠯᠵᠢᠯᠡᠨ ᠪᠠᠷᠢᠮᠳᠠᠯᠠᠨ ᠪᠠᠳᠠᠷᠠᠭᠤᠯᠵᠤ᠂ ᠲᠤᠮᠳᠠᠳᠤ ᠯᠠᠤᠰ ᠤᠨ ᠤᠯᠠᠮᠵᠢᠯᠠᠯᠳᠤ ᠨᠦᠬᠦᠷᠯᠡᠯ ᠢᠶᠠᠨ ᠪᠠᠬᠢᠵᠢᠬᠦᠯᠤᠨ᠂ ᠤᠷᠳᠤ ᠬᠤᠭᠤᠴᠠᠭ᠎ᠠ ᠪᠠᠷ ᠲᠤᠭᠳᠠᠭᠤᠨ ᠲᠤᠮᠳᠠᠳᠤ ᠯᠠᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠰᠢᠨ᠎ᠡ ᠲᠡᠭᠳᠡᠷ ᠲᠤ ᠭᠠᠷᠬᠤ ᠶᠢ ᠠᠬᠢᠭᠤᠯᠬᠤ ᠪᠠᠷ ᠵᠦᠪᠰᠢᠶᠡᠷᠡᠵᠡᠢ᠃

    ᠰᠢ ᠶᠢᠨ ᠫᠢᠩ ᠪᠤᠯᠤᠨ ᠪᠧᠨᠶᠠᠩ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠪᠤᠯᠤᠨ ᠯᠠᠤᠰ ᠤᠨ ᠨᠠᠮ ᠪᠠ ᠤᠯᠤᠰ ᠤᠨ ᠦᠢᠯᠡᠰ ᠤᠨ ᠬᠠᠮᠢᠶ᠎ᠠ ᠪᠦᠬᠦᠢ ᠪᠠᠶᠢᠳᠠᠯ ᠢᠶᠠᠨ ᠲᠤᠰ ᠲᠤᠰ ᠲᠠᠨᠢᠯᠴᠠᠭᠤᠯᠪᠠ᠃

    ᠰᠢ ᠶᠢᠨ ᠫᠢᠩ ᠯᠠᠤᠰ ᠤᠨ ᠬᠢᠨ ᠤ ᠲᠤᠰ ᠤᠯᠤᠰ ᠤᠨ ᠢᠶᠠᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠢ ᠪᠠᠷᠢᠮᠳᠠᠯᠠᠵᠥ ᠪᠠᠶᠢᠬᠤ ᠶᠢ ᠮᠠᠭᠳᠠᠨ ᠰᠠᠶᠢᠰᠢᠶᠠᠵᠥ᠂ ᠯᠠᠤᠰ ᠤᠨ ᠠᠵᠥ ᠠᠬᠤᠢ ᠨᠡᠶᠢᠬᠡᠮ ᠤᠨ ᠬᠦᠭ᠍ᠵᠢᠯᠳᠡ ᠳᠤ ᠤᠯᠤᠭᠰᠠᠠ ᠯᠤᠳᠤ ᠶᠡᠭᠡ ᠠᠮᠵᠢᠯᠳᠠ ᠶᠢ ᠢᠳᠡᠪᠬᠢᠳᠡᠢ ᠦᠨᠡᠯᠡᠵᠥ᠂ ᠶᠡᠷᠤᠩᠬᠡᠢ ᠱᠦᠵᠢ ᠪᠧᠨᠶᠠᠩ ᠢᠶᠠᠷ ᠲᠡᠷᠢᠬᠦᠯᠡᠬᠦᠯᠦᠭᠰᠡᠨ ᠯᠠᠤᠰ ᠤᠨ ᠨᠠᠮ ᠤᠨ ᠲᠦᠪ ᠬᠤᠷᠢᠶᠠᠨ ᠤ ᠪᠠᠳᠤ ᠴᠢᠩᠭ᠋᠎ᠠ ᠤᠳᠤᠷᠢᠳᠤᠯᠭ᠎ᠠ ᠲᠤᠤᠷ᠎ᠡ᠂ ᠯᠠᠤᠰ ᠤᠨ ᠠᠷᠠᠳ ᠲᠦᠮᠡᠨ ᠯᠠᠪᠳᠠᠢ ᠪᠦᠬᠦ ᠲᠠᠯ᠎ᠠ ᠪᠠᠷ ᠰᠢᠨᠡᠴᠢᠯᠡᠬᠦ ᠦᠢᠯᠡᠰ ᠳ᠋ᠡᠭᠡᠨ ᠨᠡᠩ ᠶᠡᠭᠡ ᠰᠢᠨ᠎ᠡ ᠠᠮᠵᠢᠯᠳᠠ ᠤᠯᠬᠤ ᠶᠢ ᠢᠳᠡᠬᠡᠵᠥ ᠪᠠᠶᠢᠨ᠎ᠠ ᠬᠡᠵᠥ ᠴᠢᠬᠤᠯᠠᠴᠢᠯᠠᠪᠠ᠃

    ᠪᠧᠨᠶᠠᠩ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠠᠮᠵᠢᠯᠳᠠ ᠲᠠᠢ ᠬᠤᠷᠠᠯᠳᠤᠭᠰᠠᠠ ᠳᠤ ᠬᠠᠯᠠᠭᠤᠨ ᠪᠠᠶᠠᠷ ᠬᠦᠷᠬᠡᠵᠥ᠂ ᠶᠡᠭᠡ ᠬᠤᠷᠡᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠵᠢᠯᠤᠭᠤᠳᠬᠤ ᠦᠵᠡᠯ ᠰᠠᠨᠠᠭ᠎ᠠ ᠪᠤᠯᠭᠠᠭᠰᠠᠠ ᠢ ᠦᠨᠳᠦᠷ ᠦᠨᠡᠯᠡᠵᠥ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠪᠠᠳᠤ ᠴᠢᠩᠭ᠋᠎ᠠ ᠤᠳᠤᠷᠢᠳᠤᠯᠭ᠎ᠠ ᠲᠤᠤᠷ᠎ᠡ ᠲᠤᠮᠳᠠᠳᠤ ᠤᠯᠤᠰ ᠤᠨ ᠠᠷᠠᠳ ᠲᠦᠮᠡᠨᠬᠤᠤᠰ ᠵᠠᠭᠤᠨ ᠵᠢᠯ》    ᠤᠨ ᠲᠡᠮᠡᠴᠡᠬᠦ ᠬᠠᠷᠠᠯᠳᠡ ᠲᠡᠰᠢ ᠤᠷᠤᠭᠰᠢᠳᠠᠢ ᠪᠠᠷ ᠳᠡᠪᠰᠢᠬᠤ ᠪᠤᠯᠤᠨ᠎ᠠ ᠬᠡᠳᠡᠭ ᠢ ᠢᠳᠡᠬᠡᠵᠥ ᠪᠠᠶᠢᠨ᠎ᠠ ᠬᠡᠪᠡ᠃ ᠪᠧᠨᠶᠠᠩ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠦᠷ᠎ᠡ ᠪᠦᠳᠦᠭᠡᠯ ᠨᠢ ᠪᠠᠰᠠ ᠰᠢᠨ᠎ᠡ ᠴᠠᠭ ᠦᠶ᠎ᠡ ᠶᠢᠨ ᠨᠡᠶᠢᠬᠡᠮ ᠵᠢᠷᠤᠮ ᠤᠨ ᠤᠨᠤᠯ ᠤᠨ ᠬᠦᠭ᠍ᠵᠢᠯᠳᠡ ᠳᠤ᠂ ᠭᠠᠵᠠᠷ ᠤᠷᠤᠨ ᠪᠤᠯᠤᠨ ᠲᠡᠯᠡᠬᠡᠢ ᠶᠢᠨ ᠡᠩᠬᠡ ᠲᠠᠶᠢᠪᠤᠩ᠂ ᠨᠦᠬᠦᠷᠯᠡᠯ᠂ ᠬᠠᠮᠳᠤᠷᠠᠯᠴᠠᠭ᠎ᠠ ᠪᠤᠯᠤᠨ ᠬᠦᠭ᠍ᠵᠢᠯᠳᠡ ᠳᠤ ᠴᠢᠬᠤᠯᠠ ᠬᠤᠪᠢ ᠨᠡᠮᠡᠷᠢ ᠦᠵᠡᠬᠦᠯᠬᠦ ᠪᠤᠯᠤᠨ᠎ᠠ ᠬᠡᠵᠥ ᠵᠢᠭᠠᠵᠥ ᠭᠠᠷᠭᠠᠵᠠᠢ᠃

    ᠰᠢ ᠶᠢᠨ ᠫᠢᠩ᠂ ᠳᠤᠮᠳᠠᠳᠤ ᠯᠠᠤᠰ ᠪᠤᠯ ᠨᠡᠶᠢᠭᠡᠮ ᠵᠢᠷᠤᠮᠲᠤ ᠨᠦᠬᠦᠷᠰᠡᠭ ᠬᠦᠷᠰᠢ ᠤᠯᠤᠰ ᠮᠦᠨ᠂ ᠤᠯᠠᠮᠵᠢᠯᠠᠯᠲᠤ ᠡᠶᠡᠯᠰᠡᠭ ᠬᠦᠷᠰᠢ ᠶᠢᠨ ᠨᠦᠬᠦᠷᠰᠡᠭ ᠬᠠᠷᠢᠯᠴᠠᠭ᠎ᠠ ᠶᠠᠪᠤᠬᠤ ᠲᠤᠳᠤᠮ ᠪᠠᠬᠢᠵᠢᠪᠡ᠃ ᠬᠠᠷᠢᠯᠴᠠᠭ᠎ᠠ ᠪᠠᠶᠢᠭᠤᠯᠤᠬᠰᠠᠨ 56 ᠵᠢᠯ ᠤᠨ ᠲᠤᠷᠰᠢ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠲᠠᠰᠤᠷᠠᠯᠲᠠ ᠦᠭᠡᠢ ᠴᠢᠩᠭ᠋ᠠᠷᠠᠵᠤ᠂ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠷᠬᠦᠯᠵᠢᠯᠡᠨ ᠦᠷᠭᠡᠵᠢᠵᠥ᠂ ᠰᠤᠶᠤᠯ ᠢᠷᠭᠡᠨᠰᠢᠯ ᠤᠨ ᠰᠤᠯᠢᠯᠴᠠᠭ᠎ᠠ ᠡᠳᠦᠷ ᠢᠷᠡᠬᠦᠶ᠎ᠡ ᠨᠢᠬᠲᠠᠷᠠᠵᠤ᠂ ᠬᠤᠶᠠᠷ ᠤᠯᠤᠰ ᠤᠨ ᠬᠠᠷᠢᠯᠴᠠᠭ᠎ᠠ ᠪᠦᠬᠦ ᠲᠠᠯ᠎ᠠ ᠪᠠᠷ ᠭᠦᠨᠵᠡᠭᠡᠶᠢᠷᠡᠨ ᠬᠦᠭ᠍ᠵᠢᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠤᠲᠠᠲᠠᠢ ᠠᠰᠢᠬ ᠲᠤᠰᠠ ᠠᠪᠴᠢᠷᠠᠪᠠ᠃ ᠳᠤᠮᠳᠠᠳᠤ ᠯᠠᠤᠰ ᠤᠨ ᠬᠦᠰᠡᠯᠡᠩ ᠢᠳᠡᠭᠡᠯ ᠪᠢᠰᠢᠷᠡᠯ ᠨᠢᠭᠡᠳᠠᠢ᠂ ᠬᠤᠶᠠᠷ ᠤᠯᠤᠰ ᠤᠨ ᠬᠠᠷᠢᠯᠴᠠᠭ᠎ᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠲᠠᠭᠠᠯᠲᠠ ᠦᠨᠳᠦᠷ ᠪᠦᠭᠡᠳ ᠠᠯᠤᠰ ᠬᠡᠳᠦ ᠶᠢᠨ ᠪᠠᠶᠢᠵᠤ᠂ ᠬᠦᠭ᠍ᠵᠢᠯᠲᠡ ᠶᠢᠨ ᠤᠷᠤᠨ ᠵᠠᠢ ᠦᠷᠭᠡᠨ ᠠᠭᠤᠳᠠᠮ ᠪᠠᠶᠢᠨ᠎ᠠ᠃ ᠳᠤᠮᠳᠠᠳᠤ ᠤᠯᠤᠰ ᠢᠮᠠᠬᠲᠠ ᠳᠤᠮᠳᠠᠳᠤ ᠯᠠᠤᠰ ᠤᠨ ᠤᠯᠠᠮᠵᠢᠯᠠᠯᠲᠤ ᠨᠦᠬᠦᠷᠯᠡᠯ ᠢ ᠨᠠᠨᠳᠢᠩᠨᠠᠨ ᠯᠠᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠯᠠᠤᠰ ᠲᠠᠢ ᠬᠠᠮᠳᠤ ᠭᠠᠷ ᠬᠤᠯᠪᠤᠨ ᠴᠢᠷᠮᠠᠶᠢᠵᠤ᠂ ᠳᠡᠭᠡᠳᠦ ᠬᠡᠮᠵᠢᠶ᠎ᠡ ᠪᠠᠷ ᠢᠲᠡᠭᠡᠯᠴᠡᠭᠰᠡᠨ᠂ ᠬᠠᠷᠢᠯᠴᠠᠨ ᠳᠡᠮᠵᠢᠭᠰᠡᠨ᠂ ᠬᠠᠷᠢᠯᠴᠠᠨ ᠠᠰᠢᠭᠳᠠᠢ ᠳᠤᠮᠳᠠᠳᠤ ᠯᠠᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠪᠠᠶᠠᠯᠢᠬᠵᠢᠭᠤᠯᠤᠨ ᠬᠦᠭ᠍ᠵᠢᠭᠦᠯᠵᠦ᠂ ᠬᠤᠶᠠᠷ ᠤᠯᠤᠰ ᠢ ᠡᠭᠦᠷᠢᠲᠡ ᠰᠠᠶᠢᠨ ᠬᠦᠷᠰᠢ᠂ ᠰᠠᠶᠢᠨ ᠨᠠᠶᠢᠵᠢ᠂ ᠰᠠᠶᠢᠨ ᠨᠦᠬᠦᠷ᠂ ᠰᠠᠶᠢᠨ ᠬᠠᠨᠢᠲᠠᠨ ᠪᠤᠯᠭᠠᠨ᠎ᠠ ᠭᠡᠵᠦ ᠴᠢᠬᠤᠯᠠᠴᠢᠯᠠᠪᠠ᠃

    ᠪᠧᠨᠶᠠᠩ᠂ ᠰᠢ ᠶᠢᠨ ᠫᠢᠩ ᠨᠦᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠶᠢᠨ ᠲᠤᠰᠢᠶᠠᠯ ᠢ ᠦᠷᠬᠦᠯᠵᠢᠯᠡᠨ ᠡᠭᠦᠷᠭᠡᠯᠡᠭᠰᠡᠨ ᠤ ᠳᠠᠷᠠᠭᠠᠬᠢ ᠠᠩᠬᠠᠨ ᠤ ᠭᠠᠳᠠᠭᠠᠳᠦ ᠠᠶᠢᠯᠴᠢᠯᠠᠯᠲᠠ ᠳᠠᠭᠠᠨ ᠯᠠᠤᠰ ᠲᠤ ᠢᠷᠡᠭᠰᠡᠨ ᠳᠤ ᠲᠠᠯᠠᠷᠬᠠᠵᠤ ᠪᠠᠶᠢᠨ᠎ᠠ᠂ ᠲᠤᠰ ᠤᠳᠠᠭ᠎ᠠ ᠶᠢᠨ ᠠᠶᠢᠯᠴᠢᠯᠠᠯᠲᠠ ᠨᠢ ᠬᠤᠶᠠᠷ ᠤᠯᠤᠰ ᠤᠨ ᠤᠯᠠᠮᠵᠢᠯᠠᠯᠲᠤ ᠨᠦᠬᠦᠷᠯᠡᠯ ᠢ ᠵᠤᠵᠠᠭᠠᠳᠬᠠᠨ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠵᠤ᠂ ᠯᠠᠤᠰ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ ᠪᠠᠶᠢᠭᠤᠯᠬᠤ ᠲᠦᠰᠦᠪ ᠲᠦᠯᠦᠪᠯᠡᠭᠡ ᠶᠢ ᠲᠦᠯᠦᠪᠵᠢᠭᠦᠯᠵᠦ᠂ ᠴᠢᠭᠯᠡᠯ ᠢ ᠲᠤᠳᠤᠷᠬᠠᠢ ᠵᠢᠭᠠᠵᠤ᠂ ᠯᠠᠤᠰ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠲᠡᠭᠳᠡᠷ ᠲᠤ ᠭᠠᠷᠬᠤ ᠶᠢ ᠠᠬᠢᠭᠤᠯᠤᠨ᠎ᠡ ᠬᠡᠳᠡᠭ ᠢ ᠢᠳᠡᠬᠡᠵᠥ ᠪᠠᠶᠢᠨ᠎ᠠ᠃ ᠯᠠᠤᠰ ᠤᠨ ᠬᠢᠨ ᠳᠤᠮᠳᠠᠳᠤ ᠤᠯᠤᠰ ᠤᠨ ᠬᠦᠭ᠍ᠵᠢᠯᠲᠡ ᠶᠢᠨ ᠠᠮᠵᠢᠯᠲᠠ ᠶᠢ ᠪᠢᠰᠢᠷᠡᠵᠦ ᠪᠠᠶᠢᠨ᠎ᠠ᠂ ᠳᠤᠮᠳᠠᠳᠤ ᠶᠢᠨ ᠤᠷᠲᠤ ᠬᠤᠭᠤᠴᠠᠭᠠᠨ ᠤ ᠲᠤᠷᠰᠢᠬᠢ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠳᠠᠷᠠᠭ᠎ᠠ ᠪᠠᠷᠳᠦᠷᠪᠡᠨ ᠰᠠᠶᠢᠨᠤ᠋ ᠵᠤᠷᠢᠬ ᠰᠠᠨᠠᠭ᠎ᠠ ᠶᠢ ᠦᠨᠳᠦᠰᠦᠯᠡᠨ ᠯᠠᠤᠰ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠤᠷᠤᠨ ᠤ ᠲᠤᠬᠲᠠᠭᠤᠨ ᠪᠠ ᠴᠡᠴᠡᠭᠯᠡᠯ ᠬᠦᠭ᠍ᠵᠢᠯ ᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠬᠦᠯᠬᠦ ᠶᠢ ᠳᠡᠮᠵᠢᠨ᠎ᠡ ᠭᠡᠵᠦ ᠢᠯᠡᠳᠬᠡᠪᠡ᠃

    ᠰᠢ ᠶᠢᠨ ᠫᠢᠩ ᠪᠤᠯᠤᠨ ᠪᠧᠨᠶᠠᠩ ᠬᠤᠶᠠᠷ ᠨᠠᠮ ᠪᠠ ᠬᠤᠶᠠᠷ ᠤᠯᠤᠰ ᠤᠨ ᠬᠠᠷᠢᠯᠴᠠᠭ᠎ᠠ ᠵᠢᠴᠢ ᠬᠠᠮᠲᠦᠪᠡᠷ ᠠᠩᠬᠠᠷᠴᠤ ᠪᠦᠬᠦᠢ ᠳᠡᠯᠡᠬᠡᠢ ᠶᠢᠨ ᠪᠠ ᠭᠠᠵᠠᠷ ᠤᠷᠤᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠤᠯᠢᠯᠴᠠᠵᠤ᠂ ᠴᠢᠬᠤᠯᠠ ᠬᠠᠮᠲᠦ ᠶᠢᠨ ᠲᠠᠨᠢᠯᠲᠠ ᠲᠠᠢ ᠪᠤᠯᠪᠠ᠃ ᠬᠤᠶᠠᠷ ᠲᠠᠯ᠎ᠠ ᠪᠠᠷ ᠢᠶᠠᠨ᠂ ᠳᠤᠮᠳᠠᠳᠤ ᠯᠠᠤᠰ ᠪᠤᠯ ᠴᠦᠮ ᠡᠪ ᠬᠠᠮᠲᠦ ᠨᠠᠮ ᠠᠴᠠ ᠤᠳᠤᠷᠢᠳᠤᠭᠰᠠᠨ ᠨᠡᠶᠢᠭᠡᠮ ᠵᠢᠷᠤᠮᠲᠦ ᠤᠯᠤᠰ ᠪᠤᠯᠤᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠢᠲᠡᠭᠡᠯᠴᠡᠬᠦ ᠰᠠᠭᠤᠷᠢᠨ ᠳᠡᠭᠡᠷ᠎ᠠ ᠳᠤᠮᠳᠠᠳᠤ ᠯᠠᠤᠰ ᠤᠨ ᠪᠠᠶᠢᠯᠳᠤᠬᠤ ᠪᠤᠳᠤᠯᠭ᠎ᠠ ᠶᠢᠨ ᠠᠴᠢ ᠬᠤᠯᠪᠤᠭᠳᠠᠯ ᠲᠠᠢ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ ᠬᠠᠮᠳᠦᠪᠡᠷ ᠪᠠᠶᠢᠭᠤᠯᠬᠤ ᠨᠢ ᠬᠤᠶᠠᠷ ᠨᠠᠮ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠠ ᠬᠠᠮᠲᠦ ᠶᠢᠨ ᠬᠦᠰᠡᠯ ᠡᠷᠡᠮᠡᠯᠵᠡᠯ ᠲᠠᠢ ᠨᠡᠶᠢᠴᠡᠵᠤ᠂ ᠬᠦᠮᠦᠨ ᠲᠦᠷᠦᠯᠬᠢᠳᠡᠨ ᠤ ᠡᠩᠬᠡ ᠲᠠᠶᠢᠪᠤᠩ ᠪᠤᠯᠤᠨ ᠬᠦᠭ᠍ᠵᠢᠯᠲᠠ ᠶᠢᠨ ᠡᠷᠬᠢᠮ ᠳᠡᠭᠡᠳᠦ ᠦᠢᠯᠡᠰ ᠲᠤ ᠠᠰᠢᠭᠲᠠᠢ ᠶᠤᠮ ᠭᠡᠵᠤ ᠦᠵᠡᠪᠡ᠃ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠬᠠᠷᠢᠯᠴᠠᠨ ᠠᠶᠢᠯᠴᠢᠯᠠᠯᠲᠠ ᠬᠢᠬᠦ ᠰᠢᠯᠢᠳᠡᠭ ᠤᠯᠠᠮᠵᠢᠯᠠᠯ ᠢᠶᠠᠨ ᠪᠠᠷᠢᠮᠳᠠᠯᠠᠵᠤ᠂ ᠰᠢᠨ᠎ᠠ ᠴᠠᠭ ᠦᠶ᠎ᠠ ᠶᠢᠨ ᠳᠤᠮᠳᠠᠳᠤ ᠯᠠᠤᠰ ᠤᠨ ᠬᠠᠷᠢᠯᠴᠠᠭᠠᠨ ᠤ ᠬᠦᠭ᠍ᠵᠢᠯᠳᠠ ᠶᠢ ᠳᠠᠭᠠᠭᠤᠯᠬᠤ ᠪᠠ ᠵᠢᠯᠤᠭᠤᠳᠬᠤ ᠬᠡᠷᠡᠭᠲᠠᠢ᠃ ᠬᠤᠶᠠᠷ ᠨᠠᠮ ᠤᠨ ᠨᠦᠬᠦᠷᠰᠡᠭ ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭ᠋ᠠᠳᠬᠠᠵᠤ᠂ ᠨᠠᠮ ᠢ ᠵᠠᠰᠠᠵᠤ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠰᠤᠯᠢᠯᠴᠠᠭ᠎ᠠ ᠪᠠᠨ ᠭᠦᠨᠵᠡᠭᠡᠶᠢᠷᠡᠭᠦᠯᠦᠨ᠂ ᠭᠠᠳᠠᠭᠠᠳᠦ ᠶᠠᠪᠤᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠦᠷᠢᠶ᠎ᠠ ᠳᠠᠬᠢ ᠬᠠᠮᠲᠤᠷᠠᠯᠴᠠᠭ᠎ᠠ ᠪᠠᠨ ᠴᠢᠩᠭ᠋ᠠᠳᠬᠠᠬᠤ ᠬᠡᠷᠡᠭᠲᠠᠢ ᠭᠡᠵᠤ ᠵᠦᠪᠰᠢᠶᠡᠷᠡᠪᠡ᠃

    ᠬᠤᠶᠠᠷ ᠲᠠᠯ᠎ᠠ ᠪᠠᠷ ᠢᠶᠠᠨ ᠨᠦᠭᠦᠭᠡ ᠲᠠᠯ᠎ᠠ ᠶᠢᠨ ᠢᠶᠠᠨ ᠭᠤᠤᠯᠯᠠᠭᠴᠢ ᠠᠰᠢᠭ ᠲᠤᠰᠠ ᠪᠤᠯᠤᠨ ᠴᠢᠬᠤᠯᠠ ᠶᠡᠭᠡ ᠠᠩᠬᠠᠷᠤᠨ ᠬᠠᠯᠠᠮᠵᠢᠯᠠᠵᠤ ᠪᠦᠬᠦᠢ ᠠᠰᠠᠭᠤᠳᠠᠯ ᠢ ᠡᠷᠡᠰ ᠳᠡᠮᠵᠢᠨ᠎ᠠ ᠭᠡᠵᠤ ᠳᠠᠬᠢᠨᠳᠠ ᠳᠤᠳᠤᠷᠬᠠᠢᠢᠯᠠᠪᠠ᠃

    ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠪᠤᠯᠤᠨ ᠯᠠᠤᠰ ᠤᠨᠳᠤᠳᠤᠭᠠᠳᠦ ᠡᠬᠡ ᠬᠠᠭᠤᠷᠠᠢ ᠶᠢᠨ ᠳᠦᠭᠵᠢᠮᠡᠯ ᠤᠯᠤᠰ ᠢᠶᠠᠨ ᠲᠤᠳᠤᠭᠠᠳᠦ ᠡᠬᠡ ᠬᠠᠭᠤᠷᠠᠢ ᠶᠢᠨ ᠬᠤᠯᠪᠤᠯᠳᠤᠨ ᠨᠡᠪᠲᠡᠷᠡᠯᠴᠡᠭᠰᠡᠨ ᠤᠯᠤᠰ ᠪᠤᠯᠭᠠᠬᠤᠪᠠᠶᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠶᠢ ᠲᠦᠷᠭᠡᠳᠭᠡᠨ ᠳᠤᠮᠳᠠᠳᠤ ᠯᠠᠤᠰ ᠤᠨ ᠠᠵᠤ ᠠᠬᠤᠢ ᠶᠢᠨ ᠬᠤᠩᠭᠢᠯ ᠢ ᠬᠠᠮᠲᠦᠪᠡᠷ ᠪᠦᠲᠦᠭᠡᠨ ᠪᠠᠶᠢᠭᠤᠯᠵᠤ᠂ ᠳᠤᠮᠳᠠᠳᠤ ᠯᠠᠤᠰ ᠤᠨ ᠲᠡᠮᠦᠷ ᠵᠠᠮ ᠵᠡᠷᠭᠡ ᠪᠡᠯᠭᠡ ᠳᠡᠮᠳᠡᠭ ᠤᠨ ᠴᠢᠨᠠᠷᠲᠠᠢ ᠲᠦᠷᠦᠯ ᠵᠦᠢᠯ ᠢ ᠠᠬᠢᠭᠤᠯᠤᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭᠠᠨ ᠤ ᠬᠡᠪᠴᠢᠶ᠎ᠠ ᠪᠠ ᠲᠦᠪᠰᠢᠨ ᠢᠶᠠᠨ ᠳᠡᠭᠡᠭ᠍ᠰᠢᠯᠡᠭᠦᠯᠵᠤ᠂ ᠬᠤᠶᠠᠷ ᠤᠯᠤᠰ ᠤᠨ ᠠᠵᠤ ᠠᠬᠤᠢ ᠶᠢᠨ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠶᠢ ᠠᠬᠢᠭᠤᠯᠵᠤ᠂ ᠦᠢᠯᠡᠳᠪᠦᠷᠢᠯᠡᠯ ᠤᠨ ᠴᠢᠳᠠᠪᠤᠷᠢ᠂ ᠮᠦᠩᠭᠦᠨ ᠭᠦᠢᠯᠭᠡᠭᠡᠨ᠂ ᠬᠦᠳᠡᠭᠡ ᠠᠵᠤ ᠠᠬᠤᠢ᠂ ᠡᠨᠧᠷᠭᠢ᠂ ᠡᠬᠢ ᠪᠠᠶᠠᠯᠢᠭ᠂ ᠤᠰᠤᠨ ᠠᠰᠢᠡᠡᠯᠠᠯᠳᠠ᠂ ᠴᠢᠮᠡᠭᠡ ᠬᠤᠯᠪᠤᠭ᠎ᠠ᠂ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ᠂ ᠡᠮ ᠡᠮᠨᠡᠯᠬᠡ᠂ ᠡᠷᠡᠭᠦᠯ ᠬᠠᠮᠠᠭᠠᠯᠠᠯ ᠵᠡᠷᠭᠡ ᠬᠦᠷᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠬᠤᠶᠠᠷ ᠲᠠᠯ᠎ᠠ ᠶᠢᠨ ᠪᠤᠳᠠᠳᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠬᠤᠶᠠᠷ ᠤᠯᠤᠰ ᠤᠨ ᠦᠨᠳᠦᠰᠦᠨ ᠱᠠᠳᠤᠨ ᠤ ᠤᠯᠠᠨ ᠲᠦᠮᠡᠨ ᠳᠤ ᠨᠡᠩ ᠤᠯᠠᠨ ᠠᠰᠢᠭ ᠬᠦᠷᠳᠡᠭᠡᠬᠦ ᠶᠢ ᠠᠬᠢᠭᠤᠯᠤᠨ᠎ᠠ ᠭᠡᠵᠦ ᠵᠦᠪᠰᠢᠶᠡᠷᠡᠪᠡ᠃

    ᠬᠤᠶᠠᠷ ᠲᠠᠯ᠎ᠠ ᠪᠠᠷ ᠢᠶᠠᠨ ᠰᠤᠶᠤᠯ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠤᠭᠠᠴᠠᠯ ᠵᠡᠷᠭᠡ ᠬᠦᠷᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠤ᠂ ᠯᠠᠤᠰ ᠲᠠᠬᠢ ᠳᠤᠮᠳᠠᠳᠤ ᠤᠯᠤᠰ ᠤᠨ ᠰᠤᠶᠤᠯ ᠤᠨ ᠲᠦᠪ ᠢ ᠰᠠᠶᠢᠲᠤᠷ ᠡᠷᠬᠢᠯᠡᠨ ᠵᠠᠯᠠᠭᠤᠴᠤᠳ ᠪᠠᠭᠠᠴᠤᠳ ᠤᠨ ᠨᠦᠬᠦᠷᠰᠡᠭ ᠶᠠᠪᠤᠯᠴᠠᠭ᠎ᠠ ᠶᠢ ᠴᠢᠩᠭ᠋ᠠᠳᠬᠠᠵᠤ᠂ ᠤᠷᠤᠨ ᠨᠤᠲᠤᠭ ᠤᠨ ᠬᠤᠭᠤᠷᠤᠨᠳᠤᠬᠢ ᠬᠠᠮᠲᠤᠷᠠᠯᠴᠠᠭ᠎ᠠ ᠪᠠᠨ ᠦᠷᠭᠡᠳᠭᠡᠨ᠎ᠠ᠃ ᠤᠯᠠᠨ ᠤᠯᠤᠰ ᠤᠨ ᠬᠤᠯᠪᠤᠭᠠᠲᠦ ᠪᠠᠶᠢᠭᠤᠯᠤᠯᠭ᠎ᠠ᠂ ᠠᠽᠢᠶ᠎ᠠ ᠡᠸᠦ᠋ᠷᠦᠫᠠ ᠶᠢᠨ ᠶᠡᠭᠡ ᠬᠤᠷᠠᠯ᠂ ᠵᠡᠭᠦᠨ ᠠᠽᠢᠶ᠎ᠠ ᠶᠢᠨ ᠬᠠᠮᠲᠤᠷᠠᠯᠴᠠᠭ᠎ᠠ᠂ ᠯᠠᠨᠼᠠᠩᠵᠢᠶᠠᠩ ᠮᠦᠷᠡᠨᠮᠸᠢᠢᠭᠤᠩ ᠮᠦᠷᠡᠨ ᠤ ᠬᠠᠮᠲᠤᠷᠠᠯᠴᠠᠭ᠎ᠠ ᠵᠡᠷᠭᠡ ᠤᠯᠠᠨ ᠲᠠᠯ᠎ᠠ ᠶᠢᠨ ᠪᠦᠳᠦᠭᠦᠪᠴᠢ ᠲᠦᠰᠦᠪ ᠤᠨ ᠳᠤᠳᠤᠷᠠᠬᠢ ᠵᠤᠬᠢᠴᠠᠭᠤᠯᠭ᠎ᠠ ᠪᠠ ᠬᠠᠮᠵᠢᠯᠴᠠᠭ᠎ᠠ ᠪᠠᠨ ᠨᠢᠬᠳᠠᠷᠠᠭᠤᠯᠤᠨ᠎ᠠ ᠭᠡᠵᠦ ᠵᠦᠪᠰᠢᠶᠡᠷᠡᠪᠡ᠃

    ᠬᠡᠯᠡᠯᠴᠡᠭᠡ ᠲᠡᠬᠦᠰᠦᠭᠰᠡᠡ ᠤ ᠲᠠᠷᠠᠭ᠎ᠠ᠂ ᠰᠢ ᠶᠢᠨ ᠫᠢᠩ ᠪᠤᠯᠤᠨ ᠪᠧᠨᠶᠠᠩ ᠳᠤᠮᠳᠠᠳᠤ ᠯᠠᠤᠰ ᠤᠨ ᠠᠵᠤ ᠠᠬᠤᠢ ᠶᠢᠨ ᠬᠤᠩᠬᠢᠯ ᠤᠨ ᠪᠦᠳᠤᠬᠡᠨ ᠪᠠᠶᠢᠭᠤᠯᠤᠯᠳᠠ᠂ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ᠂ ᠲᠤᠭᠠᠴᠢᠯᠠᠭᠰᠠᠨ ᠲᠤᠷᠭᠠᠨ ᠵᠠᠮ᠂ ᠰᠢᠨᠵᠢᠯᠡᠬᠦ ᠤᠬᠠᠭᠠᠨ ᠮᠡᠷᠬᠡᠵᠢᠯ᠂ ᠬᠦᠳᠡᠭᠡ ᠠᠵᠤ ᠠᠬᠤᠢ᠂ ᠴᠠᠬᠢᠯᠭᠠᠨ ᠬᠦᠴᠤ᠂ ᠬᠦᠮᠤᠨ ᠤ ᠬᠦᠴᠤᠨ ᠤ ᠡᠬᠢ ᠪᠠᠶᠠᠯᠢᠬ᠂ ᠮᠦᠩᠬᠦᠨ ᠬᠦᠢᠯᠬᠡᠬᠡᠨ᠂ ᠤᠰᠤᠨ ᠠᠰᠢᠬᠯᠠᠯᠳᠠ ᠵᠡᠷᠬᠡ ᠬᠦᠷᠢᠶᠠᠨ ᠳᠠᠬᠢ ᠬᠠᠮᠳᠤᠷᠠᠯᠴᠠᠭ᠎ᠠ ᠶᠢᠨ ᠪᠢᠴᠢᠭ᠌ ᠮᠠᠲ᠋ᠧᠷᠢᠶᠠᠯ ᠲᠤᠬᠢᠷᠠᠯᠴᠠᠬᠤ ᠶᠢ ᠬᠠᠮᠳᠤᠪᠡᠷ ᠭᠡᠷᠡᠴᠢᠯᠡᠪᠡ᠃

    ᠬᠡᠯᠡᠯᠴᠡᠭᠡ ᠬᠢᠬᠦ ᠠᠴᠠ ᠡᠮᠤᠨ᠎ᠠ᠂ ᠪᠧᠨᠶᠠᠩ ᠲᠡᠷᠢᠬᠦᠯᠡᠭᠴᠢ ᠶᠢᠨ ᠤᠷᠳᠤᠨ ᠤ ᠠᠭᠤᠳᠠᠮ ᠲᠠᠯᠠᠪᠠᠢ ᠳᠤ ᠦᠪᠡᠳᠡᠭᠰᠢ ᠶᠡᠭᠡ ᠤᠬᠳᠤᠬᠤ ᠶᠤᠰᠤᠯᠠᠯ ᠶᠠᠪᠤᠭᠤᠯᠵᠠᠢ᠃

    ᠤᠬᠳᠤᠬᠤ ᠶᠤᠰᠤᠯᠠᠯ ᠠᠴᠠ ᠡᠮᠤᠨ᠎ᠠ᠂ ᠲᠡᠷᠢᠬᠦᠯᠡᠭᠴᠢ ᠶᠢᠨ ᠤᠷᠳᠤᠨ ᠤ ᠭᠠᠳᠠᠨᠠᠬᠢ ᠵᠠᠮ ᠲᠡᠭᠡᠷ᠎ᠠ ᠮᠢᠩᠭ᠋᠎ᠠ ᠭᠠᠷᠤᠢ ᠲᠤᠬᠠᠢ ᠶᠢᠨ ᠭᠠᠵᠠᠷ ᠤᠨ ᠠᠷᠠᠳ ᠳᠤᠮᠳᠠᠳᠤ ᠯᠠᠤᠰ ᠬᠤᠶᠠᠷ ᠤᠯᠤᠰ ᠤᠨ ᠤᠯᠤᠰ ᠤᠨ ᠲᠤᠬ ᠢ ᠬᠤᠷᠦ᠋ᠢᠯᠠᠵᠤ᠂ ᠦᠨᠳᠦᠰᠦᠳᠡᠨ ᠤ ᠬᠤᠪᠴᠠᠰᠤ ᠪᠠᠷ ᠭᠤᠶᠤᠯᠠᠬᠰᠠᠨ ᠯᠠᠤᠰ ᠤᠨ ᠦᠨᠳᠤᠰᠤᠳᠠᠨ ᠨᠦᠭᠦᠳ ᠤᠨ ᠬᠡᠳᠤᠨ ᠵᠠᠭᠤᠨ ᠠᠷᠠᠳ ᠲᠠᠭᠤᠯᠠᠨ ᠪᠦᠵᠢᠭᠯᠡᠵᠤ᠂ ᠳᠤᠮᠳᠠᠳᠤ ᠤᠯᠤᠰ ᠤᠨ ᠬᠦᠨᠳᠤᠳᠤ ᠵᠤᠴᠢᠨ ᠢᠶᠠᠨ ᠪᠠᠶᠠᠷᠯᠠᠨ ᠤᠬᠳᠤᠪᠠ᠃ ᠲᠡᠷᠢᠬᠦᠯᠡᠭᠴᠢ ᠶᠢᠨ ᠤᠷᠳᠤᠨ ᠤ ᠡᠬᠦᠳᠡᠨ ᠡᠮᠤᠨ᠎ᠠ ᠳᠤᠮᠳᠠᠳᠤ ᠯᠠᠤᠰ ᠬᠤᠶᠠᠷ ᠤᠯᠤᠰ ᠤᠨ ᠤᠳᠤᠷᠢᠳᠬᠤ ᠬᠦᠮᠤᠨ ᠤ ᠲᠤᠮᠤ ᠬᠦᠷᠦᠭ  ᠢ ᠡᠯᠬᠦᠭ᠍ᠰᠡᠨ ᠪᠠᠶᠢᠪᠠ᠃

    ᠰᠢ ᠶᠢᠨ ᠫᠢᠩ ᠤᠨ ᠰᠠᠭᠤᠬᠰᠠᠨ ᠮᠠᠰᠢᠨ ᠲᠡᠷᠬᠡ ᠬᠦ᠋ᠷᠴᠤ ᠢᠷᠡᠬᠦ ᠳᠤ ᠪᠧᠨᠶᠠᠩ ᠬᠠᠯᠠᠭᠤᠨ ᠢᠶᠠᠷ ᠤᠬᠳᠤᠨ ᠠᠪᠤᠪᠠ᠃ ᠯᠠᠤᠰ ᠤᠨ ᠵᠠᠯᠠᠭᠤ ᠰᠢ ᠶᠢᠨ ᠫᠢᠩ ᠳᠤ ᠰᠤᠷᠭᠤᠭ ᠴᠡᠴᠡᠭ ᠬᠦᠷᠬᠡᠭ᠍ᠰᠡᠨ ᠪᠠᠶᠢᠨ᠎ᠠ᠃ ᠰᠢ ᠶᠢᠨ ᠫᠢᠩ ᠪᠧᠨᠶᠠᠩ ᠲᠠᠢ ᠬᠠᠮᠳᠤ ᠴᠡᠷᠢᠭ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ ᠬᠦᠭ᠍ᠵᠢᠮ ᠤᠨ ᠠᠩᠬᠢ ᠳᠤᠮᠳᠠᠳᠤ ᠯᠠᠤᠰ ᠬᠤᠶᠠᠷ ᠤᠯᠤᠰ ᠤᠨ ᠰᠦᠯᠳᠠ ᠲᠠᠭᠤᠤ ᠶᠢ ᠬᠦᠭ᠍ᠵᠢᠮᠳᠠᠪᠠ᠃ ᠰᠢ ᠶᠢᠨ ᠫᠢᠩ ᠪᠧᠨᠶᠠᠩ ᠤᠨ ᠪᠠᠷ᠎ᠠ ᠪᠤᠯᠤᠯᠭ᠎ᠠ ᠲᠠᠢ ᠪᠠᠷ ᠶᠤᠰᠤᠯᠠᠯ ᠤᠨ ᠠᠩᠬᠢ ᠶᠢ ᠰᠢᠯᠭᠠᠨ ᠦᠵᠡᠵᠠᠢ᠃ ᠶᠤᠰᠤᠯᠠᠯ ᠤᠨ ᠠᠩᠬᠢ ᠶᠢᠨ ᠨᠦᠬᠦᠳ ᠯᠠᠤᠰ ᠬᠡᠯᠡ ᠪᠠᠷᠶᠠᠷᠤᠩᠬᠡᠢ ᠱᠦᠵᠢ ᠶᠢᠨ ᠪᠠᠶ᠎ᠠ ᠡᠷᠡᠬᠦᠯ ᠲᠡᠩᠬᠡᠯᠡᠭᠦᠨ ᠪᠠᠶᠢᠬᠤ ᠶᠢ ᠬᠦᠰᠡᠨ ᠵᠦᠩᠨᠡᠶ᠎ᠠ!ᠡᠷᠡᠬᠦᠯ ᠲᠡᠩᠬᠡᠯᠡᠬᠦᠨ!ᠡᠷᠡᠬᠦᠯ ᠲᠡᠩᠬᠡᠯᠡᠬᠦᠨ!ᠡᠷᠡᠬᠦᠯ ᠲᠡᠩᠬᠡᠯᠡᠬᠦᠨ!ᠬᠡᠵᠤ ᠦᠨᠳᠤᠷ ᠲᠠᠭᠤᠨ ᠢᠶᠠᠷ ᠬᠠᠰᠬᠢᠷᠪᠠ᠃ ᠰᠢ ᠶᠢᠨ ᠫᠢᠩ ᠯᠠᠤᠰ ᠤᠨ ᠲᠠᠯ᠎ᠠ ᠶᠢᠨ ᠪᠠᠷ᠎ᠠ ᠪᠤᠯᠤᠬᠰᠠᠳ ᠲᠠᠢ ᠭᠠᠷ ᠠᠳᠬᠤᠵᠤ᠂ ᠪᠧᠨᠶᠠᠩ ᠲᠤᠮᠲᠠᠲᠤ ᠶᠢᠨ ᠲᠠᠯ᠎ᠠ ᠶᠢᠨ ᠪᠠᠷ᠎ᠠ ᠪᠤᠯᠤᠬᠰᠠᠳ ᠲᠠᠢ ᠭᠠᠷ ᠠᠳᠬᠤᠵᠠᠢ᠃

    ᠳ᠋ᠢᠩ ᠰᠢᠤᠸᠠᠢ ᠰᠢᠶᠠᠩ᠂ ᠯᠢᠦ ᠡᡁᠧ᠂ ᠶᠠᠩ ᠵᠢᠶᠧ ᡂᠢ ᠨᠠᠷ ᠲᠡᠭᠡᠷᠡᠬᠢ ᠠᠵᠢᠯᠯᠠᠭ᠎ᠠ ᠳᠤ ᠤᠷᠤᠯᠴᠠᠪᠠ᠃ ᠯᠠᠤᠰ ᠤᠨ ᠲᠠᠯ᠎ᠠ ᠶᠢᠨ ᠤᠷᠤᠯᠴᠠᠬᠰᠠᠳ ᠲᠤ᠄ ᠯᠠᠤᠰ ᠤᠨ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠺᠠᠨᠫᠠᠨ᠂ ᠯᠠᠤᠰ ᠤᠨ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠡᠳ᠋ ᠶᠠᠷᠤᠩᠬᠡᠢ ᠰᠠᠶᠢᠳ ᠰᠦᠩᠰᠠᠢ᠂ ᠲᠡᠳ᠋ ᠶᠠᠷᠤᠩᠬᠡᠢ ᠰᠠᠶᠢᠳ ᠪᠦᠬᠡᠳ ᠡᠳ᠋ ᠤᠨ ᠵᠠᠰᠠᠬ ᠤᠨ ᠶᠠᠮᠤᠨ ᠤ ᠰᠠᠶᠢᠳ ᠰᠦᠩᠳᠢ ᠵᠢᠴᠢ ᠯᠠᠤᠰ ᠤᠨ ᠵᠠᠰᠠᠬ ᠤᠨ ᠤᠷᠳᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121954501