蒙古文网站Logo
ᠰᠢᠨᠬᠤᠸᠠ ᠮᠤᠩᠭ᠋ᠤᠯ ᠨᠧᠲ

ᠰᠢ ᠶᠢᠨ ᠫᠢᠩ ᠪᠦᠬᠦᠳᠡ ᠨᠠᠶᠢᠷᠠᠮᠳᠠᠬᠤ ᠠᠷᠠᠳᠴᠢᠯᠠᠭᠰᠠᠠ ᠯᠠᠤᠰ ᠠᠷᠠᠳ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠳᠡ ᠬᠢᠵᠥ ᠡᠬᠢᠯᠡᠯ᠎ᠠ

2017-11-14 16:36

    ᠰᠢᠨᠬᠤᠧᠠ ᠬᠤᠷᠢᠶ᠎ᠠ  ᠸᠢᠶᠧᠨ᠋ᠲ᠋ᠢᠶᠠᠩ  ᠤᠨ 11 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠵᠠᠩ ᠵᠢᠶᠠᠨ ᠬᠤᠧᠠ ᠯᠢ ᠵᠢᠶᠠᠨ ᠮᠢᠨ) ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ 13 ᠤ ᠡᠳᠤᠷ ᠸᠢᠶᠧᠨ᠋ᠲ᠋ᠢᠶᠠᠩ ᠳᠤ ᠬᠦᠷᠴᠦ᠂ ᠪᠦᠬᠦᠳᠡ ᠨᠠᠶᠢᠷᠠᠮᠳᠠᠬᠤ ᠠᠷᠠᠳᠴᠢᠯᠠᠭᠰᠠᠠ ᠯᠠᠤᠰ ᠠᠷᠠᠳ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠳᠡ ᠬᠢᠵᠥ ᠡᠬᠢᠯᠡᠪᠡ᠃

    ᠲᠤᠬᠠᠢ ᠶᠢᠨ ᠭᠠᠵᠠᠷ ᠤᠨ ᠴᠠᠭ ᠢᠶᠠᠷ ᠦᠳᠡ ᠡᠴᠡ ᠬᠤᠶᠢᠨᠠᠬᠢ 3 ᠴᠠᠭ 5 ᠮᠢᠨᠦ᠋ᠲ ᠤᠨ ᠦᠶ᠎ᠡ ᠪᠠᠷ᠂ ᠰᠢ ᠶᠢᠨ ᠫᠢᠩ ᠤᠨ ᠰᠠᠭᠤᠭᠰᠠᠠ ᠲᠤᠰᠬᠠᠢ ᠨᠢᠰᠬᠡᠯ ᠸᠢᠶᠧᠨ᠋ᠲ᠋ᠢᠶᠠᠩ ᠤᠨ ᠸᠠᠳᠠᠢ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠪᠡ᠃ ᠰᠢ ᠶᠢᠨ ᠫᠢᠩ ᠨᠢᠰᠬᠡᠯ ᠤᠨ ᠦᠷᠦᠬᠡ ᠠᠴᠠ ᠭᠠᠷᠴᠦ ᠢᠷᠡᠬᠦ ᠳᠤ ᠯᠠᠤᠰ ᠤᠨ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠪᠠᠶᠢᠩᠭ᠋ᠤ ᠶᠢᠨ ᠱᠦᠵᠢ᠂ ᠤᠯᠤᠰ ᠤᠨ ᠲᠡᠳ᠋ ᠲᠡᠷᠢᠬᠦᠯᠡᠭᠴᠢ ᠫᠠᠨᠺᠠᠨ᠂ ᠯᠠᠤᠰ ᠤᠨ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠸᠢᠶᠧᠨ᠋ᠲ᠋ᠢᠶᠠᠩ ᠬᠤᠳᠠ ᠶᠢᠨ ᠨᠠᠮ ᠤᠨ ᠬᠤᠷᠢᠶᠡᠨ ᠤ ᠱᠦᠵᠢ ᠪᠦᠭᠡᠳ ᠬᠤᠳᠠ ᠶᠢᠨ ᠲᠠᠷᠤᠭ᠎ᠠ ᠰᠢᠨᠯᠠᠹᠧᠩ᠂ ᠯᠠᠤᠰ ᠤᠨ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠲᠡᠳ᠋ ᠶᠡᠷᠤᠩᠬᠡᠢ ᠰᠠᠶᠢᠳ ᠰᠦᠩᠰᠠᠢ ᠨᠠᠷ ᠤᠨ ᠬᠠᠯᠠᠭᠤᠨ ᠤᠭᠳᠤᠯᠭ᠎ᠠ ᠶᠢ ᠬᠦᠷᠳᠡᠪᠡ᠃ ᠯᠠᠤᠰ ᠤᠨ ᠵᠠᠯᠠᠭᠤ ᠰᠢ ᠶᠢᠨ ᠫᠢᠩ ᠳᠤ ᠰᠤᠷᠭᠤᠭ ᠴᠡᠴᠡᠭ ᠬᠦᠷᠭᠡᠵᠠᠢ᠃ ᠶᠤᠰᠤᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠵᠢᠬᠰᠠᠪᠠ᠃

    ᠰᠢ ᠶᠢᠨ ᠫᠢᠩ ᠨᠢᠰᠬᠡᠯ ᠤᠨ ᠪᠠᠭᠤᠳᠠᠯ ᠳᠤ ᠪᠢᠴᠢᠭ᠌ ᠢᠶᠠᠷ ᠶᠠᠷᠢᠶ᠎ᠠ ᠲᠠᠯᠪᠢᠵᠥ᠂ ᠲᠤᠮᠳᠠᠳᠤ ᠤᠯᠤᠰ ᠤᠨ ᠨᠠᠮ᠂ ᠵᠠᠰᠠᠭ ᠤᠨ ᠤᠷᠳᠤᠨ ᠪᠤᠯᠤᠨ ᠠᠷᠠᠳ ᠲᠦᠮᠡᠨ ᠤ ᠡᠮᠤᠨ᠎ᠡ ᠠᠴᠠ ᠠᠬ᠎ᠠ ᠲᠡᠬᠦᠤ ᠯᠠᠤᠰ ᠤᠨ ᠨᠠᠮ᠂ ᠵᠠᠰᠠᠭ ᠤᠨ ᠤᠷᠳᠤᠨ ᠪᠤᠯᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠤᠴᠢᠯᠡᠯ ᠪᠤᠯᠤᠨ ᠰᠠᠶᠢᠨ ᠰᠠᠶᠢᠬᠠᠨ ᠵᠦᠩᠨᠡᠯ ᠲᠡᠪᠰᠢᠬᠦᠯᠵᠠᠢ᠃ ᠰᠢ ᠶᠢᠨ ᠫᠢᠩ᠂ ᠲᠤᠮᠳᠠᠳᠤ ᠤᠯᠤᠰ ᠪᠤᠯᠤᠨ ᠯᠠᠤᠰ ᠪᠤᠯ ᠪᠦᠷ ᠡᠪ ᠬᠠᠮᠳᠤ ᠨᠠᠮ ᠤᠨ ᠤᠳᠤᠷᠢᠳᠤᠬᠰᠠᠠ ᠨᠡᠶᠢᠬᠡᠮ ᠵᠢᠷᠤᠮᠳᠤ ᠤᠯᠤᠰ ᠮᠥᠨ᠂ ᠨᠡᠷ᠎ᠡ ᠨᠢᠳᠡᠷ ᠲᠡᠭᠡᠨ ᠨᠡᠶᠢᠴᠡᠭᠰᠡᠡ ᠰᠠᠶᠢᠨ ᠬᠦᠷᠰᠢ᠂ ᠰᠠᠶᠢᠨ ᠨᠠᠶᠢᠵᠢ᠂ ᠰᠠᠶᠢᠨ ᠨᠦᠬᠦᠷ᠂ ᠰᠠᠶᠢᠨ ᠬᠠᠨᠢᠳᠠᠨ ᠶᠤᠮ᠃ ᠬᠠᠷᠢᠯᠴᠠᠭ᠎ᠠ ᠪᠠᠶᠢᠭᠤᠯᠤᠭᠰᠠᠠ 56 ᠵᠢᠯ ᠤᠨ ᠲᠤᠷᠰᠢ᠂ ᠬᠤᠶᠠᠷ ᠲᠠᠯ᠎ᠠ ᠶᠢᠨ ᠤᠯᠠᠮᠵᠢᠯᠠᠯᠳᠤ ᠨᠦᠬᠦᠷᠰᠡᠩ ᠬᠦᠷᠰᠢ ᠶᠢᠨ ᠬᠠᠷᠢᠯᠴᠠᠭ᠎ᠠ ᠲᠡᠯᠡᠬᠡᠢ ᠶᠢᠨ ᠤᠷᠪᠠᠭᠠᠨ ᠬᠦᠷᠪᠡᠭᠡᠨ ᠲᠠᠢ ᠪᠠᠶᠢᠳᠠᠯ ᠤᠨ ᠰᠢᠯᠭᠠᠯᠳᠡ ᠶᠢ ᠲᠠᠭᠠᠭᠠᠵᠥ᠂ ᠤᠷᠳᠤ ᠤᠳᠠᠭᠠᠨ ᠲᠡᠤᠬᠡ ᠶᠢᠨ ᠶᠠᠪᠤᠴᠠ ᠳᠤ ᠲᠠᠰᠤᠷᠠᠯᠳᠠ ᠦᠭᠡᠢ ᠰᠢᠨᠡᠳᠤᠨ ᠰᠠᠶᠢᠵᠢᠷᠠᠪᠠ᠃ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠬᠦᠨᠵᠡᠬᠡᠶᠢᠷᠡᠨ ᠬᠦᠭ᠍ᠵᠢᠵᠥ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠤᠳᠠᠳᠠᠢ ᠠᠰᠢᠬ ᠬᠦᠷᠳᠡᠭᠡᠭ᠍ᠰᠡᠡ ᠢᠶᠠᠷ ᠪᠠᠷᠠᠬᠤ ᠦᠭᠡᠢ ᠭᠠᠵᠠᠷ ᠤᠷᠤᠨ ᠪᠤᠯᠤᠨ ᠲᠡᠯᠡᠬᠡᠢ ᠶᠢᠨ ᠡᠩᠬᠡ ᠲᠠᠶᠢᠪᠤᠩ᠂ ᠲᠤᠭᠳᠠᠭᠤᠨ᠂ ᠬᠦᠭ᠍ᠵᠢᠯ ᠴᠡᠴᠡᠭᠯᠡᠯ ᠢ ᠠᠬᠢᠭᠤᠯᠬᠤ ᠳᠤ ᠢᠳᠡᠪᠬᠢᠳᠡᠢ ᠬᠤᠪᠢ ᠨᠡᠮᠡᠷᠢ ᠦᠵᠡᠬᠦᠯᠪᠡ᠃ ᠠᠶᠢᠯᠴᠢᠯᠠᠯᠳᠡ ᠶᠢᠨ ᠬᠤᠭᠤᠴᠠᠭᠠᠨ ᠳᠤ᠂ ᠪᠢ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠪᠧᠨᠶᠠᠩ ᠵᠡᠷᠬᠡ ᠯᠠᠤᠰ ᠤᠨ ᠨᠠᠮ ᠪᠤᠯᠤᠨ ᠤᠯᠤᠰ ᠤᠨ ᠤᠳᠤᠷᠢᠳᠬᠤ ᠨᠦᠬᠦᠳ ᠵᠢᠴᠢ ᠯᠠᠤᠰ ᠤᠨ ᠡᠯ᠎ᠡ ᠡᠳᠡᠭᠡᠳ ᠤᠨ ᠬᠦᠮᠥᠰ ᠲᠠᠢ ᠦᠷᠭᠡᠨ ᠢᠶᠠᠷ ᠬᠠᠷᠢᠯᠴᠠᠵᠤ᠂ ᠲᠤᠮᠳᠠᠳᠤ ᠯᠠᠤᠰ ᠤᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠵᠢᠴᠢ ᠬᠠᠮᠳᠤᠪᠡᠷ ᠠᠩᠬᠠᠷᠴᠦ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠬᠦᠨᠵᠡᠬᠡᠢ ᠰᠤᠯᠢᠯᠴᠠᠨ᠎ᠠ᠃ ᠬᠤᠶᠠᠷ ᠲᠠᠯ᠎ᠠ ᠶᠢᠨ ᠬᠠᠮᠳᠤ ᠶᠢᠨ ᠴᠢᠷᠮᠡᠶᠢᠯᠭ᠎ᠠ ᠪᠠᠷ ᠡᠨᠡ ᠤᠳᠠᠭ᠎ᠠ ᠶᠢᠨ ᠠᠶᠢᠯᠴᠢᠯᠠᠯᠳᠡ ᠯᠠᠪᠳᠠᠢ ᠲᠤᠮᠳᠠᠳᠤ ᠯᠠᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠰᠢᠨ᠎ᠡ ᠲᠡᠭᠳᠡᠷ ᠲᠤ ᠭᠠᠷᠬᠤ ᠶᠢ ᠠᠬᠢᠭᠤᠯᠵᠥ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠶᠡᠭᠡ ᠪᠤᠶᠠᠨ ᠦᠢᠯᠡᠳᠦᠨ᠎ᠡ ᠬᠡᠳᠡᠭ ᠢ ᠢᠳᠡᠬᠡᠵᠥ ᠪᠠᠶᠢᠨ᠎ᠠ ᠬᠡᠵᠥ ᠴᠢᠬᠤᠯᠠᠴᠢᠯᠠᠪᠠ᠃

    ᠳ᠋ᠢᠩ ᠰᠢᠤᠸᠠᠢ ᠰᠢᠶᠠᠩ᠂ ᠯᠢᠦ ᠡᡁᠧ᠂ ᠶᠠᠩ ᠵᠢᠶᠧ ‍ᠤᠤᠢ ᠵᠡᠷᠬᠡ ᠪᠡᠷ᠎ᠡ ᠪᠤᠯᠤᠭᠰᠠᠳ ᠨᠢᠰᠬᠡᠯ ᠢᠶᠠᠷ ᠬᠠᠮᠳᠤ ᠬᠦᠷᠪᠡ᠃

    ᠯᠠᠤᠰ ᠲᠤ ᠰᠠᠭᠤᠭ᠎ᠠ ᠲᠤᠮᠳᠠᠳᠤ ᠤᠯᠤᠰ ᠤᠨ ᠡᠯᠴᠢᠨ ᠰᠠᠶᠢᠳ ᠸᠠᠩ ᠸᠧᠨ ᠲᠢᠶᠠᠨ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠬᠳᠤᠵᠠᠢ᠃

    ᠲᠡᠷᠭᠡᠨ ᠵᠢᠬᠰᠠᠭᠠᠯ ᠨᠢᠰᠬᠡᠯ ᠤᠨ ᠪᠠᠭᠤᠳᠠᠯ ᠠᠴᠠ ᠭᠠᠷᠴᠤ ᠪᠠᠭᠤᠳᠠᠯ ᠵᠦᠭ ᠠᠶᠠᠯᠠᠬᠤ ᠳ᠋ᠦ ᠨᠢᠰᠬᠡᠯ ᠤᠨ ᠪᠠᠭᠤᠳᠠᠯ ᠤᠨ ᠭᠠᠳᠠᠨ᠎ᠠ ᠳᠤᠮᠳᠠᠳᠤ ᠯᠠᠦᠰ ᠬᠤᠶᠠᠷ ᠤᠯᠤᠰ ᠤᠨ ᠤᠳᠤᠷᠢᠳᠬᠤ ᠬᠦᠮᠦᠰ ᠤᠨ ᠲᠤᠮᠤ ᠬᠦᠷᠦᠭ  ᠢ ᠡᠯᠭᠦᠭ᠍ᠰᠡᠨ ᠪᠠᠶᠢᠪᠠ᠃ ᠵᠠᠮ ᠳᠠᠭᠠᠤ ᠶᠢᠨ ᠵᠡᠭᠡᠯᠢ ᠭᠤᠲᠤᠮᠵᠢ ᠶᠢᠨ ᠬᠤᠶᠠᠷ ᠲᠠᠯ᠎ᠠ ᠪᠠᠷ ᠳᠤᠮᠳᠠᠳᠤ ᠯᠠᠤᠰ ᠬᠤᠶᠠᠷ ᠤᠯᠤᠰ ᠤᠨ ᠲᠤᠬ ᠰᠠᠯᠬᠢᠨ ᠤ ᠠᠶ᠎ᠠ ᠪᠠᠷ ᠨᠠᠮᠢᠷᠡᠨ᠎ᠠ᠃ ᠵᠡᠭᠡᠯᠢ ᠭᠤᠲᠤᠮᠵᠢ ᠪᠠᠷ ᠠᠯᠢ ᠤᠯᠠᠨ ᠪᠠᠶᠠᠷᠯᠠᠨ ᠤᠬᠲᠤᠬᠤ ᠤᠷᠢᠶ᠎ᠠ ᠨᠤᠭᠤᠳ ᠢ ᠡᠯᠭᠦᠵᠦ᠂ ᠬᠠᠯᠠᠭᠤᠨ ᠰᠡᠳᠬᠢᠯᠭᠡ ᠲᠠᠢ ᠲᠤᠬᠠᠢ ᠶᠢᠨ ᠭᠠᠵᠠᠷ ᠤᠨ ᠵᠠᠯᠠᠭᠤᠴᠤᠳ ᠵᠡᠭᠡᠯᠢ ᠶᠢᠨ ᠬᠤᠶᠠᠷ ᠲᠠᠯ᠎ᠠ ᠪᠠᠷ ᠴᠤᠭᠯᠠᠷᠠᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠵᠦᠭ ᠳᠤᠮᠳᠠᠳᠤ ᠯᠠᠤᠰ ᠬᠤᠶᠠᠷ ᠤᠯᠤᠰ ᠤᠨ ᠲᠤᠬ ᠢ ᠬᠤᠷᠦ᠋ᠢᠯᠠᠵᠤ᠂ ᠯᠠᠤᠰ ᠤᠨ ᠠᠷᠠᠳ ᠲᠦᠮᠡᠨ ᠤ ᠳᠤᠮᠳᠠᠳᠤ ᠯᠠᠤᠰ ᠤᠨ ᠨᠦᠬᠦᠷᠯᠡᠯ ᠳᠤ ᠡᠪᠤᠷᠯᠡᠬᠦ ᠭᠦᠨ ᠵᠤᠵᠠᠭᠠᠨ ᠬᠠᠶᠢᠷ᠎ᠡ ᠰᠡᠳᠬᠢᠯᠭᠡ ᠪᠠ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠵᠤ ᠢᠷᠡᠭᠰᠡᠨ ᠳᠤ ᠴᠢᠩ ᠰᠡᠳᠬᠢᠯ ᠠᠴᠠ ᠪᠠᠨ ᠪᠠᠶᠠᠷᠯᠠᠵᠤ ᠪᠠᠶᠢᠬᠤ ᠪᠠᠨ ᠢᠯᠡᠳᠭᠡᠵᠡᠬᠡᠨ᠎ᠠ᠃

    ᠰᠢ ᠶᠢᠨ ᠫᠢᠩ ᠸᠢᠶᠧᠲ᠋ᠨᠠᠮ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠲᠡᠬᠦᠰᠬᠡᠬᠡᠳ ᠸᠢᠶᠧᠨ᠋ᠲ᠋ᠢᠶᠠᠩ ᠳᠤ ᠬᠦᠷᠦᠭᠰᠡᠨ ᠶᠤᠮ᠃ ᠬᠠᠨᠤᠢ ᠠᠴᠠ ᠮᠤᠷᠳᠠᠬᠤ ᠦᠶᠡᠰ ᠸᠢᠶᠧᠲ᠋ᠨᠠᠮ ᠤᠨ ᠡᠪ ᠬᠠᠮᠲᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠪᠠᠶᠢᠩ᠋ᠭᠤ ᠶᠢᠨ ᠱᠦᠵᠢ᠂ ᠲᠦᠪ ᠤᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠴᠧᠨ ᠭᠥᠸᠧ ᠸᠠᠩ ᠨᠠᠷ ᠨᠢᠰᠬᠡᠯ ᠤᠨ ᠪᠠᠭᠤᠳᠠᠯ ᠳᠤ ᠬᠦᠷᠴᠤ ᠦᠳᠡᠨ ᠮᠤᠷᠳᠠᠭᠤᠯᠪᠠ᠃ ᠲᠤᠬᠠᠢ ᠶᠢᠨ ᠭᠠᠵᠠᠷ ᠤᠨ ᠠᠷᠠᠳ ᠤᠯᠠᠨ ᠳᠤᠮᠳᠠᠳᠤ ᠸᠢᠶᠧᠲ᠋ᠨᠠᠮ ᠬᠤᠶᠠᠷ ᠤᠯᠤᠰ ᠤᠨ ᠲᠤᠬ ᠢ ᠬᠤᠷᠦ᠋ᠢᠯᠠᠨ ᠰᠢ ᠶᠢᠨ ᠫᠢᠩ ᠨᠠᠷ ᠢ ᠦᠳᠡᠨ ᠮᠤᠷᠳᠠᠭᠤᠯᠵᠡᠢ᠃

ᠢᠷᠡᠯᠳᠡ᠄ ᠥᠪᠦᠷ ᠮᠣᠩᠭ᠋ᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121954569