蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠯᠠᠤᠰ ᠤᠨ ᠠᠷᠠᠳ ᠤᠨ ᠬᠤᠪᠢᠰᠬᠠᠯᠲᠦ ᠨᠠᠮ ᠤᠨ ᠲᠦᠪ ᠬᠤᠷᠢᠶᠠᠨ ᠤ ᠤᠤᠯ ᠤᠨ ᠶᠡᠷᠦᠩᠬᠡᠢ ᠱᠦᠵᠢ ᠤᠯᠤᠰ ᠤᠨ ᠲᠡᠷᠢᠭᠦᠯᠡᠭᠴᠢ ᠵᠦᠮᠠᠯᠢ ᠲᠠᠢ ᠠᠭᠤᠯᠵᠠᠵᠠᠢ

2017-11-14 16:37

    ᠰᠢᠨᠬᠤᠸᠠ ᠬᠤᠷᠢᠶ᠎ᠠ  ᠸᠢᠶᠸᠨ᠋ᠲ᠋ᠢᠶᠠᠩ ᠤᠨ 11 ᠰᠠᠷ᠎ᠠ ᠵᠢᠨ 13 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠯᠢ ᠵᠢᠶᠠᠨ ᠮᠢᠨ ᠸᠠᠩ ᠹᠸᠩ ᠹᠸᠩ)ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠵᠢᠨ ᠫᠢᠩ 13 ᠤ ᠡᠳᠦᠷ ᠸᠢᠶᠸᠨ᠋ᠲ᠋ᠢᠶᠠᠩ ᠳᠤ ᠯᠠᠤᠰ ᠤᠨ ᠠᠷᠠᠳ ᠤᠨ ᠬᠤᠪᠢᠰᠬᠠᠯᠲᠦ ᠨᠠᠮ ᠤᠨ ᠲᠦᠪ ᠬᠤᠷᠢᠶᠠᠨ ᠤ ᠤᠤᠯ ᠤᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠵᠦᠮᠠᠯᠢ ᠲᠠᠢ ᠠᠭᠤᠯᠵᠠᠵᠠᠢ᠃

    ᠰᠢ ᠵᠢᠨ ᠫᠢᠩ᠂ ᠵᠦᠮᠠᠯᠢ ᠨᠦᠬᠦᠷ ᠯᠠᠤᠰ ᠤᠨ ᠨᠠᠮ ᠪᠤᠯᠤᠨ ᠤᠯᠤᠰ ᠤᠨ ᠬᠠᠮᠤᠭ ᠳᠡᠭᠡᠳᠦ ᠤᠳᠤᠷᠢᠳᠬᠤ ᠬᠦᠮᠥᠨ ᠪᠠᠢᠢᠭᠰᠠᠨ 10 ᠵᠢᠯ ᠤᠨ ᠬᠤᠭᠤᠴᠠᠭᠠᠨ ᠳᠤ ᠳᠤᠮᠳᠠᠳᠤ ᠯᠠᠤᠰ ᠤᠨ ᠨᠦᠬᠦᠷᠰᠡᠭ ᠬᠠᠷᠢᠯᠴᠠᠭ᠎ᠠ ᠵᠢ ᠬᠦᠭ᠍ᠵᠢᠭᠦᠯᠬᠦ ᠵᠢ ᠢᠮᠠᠭᠳᠠ ᠳᠡᠭᠡᠳᠦ ᠬᠡᠮᠵᠢᠶ᠎ᠠ ᠪᠡᠷ ᠴᠢᠬᠤᠯᠠᠴᠢᠯᠠᠵᠤ᠂ ᠬᠤᠶᠠᠷ ᠤᠯᠤᠰ ᠤᠨ ᠡᠯ᠎ᠠ ᠬᠦᠷᠢᠶᠡᠨ ᠤ ᠰᠤᠯᠢᠯᠴᠠᠭ᠎ᠠ ᠬᠠᠮᠲᠤᠷᠠᠯᠴᠠᠭ᠎ᠠ ᠵᠢ ᠪᠡᠶ᠎ᠠ ᠪᠡᠷ ᠵᠢᠡᠨ ᠬᠠᠯᠠᠮᠵᠢᠯᠠᠭᠰᠠᠨ ᠪᠦᠭᠡᠳ ᠠᠬᠢᠭᠤᠯᠵᠤ᠂ ᠳᠤᠮᠳᠠᠳᠤ ᠯᠠᠤᠰ ᠤᠨ ᠬᠠᠷᠢᠯᠴᠠᠭ᠎ᠠ ᠵᠢᠨ ᠳᠠᠪᠠᠯᠳᠠᠳᠤ ᠬᠦᠭ᠍ᠵᠢᠯᠲᠠ ᠵᠢ ᠪᠡᠶᠡᠯᠡᠭᠦᠯᠬᠦ᠂ ᠳᠤᠮᠳᠠᠳᠤ ᠯᠠᠤᠰ ᠤᠨ ᠤᠯᠠᠮᠵᠢᠯᠠᠯᠲᠦ ᠨᠦᠬᠦᠷᠯᠡᠯ ᠢ ᠭᠦᠨᠵᠡᠭᠡᠢᠢᠷᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠠᠢ ᠭᠡᠵᠤ ᠵᠢᠭᠠᠵᠤ ᠭᠠᠷᠭᠠᠪᠠ᠃

    ᠰᠢ ᠵᠢᠨ ᠫᠢᠩ᠂ ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠦᠷ᠎ᠠ ᠪᠦᠳᠦᠭᠡᠯ ᠨᠢ ᠰᠢᠨ᠎ᠠ ᠮᠡᠶ᠊ᠢᠭ ᠤᠨ ᠤᠯᠠᠨ ᠤᠯᠤᠰ ᠤᠨ ᠬᠠᠷᠢᠯᠴᠠᠭ᠎ᠠ ᠵᠢ ᠪᠠᠢᠢᠭᠤᠯᠬᠤ᠂ ᠳᠤᠮᠳᠠᠳᠤ ᠯᠠᠤᠰ ᠤᠨ ᠪᠠᠢᠢᠯᠳᠤᠬᠤ ᠪᠤᠳᠤᠯᠭ᠎ᠠ ᠵᠢᠨ ᠠᠴᠢ ᠬᠤᠯᠪᠤᠭᠳᠠᠯ ᠲᠠᠢ ᠬᠤᠪᠢ ᠵᠠᠶᠠᠭᠠᠨ ᠤ ᠬᠠᠮᠲᠦ ᠵᠢᠨ ᠴᠤᠭᠴᠠ ᠵᠢ ᠪᠠᠢᠢᠭᠤᠯᠬᠤ ᠳᠤ ᠠᠰᠢᠭᠲᠠᠢ ᠶᠤᠮ᠃ ᠮᠢᠨᠦ ᠲᠤᠰ ᠤᠳᠠᠭ᠎ᠠ ᠵᠢᠨ ᠯᠠᠤᠰ ᠲᠡᠬᠢ ᠠᠢᠢᠯᠴᠢᠯᠠᠯᠳᠡ ᠨᠢ ᠳᠠᠷᠤᠢ ᠳᠤᠮᠳᠠᠳᠤ ᠯᠠᠤᠰ ᠤᠨ ᠬᠠᠷᠢᠯᠴᠠᠭ᠎ᠠ ᠶᠢᠨ ᠰᠢᠨ᠎ᠠ ᠳᠡᠭᠳᠡᠷ ᠲᠦ ᠭᠠᠷᠬᠤ ᠵᠢ ᠠᠬᠢᠭᠤᠯᠬᠤ ᠵᠢᠨ ᠲᠦᠯᠦᠭᠡ ᠶᠤᠮ᠃ ᠪᠢ ᠰᠠᠶ᠊ᠢᠬᠠᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠪᠸᠨᠶᠠᠩ ᠲᠠᠢ ᠪᠠᠶᠠᠯᠢᠭ ᠦᠷ᠎ᠠ ᠪᠦᠲᠦᠭᠡᠯ ᠪᠦᠬᠦᠢ ᠬᠡᠯᠡᠯᠴᠡᠭᠡ ᠬᠢᠵᠤ᠂ ᠦᠷᠭᠡᠨ ᠲᠡᠯᠬᠡᠷ ᠬᠠᠮᠲᠦ ᠵᠢᠨ ᠲᠠᠨᠢᠯᠳᠠ ᠲᠠᠢ ᠪᠤᠯᠵᠤ᠂ ᠢᠷᠡᠭᠡᠳᠦᠢ ᠵᠢᠨ ᠬᠤᠶᠠᠷ ᠤᠯᠤᠰ ᠤᠨ ᠬᠠᠷᠢᠯᠴᠠᠭᠠᠨ ᠤ ᠬᠦᠭ᠍ᠵᠢᠯᠲᠠ ᠵᠢᠨ ᠠᠤᠭ᠎ᠠ ᠵᠢᠷᠤᠭ ᠲᠦᠰᠦᠪ ᠢ ᠵᠢᠷᠤᠭᠯᠠᠪᠠ᠃

    ᠵᠦᠮᠠᠯᠢ ᠨᠦᠬᠦᠷ ᠳᠤᠮᠳᠠᠳᠤ ᠯᠠᠤᠰ ᠦᠨ ᠬᠠᠷᠢᠯᠴᠠᠭᠠᠨ ᠦ ᠬᠦᠭ᠍ᠵᠢᠯᠳᠠ ᠢᠢ ᠦᠷᠬᠦᠯᠵᠢᠯᠠᠨ ᠬᠠᠯᠠᠮᠵᠢᠯᠠᠨ ᠲᠡᠮᠵᠢᠵᠤ᠂ ᠳᠤᠮᠳᠠᠳᠤ ᠯᠠᠤᠰ ᠦᠨ ᠬᠠᠷᠢᠯᠴᠠᠭᠠᠨ ᠦ ᠲᠠᠰᠤᠷᠠᠯᠳᠠ ᠦᠬᠡᠢ ᠵᠦᠪ ᠴᠢᠭᠯᠡᠯ ᠢᠶᠡᠷ ᠬᠦᠭ᠍ᠵᠢᠬᠦ ᠢᠢ ᠠᠬᠢᠭᠤᠯᠬᠤ ᠳᠤ ᠤᠢᠢᠯᠡᠳᠤᠯ ᠦᠵᠡᠬᠦᠯᠬᠦ ᠢᠢ ᠬᠦᠰᠡᠵᠤ ᠪᠠᠢᠢᠨ᠎ᠠ ᠭᠡᠵᠤ ᠴᠢᠬᠤᠯᠠᠴᠢᠯᠠᠵᠠᠢ᠃ ᠵᠦᠮᠠᠯᠢ᠂ ᠳᠤᠮᠳᠠᠳᠤ ᠤᠯᠤᠰ ᠦᠨ ᠡᠪ ᠬᠠᠮᠳᠤ ᠨᠠᠮ ᠦᠨ ᠠᠷᠪᠠ ᠶᠢᠰᠤᠳᠤᠭᠡᠷ ᠶᠡᠬᠡ ᠬᠤᠷᠠᠯ ᠤᠯᠠᠨ ᠲᠠᠯ᠎ᠠ ᠶᠢᠨ ᠲᠡᠤᠬᠡᠳᠤ ᠴᠢᠨᠠᠷᠳᠠᠢ ᠦᠷ᠎ᠠ ᠪᠦᠲᠦᠭᠡᠯ ᠤᠯᠵᠤ᠂ ᠤᠨᠴᠠᠭᠠᠢᠢᠯᠠᠨ ᠰᠢ ᠵᠢᠨ ᠫᠢᠩ ᠦᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠦᠨ ᠤᠨᠴᠠᠯᠢᠬ ᠳᠠᠢ ᠨᠡᠢᠢᠬᠡᠮ ᠵᠢᠷᠤᠮ ᠦᠨ ᠦᠵᠡᠯ ᠰᠠᠨᠠᠭ᠎ᠠ ᠢᠢ ᠨᠠᠮ ᠦᠨ ᠲᠦᠷᠢᠮ ᠳᠤ ᠪᠢᠴᠢᠵᠤ ᠤᠷᠤᠭᠤᠯᠤᠬᠰᠠᠨ ᠳᠤ ᠴᠢᠩ ᠰᠡᠳᠬᠢᠯ ᠤᠨ ᠪᠡᠶᠡᠷ ᠬᠦᠷᠭᠡᠵᠦ ᠪᠠᠢᠢᠨ᠎ᠠ᠃ ᠰᠢ ᠵᠢᠨ ᠫᠢᠩ ᠨᠦᠬᠦᠷ ᠪᠤᠯ ᠯᠠᠤᠰ ᠦᠨ ᠠᠷᠠᠳ ᠲᠦᠮᠡᠨ ᠦ ᠬᠠᠭᠤᠴᠢᠨ ᠨᠠᠢᠢᠵᠠ ᠶᠤᠮ᠂ ᠡᠨᠡ ᠤᠳᠠᠭ᠎ᠠ ᠶᠢᠨ ᠯᠠᠤᠰ ᠲᠡᠬᠢ ᠠᠢᠢᠯᠴᠢᠯᠠᠯᠳᠠ ᠨᠢ ᠯᠠᠤᠰ ᠳᠤᠮᠳᠠᠳᠤ ᠢᠢᠨ ᠬᠠᠷᠢᠯᠴᠠᠭᠠᠨ ᠤ ᠲᠡᠤᠬᠡᠨ ᠲᠡᠭᠡᠷ᠎ᠠ ᠲᠡᠤᠬᠡᠳᠤ ᠴᠢᠨᠠᠷᠳᠠᠢ ᠠᠴᠢ ᠬᠤᠯᠪᠤᠬᠳᠠᠯ ᠲᠠᠢ ᠶᠤᠮ᠃ ᠳᠤᠮᠳᠠᠳᠤ ᠤᠯᠤᠰ ᠪᠤᠯ ᠯᠠᠤᠰ ᠦᠨ ᠨᠦᠬᠦᠷᠰᠡᠭ ᠬᠦᠷᠰᠢ ᠪᠠ ᠲᠡᠯᠡᠬᠡᠢ ᠢᠢᠨ ᠭᠡᠷᠡᠭ ᠶᠠᠪᠤᠳᠠᠯ ᠳ᠋ᠡᠬᠢ ᠴᠢᠬᠤᠯᠠ ᠬᠦᠴᠤᠨ ᠶᠤᠮ᠃ ᠯᠠᠤᠰ ᠦᠨ ᠬᠢᠨ ᠬᠤᠶᠠᠷ ᠨᠠᠮ ᠬᠤᠶᠠᠷ ᠤᠯᠤᠰ ᠦᠨ ᠰᠤᠯᠢᠯᠴᠠᠭ᠎ᠠ ᠬᠠᠮᠳᠤᠷᠠᠯᠴᠠᠭ᠎ᠠ ᠢᠢ ᠠᠬᠢᠭᠤᠯᠬᠤ ᠪᠡᠷ ᠴᠢᠷᠮᠠᠢᠢᠵᠤ᠂ ᠯᠠᠤᠰ ᠳᠤᠮᠳᠠᠳᠤ ᠢᠢᠨ ᠪᠦᠬᠦ ᠲᠠᠯ᠎ᠠ ᠢᠢᠨ ᠪᠠᠢᠢᠯᠳᠤᠬᠤ ᠪᠤᠳᠤᠯᠭ᠎ᠠ ᠢᠢᠨ ᠬᠠᠮᠳᠤᠷᠠᠯᠴᠠᠭᠠᠨ ᠤ ᠬᠠᠨᠢᠳᠠᠨ ᠦ ᠬᠠᠷᠢᠯᠴᠠᠭ᠎ᠠ ᠢᠢ ᠬᠦᠨᠵᠡᠬᠡᠢᠢᠷᠡᠬᠦᠯᠬᠦ ᠢᠢᠨ ᠲᠦᠯᠤᠬᠡ ᠴᠢᠷᠮᠠᠢᠢᠨ᠎ᠠ ᠬᠡᠵᠤ ᠢᠯᠡᠳᠬᠡᠪᠡ᠃

    ᠳ᠋ᠢᠩ ᠰᠢᠤᠸᠠᠢ ᠰᠢᠶᠠᠩ᠂ ᠶᠠᠩ ᠵᠢᠶᠸ ᡂᠢ ᠵᠡᠷᠬᠡ ᠳᠤᠮᠳᠠᠳᠤ ᠶᠢᠨ ᠲᠠᠯ᠎ᠠ ᠵᠢᠨ ᠪᠠᠷ᠎ᠠ ᠪᠤᠯᠤᠬᠰᠠᠳ᠂ ᠯᠠᠤᠰ ᠦᠨ ᠠᠷᠠᠳ ᠦᠨ ᠬᠤᠪᠢᠰᠬᠠᠯᠳᠤ ᠨᠠᠮ ᠦᠨ ᠲᠦᠪ ᠬᠤᠷᠢᠶᠠᠨ ᠦ ᠶᠠᠷᠤᠩᠬᠡᠢ ᠱᠦᠵᠢ᠂ ᠤᠯᠤᠰ ᠦᠨ ᠲᠡᠷᠢᠬᠦᠯᠡᠭᠴᠢ ᠪᠸᠨᠶᠠᠩ᠂ ᠯᠠᠤᠰ ᠦᠨ ᠨᠠᠮ ᠦᠨ ᠲᠦᠪ ᠬᠤᠷᠢᠶᠠᠨ ᠦ ᠤᠯᠤᠰ ᠲᠦᠷᠤ ᠢᠢᠨ ᠲᠤᠪᠴᠢᠶᠠᠨ ᠦ ᠬᠡᠰᠢᠬᠦᠨ᠂ ᠲᠦᠪ ᠦᠨ ᠱᠦᠵᠢ ᠨᠠᠷ ᠦᠨ ᠭᠠᠵᠠᠷ ᠦᠨ ᠱᠦᠵᠢ᠂ ᠨᠠᠮ ᠦᠨ ᠲᠦᠪ ᠬᠤᠷᠢᠶᠠᠨ ᠦ ᠠᠯᠪᠠᠨ ᠲᠢᠩᠬᠢᠮ ᠦᠨ ᠡᠷᠬᠢᠯᠡᠭᠴᠢ ᠺᠠᠨᠫᠠᠨ᠂ ᠯᠠᠤᠰ ᠦᠨ ᠨᠠᠮ ᠦᠨ ᠲᠦᠪ ᠬᠤᠷᠢᠶᠠᠨ ᠦ ᠤᠯᠤᠰ ᠲᠦᠷᠤ ᠢᠢᠨ ᠲᠤᠪᠴᠢᠶᠠᠨ ᠦ ᠬᠡᠰᠢᠬᠦᠨ᠂ ᠲᠡᠳ᠋ ᠶᠠᠷᠤᠩᠬᠡᠢ ᠰᠠᠢᠢᠳ ᠰᠦᠩᠰᠠᠢ ᠨᠡᠷ ᠠᠭᠤᠯᠵᠠᠯᠳᠠ ᠳᠤ ᠤᠷᠤᠯᠴᠠᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121955045