蒙古文网站Logo
ᠰᠢᠨᠬᠤᠸᠠ ᠮᠤᠩᠭ᠋ᠤᠯ ᠨᠧᠲ

ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠬᠠᠮᠲᠤᠷᠠᠯᠴᠠᠭ᠎ᠠ ᠬᠢᠵᠦ ᠬᠠᠮᠲᠤᠪᠡᠷ ᠠᠰᠢᠭ ᠬᠦᠷᠲᠡᠬᠦ ᠰᠢᠨ᠎ᠡ ᠬᠠᠭᠤᠲᠠᠰᠤ ᠶᠢ ᠭᠠᠷ ᠬᠤᠯᠪᠤᠨ ᠪᠢᠴᠢᠭᠯᠡᠶ᠎ᠡ

2017-11-15 11:41

    - ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠬᠤᠷᠢᠨ ᠲᠠᠪᠤᠲᠤᠭᠠᠷ ᠤᠲᠠᠭ᠎ᠠ ᠶᠢᠨ ᠤᠲᠤᠷᠢᠳᠬᠤ ᠬᠦᠮᠦᠰ ᠤᠨ ᠠᠯᠪᠠᠨ ᠶᠤᠰᠤᠨ ᠤ ᠪᠤᠰᠤ ᠬᠤᠷᠠᠯ ᠤᠨ ᠨᠢᠭᠡᠲᠦᠭᠡᠷ ᠱᠠᠲᠤᠨ ᠤ ᠬᠤᠷᠠᠯ ᠲᠡᠭᠡᠷᠡᠬᠢ ᠶᠠᠷᠢᠶ᠎ᠠ ( 2017 ᠤᠨ ᠤ 11 ᠰᠠᠷ᠎ᠠ ᠶᠢᠨ 11 ᠤ᠋ ᠡᠲᠦᠷ᠂ ᠳ᠋ᠠ ᠨᠧᠩ ᠳ᠋ᠤ )

    ᠪᠦᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ ᠰᠢ ᠵᠢᠨ ᠫᠢᠩ

    ᠬᠦᠨᠳᠦᠳᠦ ᠴᠧᠨ ᠳ᠋ᠠ ᠭᠤᠧᠠᠩ ᠲᠠᠷᠢᠬᠦᠯᠡᠭᠴᠢ᠂ ᠬᠠᠮᠳᠤ ᠠᠵᠢᠯᠯᠠᠭᠰᠠᠳ ᠡ᠄

    ᠲᠡᠷᠢᠬᠦᠯᠡᠭᠴᠢ ᠴᠧᠨ ᠳ᠋ᠠ ᠭᠤᠸᠠᠩ ᠪᠤᠯᠤᠨ ᠸᠢᠶᠧᠲ᠋ᠨᠠᠮ ᠤᠨ ᠵᠠᠰᠠᠭ ᠤᠨ ᠤᠷᠳᠤᠨ ᠤ ᠲᠤᠰ ᠤᠳᠠᠭ᠎ᠠ ᠶᠢᠨ ᠬᠤᠷᠡᠯ ᠢ ᠨᠢᠮᠪᠠᠢ ᠰᠠᠢᠢᠬᠠᠨ ᠳᠤᠬᠢᠷᠠᠭᠤᠯᠤᠭᠰᠠᠨ ᠳ᠋ᠤ ᠲᠠᠯᠠᠷᠬᠠᠵᠥ ᠪᠠᠢᠢᠨ᠎ᠠ᠃ ᠬᠡᠳᠤᠨ ᠡᠳᠤᠷ ᠤᠨ ᠡᠮᠤᠨ᠎ᠡ᠂ ᠲᠠᠢᠢᠹᠧᠩ ᠰᠠᠯᠬᠢ《ᠳ᠋ᠡᠮᠷᠦ᠋ᠢ》ᠸᠢᠶᠧᠲ᠋ᠨᠠᠮ ᠢᠶᠡᠷ ᠬᠠᠭᠤᠷᠠᠢ ᠳ᠋ᠤ ᠭᠠᠷᠴᠦ᠂ ᠬᠦᠮᠥᠨ ᠬᠠᠷ᠎ᠠ ᠬᠦᠨᠳᠦ ᠨᠤᠴᠢᠳᠠᠢ ᠦᠬᠦᠵᠥ ᠰᠢᠷᠬᠠᠳᠤᠭᠰᠠᠠ ᠪᠦᠭᠡᠳ ᠡᠳ᠋ ᠬᠦᠷᠦᠩᠬᠡ ᠶᠡᠬᠡᠪᠡᠷ ᠬᠤᠬᠢᠷᠠᠭᠰᠠᠠ ᠪᠠᠢᠢᠨ᠎ᠠ᠃ ᠪᠢ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠤ ᠡᠮᠤᠨ᠎ᠡ ᠡᠴᠡ ᠭᠠᠮᠰᠢᠭᠳᠠᠭᠰᠠᠠ ᠤᠷᠤᠨ ᠤ ᠠᠷᠠᠳ ᠲᠦᠮᠡᠨ ᠢ ᠴᠢᠩ ᠰᠡᠳᠬᠢᠯ ᠡᠴᠡ ᠪᠡᠨ ᠲᠤᠬᠤᠨᠢᠭᠤᠯᠵᠥ ᠪᠠᠢᠢᠬᠤ ᠪᠡᠨ ᠢᠯᠡᠳᠭᠡᠶ᠎ᠠ᠃

    3 ᠵᠢᠯ ᠤᠨ ᠡᠮᠤᠨᠡᠬᠢ ᠡᠨᠡ ᠡᠳᠤᠷ᠂ ᠪᠢᠳᠡ ᠪᠡᠭᠡᠵᠢᠩ ᠳ᠋ᠤ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠬᠠᠮᠳᠤᠷᠠᠯᠴᠠᠭ᠎ᠠ ᠶᠢᠨ ᠶᠡᠬᠡ ᠪᠤᠳᠤᠯᠭ᠎ᠠ ᠶᠢ ᠬᠠᠮᠳᠤᠪᠡᠷ ᠵᠦᠪᠯᠡᠪᠡ᠃ 3 ᠵᠢᠯ ᠳ᠋ᠤ ᠵᠤᠬᠢᠬᠤ ᠠᠮᠵᠢᠯᠳᠠ ᠤᠯᠤᠨ᠎ᠠ ᠬᠡᠵᠥ ᠲᠤᠮᠳᠠᠳᠤᠴᠤᠳ ᠦᠷᠬᠦᠯᠵᠢ ᠬᠡᠯᠡᠳᠡᠭ᠃ 3 ᠵᠢᠯ ᠤᠨ ᠲᠤᠷᠰᠢ᠂ ᠲᠡᠯᠡᠬᠡᠢ ᠶᠢᠨ ᠠᠵᠥ ᠠᠬᠤᠢ ᠠᠭᠠᠵᠢᠮ ᠢᠶᠡᠷ ᠰᠠᠢᠢᠵᠢᠷᠠᠵᠥ᠂ ᠲᠡᠯᠡᠬᠡᠢ ᠶᠢᠨ ᠮᠥᠩᠬᠦᠨ ᠬᠦᠢᠯᠬᠡᠬᠡᠨ ᠤ ᠬᠢᠮᠤᠷᠠᠯ ᠭᠠᠷᠤᠭᠰᠠᠠ ᠡᠴᠡ ᠨᠠᠰᠢᠬᠢ ᠨᠡᠯᠢᠶᠡᠳ ᠴᠢᠩᠭ᠋᠎ᠠ ᠰᠡᠷᠬᠦᠯᠳᠡ ᠶᠢᠨ ᠬᠠᠨᠳᠤᠰᠢ ᠢᠯᠡᠷᠡᠵᠥ᠂ ᠡᠯ᠎ᠡ ᠲᠡᠯ᠎ᠡ ᠶᠢᠨ ᠬᠢᠨ ᠤ ᠢᠳᠡᠬᠡᠯ ᠴᠦ ᠤᠯᠠᠮ ᠡᠴᠡ ᠴᠢᠩᠭ᠋ᠠᠷᠠᠵᠤ ᠪᠠᠢᠢᠨ᠎ᠠ᠃ ᠪᠠᠢᠢᠳᠠᠯ ᠢ ᠠᠵᠢᠭᠴᠢ ᠠᠨᠤ ᠮᠡᠷᠬᠡᠨ ᠪᠠᠢᠢᠵᠤ᠂ ᠪᠠᠢᠢᠳᠠᠯ ᠢ ᠡᠵᠡᠮᠳᠡᠭᠴᠢ ᠠᠨᠤ ᠠᠮᠵᠢᠯᠳᠠ ᠳᠤ ᠬᠦᠷᠦᠮᠤᠢ᠃ ᠪᠢᠳᠡ ᠲᠡᠯᠡᠬᠡᠢ ᠶᠢᠨ ᠠᠵᠥ ᠠᠬᠤᠢ ᠳ᠋ᠤ ᠶᠠᠭ ᠬᠦᠨ ᠲᠠᠪ᠋ᠬᠤᠷᠭ᠎ᠠ ᠶᠢᠨ ᠬᠦᠨᠵᠡᠬᠡᠢ ᠬᠤᠪᠢᠷᠠᠯᠳᠡ ᠭᠠᠷᠴᠦ ᠪᠠᠢᠢᠬᠤ ᠶᠢ ᠤᠯᠵᠥ ᠦᠵᠡᠬᠦ ᠬᠡᠷᠡᠭᠳᠡᠢ᠃ ᠦᠴᠦᠬᠡᠳᠤᠷ᠂ ᠪᠢ ᠦᠢᠯᠡᠳᠪᠤᠷᠢ ᠬᠤᠳᠠᠯᠳᠤᠭᠠᠨ ᠤ ᠤᠳᠤᠷᠢᠳᠬᠤ ᠬᠦᠮᠥᠰ ᠤᠨ ᠲᠦᠷᠦᠬᠦᠴᠤᠳ ᠤᠨ ᠬᠤᠷᠡᠯ ᠳᠡᠭᠡᠷ᠎ᠠ ᠶᠠᠷᠢᠶ᠎ᠠ ᠢᠯᠡᠳᠬᠡᠯ ᠬᠢᠬᠦ ᠳ᠋ᠡᠬᠡᠨ ᠡᠨᠡ ᠲᠤᠬᠠᠢ ᠦᠵᠡᠯᠳᠡ ᠪᠡᠨ ᠶᠠᠷᠢᠭᠰᠠᠠ ᠶᠤᠮ᠃ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠡᠯ᠎ᠡ ᠲᠠᠯ᠎ᠠ ᠶᠢᠨ ᠬᠢᠨ ᠬᠦᠭ᠍ᠵᠢᠯ ᠤᠨ ᠬᠠᠨᠳᠤᠰᠢ ᠶᠢ ᠦᠵᠡᠵᠥ ᠬᠦᠳᠦᠯᠥᠨ ᠵᠢᠯᠤᠭᠤᠳᠴᠦ᠂ ᠠᠵᠢᠯᠯᠠᠭ᠎ᠠ ᠳ᠋ᠠᠭᠠᠨ ᠰᠠᠭᠤᠷᠢᠯᠠᠵᠥ᠂ ᠪᠦᠬᠦ ᠪᠦᠮᠪᠦᠷᠴᠡᠭ ᠤᠨ ᠰᠢᠨ᠎ᠡ ᠨᠢᠬᠡ ᠡᠬᠡᠯᠵᠢ ᠶᠢᠨ ᠬᠦᠭ᠍ᠵᠢᠯ ᠴᠡᠴᠡᠭᠯᠡᠯ ᠢ ᠬᠦᠳᠦᠯᠥᠨ ᠲᠠᠭᠠᠭᠤᠯᠪᠠᠯ ᠵᠤᠬᠢᠨ᠎ᠠ᠃

    ᠨᠢᠭᠡᠳᠦᠭᠡᠷ ᠲᠤ᠂ ᠰᠢᠨ᠎ᠠ ᠶᠢ ᠡᠭᠦᠳᠬᠦ ᠶᠢ ᠴᠦᠬᠦᠷᠡᠰᠢ ᠦᠭᠡᠢ ᠠᠬᠢᠭᠤᠯᠵᠤ᠂ ᠬᠦᠴᠦᠷᠬᠡᠭ᠌ ᠶᠡᠬᠡ ᠬᠦᠭ᠍ᠵᠢᠯᠳᠡ ᠶᠢᠨ ᠬᠦᠳᠡᠯᠭᠡᠬᠦ ᠬᠦᠴᠦᠨ ᠢ ᠪᠤᠢ ᠪᠤᠯᠭᠠᠶ᠎ᠠ᠃ ᠰᠢᠨ᠎ᠠ ᠶᠢ ᠡᠭᠦᠳᠬᠦ ᠪᠤᠯ ᠬᠦᠭ᠍ᠵᠢᠯᠳᠡ ᠶᠢ ᠠᠬᠢᠭᠤᠯᠬᠤ ᠨᠢᠬᠡᠳᠤᠭᠡᠷ ᠬᠦᠰᠢᠬᠦᠷᠬᠡ ᠮᠥᠨ᠃ ᠤᠳᠤᠬᠠᠨ ᠳ᠋ᠤ ᠰᠢᠨ᠎ᠡ ᠪᠡᠷ ᠮᠠᠨᠳᠤᠭᠰᠠᠠ ᠰᠢᠨᠵᠢᠯᠡᠬᠦ ᠤᠬᠠᠭᠠᠨ ᠮᠡᠷᠬᠡᠵᠢᠯ ᠪᠤᠯᠤᠨ ᠠᠵᠥ ᠦᠢᠯᠡᠰ ᠤᠨ ᠬᠤᠪᠢᠰᠬᠠᠯ ᠲᠦᠷᠬᠡᠨ ᠦᠷᠨᠢᠵᠥ᠂ ᠰᠢᠨ᠎ᠡ ᠶᠢ ᠡᠬᠦᠳᠬᠦ ᠬᠦᠭ᠍ᠵᠢᠯᠳᠡ ᠳ᠋ᠤ ᠤᠯᠳᠠᠰᠢ ᠦᠭᠡᠢ ᠰᠠᠢᠢᠨ ᠠᠵᠠ ᠲᠤᠬᠢᠶᠠᠯ ᠲᠤᠯᠭᠠᠷᠠᠵᠥ ᠪᠠᠢᠢᠨ᠎ᠠ᠃ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠪᠤᠯᠤᠨ ᠳᠦᠷᠢᠮ ᠤᠨ ᠰᠢᠨ᠎ᠠ ᠶᠢ ᠡᠭᠦᠳᠬᠦ ᠬᠤᠶᠠᠷ ᠬᠦᠷᠳᠦ ᠬᠠᠮᠲᠦ ᠪᠡᠷ ᠡᠷᠭᠢᠯᠳᠦᠭᠦ ᠶᠢ ᠠᠬᠢᠭᠤᠯᠵᠤ᠂ ᠵᠠᠬ᠎ᠠ ᠳᠡᠯᠭᠡᠭᠦᠷ ᠪᠤᠯᠤᠨ ᠮᠡᠷᠭᠡᠵᠢᠯ ᠢ ᠡᠶ᠎ᠠ ᠵᠤᠬᠢᠴᠠᠩᠭ᠋ᠤᠢ ᠬᠠᠮᠲᠦᠪᠡᠷ ᠬᠦᠭ᠍ᠵᠢᠭᠦᠯᠵᠦ᠂ ᠰᠢᠨ᠎ᠠ ᠮᠡᠷᠭᠡᠵᠢᠯ᠂ ᠰᠢᠨ᠎ᠠ ᠡᠵᠡᠩᠨᠡᠯᠲᠡ ᠶᠢᠨ ᠬᠡᠯᠪᠡᠷᠢ᠂ ᠰᠢᠨ᠎ᠠ ᠵᠠᠭᠪᠤᠷ ᠲᠠᠰᠤᠷᠠᠯᠲᠠ ᠦᠭᠡᠢ ᠬᠦᠭ᠍ᠵᠢᠨ ᠴᠡᠴᠡᠭᠯᠡᠵᠦ ᠦᠷ᠎ᠠ ᠪᠦᠲᠦᠭᠡᠯ ᠭᠠᠷᠴᠤ᠂ ᠬᠦᠭ᠍ᠵᠢᠯᠲᠠ ᠶᠢᠨ ᠳᠠᠯᠳᠠ ᠴᠢᠳᠠᠪᠤᠷᠢ ᠪᠡᠨ ᠬᠠᠮᠤᠭ ᠤᠨ ᠶᠡᠬᠡ ᠬᠡᠮᠵᠢᠶ᠎ᠠ ᠪᠡᠷ ᠪᠠᠳᠠᠷᠠᠭᠤᠯᠬᠤ ᠶᠢ ᠠᠬᠢᠭᠤᠯᠬᠤ ᠬᠡᠷᠡᠭᠲᠠᠢ᠃ ᠪᠢᠳᠡ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠤᠬᠢᠶᠠᠨ ᠪᠠᠢᠢᠭᠤᠯᠤᠯᠲᠠ ᠶᠢᠨ ᠲᠠᠪ᠋ᠴᠠᠩ ᠢ ᠰᠠᠢᠢᠲᠤᠷ ᠠᠰᠢᠡᠡᠯᠠᠵᠤ᠂ ᠡᠨᠡ ᠵᠢᠯ ᠲᠤᠭᠳᠠᠭᠠᠭᠰᠠᠨ ᠢᠨᠲ᠋ᠧᠷ ᠰᠦᠯᠵᠢᠶ᠎ᠠ ᠪᠤᠯᠤᠨ ᠲᠤᠭᠠᠴᠢᠯᠠᠭᠰᠠᠨ ᠠᠵᠤ ᠠᠬᠤᠢ ᠶᠢᠨ ᠬᠦᠭ᠍ᠵᠢᠯᠳᠡ ᠶᠢᠨ ᠲᠦᠰᠦᠪ ᠢ ᠭᠦᠨᠵᠡᠭᠡᠢ ᠨᠠᠢᠢᠳᠠᠪᠤᠷᠢᠵᠢᠭᠤᠯᠬᠤ ᠬᠡᠷᠡᠭᠲᠠᠢ᠃ ᠡᠳᠡᠭᠡᠷ ᠵᠢᠯ ᠳᠤ ᠳᠤᠮᠳᠠᠳᠤ ᠤᠯᠤᠰ ᠤᠨ ᠠᠵᠤ ᠠᠬᠤᠢ ᠳᠤ ᠲᠠᠰᠤᠷᠠᠯᠲᠠ ᠦᠭᠡᠢ ᠰᠢᠨ᠎ᠠ ᠬᠦᠳᠡᠯᠭᠡᠬᠦ ᠴᠢᠳᠠᠪᠤᠷᠢ ᠢᠯᠡᠷᠡᠭᠰᠡᠨ ᠤ ᠵᠠᠩᠭᠢᠯᠠᠭ᠎ᠠ ᠨᠢ ᠰᠢᠨ᠎ᠠ ᠶᠢ ᠡᠭᠦᠳᠦᠨ ᠬᠦᠭ᠍ᠵᠢᠬᠦ ᠵᠠᠮ ᠢᠶᠡᠷ ᠵᠠᠮᠨᠠᠬᠤ ᠶᠢ ᠪᠠᠷᠢᠮᠳᠠᠯᠠᠭᠰᠠᠨ ᠳ᠋ᠤ ᠪᠠᠢᠢᠨ᠎ᠠ᠃ 30 ᠵᠢᠯ ᠤᠨ ᠡᠮᠦᠨ᠎ᠠ᠂ ᠳᠤᠮᠳᠠᠳᠤ ᠤᠯᠤᠰ ᠤᠨ ᠠᠩᠬᠠᠳᠠᠭᠴᠢ ᠢᠮᠧᠯ ᠢ ᠪᠡᠭᠡᠵᠢᠩ ᠡᠴᠡ ᠢᠯᠡᠭᠡᠪᠡ᠃ ᠡᠳᠦᠭᠡ᠂ ᠳᠤᠮᠳᠠᠳᠤ ᠤᠯᠤᠰ ᠲᠤ ᠨᠢᠭᠡᠨᠳᠡ 7.5 ᠳ᠋ᠦᠩᠰᠢᠭᠤᠷ ᠰᠦᠯᠵᠢᠶᠠᠨ ᠤ ᠢᠷᠭᠡᠨ ᠲᠠᠢ ᠪᠤᠯᠵᠤ᠂ ᠰᠦᠯᠵᠢᠶ᠎ᠠ ᠪᠡᠷ ᠵᠢᠵᠢᠭᠯᠡᠨ ᠪᠤᠷᠤᠯᠠᠭᠤᠯᠬᠤ ᠬᠡᠮᠵᠢᠶ᠎ᠠ ᠵᠢᠯ ᠳᠤᠮᠳᠠᠴᠢ ᠪᠡᠷ 30%  ᠪᠡᠷ ᠨᠡᠮᠡᠭᠳᠡᠵᠦ᠂ ᠬᠠᠮᠲᠦᠪᠡᠷ ᠡᠳ᠋ᠯᠡᠬᠦ ᠠᠵᠤ ᠠᠬᠤᠢ ᠶᠢᠨ ᠬᠡᠪ᠋ᠴᠢᠶ᠎ᠠ 3.5 ᠲᠦᠮᠡᠨ ᠳ᠋ᠦᠩᠰᠢᠭᠤᠷ ᠲᠦᠭᠦᠷᠢᠭ᠌ ᠲᠤ ᠬᠦᠷᠴᠤ᠂ ᠨᠡᠭᠦᠳᠡᠯ ᠲᠤᠭᠠᠴᠠᠭ᠎ᠠ ᠬᠢᠬᠦ ᠬᠡᠮᠵᠢᠶ᠎ᠠ 158 ᠲᠦᠮᠡᠨ ᠳ᠋ᠦᠩᠰᠢᠭᠤᠷ ᠲᠦᠭᠦᠷᠢᠭ᠌᠌ ᠢ ᠳᠠᠪᠠᠵᠠᠢ᠃ ᠪᠤᠳᠠᠳᠤ ᠬᠡᠷᠡᠭ ᠭᠡᠷᠡᠴᠢᠯᠡᠭᠰᠡᠨ ᠨᠢ᠂ ᠵᠤᠷᠢᠭᠳᠠᠢ ᠪᠡᠷ ᠬᠠᠢᠢᠨ ᠰᠦᠪᠡᠭ᠍ᠴᠢᠯᠡᠳᠡᠭ ᠯᠠ ᠶᠤᠮ ᠪᠤᠯ ᠰᠢᠨ᠎ᠠ ᠶᠢ ᠡᠭᠦᠳᠬᠦ ᠬᠦᠭ᠍ᠵᠢᠯᠲᠠ ᠶᠢᠨ ᠵᠠᠮ ᠯᠠᠪ᠋ᠳᠠᠢ ᠶᠠᠪᠤᠬᠤ ᠲᠤᠳᠤᠮ ᠦᠷᠭᠡᠨ ᠪᠤᠯᠤᠨ᠎ᠠ᠃

    ᠬᠤᠶᠠᠲᠤᠭᠠᠷ ᠲᠤ᠂ ᠨᠡᠬᠡᠬᠡᠯᠳᠡ ᠶᠢ ᠭᠤᠢᠢᠪᠢᠰᠢ ᠦᠭᠡᠢ ᠦᠷᠭᠡᠳᠭᠡᠵᠤ᠂ ᠦᠷᠭᠡᠨ ᠠᠭᠤᠳᠠᠮ ᠬᠦᠭ᠍ᠵᠢᠯᠲᠠ ᠶᠢᠨ ᠤᠷᠤᠨ ᠵᠠᠢ ᠶᠢ ᠡᠭᠦᠳᠦᠶ᠎ᠠ᠃ ᠡᠭᠦᠳᠡ ᠪᠠᠨ ᠲᠦᠭᠵᠢᠵᠤ ᠪᠦᠲᠦᠭᠡᠨ ᠪᠠᠢᠢᠭᠤᠯᠤᠯᠲᠠ ᠬᠢᠬᠦ ᠨᠢ ᠠᠮᠵᠢᠯᠲᠠ ᠤᠯᠵᠤ ᠴᠢᠳᠠᠬᠤ ᠦᠭᠡᠢ᠂ ᠨᠡᠬᠡᠬᠡᠯᠳᠡ ᠬᠢᠵᠤ ᠬᠦᠭ᠍ᠵᠢᠭᠦᠯᠬᠦ ᠪᠤᠯ ᠰᠠᠶ‍ᠢ ᠵᠦᠪ ᠵᠠᠮ ᠪᠤᠯᠤᠨ᠎ᠠ ᠭᠡᠳᠡᠭ ᠢ ᠲᠡᠤᠬᠡ ᠪᠢᠳᠡᠨ ᠳᠤ ᠬᠡᠯᠡᠵᠤ ᠦᠭᠴᠠᠢ᠃ ᠪᠢᠳᠡ ᠤᠭ ᠰᠠᠨᠠᠭ᠎ᠠ ᠪᠠᠨ ᠦᠯᠦ ᠮᠠᠷᠳᠠᠵᠤ᠂ ᠠᠷᠠᠯᠵᠢᠶ᠎ᠠ ᠪᠠ ᠪᠡᠯᠡ ᠤᠷᠤᠭᠤᠯᠤᠯᠲᠠ ᠵᠢᠨ ᠴᠢᠯᠦᠭᠡᠵᠢᠯᠲᠡ ᠳᠦᠭᠦᠮᠵᠢᠯᠳᠡ ᠵᠢ ᠭᠦᠨᠵᠡᠭᠡᠢ ᠠᠬᠢᠭᠤᠯᠤᠨ᠂ ᠨᠡᠬᠡᠬᠡᠯᠳᠡᠳᠦ ᠮᠠᠶ᠊ᠢᠭ ᠤᠨ ᠠᠵᠤ ᠠᠬᠤᠢ ᠵᠢ ᠪᠠᠢᠢᠭᠤᠯᠵᠤ᠂ ᠤᠯᠠᠨ ᠲᠠᠯ᠎ᠠ ᠵᠢᠨ ᠠᠷᠠᠯᠵᠢᠶᠠᠨ ᠤ ᠪᠠᠢᠢᠭᠤᠯᠤᠮᠵᠢ ᠵᠢ ᠬᠠᠮᠠᠭᠠᠯᠠᠨ ᠴᠢᠩᠭ᠋ᠠᠳᠬᠠᠵᠤ᠂ ᠠᠵᠤ ᠠᠬᠤᠢ ᠵᠢᠨ ᠳᠡᠯᠡᠬᠡᠢᠢᠵᠢᠯᠳᠡ ᠶᠢᠨ ᠳᠠᠬᠢᠨ ᠲᠡᠩᠴᠡᠭᠦᠷᠢᠰᠢᠬᠦ ᠵᠢ ᠬᠦᠳᠦᠯᠦᠨ ᠳᠠᠭᠠᠭᠤᠯᠬᠤ ᠬᠡᠷᠡᠭᠳᠠᠢ᠃ ᠵᠦᠪ᠋ᠳᠡᠯᠴᠡᠨ ᠲᠤᠭᠳᠠᠭᠠᠭᠰᠠᠨ ᠵᠢᠷᠤᠭ ᠲᠦᠰᠦᠪ ᠶᠤᠰᠤᠭᠠᠷ᠂ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ ᠤ ᠴᠢᠯᠦᠭᠡᠲᠦ ᠠᠷᠠᠯᠵᠢᠶᠠᠠ ᠤ ᠤᠷᠤᠨ ᠤ ᠪᠦᠲᠦᠭᠡᠨ ᠪᠠᠢᠢᠭᠤᠯᠤᠯᠲᠠ ᠵᠢ ᠭᠤᠢᠢᠪᠢᠰᠢ ᠦᠭᠡᠢ ᠠᠬᠢᠭᠤᠯᠤᠨ᠂ ᠨᠡᠬᠡᠬᠡᠯᠳᠡ ᠬᠢᠬᠦ ᠳᠤᠮᠳᠠ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ ᠤ ᠰᠢᠨ᠎ᠠ ᠨᠢᠭᠡ ᠡᠭᠡᠯᠵᠢ ᠵᠢᠨ ᠶᠡᠬᠡ ᠬᠦᠭ᠍ᠵᠢᠯᠲᠠ ᠵᠢ ᠪᠡᠶᠡᠯᠡᠭᠦᠯᠬᠦ ᠬᠡᠷᠡᠭᠲᠠᠢ᠃

    ᠳᠠᠷᠠᠭ᠎ᠠ ᠵᠢᠯ ᠪᠤᠯ ᠳᠤᠮᠳᠠᠳᠤ ᠤᠯᠤᠰ ᠤᠨ ᠦᠭᠡᠷᠡᠴᠢᠯᠡᠯᠲᠡ ᠨᠡᠬᠡᠬᠡᠯᠳᠡ ᠬᠢᠭ᠍ᠰᠡᠨ 40 ᠵᠢᠯ ᠤᠨ ᠤᠢ ᠪᠤᠯᠤᠨ᠎ᠠ᠃ ᠤᠢᠢᠷ᠎ᠠ ᠵᠢᠨ 40 ᠵᠢᠯ ᠳᠤ ᠳᠤᠮᠳᠠᠳᠤ ᠤᠯᠤᠰ ᠭᠠᠳᠠᠭᠠᠳᠦ ᠨᠡᠬᠡᠬᠡᠯᠳᠡ ᠬᠢᠬᠦ ᠵᠢ ᠪᠠᠷᠢᠮᠳᠠᠯᠠᠨ᠂ ᠳᠡᠯᠡᠬᠡᠢ ᠵᠢ ᠴᠢᠭᠯᠡᠨ ᠤᠷᠤᠭᠰᠢᠯᠠᠬᠤ ᠶᠠᠪᠤᠴᠠ ᠳᠤᠮᠳᠠ ᠲᠤᠰ ᠪᠡᠶ᠎ᠠ ᠵᠢᠨ ᠵᠢᠡᠨ ᠳᠠᠪᠠᠯᠳᠠ ᠵᠢᠨ ᠴᠢᠨᠠᠷᠲᠠᠢ ᠬᠦᠭ᠍ᠵᠢᠯᠲᠠ ᠶᠢ ᠪᠡᠶᠡᠯᠡᠭᠦᠯᠵᠠᠢ᠃ ᠢᠷᠡᠭᠡᠳᠦᠢ ᠵᠢ ᠪᠠᠷᠠᠯᠠᠬᠤᠶ᠎ᠠ᠂ ᠳᠤᠮᠳᠠᠳᠤ ᠤᠯᠤᠰ ᠤᠨ ᠨᠡᠬᠡᠬᠡᠯᠳᠡ ᠬᠢᠬᠦ ᠡᠷᠴᠢᠮ ᠤᠯᠠᠮ ᠴᠢᠩᠭ᠋ᠠᠷᠠᠵᠤ᠂ ᠳᠡᠯᠡᠬᠡᠢ ᠳ᠋ᠠᠬᠢᠨ ᠳᠤ ᠠᠰᠢᠭ ᠬᠦᠷᠳᠡᠭᠡᠬᠦ ᠬᠡᠮᠵᠢᠶ᠎ᠠ ᠴᠤ ᠨᠡᠩ ᠭᠦᠨᠵᠡᠭᠡᠢᠢᠷᠡᠬᠦ ᠪᠤᠯᠤᠨ᠎ᠠ᠃ ᠳᠠᠷᠠᠭ᠎ᠠ ᠵᠢᠯ ᠡᠴᠡ ᠡᠬᠢᠯᠡᠨ᠂ ᠪᠢᠳᠡ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠦ ᠤᠷᠤᠭᠤᠯᠤᠯᠲᠠ ᠵᠢᠨ ᠦᠵᠡᠰᠭᠦᠯᠡᠩ ᠤᠨ ᠴᠤᠭᠯᠠᠭᠠᠨ ᠢ ᠡᠷᠬᠢᠯᠡᠨ ᠶᠠᠪᠤᠭᠳᠠᠭᠤᠯᠵᠤ᠂ ᠬᠠᠷᠢᠯᠴᠠᠨ ᠠᠰᠢᠭ ᠬᠦᠷᠳᠡᠭᠡᠵᠤ ᠬᠠᠮᠲᠤᠷᠠᠯᠴᠠᠭ᠎ᠠ ᠬᠢᠬᠦ ᠰᠢᠨ᠎ᠠ ᠲᠠᠪ᠋ᠴᠠᠩ ᠢ ᠪᠠᠢᠢᠭᠤᠯᠬᠤ ᠪᠤᠯᠤᠨ᠎ᠠ᠃ ᠡᠨᠡ ᠨᠢ ᠡᠯ᠎ᠠ ᠲᠠᠯ᠎ᠠ ᠵᠢᠨ ᠬᠢᠨ ᠤ ᠳᠤᠮᠳᠠᠳᠤ ᠤᠯᠤᠰ ᠤᠨ ᠬᠦᠭ᠍ᠵᠢᠯᠲᠠ ᠵᠢᠨ ᠠᠰᠢᠭ ᠢ ᠨᠡᠩ ᠰᠠᠢᠢᠨ ᠢᠶᠡᠷ ᠬᠤᠪᠢᠶᠠᠯᠴᠡᠨ ᠡᠳ᠋ᠯᠡᠬᠦ ᠳᠤ ᠠᠰᠢᠭ ᠲᠠᠢ ᠭᠡᠳᠡᠭ ᠢ ᠪᠢ ᠢᠳᠡᠭᠡᠵᠤ ᠪᠠᠢᠢᠨ᠎ᠠ᠃

    ᠭᠤᠷᠪᠠᠳᠤᠭᠠᠷ ᠲᠤ᠂ ᠪᠠᠭᠳᠠᠭᠠᠮᠵᠢᠳᠠᠢ ᠬᠦᠭ᠍ᠵᠢᠯᠲᠠ ᠶᠢ ᠢᠳᠡᠪ᠋ᠬᠢᠳᠠᠢ ᠦᠢᠯᠡᠳᠦᠯᠭᠡᠵᠢᠭᠦᠯᠵᠤ᠂ ᠠᠷᠠᠳ ᠲᠦᠮᠡᠨ ᠳᠤ ᠨᠡᠩ ᠤᠯᠠᠨ ᠬᠦᠷᠳᠡᠮᠵᠢ ᠵᠢᠨ ᠲᠦᠷᠦᠭᠳᠡᠯ ᠤᠯᠭᠤᠶ᠎ᠠ᠃ ᠪᠠᠭᠳᠠᠭᠠᠮᠵᠢᠳᠤ ᠴᠢᠨᠠᠷ ᠢᠶᠡᠷ ᠬᠦᠷᠦᠯᠴᠡᠬᠦ ᠦᠬᠡᠢ ᠶᠠᠪᠤᠳᠠᠯ ᠪᠤᠯ ᠨᠡᠢᠢᠳᠡᠮ ᠦᠨ ᠴᠢᠨᠠᠷᠳᠠᠢ ᠠᠰᠠᠭᠤᠳᠠᠯ ᠪᠤᠯᠤᠨ᠎ᠠ᠃ ᠪᠢᠳᠡ ᠪᠠᠭᠳᠠᠭᠠᠮᠵᠢᠳᠦ ᠴᠢᠨᠠᠷ ᠢ ᠨᠡᠩ ᠳᠤᠪᠤᠢᠢᠮ᠎ᠠ ᠪᠠᠢᠢᠷᠢᠨ ᠳᠤ ᠲᠠᠯᠪᠢᠵᠤ᠂ ᠲᠦᠪ ᠭᠤᠤᠯᠴᠢ ᠪᠤᠯᠤᠨ ᠦᠷ᠎ᠠ ᠪᠦᠲᠦᠮᠵᠢ᠂ ᠬᠦᠷᠦᠩᠭᠡ ᠪᠤᠯᠤᠨ ᠬᠦᠳᠡᠯᠮᠦᠷᠢ᠂ ᠮᠡᠷᠭᠡᠵᠢᠯ ᠪᠤᠯᠤᠨ ᠠᠵᠢᠯ ᠤᠯᠭᠤᠯᠲᠠ ᠶᠢᠨ ᠬᠠᠷᠢᠴᠠᠭ᠎ᠠ ᠵᠢ ᠰᠠᠢᠢᠲᠤᠷ ᠰᠢᠢᠳᠪᠦᠷᠢᠯᠡᠵᠤ᠂ ᠵᠤᠬᠢᠶᠠᠮᠠᠯ ᠤᠶᠤᠨᠴᠢ ᠴᠢᠳᠠᠪᠤᠷᠢ ᠵᠡᠷᠬᠡ ᠰᠢᠨ᠎ᠠ ᠮᠡᠷᠬᠡᠵᠢᠯ ᠦᠨ ᠠᠵᠢᠯ ᠤᠯᠭᠤᠯᠳᠠ ᠳ᠋ᠡᠬᠢ ᠨᠦᠯᠤᠬᠡ ᠢᠢ ᠴᠢᠬᠤᠯᠠᠴᠢᠯᠠᠨ ᠦᠵᠡᠵᠦ᠂ ᠨᠡᠩ ᠤᠯᠠᠨ ᠬᠦᠮᠦᠰ ᠲᠦ ᠬᠦᠭ᠍ᠵᠢᠯᠲᠠ ᠵᠢᠨ ᠦᠷ᠎ᠠ ᠪᠦᠲᠦᠭᠡᠯ ᠢ ᠡᠳ᠋ᠯᠡᠭᠦᠯᠬᠦ ᠬᠡᠷᠡᠭᠲᠠᠢ᠃ ᠪᠢᠳᠡ ᠡᠨᠡ ᠵᠢᠯ ᠤᠨ ᠲᠤᠭᠳᠠᠭᠠᠬᠰᠠᠨ ᠪᠠᠬᠳᠠᠭᠠᠮᠵᠢᠳᠠᠢ ᠠᠵᠢᠯᠯᠠᠭ᠎ᠠ ᠢᠢᠨ ᠵᠦᠪᠯᠡᠬᠦ ᠵᠤᠢᠢᠯ ᠦᠨ ᠪᠢᠴᠢᠭ᠌ ᠮᠠᠲ᠋ᠸᠷᠢᠶᠠᠯ ᠢ ᠰᠠᠢᠢᠳᠦᠷ ᠨᠠᠢᠢᠳᠠᠪᠤᠷᠢᠵᠢᠭᠤᠯᠵᠤ᠂ ᠶᠠᠳᠠᠭᠤ ᠵᠢ ᠴᠦᠬᠡᠷᠡᠭᠦᠯᠬᠦ᠂ ᠳᠤᠮᠳᠠ ᠪᠠᠭ᠎ᠠ ᠵᠢᠵᠢᠭ᠌ ᠠᠵᠤ ᠠᠬᠤᠢᠢᠯᠠᠯ᠂ ᠰᠤᠷᠭᠠᠨ ᠬᠦᠮᠦᠵᠢᠯ᠂ ᠢᠯᠵᠢᠷᠡᠯ ᠢ ᠡᠰᠡᠷᠭᠦᠴᠡᠬᠦ᠂ ᠬᠤᠳᠠ ᠪᠠᠯᠭᠠᠰᠤᠵᠢᠯᠲᠠ᠂ ᠡᠮᠡᠭᠲᠠᠢᠢᠴᠤᠳ ᠵᠡᠷᠭᠡ ᠬᠦᠷᠢᠶᠠᠨ ᠤ ᠬᠠᠮᠲᠤᠷᠠᠯᠴᠠᠭ᠎ᠠ ᠵᠢ ᠭᠦᠨᠵᠡᠭᠡᠢᠢᠷᠡᠭᠦᠯᠵᠤ᠂ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ ᠤ 28 ᠳ᠋ᠦᠩᠰᠢᠭᠤᠷ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠬᠡᠷᠡᠭᠲᠠᠢ᠃ ᠳᠤᠮᠳᠠᠳᠤ ᠤᠯᠤᠰ ᠢᠮᠠᠭᠳᠠ ᠠᠵᠢᠯ ᠤᠯᠭᠤᠯᠳᠠ ᠶᠢ ᠡᠩ ᠲᠡᠷᠢᠭᠦᠨ ᠳᠤ ᠪᠤᠳᠤᠯᠬᠢᠯᠠᠬᠤ ᠵᠢ ᠪᠠᠷᠢᠮᠳᠠᠯᠠᠵᠤ᠂ ᠠᠵᠤ ᠠᠬᠤᠢ ᠢᠢᠨ ᠬᠦᠭ᠍ᠵᠢᠯᠳᠠ ᠶᠢᠨ ᠠᠵᠢᠯ ᠤᠯᠭᠤᠯᠳᠠ ᠶᠢ ᠪᠤᠢ ᠪᠤᠯᠭᠠᠬᠤ ᠴᠢᠳᠠᠪᠤᠷᠢ ᠢᠢ ᠴᠢᠷᠮᠠᠢᠢᠨ ᠴᠢᠩᠭ᠋ᠠᠳᠬᠠᠵᠤ᠂ ᠤᠢᠢᠯᠡᠰ ᠪᠤᠰᠬᠠᠬᠤ ᠪᠡᠷ ᠠᠵᠢᠯ ᠤᠯᠭᠤᠯᠳᠠ ᠢᠢ ᠲᠠᠢᠢᠴᠢᠯᠠᠵᠤ᠂ ᠶᠡᠬᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠲᠠᠳ ᠵᠡᠷᠬᠡ ᠭᠤᠤᠯᠳᠠᠯᠭ᠎ᠠ ᠳᠠᠢ ᠬᠦᠮᠦᠰ ᠲᠤ ᠠᠵᠢᠯ ᠤᠯᠭᠤᠬᠤ ᠢᠢ ᠪᠠᠳᠤᠯᠠᠵᠤ᠂ ᠰᠤᠷᠭᠠᠨ ᠬᠦᠮᠤᠵᠢᠯ ᠪᠤᠯᠪᠠᠰᠤᠷᠠᠯ ᠬᠦᠷᠳᠡᠭᠡᠬᠦ ᠪᠡᠷ ᠳᠠᠮᠵᠢᠨ ᠬᠦᠳᠡᠯᠮᠤᠷᠢ ᠬᠦᠴᠤᠨ ᠦ ᠬᠡᠪ ᠪᠤᠯᠪᠠᠰᠤᠷᠠᠯ ᠢ ᠲᠡᠭᠡᠭ᠍ᠰᠢᠯᠡᠬᠦᠯᠵᠤ᠂ ᠪᠦᠳᠤᠴᠠ ᠢᠢᠨ ᠴᠢᠨᠠᠷᠳᠠᠢ ᠠᠵᠢᠯ ᠤᠯᠭᠤᠯᠳᠠ ᠵᠢᠨ ᠵᠦᠷᠢᠴᠠᠯ ᠢ ᠨᠠᠮᠳᠠᠭᠤᠯᠤᠨ᠎ᠠ᠃ ᠦᠩᠭᠡᠷᠡᠭᠰᠡᠨ ᠬᠡᠳᠦᠨ ᠵᠢᠯ ᠳᠤ᠂ ᠳᠤᠮᠳᠠᠳᠤ ᠤᠯᠤᠰ ᠵᠢᠯ ᠪᠤᠯᠭᠠᠨ ᠬᠤᠲᠠ ᠪᠠᠯᠭᠠᠰᠤ ᠵᠢᠨ 1300 ᠭᠠᠷᠤᠢ ᠲᠦᠮᠡᠨ ᠬᠦᠮᠦᠨ ᠳᠤ ᠰᠢᠨ᠎ᠠ ᠪᠡᠷ ᠠᠵᠢᠯ ᠤᠯᠭᠤᠬᠤ ᠵᠢ ᠪᠡᠶᠡᠯᠡᠭᠦᠯᠵᠠᠢ᠃ ᠮᠠᠨ ᠦ ᠤᠯᠤᠬᠰᠠᠨ ᠨᠢᠭᠡᠨ ᠴᠢᠬᠤᠯᠠ ᠰᠡᠩᠬᠡᠷᠡᠬᠦᠯᠤᠯ ᠪᠤᠯ᠂ ᠨᠢᠬᠡᠳᠤᠯᠳᠠᠢ ᠲᠦᠯᠤᠪ᠋ᠵᠢᠬᠦᠯᠬᠦ ᠪᠠᠨ ᠴᠢᠩᠭ᠋ᠠᠳᠬᠠᠵᠤ᠂ ᠠᠷᠭ᠎ᠠ ᠬᠡᠮᠵᠢᠶ᠎ᠠ ᠲᠠᠭᠠᠷᠠᠬᠤ ᠳᠤ ᠯᠡ ᠬᠦᠷᠪᠡᠯ᠂ ᠠᠵᠢᠯ ᠤᠯᠭᠤᠯᠳᠠ ᠨᠢ ᠠᠵᠤ ᠠᠬᠤᠢ ᠢᠢᠨ ᠪᠦᠳᠤᠴᠠ ᠶᠢᠨ ᠲᠤᠬᠢᠷᠠᠭᠤᠯᠤᠯᠳᠠ ᠬᠢᠬᠦ ᠳᠤ ᠵᠠᠪᠠᠯ ᠭᠠᠷᠭᠠᠬᠤ ᠦᠷᠡᠭᠳᠡᠯ ᠪᠢᠰᠢ ᠪᠤᠯᠵᠤ᠂ ᠠᠵᠢᠯ ᠤᠯᠭᠤᠯᠳᠠ ᠢᠢ ᠲᠤᠭᠳᠠᠭᠤᠨ ᠪᠠᠢᠢᠯᠭᠠᠬᠤ ᠨᠢ ᠭᠡᠳᠡᠷᠬᠦ ᠪᠡᠨ ᠦᠬᠡᠷᠡᠴᠢᠯᠠᠯᠳᠠ ᠬᠦᠭ᠍ᠵᠢᠯᠳᠠ ᠳᠤ ᠭᠦᠢᠴᠡᠳ ᠠᠮᠢᠳᠤᠯᠢᠬ ᠤᠷᠤᠨ ᠵᠠᠢ ᠬᠠᠩᠭ᠋ᠠᠬᠤ ᠪᠤᠯᠤᠨ᠎ᠠ᠃

    ᠳᠦᠷᠪᠡᠳᠦᠭᠡᠷ ᠲᠦ᠂ ᠬᠠᠨᠢᠳᠠᠨ ᠤ ᠬᠠᠷᠢᠯᠴᠠᠭ᠎ᠠ ᠵᠢᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠠᠷᠢᠯᠴᠠᠨ ᠠᠰᠢᠭᠲᠠᠢ ᠬᠠᠮᠲᠦᠪᠡᠷ ᠠᠰᠢᠭ ᠬᠦᠷᠳᠡᠬᠦ ᠵᠢ ᠪᠡᠶᠡᠯᠡᠭᠦᠯᠤᠶ᠎ᠠ᠃ ᠪᠢᠳᠠ ᠴᠦᠮ ᠠᠽᠢᠶ᠎ᠠ ᠲᠢᠪ ᠨᠤᠮᠤᠬᠠᠨ ᠲᠠᠯᠠᠢ ᠢᠢᠨ ᠤᠷᠤᠨ ᠳᠤ ᠪᠠᠭᠳᠠᠵᠤ᠂ ᠠᠮᠢᠰᠬᠤᠭ᠎ᠠ ᠨᠢᠭᠡᠳᠠᠢ ᠬᠤᠪᠢ ᠵᠠᠶᠠᠭ᠎ᠠ ᠨᠢᠬᠡᠳᠠᠢ ᠶᠤᠮ᠃ ᠪᠢᠳᠡ ᠬᠤᠪᠢ ᠵᠠᠶᠠᠭᠠᠨ ᠤ ᠬᠠᠮᠲᠦ ᠵᠢᠨ ᠴᠤᠭᠴᠠ ᠵᠢᠨ ᠤᠬᠠᠮᠰᠠᠷ ᠢᠶᠡᠨ ᠴᠢᠩᠭ᠋ᠠᠳᠬᠠᠵᠤ᠂ ᠲᠦᠷᠦ ᠵᠢᠨ ᠪᠤᠳᠤᠯᠭ᠎ᠠ ᠵᠢᠨ ᠵᠤᠬᠢᠴᠠᠭᠤᠯᠭ᠎ᠠ ᠵᠤᠯᠭᠠᠯᠴᠠᠭ᠎ᠠ ᠪᠠᠨ ᠴᠢᠩᠭ᠋ᠠᠳᠬᠠᠵᠤ᠂ ᠨᠡᠢᠢᠯᠡᠯ ᠬᠦᠴᠦᠨ ᠪᠤᠯᠵᠤ ᠪᠦᠷᠢᠯᠳᠦᠬᠦ ᠭᠡᠷᠡᠭᠳᠠᠢ᠃ ᠡᠶᠡᠯᠳᠡᠬᠦ ᠡᠴᠡ ᠪᠢᠰᠢ ᠨᠡᠢᠢᠯᠡᠬᠦ ᠦᠭᠡᠢ ᠪᠠᠢᠢᠬᠤ ᠤᠢᠢᠯᠠᠭᠠᠭᠳᠠᠬᠤᠨ ᠢ ᠪᠠᠷᠢᠮᠳᠠᠯᠠᠵᠤ᠂ ᠳᠠᠪᠠᠭᠤᠯᠢᠭ ᠶᠢᠡᠨ ᠬᠠᠷᠢᠯᠴᠠᠨ ᠨᠦᠬᠦᠪᠦᠷᠢᠯᠡᠬᠦ᠂ ᠬᠠᠮᠲᠤᠷᠠᠯᠴᠠᠭ᠎ᠠ ᠬᠢᠵᠤ ᠬᠠᠷᠢᠯᠴᠠᠨ ᠠᠰᠢᠭ ᠬᠦᠷᠳᠡᠬᠦ᠂ ᠬᠦᠭ᠍ᠵᠢᠨ ᠴᠡᠴᠡᠭᠯᠡᠵᠤ ᠬᠠᠷᠢᠯᠴᠠᠨ ᠲᠤᠯᠢᠳᠠᠬᠤ ᠶᠢ ᠠᠬᠢᠭᠤᠯᠬᠤ ᠭᠡᠷᠡᠭᠳᠠᠢ᠃ ᠲᠤᠰ ᠪᠡᠶ᠎ᠠ ᠶᠢᠨ ᠠᠰᠢᠬ ᠲᠤᠰᠠ ᠪᠤᠯᠤᠨ ᠪᠤᠰᠤᠳ ᠤᠨ ᠠᠰᠢᠬ ᠲᠤᠰᠠ ᠶᠢ ᠨᠡᠢᠢᠳᠡᠮ ᠳ᠋ᠤᠨᠢ ᠬᠠᠷᠠᠭᠠᠯᠵᠠᠵᠤ᠂ ᠲᠦᠷᠤ ᠶᠢᠨ ᠪᠤᠳᠤᠯᠭ᠎ᠠ ᠶᠢᠨ ᠨᠠᠵᠠᠭᠠᠢ ᠲᠠᠯ᠎ᠠ ᠵᠢᠨ ᠭᠠᠳᠠᠬᠰᠢ ᠯᠡᠪᠡᠷᠡᠬᠦ ᠨᠦᠯᠦᠭᠡ ᠵᠢ ᠪᠠᠭᠠᠰᠬᠠᠬᠤ ᠬᠡᠷᠡᠭᠳᠠᠢ᠃ ᠪᠢᠳᠡ ᠨᠢᠭᠡᠨᠳᠡ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠬᠠᠨᠢᠳᠠᠨ ᠤ ᠬᠠᠷᠢᠯᠴᠠᠭᠠᠨ ᠤ ᠴᠢᠭᠯᠡᠯ ᠪᠤᠯᠤᠨ ᠪᠦᠲᠦᠬᠦᠪ᠋ᠴᠢ ᠲᠦᠰᠦᠪ ᠶᠢᠡᠨ ᠳᠤᠭᠳᠠᠭᠠᠭᠰᠠᠨ ᠪᠠᠢᠢᠨ᠎ᠠ᠂ ᠴᠢᠨᠠᠭᠰᠢᠳᠠ ᠯᠠᠪ᠋ᠳᠠᠭᠤᠨ ᠪᠠᠳᠤᠳᠠᠢ ᠪᠡᠷ ᠠᠬᠢᠭᠤᠯᠬᠤ ᠭᠡᠷᠡᠭᠳᠠᠢ᠃

    ᠬᠠᠮᠳᠤᠪᠡᠷ ᠵᠦᠪᠯᠡᠬᠦ ᠬᠠᠮᠳᠤᠪᠡᠷ ᠪᠠᠢᠢᠭᠤᠯᠬᠤ ᠬᠠᠮᠳᠤᠪᠡᠷ ᠡᠳ᠋ᠯᠡᠬᠦ ᠤᠢᠢᠯᠠᠭᠠᠬᠳᠠᠬᠤᠨ ᠳᠤ ᠰᠠᠭᠤᠷᠢᠯᠠᠵᠤ᠂ ᠳᠤᠮᠳᠠᠳᠤ ᠤᠯᠤᠰ ᠤᠨ ᠬᠢᠨ 《ᠨᠢᠬᠡ ᠪᠦᠰᠠ ᠨᠢᠬᠡ ᠵᠠᠮ》 ᠢ ᠬᠠᠮᠳᠤᠪᠡᠷ ᠪᠠᠢᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠪᠦᠭᠡᠳ ᠢᠳᠡᠪ᠋ᠬᠢᠳᠠᠢ ᠠᠬᠢᠭᠤᠯᠵᠤ ᠂ ᠡᠯ᠎ᠡ ᠲᠠᠯ᠎ᠠ ᠵᠢᠨ ᠬᠢᠨ ᠤ ᠬᠠᠯᠠᠭᠤᠨ ᠲᠤᠰᠬᠠᠯ ᠪᠠ ᠳᠡᠮᠵᠢᠯᠭᠡ ᠶᠢ ᠤᠯᠪᠠ᠃ ᠡᠨᠡ ᠵᠢᠯ ᠤᠨ 5 ᠰᠠᠷ᠎ᠠ ᠳ᠋ᠤ᠂《ᠨᠢᠭᠡ ᠪᠦᠰᠡ ᠨᠢᠭᠡ ᠵᠠᠮ》 ᠤ᠋ᠨ ᠤᠯᠠᠨ ᠤᠯᠤᠰ ᠤ᠋ᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ᠋ ᠲᠠᠪ᠋ᠴᠠᠩ ᠪᠡᠭᠡᠵᠢᠩ ᠳ᠋ᠤ ᠠᠮᠵᠢᠯᠲᠠ ᠲᠠᠢ ᠶᠠᠪᠤᠬᠳᠠᠵᠤ᠂ ᠡᠯᠪᠡᠭ᠌ ᠪᠠᠶᠠᠯᠢᠭ ᠦᠷ᠎ᠡ ᠪᠦᠲᠦᠭᠡᠯ ᠤᠯᠵᠤ᠂《ᠨᠢᠭᠡ ᠪᠦᠰᠡ ᠨᠢᠭᠡ ᠵᠠᠮ》  ᠢ ᠬᠠᠮᠲᠤᠪᠡᠷ ᠪᠠᠢᠢᠭᠤᠯᠬᠤ ᠶᠢᠨ ᠪᠦᠬᠦ ᠲᠠᠯ᠎ᠠ ᠪᠡᠷ ᠬᠡᠷᠡᠭᠵᠢᠭᠦᠯᠬᠦ ᠰᠢᠨ᠎ᠡ ᠱᠠᠲᠤᠨ ᠳ᠋ᠤ ᠤᠷᠤᠬᠤ ᠵᠢ ᠠᠬᠢᠭᠤᠯᠪᠠ᠃ ᠳᠤᠮᠳᠠᠳᠤ ᠵᠢᠨ ᠲᠠᠯ᠎ᠠ ᠳᠤᠷᠠᠲᠠᠶ᠎ᠠ ᠡᠭᠦᠨ ᠶᠢᠡᠷ ᠠᠵᠠ ᠳᠤᠬᠢᠶᠠᠯ ᠪᠤᠯᠭᠠᠨ᠂ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ ᠤ᠋ ᠬᠠᠨᠢᠲᠠᠨ ᠲᠠᠢ ᠲᠦᠷᠦ ᠵᠢᠨ ᠪᠤᠳᠤᠯᠭ᠎ᠠ ᠵᠢᠨ ᠤᠢᠢᠯᠠᠭᠠᠯᠴᠠᠭ᠎ᠠ ᠨᠡᠪ᠋ᠲᠡᠷᠡᠯᠴᠡᠭᠡ᠂ ᠰᠠᠭᠤᠷᠢ ᠲᠦᠬᠦᠬᠡᠷᠤᠮᠵᠢ ᠶᠢᠨ ᠬᠤᠯᠪᠤᠯᠳᠤᠭᠰᠠᠨ ᠨᠡᠪ᠋ᠲᠡᠷᠡᠯᠴᠡᠭᠡ᠂ ᠠᠷᠠᠯᠵᠢᠶᠠᠨ ᠤ ᠰᠢᠭᠤᠳ ᠨᠡᠪ᠋ᠲᠡᠷᠡᠯᠴᠡᠭᠡ᠂ ᠮᠦᠩᠬᠦᠨ ᠬᠦᠢᠯᠬᠡᠬᠡᠨ ᠤ ᠠᠭᠤᠰᠤᠯᠴᠠᠯ ᠨᠡᠪ᠋ᠳᠡᠷᠡᠯᠴᠡᠬᠡ᠂ ᠠᠷᠠᠳ ᠤᠨ ᠰᠡᠳᠬᠢᠯ ᠦᠨ ᠨᠡᠪ᠋ᠲᠡᠷᠡᠯᠴᠡᠭᠡ ᠪᠡᠨ ᠬᠦᠨᠵᠡᠬᠡᠢᠢᠷᠡᠬᠦᠯᠵᠤ᠂ ᠬᠠᠮᠳᠤᠷᠠᠯᠴᠠᠨ ᠬᠤᠯᠪᠤᠭᠠᠯᠠᠨ ᠬᠦᠭ᠍ᠵᠢᠬᠦ ᠢᠢ ᠪᠡᠶᠡᠯᠡᠬᠦᠯᠵᠤ᠂ ᠬᠤᠪᠢ ᠵᠠᠶᠠᠭᠠᠨ ᠦ ᠬᠠᠮᠳᠤ ᠢᠢᠨ ᠴᠤᠬᠴᠠ ᠲᠡᠰᠢ ᠤᠷᠤᠬᠰᠢᠯᠠᠨ ᠲᠠᠪ᠋ᠰᠢᠨ᠎ᠠ᠃

    ᠬᠠᠮᠳᠤ ᠠᠵᠢᠯᠯᠠᠭᠰᠠᠳ ᠡ᠄

    ᠤᠯᠠᠨ ᠵᠢᠨᠷ ᠵᠢᠨᠨ ᠴᠦᠮ ᠳᠤᠮᠳᠠᠳᠤ ᠤᠯᠤᠰ ᠤᠨ ᠢᠷᠡᠭᠡᠳᠦᠢ ᠵᠢᠨ ᠬᠦᠭ᠍ᠵᠢᠯᠲᠡ ᠵᠢ ᠮᠠᠰᠢ ᠠᠩᠬᠠᠷᠤᠨ ᠬᠠᠯᠠᠮᠵᠢᠯᠠᠵᠤ ᠪᠤᠢ᠃ ᠳᠡᠭᠡᠷ᠎ᠡ ᠰᠠᠷ᠎ᠠ ᠳ᠋ᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭ᠎ᠠ ᠵᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠠᠮᠵᠢᠯᠲᠠ ᠲᠠᠢ ᠬᠤᠷᠠᠯᠳᠤᠪᠠ᠃ ᠪᠢᠳᠠ ᠳᠤᠮᠳᠠᠳᠤ ᠤᠯᠤᠰ ᠤᠨ ᠤᠨᠴᠠᠯᠢᠬ ᠲᠡᠢ ᠨᠡᠢᠢᠭᠡᠮ ᠵᠢᠷᠤᠮ ᠰᠢᠨ᠎ᠡ ᠴᠠᠬ ᠦᠶ᠎ᠡ ᠳ᠋ᠤ ᠤᠷᠤᠬᠰᠠᠨ ᠲᠡᠤᠬᠡᠨ ᠤᠷᠤᠨ ᠪᠠᠢᠢᠷᠢ ᠳ᠋ᠤ ᠰᠠᠭᠤᠷᠢᠯᠠᠵᠤ ᠂ ᠨᠡᠢᠢᠭᠡᠮ ᠵᠢᠷᠤᠮ ᠤᠨ ᠤᠳᠤᠬᠢᠴᠢᠯᠠᠯᠲᠠ ᠪᠠ ᠳᠤᠮᠳᠠᠳᠤ ᠵᠢᠨ ᠦᠨᠳᠦᠰᠦᠲᠡᠨ ᠤ ᠠᠭᠤᠤ ᠶᠡᠬᠡ ᠰᠡᠷᠭᠦᠨ ᠮᠠᠨᠳᠤᠯᠲᠠ ᠵᠢᠨ ᠶᠡᠷᠦᠩᠬᠡᠢ ᠡᠭᠦᠷᠭᠡ ᠵᠢ ᠪᠡᠶᠡᠯᠡᠭᠦᠯᠬᠦ ᠬᠠᠷᠠᠭᠠᠰᠤ ᠡᠴᠡ ᠢᠷᠡᠭᠡᠳᠦᠢ ᠵᠢᠨ ᠨᠢᠭᠡ ᠬᠡᠰᠡᠭ ᠬᠤᠭᠤᠴᠠᠭᠠᠨ ᠤ ᠦᠨᠳᠦᠰᠦᠨ ᠠᠷᠭ᠎ᠠ ᠪᠤᠳᠤᠯᠭ᠎ᠠ ᠪᠠ ᠬᠦᠭ᠍ᠵᠢᠯᠲᠡ ᠵᠢᠨ ᠵᠢᠷᠤᠬ ᠲᠦᠯᠦᠪᠯᠡᠭᠡ ᠪᠡᠨ ᠲᠤᠬᠲᠠᠭᠠᠪᠠ᠃ ᠪᠢᠳᠠ ᠠᠷᠠᠳ ᠲᠦᠮᠡᠨ ᠵᠢᠨᠷ ᠭᠤᠤᠯ ᠪᠤᠯᠭᠠᠬᠤ ᠬᠦᠭ᠍ᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠦᠭ᠍ᠵᠢᠯᠲᠡ ᠲᠡᠩᠴᠡᠭᠦᠷᠢ ᠦᠭᠡᠢ ᠭᠦᠢᠴᠡᠳ ᠦᠬᠡᠢ ᠠᠰᠠᠭᠤᠳᠠᠯ ᠢ ᠬᠦᠴᠦᠯᠡᠨ ᠰᠠᠢᠢᠳᠤᠷ ᠰᠢᠢᠳᠪᠦᠷᠢᠯᠡᠵᠦ᠂ ᠬᠦᠭ᠍ᠵᠢᠯᠲᠡ ᠵᠢᠨ ᠶᠠᠰᠤ ᠴᠢᠨᠠᠷ ᠪᠤᠯᠤᠨ ᠦᠷ᠎ᠡ ᠠᠰᠢᠭ ᠢ ᠬᠦᠴᠦᠯᠡᠨ ᠳᠡᠭᠡᠭ᠍ᠰᠢᠯᠡᠭᠦᠯᠵᠦ᠂ ᠠᠷᠠᠳ ᠲᠦᠮᠡᠨ ᠤ ᠠᠵᠤ ᠠᠬᠤᠢ᠂ ᠤᠯᠤᠰ ᠲᠦᠷᠦ᠂ ᠰᠤᠶᠤᠯ᠂ ᠨᠡᠢᠢᠭᠡᠮ᠂ ᠠᠮᠢ ᠠᠬᠤᠢ ᠵᠡᠷᠭᠡ ᠲᠠᠯ᠎ᠠ ᠶᠢᠨ ᠡᠳᠦᠷ ᠢᠷᠡᠬᠦᠶ᠎ᠡ ᠨᠡᠮᠡᠭᠳᠡᠵᠦ ᠪᠠᠢᠢᠭ᠎ᠠ ᠬᠡᠷᠡᠭᠴᠡᠭᠡ ᠵᠢ ᠨᠡᠩ ᠰᠠᠢᠢᠳᠤᠷ ᠬᠠᠩᠭ᠋ᠠᠵᠤ᠂ ᠬᠦᠮᠤᠨ ᠦ ᠪᠦᠬᠦ ᠲᠠᠯ᠎ᠠ ᠢᠢᠨ ᠬᠦᠭ᠍ᠵᠢᠯᠳᠠ᠂ ᠨᠡᠢᠢᠬᠡᠮ ᠦᠨ ᠪᠦᠬᠦ ᠲᠠᠯ᠎ᠠ ᠢᠢᠨ ᠲᠠᠪ᠋ᠰᠢᠯᠳᠠ ᠢᠢ ᠨᠡᠩ ᠰᠠᠢᠢᠳᠤᠷ ᠠᠬᠢᠭᠤᠯᠤᠨ᠎ᠠ᠃ ᠪᠢᠳᠠ ᠰᠢᠨ᠎ᠡ ᠬᠦᠭ᠍ᠵᠢᠯᠲᠡ ᠵᠢᠨ ᠤᠢᠢᠯᠠᠭᠠᠬᠳᠠᠬᠤᠨ ᠢ ᠭᠦᠨᠵᠡᠭᠡᠢ ᠲᠤᠤᠱᠯᠠᠭᠤᠯᠵᠤ᠂ ᠦᠭᠡᠷᠡᠴᠢᠯᠡᠯᠲᠡ ᠵᠢ ᠪᠦᠬᠦ ᠲᠠᠯ᠎ᠠ ᠪᠡᠷ ᠭᠦᠨᠵᠡᠭᠡᠢᠢᠷᠡᠭᠦᠯᠵᠦ᠂ ᠰᠢᠨ᠎ᠡ ᠵᠢ ᠡᠭᠦᠳᠬᠦ ᠮᠠᠶ᠊ᠢᠭ ᠤᠨ ᠤᠯᠤᠰ ᠢ ᠲᠦᠷᠭᠡᠨ ᠪᠦᠲᠦᠭᠡᠨ ᠪᠠᠢᠢᠭᠤᠯᠵᠤ᠂ ᠪᠦᠬᠦ ᠲᠠᠯ᠎ᠠ ᠪᠡᠷ ᠨᠡᠭᠡᠭᠡᠯᠲᠡ ᠬᠢᠬᠦ ᠰᠢᠨ᠎ᠡ ᠪᠠᠢᠢᠳᠠᠯ ᠢ ᠪᠤᠢ ᠪᠤᠯᠭᠠᠬᠤ ᠵᠢ ᠠᠬᠢᠭᠤᠯᠵᠤ᠂ ᠤᠳᠤᠬᠢᠴᠢᠯᠠᠬᠰᠠᠨ ᠠᠵᠤ ᠠᠬᠤᠢ ᠵᠢᠨ ᠰᠢᠰᠲ᠋ᠧᠮ ᠪᠠᠢᠢᠭᠤᠯᠬᠤ ᠪᠤᠯᠤᠨ᠎ᠠ᠃

    ᠬᠦᠭ᠍ᠵᠢᠯᠳᠠ ᠢᠢᠨ ᠬᠦᠳᠡᠯᠬᠡᠬᠦ ᠬᠦᠴᠤᠨ ᠨᠡᠩ ᠲᠡᠬᠦᠯᠳᠡᠷ᠂ ᠠᠷᠠᠳ ᠲᠦᠮᠡᠨ ᠤ ᠬᠦᠷᠳᠡᠮᠵᠢ ᠵᠢᠨ ᠲᠦᠷᠦᠭᠳᠡᠯ ᠨᠡᠩ ᠴᠢᠩᠭ᠋᠎ᠠ᠂ ᠲᠡᠯᠡᠬᠡᠢ ᠳ᠋ᠠᠬᠢᠨ ᠯᠤᠭ᠎ᠠ ᠵᠢᠨ ᠬᠠᠷᠢᠯᠴᠠᠭ᠎ᠠ ᠰᠤᠯᠢᠯᠴᠠᠭ᠎ᠠ ᠨᠡᠩ ᠬᠦᠨᠵᠡᠬᠡᠢ ᠳᠤᠮᠳᠠᠳᠤ ᠤᠯᠤᠰ ᠨᠢ ᠯᠠᠪ᠋ᠳᠠᠶ᠎ᠠ ᠠᠽᠢᠶ᠎ᠠ ᠲᠢᠪ ᠪᠤᠯᠤᠨ ᠲᠡᠯᠡᠬᠡᠢ ᠳ᠋ᠠᠬᠢᠨ ᠳ᠋ᠤ ᠨᠡᠩ ᠤᠯᠠᠨ ᠠᠵᠠ ᠲᠤᠬᠢᠶᠠᠯ ᠢ ᠡᠬᠦᠳᠴᠤ᠂ ᠨᠡᠩ ᠶᠡᠬᠡ ᠬᠤᠪᠢ ᠨᠡᠮᠡᠷᠢ ᠦᠵᠡᠬᠦᠯᠤᠨ᠎ᠠ ᠬᠡᠳᠡᠭ ᠢ ᠪᠢ ᠢᠲᠡᠭᠡᠵᠦ ᠪᠠᠢᠢᠨ᠎ᠠ᠃

    ᠤᠯᠠᠨ ᠳ᠋ᠤ ᠲᠠᠯᠠᠷᠬᠠᠯ᠎ᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121958700