ᠯᠢ ᠺᠧ ᠴᠢᠶᠠᠩ ᠬᠠᠩᠭᠠᠷᠢ ᠤᠷᠤᠰ ᠲᠤ ᠬᠦᠷᠴᠤ ᠠᠭᠤᠯᠵᠠᠯᠳᠠ ᠳᠤ ᠤᠷᠤᠯᠴᠠᠨ ᠬᠠᠩᠭᠠᠷᠢ ᠳᠤ ᠠᠶᠢᠯᠴᠢᠯᠠᠨ᠎ᠠ 2017-11-21 18:15

    ᠰᠢᠨᠬᠤᠧᠠ ᠬᠤᠷᠢᠶ᠎ᠠ    ᠪᠡᠭᠡᠵᠢᠩ ᠤᠨ 11 ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ   ᠭᠠᠳᠠᠭᠠᠳᠤ ᠬᠡᠷᠡᠭ ᠤᠨ ᠶᠠᠮᠤᠨ ᠤ ᠦᠬᠦᠯᠡᠭᠴᠢ ᠯᠦ ᠺᠠᠩ 20 ᠤ ᠡᠳᠦᠷ ᠢᠯᠡᠷᠬᠡᠶᠢᠯᠡᠯᠳᠡ ᠨᠡᠶᠢᠳᠡᠯᠡᠵᠤ᠂ ᠬᠠᠩᠭᠠᠷᠢ ᠪᠤᠯᠤᠨ ᠤᠷᠤᠰ ᠤᠨ ᠶᠡᠷᠦᠩᠬᠡᠢ ᠰᠠᠶᠢᠳ ᠨᠠᠷ ᠤᠨ ᠤᠷᠢᠯᠭ᠎ᠠ ᠪᠡᠷ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 11 ᠰᠠᠷ᠎ᠠ ᠶᠢᠨ 26 ᠡᠴᠡ 12 ᠰᠠᠷ᠎ᠠ ᠶᠢᠨ 2 ᠤᠨ ᠡᠳᠦᠷ ᠪᠤᠯᠳᠠᠯ᠎ᠠ ᠬᠠᠩᠭᠠᠷᠢ ᠳᠤ ᠵᠤᠬᠢᠶᠠᠨ ᠪᠠᠶᠢᠭᠤᠯᠤᠭᠳᠠᠬᠤ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ - ᠳᠤᠮᠳᠠᠳᠤ ᠵᠡᠬᠦᠨ ᠡᠧᠦ᠋ᠷᠦᠫᠠ ᠶᠢᠨ ᠤᠷᠤᠨ ᠨᠤᠭᠤᠳ ᠤᠨ ᠤᠳᠤᠷᠢᠳᠬᠤ ᠬᠦᠮᠦᠰ ᠤᠨ ᠠᠭᠤᠯᠵᠠᠯᠳᠠ ᠳᠤ ᠤᠷᠤᠯᠴᠠᠬᠤ ᠶᠢᠨ ᠵᠡᠷᠬᠡᠴᠡᠬᠡ ᠬᠠᠩᠭᠠᠷᠢ ᠳᠤ ᠠᠯᠪᠠᠨ ᠶᠤᠰᠤᠨ ᠤ ᠠᠶᠢᠯᠴᠢᠯᠠᠯ ᠬᠢᠵᠤ᠂ ᠤᠷᠤᠰ ᠲᠤ ᠵᠤᠬᠢᠶᠠᠨ ᠪᠠᠶᠢᠭᠤᠯᠤᠭᠳᠠᠬᠤ ᠱᠠᠩᠬᠠᠢ ᠶᠢᠨ ᠬᠠᠮᠳᠤ ᠶᠢᠨ ᠠᠵᠢᠯᠯᠠᠭᠠᠨ ᠤ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤᠯᠤᠰ ᠤᠨ ᠵᠠᠰᠠᠭ ᠤᠨ ᠭᠠᠵᠠᠷ ᠤᠨ ᠤᠳᠤᠷᠢᠳᠬᠤ ᠬᠦᠮᠦᠰ(ᠶᠡᠷᠦᠩᠬᠡᠢ ᠰᠠᠶᠢᠳ) ᠤᠨ ᠬᠡᠷᠡᠭ ᠡᠷᠬᠢᠯᠡᠬᠦ ᠬᠤᠷᠠᠯ ᠤᠨ ᠠᠷᠪᠠᠨ ᠵᠢᠷᠭᠤᠳᠡᠬᠢ ᠬᠤᠷᠠᠯ ᠳᠤ ᠤᠷᠤᠯᠴᠠᠨ᠎ᠠ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121990460