蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠭᠠᠳᠠᠭᠠᠳᠤ ᠳᠤ ᠤᠬᠠᠭᠤᠯᠤᠨ ᠳᠠᠶᠢᠯᠪᠤᠷᠢᠯᠠᠬᠤ ᠪᠠᠭ ᠮᠤᠩᠭᠤᠯ ᠤᠯᠤᠰ ᠲᠤ ᠠᠶᠢᠯᠴᠢᠯᠠᠪᠠ

2017-11-21 18:15

    ᠰᠢᠨᠬᠤᠧᠠ ᠬᠤᠷᠢᠶ᠎ᠠ   ᠤᠯᠠᠭᠠᠨᠪᠠᠭᠠᠳᠤᠷ ᠤᠨ 11 ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠠᠰᠬᠠᠨ) ᠮᠤᠩᠭᠤᠯ ᠤᠯᠤᠰ ᠤᠨ ᠳᠦᠷᠦ ᠶᠢᠨ ᠳᠠᠮᠠᠭ᠎ᠠ ᠶᠢᠨ ᠭᠠᠵᠠᠷ ᠤᠨ ᠤᠷᠢᠯᠭ᠎ᠠ ᠪᠡᠷ᠂ ᠳᠦᠪ ᠤᠨ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠤᠷᠤᠯᠠᠭᠴᠢ ᠵᠠᠬᠢᠷᠤᠯ ᠡᠾᠧ ᠢ ᠲᠢᠩ ᠢᠶᠡᠷ ᠠᠬᠠᠯᠠᠭᠤᠯᠤᠭᠰᠠᠨ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠭᠠᠳᠠᠭᠠᠳᠤ ᠳᠤ ᠤᠬᠠᠭᠤᠯᠤᠨ ᠳᠠᠶᠢᠯᠪᠤᠷᠢᠯᠠᠬᠤ ᠪᠠᠭ 19 ᠡᠴᠡ 21 ᠤ ᠡᠳᠦᠷ ᠪᠤᠯᠳᠠᠯ᠎ᠠ ᠮᠤᠩᠭᠤᠯ ᠤᠯᠤᠰ ᠲᠤ ᠠᠶᠢᠯᠴᠢᠯᠠᠵᠤ᠂ ᠮᠤᠩᠭᠤᠯ ᠤᠯᠤᠰ ᠤᠨ ᠠᠷᠠᠳ ᠤᠨ ᠨᠠᠮ ᠤᠨ ᠤᠳᠤᠷᠢᠳᠬᠤ ᠵᠦᠪᠯᠡᠯ ᠤᠨ ᠬᠡᠰᠢᠬᠦᠨ᠂ ᠳᠦᠷᠦ ᠶᠢᠨ ᠳᠠᠮᠠᠭ᠎ᠠ ᠶᠢᠨ ᠭᠠᠵᠠᠷ ᠤᠨ ᠳᠠᠷᠤᠭ᠎ᠠ ᠪᠤᠯᠤᠨ ᠠᠷᠠᠳᠴᠢᠯᠠᠭᠰᠠᠨ ᠨᠠᠮ ᠤᠨ ᠳᠡᠷᠢᠬᠦᠯᠡᠭᠴᠢ ᠲᠠᠢ ᠳᠤᠰ ᠳᠤᠰ ᠠᠭᠤᠯᠵᠠᠵᠤ᠂ ᠮᠦᠨ ᠮᠤᠩᠭᠤᠯ ᠤᠯᠤᠰ ᠤᠨ ᠵᠠᠰᠠᠭ ᠨᠠᠮ᠂ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ᠂ ᠡᠳ᠋ ᠤᠨ ᠵᠠᠰᠠᠭ ᠤᠨ ᠰᠠᠯᠪᠤᠷᠢ ᠬᠢᠬᠡᠳ ᠴᠢᠬᠤᠯᠠ ᠬᠡᠪᠯᠡᠯ ᠮᠡᠳᠡᠬᠡᠯᠡᠯ ᠤᠨ ᠬᠢᠨ᠂ ᠮᠡᠷᠬᠡᠳ ᠤᠨ ᠵᠦᠪᠯᠡᠯ ᠳᠤ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ᠂ ᠬᠤᠷᠠᠯ ᠤᠨ ᠭᠤᠤᠯ ᠪᠠᠶᠢᠳᠠᠯ ᠬᠢᠬᠡᠳ ᠴᠢᠬᠤᠯᠠ ᠤᠳᠬ᠎ᠠ ᠰᠠᠨᠠᠭ᠎ᠠ ᠶᠢ ᠳᠠᠶᠢᠯᠪᠤᠷᠢᠯᠠᠨ ᠳᠠᠨᠢᠯᠴᠠᠭᠤᠯᠵᠠᠢ᠃

    ᠮᠤᠩᠭᠤᠯ ᠤᠨ ᠳᠠᠯ᠎ᠠ ᠶᠢᠨ ᠬᠢᠨ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠠᠮᠵᠢᠯᠳᠠ ᠲᠠᠢ ᠬᠤᠷᠠᠯᠳᠤᠭᠰᠠᠨ ᠪᠠ ᠰᠢ ᠵᠢᠨ ᠫᠢᠩ ᠳᠠᠬᠢᠨᠳᠠ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠪᠡᠷ ᠰᠤᠩᠭᠤᠭᠳᠠᠭᠰᠠᠨ ᠳᠤ ᠪᠠᠶᠠᠷ ᠬᠦᠷᠬᠡᠵᠤ᠂ ᠳᠤᠮᠳᠠᠳᠤ ᠤᠯᠤᠰ ᠤᠨ ᠦᠬᠡᠷᠡᠴᠢᠯᠡᠯᠳᠡ ᠨᠡᠬᠡᠬᠡᠯᠳᠡ ᠪᠠ ᠤᠳᠤᠬᠢᠴᠢᠯᠠᠭᠰᠠᠨ ᠪᠦᠳᠦᠬᠡᠨ ᠪᠠᠶᠢᠭᠤᠯᠤᠯᠳᠠ ᠶᠢᠨ ᠳᠤᠮᠳᠠᠬᠢ ᠳᠡᠤᠬᠡᠳᠤ ᠠᠮᠵᠢᠯᠳᠠ ᠪᠦᠳᠦᠮᠵᠢ ᠶᠢ ᠳᠡᠬᠡᠳᠦ ᠬᠡᠮᠵᠢᠶ᠎ᠡ ᠪᠡᠷ ᠦᠨᠡᠯᠡᠪᠡ᠃ ᠮᠦᠨ ᠮᠤᠩᠭᠤᠯ ᠳᠤᠮᠳᠠᠳᠤ ᠶᠢᠨ ᠢᠵᠢ ᠪᠦᠷᠢᠨ ᠰᠲ᠋ᠷᠠᠲ᠋ᠢᠺᠢ ᠶᠢᠨ ᠳᠦᠩᠰᠢᠯᠡᠯ ᠤᠨ ᠬᠠᠷᠢᠯᠴᠠᠭ᠎ᠠ ᠳᠠᠰᠤᠷᠠᠯᠳᠠ ᠦᠬᠡᠢ ᠬᠦᠭᠵᠢᠵᠤ ᠠᠮᠵᠢᠯᠳᠠ ᠳᠤ ᠬᠦᠷᠬᠦ ᠶᠢ ᠬᠦᠰᠡᠨ ᠬᠦᠯᠢᠶᠡᠵᠤ ᠪᠠᠶᠢᠬᠤ ᠪᠡᠨ ᠢᠯᠡᠷᠬᠡᠶᠢᠯᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121990464