蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠦᠭᠡᠷᠡᠴᠢᠯᠡᠯᠳᠠ ᠵᠢ ᠪᠦᠬᠦ ᠲᠠᠯ᠎ᠠ ᠪᠡᠷ ᠬᠦᠨᠵᠡᠭᠡᠢᠢᠷᠡᠬᠦᠯᠬᠦ ᠤᠳᠤᠷᠢᠳᠬᠤ ᠲᠤᠭᠤᠢᠢᠯᠠᠩ ᠤᠨ ᠠᠩᠬᠠᠳᠤᠭᠠᠷ ᠤᠳᠠᠭ᠎ᠠ ᠵᠢᠨ ᠬᠤᠷᠠᠯ ᠢ ᠡᠷᠬᠢᠯᠡᠨ ᠬᠤᠷᠠᠯᠳᠤᠭᠤᠯᠪᠠ

2017-11-22 17:46

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠵᠢᠨ 20 ᠤ ᠡᠳᠦᠷ ᠤᠨ ᠴᠠᠬᠢᠯᠭᠠᠨ ᠮᠡᠳᠡᠭᠡ   ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ᠂ ᠲᠦᠪ ᠤᠨ ᠦᠭᠡᠷᠡᠴᠢᠯᠡᠯᠳᠠ ᠵᠢ ᠪᠦᠬᠦ ᠲᠠᠯ᠎ᠠ ᠪᠡᠷ ᠬᠦᠨᠵᠡᠭᠡᠢᠢᠷᠡᠬᠦᠯᠬᠦ ᠤᠳᠤᠷᠢᠳᠬᠤ ᠲᠤᠭᠤᠢᠢᠯᠠᠩ ᠤᠨ ᠳᠠᠷᠤᠭ᠎ᠠ ᠰᠢ ᠵᠢᠨ ᠫᠢᠩ 11 ᠰᠠᠷ᠎ᠠ ᠵᠢᠨ 20 ᠤ ᠦᠳᠡ ᠵᠢᠨ ᠬᠤᠢᠢᠨ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠦᠭᠡᠷᠡᠴᠢᠯᠡᠯᠳᠠ ᠵᠢ ᠪᠦᠬᠦ ᠲᠠᠯ᠎ᠠ ᠪᠡᠷ ᠬᠦᠨᠵᠡᠭᠡᠢᠢᠷᠡᠬᠦᠯᠬᠦ ᠤᠳᠤᠷᠢᠳᠬᠤ ᠲᠤᠭᠤᠢᠢᠯᠠᠩ ᠤᠨ ᠠᠩᠬᠠᠳᠤᠭᠠᠷ ᠤᠳᠠᠭ᠎ᠠ ᠵᠢᠨ ᠬᠤᠷᠠᠯ ᠢ ᠡᠷᠬᠢᠯᠡᠨ ᠬᠤᠷᠠᠯᠳᠤᠭᠤᠯᠬᠤ ᠵᠢᠨ ᠬᠠᠮᠳᠦ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠦᠩᠭᠡᠷᠡᠭᠰᠡᠨ ᠭᠡᠳᠦᠨ ᠵᠢᠯ ᠳᠤ ᠦᠭᠡᠷᠡᠴᠢᠯᠡᠯᠳᠠ ᠶᠡᠭᠡᠭᠡᠨ ᠠᠮᠵᠢᠯᠳᠠ ᠤᠯᠵᠠᠢ᠂ ᠰᠢᠨ᠎ᠠ ᠠᠶᠠᠨ ᠳᠦ ᠦᠭᠡᠷᠡᠴᠢᠯᠡᠯᠳᠠ ᠮᠦᠨᠬᠦ ᠶᠡᠭᠡᠭᠡᠨ ᠠᠮᠵᠢᠯᠳᠠ ᠪᠦᠳᠦᠮᠵᠢ ᠭᠠᠷᠭᠠᠵᠦ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠳ᠋ᠦ ᠡᠬᠦᠨ ᠤ ᠳᠤᠮᠳᠠ ᠠᠭᠤᠯᠤᠭᠳᠠᠵᠦ ᠪᠠᠢᠢᠭ᠎ᠠ ᠦᠭᠡᠷᠡᠴᠢᠯᠡᠯᠳᠠ ᠵᠢᠨ ᠵᠤᠷᠢᠭ ᠰᠠᠨᠠᠭ᠎ᠠ᠂ ᠦᠭᠡᠷᠡᠴᠢᠯᠡᠯᠳᠠ ᠵᠢᠨ ᠪᠠᠢᠢᠷᠢᠯᠠᠭᠤᠯᠤᠯᠳᠠ᠂ ᠦᠭᠡᠷᠡᠴᠢᠯᠡᠯᠳᠠ ᠵᠢᠨ ᠱᠠᠭᠠᠷᠳᠠᠯᠭ᠎ᠠ ᠵᠢ ᠡᠵᠡᠮᠰᠢᠬᠦ ᠵᠢ ᠴᠢᠬᠤᠯᠠᠴᠢᠯᠠᠵᠦ᠂ ᠪᠤᠤᠬᠢᠶ᠎ᠠ ᠳᠠᠮᠵᠢᠭᠤᠯᠤᠨ ᠰᠦᠪᠡᠭᠴᠢᠯᠡᠵᠦ᠂ ᠦᠷᠬᠦᠯᠵᠢᠯᠡᠨ ᠲᠡᠮᠡᠴᠡᠵᠦ᠂ ᠦᠭᠡᠷᠡᠴᠢᠯᠡᠯᠳᠠ ᠵᠢ ᠡᠷᠡᠰ ᠭᠤᠢᠢᠪᠢᠰᠢ ᠦᠭᠡᠢ ᠪᠡᠷ ᠬᠦᠨ ᠳᠠᠪᠬᠤᠷᠭ᠎ᠠ ᠲᠡᠰᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃

    ᠯᠢ ᠺᠧ ᠴᠢᠶᠠᠩ᠂ ᠵᠠᠩ ᠭᠤᠤ ᠯᠢ᠂ ᠸᠠᠩ ᠶᠠᠩ᠂ ᠸᠠᠩ ᠬᠤ ᠨᠢᠩ ᠬᠤᠷᠠᠯ ᠳ᠋ᠦ ᠤᠷᠤᠯᠴᠠᠵᠠᠢ᠃

    ᠬᠤᠷᠠᠯ ᠡᠴᠡ᠂《ᠲᠦᠷᠦ ᠵᠢᠨ ᠶᠠᠪᠤᠳᠠᠯ ᠤᠨ ᠬᠤᠷᠢᠶ᠎ᠠ ᠵᠢᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭᠤ ᠵᠢᠨ ᠬᠤᠷᠢᠶ᠎ᠠ ᠳ᠋ᠦ ᠤᠯᠤᠰ ᠤᠨ ᠦᠮᠴᠢᠯᠡᠯ ᠤᠨ ᠡᠳ᠋ ᠬᠦᠷᠦᠩᠭᠡ ᠵᠢᠨ ᠬᠠᠮᠢᠶᠠᠷᠤᠯᠳᠠ ᠵᠢᠨ ᠪᠠᠢᠢᠳᠠᠯ ᠢ ᠮᠡᠳᠡᠭᠳᠡᠬᠦ ᠲᠦᠷᠢᠮ ᠢ ᠪᠠᠢᠢᠭᠤᠯᠬᠤ ᠲᠤᠬᠠᠢ ᠰᠠᠨᠠᠯ》᠂《ᠶᠠᠳᠠᠭᠤ ᠬᠦᠴᠢᠷᠳᠡᠯᠳᠠᠢ ᠲᠤᠰᠬᠤᠨ ᠳ᠋ᠦ ᠰᠠᠭᠤᠬᠤ ᠠᠵᠢᠯ ᠤᠨ ᠲᠤᠭᠤᠢᠢᠯᠠᠩ ᠢ ᠰᠤᠩᠭᠤᠨ ᠲᠤᠮᠢᠯᠠᠬᠤ ᠬᠠᠮᠢᠶᠠᠷᠤᠯᠳᠠ ᠵᠢᠨ ᠠᠵᠢᠯ ᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ》᠂《ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭ᠎ᠠ ᠵᠢᠨ ᠲᠦᠰᠦᠯ》᠂《ᠠᠭᠤᠷ ᠴᠦᠬᠦᠷᠦᠮ ᠳ᠋ᠦ ᠨᠠᠭᠤᠷ ᠴᠦᠬᠦᠷᠦᠮ ᠤᠨ ᠳᠠᠷᠤᠭ᠎ᠠ ᠵᠢᠨ ᠲᠦᠷᠢᠮ ᠢ ᠭᠡᠷᠡᠭᠵᠢᠬᠦᠯᠬᠦ ᠲᠤᠬᠠᠢ ᠵᠢᠯᠤᠭᠤᠳᠬᠤ ᠰᠠᠨᠠᠯ》᠂《ᠰᠢᠨ᠎ᠠ ᠴᠠᠭ ᠦᠶ᠎ᠠ ᠵᠢᠨ ᠪᠠᠭᠰᠢ ᠵᠢᠨ ᠡᠩᠨᠡᠭᠡᠨ ᠤ ᠪᠠᠢᠢᠭᠤᠯᠤᠯᠳᠠ ᠵᠢᠨ ᠦᠭᠡᠷᠡᠴᠢᠯᠡᠯᠳᠠ ᠵᠢ ᠪᠦᠬᠦ ᠲᠠᠯ᠎ᠠ ᠪᠡᠷ ᠬᠦᠨᠵᠡᠭᠡᠢᠢᠷᠡᠬᠦᠯᠬᠦ ᠲᠤᠬᠠᠢ ᠰᠠᠨᠠᠯ》᠂《ᠬᠦᠳᠡᠭᠡ ᠲᠤᠰᠬᠤᠨ ᠤ ᠭᠡᠷ ᠪᠠᠢᠢᠰᠢᠩ ᠤᠨ ᠰᠠᠭᠤᠷᠢ ᠭᠠᠵᠠᠷ ᠤᠨ ᠲᠦᠷᠢᠮ ᠤᠨ ᠦᠭᠡᠷᠡᠴᠢᠯᠡᠯᠳᠠ ᠵᠢᠨ ᠲᠤᠷᠰᠢᠯᠳᠠ ᠵᠢᠨ ᠴᠢᠭ ᠤᠨ ᠬᠡᠪᠴᠢᠶ᠎ᠠ ᠵᠢ ᠦᠷᠭᠡᠳᠭᠡᠬᠦ ᠲᠤᠬᠠᠢ ᠵᠢᠭᠠᠪᠤᠷᠢ》᠂《ᠪᠦᠷᠢᠨ ᠰᠠᠯᠠᠭᠠᠨ ᠤ ᠡᠮᠴᠢ ᠵᠢ ᠬᠦᠮᠦᠵᠢᠬᠦᠯᠬᠦ ᠪᠤᠯᠤᠨ ᠬᠡᠷᠡᠭᠯᠡᠬᠦ ᠵᠤᠷᠢᠭᠵᠢᠭᠤᠯᠬᠤ ᠲᠤᠭᠳᠠᠴᠠ ᠵᠢ ᠦᠭᠡᠷᠡᠴᠢᠯᠡᠨ ᠰᠠᠢᠢᠵᠢᠷᠠᠭᠤᠯᠬᠤ ᠲᠤᠬᠠᠢ ᠰᠠᠨᠠᠯ》᠂《ᠲᠦᠪ ᠤᠨ ᠡᠪ ᠬᠠᠮᠳᠦ ᠵᠠᠯᠠᠭᠤᠴᠤᠳ ᠤᠨ ᠡᠪᠯᠡᠯ ᠤᠨ ᠰᠤᠷᠭᠠᠭᠤᠯᠢ ᠵᠢᠨ ᠦᠭᠡᠷᠡᠴᠢᠯᠡᠯᠳᠠ ᠵᠢᠨ ᠲᠦᠰᠦᠯ》᠂《ᠬᠠᠤᠯᠢ ᠲᠤᠭᠳᠠᠭᠠᠬᠤ ᠶᠠᠪᠤᠴᠠ ᠳᠡᠬᠢ ᠴᠢᠬᠤᠯᠠ ᠶᠡᠭᠡ ᠠᠰᠢᠬ ᠲᠤᠰᠠ ᠵᠢᠨ ᠲᠤᠬᠢᠷᠠᠭᠤᠯᠤᠯᠳᠠ ᠳ᠋ᠦ ᠬᠤᠯᠪᠤᠭᠳᠠᠭᠰᠠᠨ ᠨᠤᠳᠠᠯᠠᠯᠳᠠ ᠯᠠᠪᠯᠠᠯᠳᠠ ᠶᠢᠨ ᠠᠵᠢᠯ ᠤᠨ ᠲᠤᠬᠠᠢ ᠲᠦᠷᠢᠮᠵᠢᠯ》᠂《ᠮᠠᠷᠭᠤᠭᠠᠨ ᠢᠶᠡᠷ ᠨᠡᠯᠢᠶᠡᠳ ᠶᠡᠭᠡ ᠴᠢᠬᠤᠯᠠ ᠬᠠᠤᠯᠢ ᠲᠤᠭᠳᠠᠭᠠᠯᠳᠠ ᠵᠢᠨ ᠵᠦᠢᠯ ᠳ᠋ᠦ ᠭᠤᠷᠪᠠᠳᠠᠬᠴᠢ ᠲᠠᠯ᠎ᠠ ᠵᠢᠨ ᠦᠨᠡᠯᠡᠯᠭᠡ ᠵᠢ ᠤᠷᠤᠭᠤᠯᠬᠤ ᠲᠤᠬᠠᠢ ᠠᠵᠢᠯ ᠤᠨ ᠲᠦᠷᠢᠮᠵᠢᠯ》᠂《ᠮᠡᠳᠡᠯᠭᠡ ᠵᠢᠨ ᠦᠮᠴᠢ ᠵᠢᠨ ᠡᠷᠭᠡ ᠵᠢ ᠰᠢᠬᠦᠨ ᠳᠠᠰᠤᠯᠬᠤ ᠬᠦᠷᠢᠶᠡᠨ ᠤ ᠦᠭᠡᠷᠡᠴᠢᠯᠡᠯᠳᠠ ᠬᠢᠵᠦ ᠰᠢᠨ᠎ᠠ ᠵᠢ ᠡᠬᠦᠳᠬᠦ ᠵᠢ ᠴᠢᠩᠭᠠᠳᠬᠠᠬᠤ ᠠᠰᠠᠭᠤᠳᠠᠯ ᠤᠳ ᠤᠨ ᠲᠤᠬᠠᠢ ᠰᠠᠨᠠᠯ》᠂《ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠵᠢ ᠲᠤᠤᠱᠯᠠᠭᠤᠯᠤᠨ ᠨᠠᠢᠢᠳᠠᠪᠤᠷᠢᠵᠢᠭᠤᠯᠵᠦ ᠦᠭᠡᠷᠡᠴᠢᠯᠡᠯᠳᠠ ᠵᠢ ᠡᠷᠡᠰ ᠭᠤᠢᠢᠪᠢᠰᠢ ᠦᠭᠡᠢ ᠪᠡᠷ ᠬᠦᠨ ᠳᠠᠪᠬᠤᠷᠭ᠎ᠠ ᠲᠡᠰᠢ ᠠᠬᠢᠭᠤᠯᠬᠤ ᠠᠵᠢᠯ ᠤᠨ ᠲᠤᠬᠠᠢ ᠰᠠᠨᠠᠯ》᠂《ᠲᠦᠪ ᠤᠨ ᠦᠭᠡᠷᠡᠴᠢᠯᠡᠯᠳᠠ ᠵᠢ ᠪᠦᠬᠦ ᠲᠠᠯ᠎ᠠ ᠪᠡᠷ ᠬᠦᠨᠵᠡᠭᠡᠢᠢᠷᠡᠬᠦᠯᠬᠦ ᠤᠳᠤᠷᠢᠳᠬᠤ ᠲᠤᠭᠤᠢᠢᠯᠠᠩ ᠤᠨ ᠠᠵᠢᠯ ᠤᠨ ᠳ᠋ᠦᠩᠨᠡᠯᠳᠠ》᠂《ᠲᠦᠪ ᠤᠨ ᠦᠭᠡᠷᠡᠴᠢᠯᠡᠯᠳᠠ ᠵᠢ ᠪᠦᠬᠦ ᠲᠠᠯ᠎ᠠ ᠪᠡᠷ ᠬᠦᠨᠵᠡᠭᠡᠢᠢᠷᠡᠬᠦᠯᠬᠦ ᠤᠳᠤᠷᠢᠳᠬᠤ ᠲᠤᠭᠤᠢᠢᠯᠠᠩ ᠤᠨ ᠠᠵᠢᠯ ᠤᠨ ᠲᠦᠷᠢᠮ(ᠵᠠᠰᠠᠪᠤᠷᠢ ᠤᠷᠤᠭᠤᠯᠤᠭᠰᠠᠨ ᠡᠭᠡ ᠨᠤᠤᠷᠠᠭ) 》᠂《ᠲᠦᠪ ᠤᠨ ᠦᠭᠡᠷᠡᠴᠢᠯᠡᠯᠳᠠ ᠵᠢ ᠪᠦᠬᠦ ᠲᠠᠯ᠎ᠠ ᠪᠡᠷ ᠬᠦᠨᠵᠡᠭᠡᠢᠢᠷᠡᠬᠦᠯᠬᠦ ᠤᠳᠤᠷᠢᠳᠬᠤ ᠲᠤᠭᠤᠢᠢᠯᠠᠩ ᠤᠨ ᠲᠤᠰᠬᠠᠢ ᠲᠤᠭᠤᠢᠢᠯᠠᠩ ᠤᠨ ᠠᠵᠢᠯ ᠤᠨ ᠲᠦᠷᠢᠮ(ᠵᠠᠰᠠᠪᠤᠷᠢ ᠤᠷᠤᠭᠤᠯᠬᠤ ᠡᠭᠡ ᠨᠤᠤᠷᠠᠭ)》᠂《ᠲᠦᠪ ᠤᠨ ᠦᠭᠡᠷᠡᠴᠢᠯᠡᠯᠳᠠ ᠵᠢ ᠪᠦᠬᠦ ᠲᠠᠯ᠎ᠠ ᠪᠡᠷ ᠬᠦᠨᠵᠡᠭᠡᠢᠢᠷᠡᠬᠦᠯᠬᠦ ᠤᠳᠤᠷᠢᠳᠬᠤ ᠲᠤᠭᠤᠢᠢᠯᠠᠩ ᠤᠨ ᠠᠯᠪᠠᠨ ᠭᠡᠷ ᠤᠨ ᠠᠵᠢᠯ ᠤᠨ ᠨᠠᠷᠢᠨ ᠲᠦᠷᠢᠮ(ᠵᠠᠰᠠᠪᠤᠷᠢ ᠤᠷᠤᠭᠤᠯᠬᠤ ᠡᠭᠡ ᠨᠤᠤᠷᠠᠭ)》ᠵᠡᠷᠭᠡ ᠵᠢ ᠬᠢᠨᠡᠨ ᠵᠦᠪᠯᠡᠵᠦ ᠪᠠᠳᠤᠯᠠᠵᠠᠢ᠃ ᠬᠤᠷᠠᠯ ᠡᠴᠡ《ᠱᠠᠯᠠᠪᠳᠠᠭᠤᠯᠤᠨ ᠪᠠᠢᠢᠴᠠᠭᠠᠬᠤ ᠡᠷᠴᠢᠮ ᠢᠶᠡᠨ ᠴᠢᠩᠭᠠᠷᠠᠭᠤᠯᠵᠤ ᠦᠭᠡᠷᠡᠴᠢᠯᠡᠯᠳᠠ ᠶᠢᠨ ᠨᠠᠢᠢᠳᠠᠪᠤᠷᠢᠵᠢᠭᠤᠯᠤᠯᠳᠠ ᠵᠢ ᠴᠢᠩᠭ᠎ᠠ ᠠᠳᠬᠤᠬᠰᠠᠨ ᠪᠠᠢᠢᠳᠠᠯ ᠤᠨ ᠲᠤᠬᠠᠢ ᠮᠡᠳᠡᠬᠦᠯᠦᠯᠳᠠ》ᠵᠢ ᠬᠢᠨᠡᠨ ᠵᠦᠪᠯᠡᠵᠡᠢ᠃

    ᠬᠤᠷᠠᠯ ᠡᠴᠡ᠂ ᠲᠦᠷᠦ ᠵᠢᠨ ᠶᠠᠪᠤᠳᠠᠯ ᠤᠨ ᠬᠤᠷᠢᠶ᠎ᠠ ᠶᠢᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭᠤ ᠵᠢᠨ ᠬᠤᠷᠢᠶ᠎ᠠ ᠳ᠋ᠦ ᠤᠯᠤᠰ ᠤᠨ ᠦᠮᠴᠢᠯᠡᠯ ᠤᠨ ᠡᠳ᠋ ᠬᠦᠷᠦᠩᠭᠡ ᠵᠢᠨ ᠬᠠᠮᠢᠶᠠᠷᠤᠯᠳᠠ ᠵᠢᠨ ᠪᠠᠢᠢᠳᠠᠯ ᠢ ᠮᠡᠳᠡᠭᠳᠡᠬᠦ ᠲᠦᠷᠢᠮ ᠢ ᠪᠠᠢᠢᠭᠤᠯᠬᠤ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳ᠋ᠦ ᠴᠢᠬᠤᠯᠠᠴᠢᠯᠠᠬᠰᠠᠨ ᠤᠯᠤᠰ ᠤᠨ ᠦᠮᠴᠢᠯᠡᠯ ᠤᠨ ᠡᠳ᠋ ᠬᠦᠷᠦᠩᠭᠡ ᠵᠢᠨ ᠬᠢᠨᠠᠯᠳᠠ ᠬᠠᠮᠢᠶᠠᠷᠤᠯᠳᠠ ᠵᠢ ᠴᠢᠩᠭᠠᠳᠬᠠᠬᠤ ᠵᠤᠷᠢᠭ ᠰᠠᠨᠠᠭ᠎ᠠ ᠵᠢ ᠲᠤᠤᠱᠯᠠᠭᠤᠯᠬᠤ ᠨᠢᠭᠡᠨ ᠴᠢᠬᠤᠯᠠ ᠠᠷᠭ᠎ᠠ ᠭᠡᠮᠵᠢᠶ᠎ᠠ ᠮᠦᠨ᠃ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠭᠡ ᠮᠡᠳᠡᠵᠦ ᠡᠵᠡᠨ ᠰᠠᠭᠤᠬᠤ᠂ ᠬᠠᠤᠯᠢ ᠪᠡᠷ ᠤᠯᠤᠰ ᠢᠶᠡᠨ ᠵᠠᠰᠠᠬᠤ ᠵᠢᠨ ᠤᠷᠭᠠᠨᠢᠭ ᠨᠢᠭᠡᠳᠦᠯ ᠢ ᠪᠠᠷᠢᠮᠳᠠᠯᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠡᠯᠳᠠ ᠲᠠᠯᠪᠢᠬᠤ ᠡᠷᠭᠡ ᠪᠡᠨ ᠬᠡᠷᠡᠭᠵᠢᠭᠦᠯᠬᠦ ᠵᠢ ᠳᠡᠮᠵᠢᠨ ᠪᠠᠳᠤᠯᠠᠵᠦ᠂ ᠮᠡᠳᠡᠬᠦᠯᠦᠯᠳᠠ ᠵᠢᠨ ᠠᠷᠭ᠎ᠠ ᠭᠡᠯᠪᠡᠷᠢ᠂ ᠬᠢᠨᠡᠨ ᠵᠦᠪᠯᠡᠬᠦ ᠲᠡᠰ ᠳᠠᠷᠠᠭᠠᠯᠠᠯ ᠵᠢᠴᠢ ᠭᠤᠤᠯᠳᠠᠯᠭ᠎ᠠ ᠵᠢ ᠲᠦᠷᠢᠮᠵᠢᠬᠦᠯᠵᠦ᠂ ᠤᠯᠤᠰ ᠤᠨ ᠦᠮᠴᠢᠯᠡᠯᠤᠨ ᠡᠳ᠋ ᠬᠦᠷᠦᠩᠭᠡ ᠵᠢᠨ ᠬᠠᠮᠢᠶᠠᠷᠤᠯᠳᠠ ᠵᠢᠨ ᠢᠯᠡ ᠳᠤᠳᠤ ᠪᠠᠢᠢᠬᠤ ᠵᠢ ᠠᠬᠢᠭᠤᠯᠵᠦ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠵᠢ ᠬᠦᠭᠵᠢᠯᠳᠠ ᠳ᠋ᠦ ᠨᠡᠩ ᠰᠠᠢᠢᠳᠤᠷ ᠦᠢᠯᠡᠴᠢᠯᠡᠬᠦᠯᠵᠦ᠂ ᠠᠷᠠᠳ ᠲᠦᠮᠡᠨ ᠳ᠋ᠦ ᠪᠤᠶᠠᠨ ᠦᠢᠯᠡᠳᠦᠬᠦᠯᠬᠦ ᠭᠡᠷᠡᠭᠲᠡᠢ ᠭᠡᠵᠦ ᠵᠢᠭᠠᠵᠦ ᠭᠠᠷᠭᠠᠵᠠᠢ᠃

    ᠬᠤᠷᠠᠯ ᠡᠴᠡ᠂ ᠶᠠᠳᠠᠭᠤ ᠬᠦᠴᠢᠷᠳᠡᠯᠳᠠᠢ ᠲᠤᠰᠬᠤᠨ ᠳ᠋ᠦ ᠰᠠᠭᠤᠬᠤ ᠠᠵᠢᠯ ᠤᠨ ᠲᠤᠭᠤᠢᠢᠯᠠᠩ ᠢ ᠰᠤᠩᠭᠤᠨ ᠲᠤᠮᠢᠯᠠᠬᠤ ᠬᠠᠮᠢᠶᠠᠷᠤᠯᠳᠠ ᠵᠢᠨ ᠠᠵᠢᠯ ᠢ ᠴᠢᠩᠭᠠᠳᠬᠠᠵᠦ᠂ ᠤᠨᠴᠠ ᠶᠠᠳᠠᠭᠤ ᠬᠦᠴᠢᠷᠲᠡᠯᠲᠡᠢ ᠭᠠᠵᠠᠷ ᠤᠷᠤᠨ ᠤ ᠶᠠᠲᠠᠭᠤ ᠬᠦᠴᠢᠷᠲᠠᠯᠲᠠᠢ ᠲᠤᠰᠬᠤᠨ ᠪᠤᠯᠤᠨ ᠶᠠᠲᠠᠭᠤ ᠡᠴᠡ ᠠᠩᠭᠢᠵᠢᠷᠠᠭᠤᠯᠬᠤ ᠳ᠋ᠤ ᠬᠦᠴᠢᠷ ᠶᠠᠲᠠᠭᠤ ᠬᠦᠴᠢᠷᠲᠠᠯᠲᠠᠢ ᠲᠤᠰᠬᠤᠨ ᠢ ᠴᠢᠬᠤᠯᠠ ᠡᠴᠡ ᠴᠢᠬᠤᠯᠠ ᠠᠵᠢᠯ ᠪᠤᠯᠭᠠᠠ ᠠᠳᠬᠤᠵᠦ᠂ ᠪᠠᠢᠢᠭᠤᠯᠤᠮᠵᠢ ᠲᠤᠭᠲᠠᠴᠠ ᠢᠢ ᠪᠠᠢᠢᠭᠤᠯᠤᠨ ᠲᠡᠭᠦᠯᠲᠡᠷᠵᠢᠭᠦᠯᠬᠦ ᠡᠴᠡ ᠭᠠᠷᠲᠠᠵᠦ᠂ ᠬᠦᠮᠦᠨ ᠬᠠᠷ᠎ᠠ ᠢᠢ ᠰᠤᠩᠭᠤᠵᠦ ᠲᠤᠮᠢᠯᠠᠬᠤ ᠢᠢ ᠵᠢᠷᠤᠮᠵᠢᠭᠤᠯᠤᠨ᠂ ᠠᠵᠢᠯ ᠤᠨ ᠡᠬᠦᠷᠭᠡ ᠪᠠᠠ ᠲᠤᠲᠤᠷᠬᠠᠢᠢᠯᠠᠵᠦ᠂ ᠡᠲᠦᠷ ᠲᠤᠲᠤᠮ ᠤᠨ ᠬᠠᠮᠢᠶᠠᠷᠤᠯᠲᠠ ᠪᠠᠠ ᠴᠢᠩᠭᠠᠳᠬᠠᠵᠦ᠂ ᠰᠢᠯᠭᠠᠠ ᠪᠠᠢᠢᠴᠠᠭᠠᠬᠤ ᠤᠷᠮᠠᠰᠢᠭᠤᠯᠤᠨ ᠵᠤᠷᠢᠠᠠᠵᠢᠭᠤᠯᠬᠤ ᠢᠢ ᠲᠦᠪ ᠴᠢᠩᠭ᠎ᠠ ᠢᠯᠠ ᠲᠤᠳᠤ ᠪᠤᠯᠭᠠᠵᠦ᠂ ᠲᠤᠰᠬᠤᠨ ᠳ᠋ᠤ ᠰᠠᠭᠤᠯᠭᠠᠠ ᠶᠠᠲᠠᠭᠤ ᠢᠢ ᠲᠡᠳᠭᠦᠬᠦ ᠠᠵᠢᠯ ᠳᠤᠮᠳᠠᠬᠢ ᠰᠢᠯᠢᠳᠡᠭ ᠢ ᠨᠢ ᠰᠤᠩᠭᠤᠬᠤ ᠦᠭᠡᠢ᠂ ᠬᠠᠮᠢᠶᠠᠷᠤᠯᠲᠠ ᠨᠢ ᠴᠢᠩᠭ᠎ᠠ ᠪᠢᠰᠢ᠂ ᠰᠤᠷᠲᠠᠯ ᠨᠢ ᠪᠤᠲᠠᠲᠠᠢ ᠪᠢᠰᠢ᠂ ᠪᠠᠲᠤᠯᠠᠪᠤᠷᠢ ᠨᠢ ᠬᠦᠴᠤᠨ ᠦᠭᠡᠢ ᠵᠡᠷᠭᠡ ᠠᠰᠠᠭᠤᠲᠠᠯ ᠢ ᠴᠢᠷᠮᠠᠢᠢᠨ ᠰᠢᠢᠳᠪᠦᠷᠢᠯᠡᠵᠦ᠂ ᠶᠠᠲᠠᠭᠤ ᠬᠦᠴᠢᠷᠲᠠᠯᠲᠠᠢ ᠲᠤᠰᠬᠤᠨ ᠳ᠋ᠤ ᠰᠠᠭᠤᠬᠤ ᠠᠵᠢᠯ ᠤᠨ ᠲᠤᠭᠤᠢᠢᠯᠠᠩ ᠢ ᠤᠨᠤᠪᠴᠢᠲᠠᠢ ᠰᠤᠩᠭᠤᠵᠦ ᠲᠤᠮᠢᠯᠠᠠ᠂ ᠶᠠᠲᠠᠭᠤ ᠢᠢ ᠲᠡᠳᠭᠦᠬᠦ ᠳ᠋ᠡᠭᠡᠡ ᠯᠠᠪᠲᠠᠭᠤᠠ ᠪᠠᠢᠢᠵᠦ᠂ ᠤᠯᠠᠠ ᠲᠦᠮᠡᠡ ᠤ ᠬᠦᠷᠢᠶᠡᠯᠡᠯ ᠢ ᠤᠯᠤᠭᠰᠠᠠ ᠪᠠᠢᠢᠬᠤ ᠭᠡᠷᠡᠭᠲᠡᠢ ᠭᠡᠵᠦ ᠴᠢᠬᠤᠯᠠᠴᠢᠯᠠᠵᠠᠢ᠃

    ᠬᠤᠷᠠᠯ ᠡᠴᠡ᠂ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠵᠢ ᠦᠷᠨᠢᠭᠦᠯᠵᠦ᠂ ᠬᠤᠲᠠ ᠬᠦᠲᠡᠭᠡ ᠶᠢᠨ ᠬᠦᠭᠵᠢᠯᠳᠡ ᠢᠢ ᠨᠢᠭᠡᠲᠦᠯᠲᠠᠢ ᠲᠦᠯᠦᠪᠵᠢᠭᠦᠯᠵᠦ᠂ ᠦᠢᠯᠡᠳᠪᠦᠷᠢᠯᠡᠯ ᠠᠮᠢᠲᠤᠷᠠᠯ ᠠᠮᠢ ᠠᠬᠤᠢ ᠢᠢ ᠨᠢᠭᠡᠲᠦᠯᠲᠠᠢ ᠲᠦᠯᠦᠪᠵᠢᠭᠦᠯᠵᠦ᠂ ᠦᠵᠡᠰᠭᠦᠯᠡᠩᠳᠦ ᠰᠠᠢᠢᠬᠠᠠ ᠤᠷᠤᠰᠢᠨ ᠰᠠᠭᠤᠬᠤ ᠳ᠋ᠤ ᠲᠠᠭᠠᠯᠠᠮᠵᠢᠲᠠᠢ ᠠᠢᠢᠯ ᠲᠤᠰᠬᠤᠨ ᠢ ᠪᠠᠢᠢᠭᠤᠯᠬᠤ ᠪᠠᠷ ᠵᠢᠯᠤᠭᠤᠲᠤᠮᠵᠢ ᠪᠤᠯᠭᠠᠨ᠂ ᠬᠦᠲᠡᠭᠡ ᠲᠤᠰᠬᠤᠨ ᠤ ᠬᠤᠭ ᠨᠤᠪᠰᠢ᠂ ᠪᠤᠵᠠᠷ ᠤᠰᠤ ᠢᠢ ᠵᠠᠰᠠᠬᠤ ᠪᠠ ᠲᠤᠰᠬᠤᠨ ᠤ ᠲᠦᠷᠰᠦ ᠪᠠᠢᠢᠲᠠᠯ ᠢ ᠰᠠᠢᠢᠵᠢᠷᠠᠭᠤᠯᠬᠤ ᠪᠠᠷ ᠭᠤᠤᠯ ᠰᠢᠪᠲᠤᠯᠬᠤ ᠴᠢᠭᠯᠡᠯ ᠢᠶᠡᠨ ᠪᠤᠯᠭᠠᠠ᠂ ᠡᠯ᠎ᠠ ᠲᠠᠯ᠎ᠠ ᠢᠢᠨ ᠬᠦᠴᠤᠨ ᠢ ᠲᠠᠢᠢᠴᠢᠯᠠᠵᠦ᠂ ᠡᠯ᠎ᠠ ᠵᠦᠢᠯ ᠤᠨ ᠡᠬᠢ ᠪᠠᠶᠠᠯᠢᠭ ᠢ ᠨᠡᠢᠢᠳᠭᠡᠠ᠂ ᠡᠯ᠎ᠠ ᠵᠦᠢᠯ ᠤᠨ ᠠᠷᠭ᠎ᠠ ᠬᠡᠮᠵᠢᠶ᠎ᠠ ᠢᠢ ᠴᠢᠩᠭᠠᠳᠬᠠᠵᠦ᠂ ᠬᠦᠲᠡᠭᠡ ᠲᠤᠰᠬᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠤ ᠲᠤᠪᠤᠢᠢᠮ᠎ᠠ ᠲᠤᠲᠠᠭᠤᠲᠠᠯ ᠢ ᠲᠦᠷᠭᠡᠡ ᠨᠦᠬᠦᠪᠦᠷᠢᠯᠡᠬᠦ ᠬᠡᠷᠡᠭᠲᠠᠢ᠃ ᠭᠠᠵᠠᠷ ᠤᠷᠤᠨ ᠤ ᠪᠠᠢᠢᠲᠠᠯ ᠳ᠋ᠠᠭᠠᠠ ᠲᠤᠬᠢᠷᠠᠭᠤᠯᠬᠤ ᠵᠢ ᠴᠢᠬᠤᠯᠠᠴᠢᠯᠠᠵᠦ ᠂ ᠬᠦᠲᠡᠭᠡ ᠲᠤᠰᠬᠤᠨ ᠤ ᠲᠦᠷᠰᠦ ᠪᠠᠢᠢᠲᠠᠯ ᠢ ᠬᠠᠮᠠᠭᠠᠯᠠᠠ᠂ ᠬᠠᠲᠠᠭᠠᠯᠠᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃

    ᠬᠤᠷᠠᠯ ᠡᠴᠡ᠂ ᠭᠤᠤᠯ ᠮᠦᠷᠡᠡ ᠤ ᠲᠠᠷᠤᠭ᠎ᠠ ᠢᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠭᠦᠯᠦᠭᠰᠡᠨ ᠤ ᠰᠠᠭᠤᠷᠢᠨ ᠲᠡᠭᠡᠷ᠎ᠠ᠂ ᠨᠠᠭᠤᠷ ᠴᠦᠬᠦᠷᠦᠮ ᠳ᠋ᠤ ᠨᠠᠭᠤᠷ ᠴᠦᠭᠦᠷᠦᠮ ᠤᠨ ᠲᠠᠷᠤᠭ᠎ᠠ ᠢᠢᠨ ᠲᠦᠷᠢᠮ ᠢ ᠭᠡᠷᠡᠭᠵᠢᠭᠦᠯᠵᠦ᠂ ᠬᠦᠮᠦᠨ ᠪᠤᠯᠤᠨ ᠪᠠᠢᠢᠭᠠᠯᠢ ᠡᠶ᠎ᠠ ᠵᠤᠬᠢᠴᠠᠯ ᠲᠠᠢ ᠬᠠᠮᠲᠤ ᠤᠷᠤᠰᠢᠬᠤ ᠦᠨᠲᠦᠰᠦᠨ ᠠᠷᠭ᠎ᠠ ᠪᠤᠲᠤᠯᠭ᠎ᠠ ᠢᠢ ᠪᠠᠷᠢᠮᠲᠠᠯᠠᠵᠦ᠂ ᠨᠠᠭᠤᠷ ᠴᠦᠬᠦᠷᠦᠮ ᠤᠨ ᠠᠮᠢ ᠠᠬᠤᠢ ᠢᠢᠨ ᠴᠢᠲᠠᠪᠬᠢ ᠪᠤᠯᠤᠨ ᠤᠨᠴᠠᠭᠠᠢ ᠴᠢᠨᠠᠷ ᠢ ᠵᠢᠷᠤᠮᠯᠠᠠ᠂ ᠨᠠᠭᠤᠷ ᠴᠦᠬᠦᠷᠦᠮ ᠤᠨ ᠤᠰᠤᠨ ᠤᠷᠤᠨ ᠤ ᠤᠷᠤᠨ ᠵᠠᠢ ᠶᠢᠨ ᠬᠠᠮᠢᠶᠠᠷᠤᠯᠳᠠ ᠡᠵᠡᠮᠳᠡᠯᠳᠠ ᠵᠢ ᠴᠢᠩᠭᠠᠳᠬᠠᠵᠦ᠂ ᠨᠠᠭᠤᠷ ᠴᠦᠬᠦᠷᠦᠮ ᠤᠨ ᠡᠷᠬᠢ ᠱᠤᠭᠤᠮ ᠢ ᠬᠠᠮᠢᠶᠠᠷᠤᠨ ᠬᠠᠮᠠᠭᠠᠯᠠᠵᠦ᠂ ᠨᠠᠭᠤᠷ ᠴᠦᠬᠦᠷᠦᠮ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠤᠰᠤᠨ ᠤ ᠪᠤᠬᠢᠷᠲᠤᠯ ᠢ ᠰᠡᠷᠭᠡᠢᠢᠯᠡᠡ ᠵᠠᠰᠠᠬᠤ ᠢᠢ ᠴᠢᠩᠭᠠᠳᠬᠠᠵᠦ᠂ ᠨᠠᠭᠤᠷ ᠴᠦᠬᠦᠷᠦᠮ ᠤᠨ ᠠᠮᠢ ᠠᠬᠤᠢ ᠢᠢ ᠵᠠᠰᠠᠠ ᠰᠡᠷᠭᠦᠭᠡᠵᠦ᠂ ᠨᠠᠭᠤᠷ ᠴᠦᠬᠦᠷᠦᠮ ᠤᠨ ᠬᠠᠤᠯᠢ ᠭᠡᠷᠡᠭᠵᠢᠭᠦᠯᠦᠯᠲᠠ ᠢᠢᠨ ᠬᠢᠨᠠᠯᠲᠠ ᠬᠠᠮᠢᠶᠠᠷᠤᠯᠲᠠ ᠢᠢᠨ ᠲᠤᠭᠲᠠᠴᠠ ᠢᠢ ᠪᠦᠷᠢᠨᠰᠢᠬᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃

    ᠬᠤᠷᠠᠯ ᠡᠴᠡ᠂ ᠰᠢᠨ᠎ᠠ ᠴᠠᠭ ᠦᠶ᠎ᠠ ᠵᠢᠨ ᠪᠠᠭᠰᠢ ᠵᠢᠨ ᠡᠩᠨᠡᠭᠡᠨ ᠤ ᠪᠠᠢᠢᠭᠤᠯᠤᠯᠳᠠ ᠵᠢᠨ ᠦᠭᠡᠷᠡᠴᠢᠯᠡᠯᠳᠠ ᠵᠢ ᠪᠦᠬᠦ ᠲᠠᠯ᠎ᠠ ᠪᠠᠷ ᠬᠦᠨᠵᠡᠭᠡᠢᠢᠷᠡᠭᠦᠯᠤᠨ᠂ ᠨᠠᠮ ᠤᠨ ᠰᠤᠷᠭᠠᠠ ᠬᠦᠮᠦᠵᠢᠯ ᠤᠨ ᠴᠢᠭᠯᠡᠯᠲᠡ ᠢᠢ ᠪᠦᠬᠦ ᠲᠠᠯ᠎ᠠ ᠪᠠᠷ ᠲᠤᠤᠱᠯᠠᠭᠤᠯᠤᠨ᠂ ᠨᠡᠢᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠦ᠂ ᠰᠤᠷᠭᠠᠠ ᠬᠦᠮᠦᠵᠢᠯ ᠤᠨ ᠵᠢᠮ᠎ᠠ ᠶᠤᠰᠤ ᠪᠤᠯᠤᠨ ᠪᠠᠭᠰᠢ ᠢᠢᠨ ᠦᠰᠦᠨ ᠪᠤᠢᠢᠵᠢᠯᠲᠠ ᠬᠦᠭᠵᠢᠯᠲᠠ ᠢᠢᠨ ᠵᠢᠮ᠎ᠠ ᠶᠤᠰᠤ ᠢᠢ ᠵᠢᠷᠤᠮᠯᠠᠠ᠂ ᠪᠠᠭᠰᠢ ᠢᠢᠨ ᠬᠡᠪ ᠪᠤᠯᠪᠠᠰᠤᠷᠠᠯ ᠴᠢᠲᠠᠪᠤᠷᠢ ᠢᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ ᠪᠠᠭᠰᠢ ᠢᠢᠨ ᠬᠠᠮᠢᠶᠠᠷᠤᠯᠲᠠ ᠢᠢᠨ ᠪᠠᠢᠢᠭᠤᠯᠤᠮᠵᠢ ᠲᠤᠭᠲᠠᠴᠠ ᠢᠢᠨ ᠦᠭᠡᠷᠡᠴᠢᠯᠡᠯᠲᠡ ᠢᠢ ᠬᠦᠨᠵᠡᠭᠡᠢ ᠠᠬᠢᠭᠤᠯᠵᠦ᠂ ᠰᠢᠯᠢᠲᠡᠭ ᠴᠢᠲᠠᠪᠤᠷᠢᠲᠠᠠ ᠪᠠᠭᠰᠢᠯᠠᠬᠤ ᠪᠠᠷ ᠪᠤᠯᠢᠶᠠᠯᠲᠤᠬᠤ᠂ ᠪᠠᠭᠰᠢ ᠨᠠᠷ ᠡᠷᠲᠡᠮ ᠴᠢᠲᠠᠪᠤᠷᠢ ᠪᠠᠠ ᠴᠢᠲᠠᠬᠤ ᠢᠢᠨ ᠬᠢᠷᠢ ᠪᠠᠷ ᠰᠠᠢᠢᠲᠤᠷ ᠪᠠᠲᠠᠷᠠᠭᠤᠯᠬᠤ᠂ ᠰᠠᠢᠢᠨ ᠪᠠᠭᠰᠢ ᠲᠠᠰᠤᠷᠠᠯᠲᠠ ᠦᠭᠡᠢ ᠴᠤᠯᠭᠤᠷᠠᠠ ᠭᠠᠷᠬᠤ ᠰᠠᠢᠢᠨ ᠰᠠᠢᠢᠬᠠᠠ ᠪᠠᠢᠢᠲᠠᠯ ᠢ ᠪᠦᠷᠢᠯᠲᠦᠭᠦᠯᠬᠦ ᠬᠡᠷᠡᠭᠲᠡᠢ᠃ ᠰᠤᠮᠤ ᠰᠢᠶᠠᠩ᠋ ᠲᠤᠰᠬᠤᠨ ᠤ ᠪᠠᠭᠰᠢ ᠢᠢᠨ ᠡᠩᠨᠡᠭᠡ ᠢᠢ ᠰᠠᠢᠢᠲᠤᠷ ᠪᠠᠢᠢᠭᠤᠯᠵᠦ ᠬᠦᠴᠦᠷᠭᠡᠭᠵᠢᠬᠦᠯᠬᠦ ᠢᠢ ᠴᠢᠬᠤᠯᠠᠴᠢᠯᠠᠠ ᠦᠵᠡᠬᠦ ᠭᠡᠷᠡᠭᠲᠡᠢ ᠭᠡᠵᠦ ᠵᠢᠭᠠᠵᠦ ᠭᠠᠷᠭᠠᠵᠠᠢ᠃

    ᠬᠤᠷᠠᠯ ᠡᠴᠡ᠂ ᠭᠡᠷ ᠪᠠᠢᠢᠰᠢᠩ᠋ ᠤᠨ ᠰᠠᠭᠤᠷᠢ ᠭᠠᠵᠠᠷ ᠤᠨ ᠲᠦᠷᠢᠮ ᠤᠨ ᠦᠭᠡᠷᠡᠴᠢᠯᠡᠯᠲᠡ ᠢᠢᠨ ᠲᠤᠷᠰᠢᠯᠲᠠ ᠢᠢᠨ ᠴᠢᠭ ᠤᠨ ᠬᠡᠪᠴᠢᠶ᠎ᠠ ᠢᠢ ᠦᠷᠭᠡᠳᠭᠡᠵᠦ᠂ ᠨᠢᠭᠡᠨᠳᠡ ᠡᠮᠦᠨᠡᠬᠢ ᠬᠤᠭᠤᠴᠠᠭᠠᠠ ᠤ ᠦᠢᠯᠡᠲᠦᠯᠭᠡ ᠢᠢᠨ ᠰᠠᠭᠤᠷᠢ ᠲᠠᠢ ᠪᠤᠯᠪᠠ᠂ ᠭᠠᠵᠠᠷ ᠰᠢᠷᠤᠢ ᠢᠢᠨ ᠨᠡᠢᠢᠲᠡ ᠢᠢᠨ ᠦᠮᠴᠢᠯᠡᠯ ᠤᠨ ᠲᠦᠷᠢᠮ ᠤᠨ ᠰᠢᠨᠵᠢ ᠴᠢᠨᠠᠷ ᠢ ᠬᠤᠪᠢᠷᠠᠭᠤᠯᠬᠤ ᠦᠭᠡᠢ᠂ ᠲᠠᠷᠢᠶᠠᠠ ᠭᠠᠵᠠᠷ ᠤᠨ ᠤᠯᠠᠭᠠᠠ ᠱᠤᠭᠤᠮ ᠢ ᠲᠠᠪᠠᠬᠤ ᠦᠭᠡᠢ᠂ ᠲᠠᠷᠢᠶᠠᠴᠢᠳ ᠤᠨ ᠠᠰᠢᠭ ᠲᠤᠰᠠ ᠢᠢ ᠦᠯᠦ ᠬᠤᠬᠢᠷᠠᠭᠤᠯᠬᠤ ᠬᠤᠷᠢᠭ᠎ᠠ ᠱᠤᠭᠤᠮ ᠢ ᠴᠢᠩᠭ᠎ᠠ ᠰᠠᠬᠢᠵᠦ᠂ ᠤᠯᠤᠰ ᠭᠡᠷ᠂ ᠬᠠᠮᠳᠤ ᠨᠡᠢᠢᠲᠡ᠂ ᠬᠤᠪᠢ ᠬᠦᠮᠦᠨ ᠤ ᠠᠰᠢᠭ ᠲᠤᠰᠠ ᠢᠢ ᠰᠠᠢᠢᠳᠦᠷ ᠲᠡᠩᠴᠡᠬᠦᠷᠢᠰᠢᠭᠦᠯᠵᠦ᠂ ᠳᠡᠯᠭᠡᠷᠡᠭᠦᠯᠵᠦ ᠪᠤᠯᠬᠤ ᠲᠤᠷᠰᠢᠯᠭ᠎ᠠ ᠢᠢ ᠲᠦᠷᠭᠡᠡ ᠪᠦᠷᠢᠯᠲᠦᠭᠦᠯᠬᠦ ᠬᠡᠷᠡᠭᠲᠡᠢ᠃ ᠭᠡᠷ ᠪᠠᠢᠢᠰᠢᠩ᠋ ᠤᠨ ᠰᠠᠭᠤᠷᠢ ᠭᠠᠵᠠᠷ ᠢ ᠬᠤᠲᠠᠯᠲᠤᠬᠤ ᠪᠠᠷ ᠭᠠᠷᠤᠭ᠎ᠠ ᠪᠤᠯᠭᠠᠵᠦ ᠪᠤᠯᠬᠤ ᠦᠭᠡᠢ᠂ ᠭᠡᠷ ᠪᠠᠢᠢᠰᠢᠩ᠋ ᠤᠨ ᠰᠠᠭᠤᠷᠢ ᠭᠠᠵᠠᠷ ᠤᠨ ᠬᠡᠷᠡᠭᠯᠡᠬᠦ ᠡᠷᠭᠡ ᠵᠢ ᠨᠢ ᠳᠠᠶᠠᠭᠳᠠᠭᠤᠯᠬᠤ ᠪᠠᠷ ᠲᠠᠷᠢᠶᠠᠴᠢᠳ ᠢ ᠬᠤᠲᠠ ᠶᠢᠨ ᠡᠷᠦᠭᠡ ᠠᠮᠠ ᠢᠢᠨ ᠲᠠᠩᠰᠠ ᠳ᠋ᠤ ᠤᠷᠤᠭᠤᠯᠬᠤ ᠨᠦᠬᠦᠴᠡᠯ ᠪᠤᠯᠭᠠᠵᠦ ᠪᠤᠯᠬᠤ ᠦᠭᠡᠢ ᠭᠡᠵᠦ ᠴᠢᠬᠤᠯᠠᠴᠢᠯᠠᠵᠠᠢ᠃

    ᠬᠤᠷᠠᠯ ᠡᠴᠡ᠂ ᠪᠦᠷᠢᠨ ᠰᠠᠯᠠᠭᠠᠨ ᠤ ᠡᠮᠴᠢ ᠵᠢ ᠬᠦᠮᠦᠵᠢᠬᠦᠯᠬᠦ ᠪᠤᠯᠤᠨ ᠬᠡᠷᠡᠭᠯᠡᠬᠦ ᠵᠤᠷᠢᠬᠵᠢᠭᠤᠯᠬᠤ ᠳᠤᠬᠳᠠᠴᠠ ᠵᠢ ᠦᠬᠡᠷᠡᠴᠢᠯᠡᠨ ᠰᠠᠢᠢᠵᠢᠷᠠᠭᠤᠯᠬᠤ ᠳ᠋ᠤ ᠡᠷᠬᠡᠪᠰᠢ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡ ᠪᠤᠯᠤᠨ ᠡᠮᠴᠢᠯᠡᠭᠡᠨ ᠤ ᠠᠨᠠᠭᠠᠬᠤ ᠤᠬᠠᠭᠠᠨ ᠤ ᠴᠢᠳᠠᠪᠤᠷᠢᠳᠡᠨ ᠤ ᠪᠤᠢᠢᠵᠢᠯᠳᠡ ᠵᠢᠨ ᠵᠢᠮ᠎ᠠ ᠶ᠍ᠤᠰᠤ ᠵᠢ ᠵᠢᠷᠤᠮᠯᠠᠵᠦ᠂ ᠵᠠᠰᠠᠬ ᠤᠨ ᠤᠷᠳᠤᠨ ᠢᠶᠡᠷ ᠭᠤᠤᠯᠯᠠᠭᠤᠯᠬᠤ ᠵᠢ ᠪᠠᠷᠢᠮᠳᠠᠯᠠᠵᠦ᠂ ᠵᠠᠬ᠎ᠠ ᠳᠡᠯᠬᠡᠬᠦᠷ ᠤᠨ ᠳᠤᠬᠳᠠᠴᠠ ᠵᠢᠨ ᠦᠢᠯᠡᠳᠦᠯ ᠢ ᠪᠠᠳᠠᠷᠠᠭᠤᠯᠵᠦ᠂ ᠠᠵᠢᠯ ᠳᠦᠷᠦᠯ ᠤᠨ ᠤᠨᠴᠠᠯᠢᠬ ᠳᠦ ᠵᠤᠬᠢᠴᠠᠬᠰᠠᠨ ᠪᠦᠷᠢᠨ ᠰᠠᠯᠠᠭᠠᠨ ᠤ ᠡᠮᠴᠢ ᠵᠢ ᠬᠦᠮᠦᠵᠢᠬᠦᠯᠬᠦ ᠳᠦᠷᠢᠮ ᠢ ᠳᠡᠬᠦᠯᠳᠡᠷᠵᠢᠬᠦᠯᠵᠦ᠂ ᠪᠦᠷᠢᠨ ᠰᠠᠯᠠᠭᠠᠨ ᠤ ᠡᠮᠴᠢ ᠵᠢ ᠬᠡᠷᠡᠭᠯᠡᠬᠦ ᠵᠤᠷᠢᠬᠵᠢᠭᠤᠯᠬᠤ ᠳᠤᠬᠳᠠᠴᠠ ᠶᠢᠨ ᠰᠢᠨ᠎ᠠ ᠵᠢ ᠡᠬᠦᠳᠴᠤ᠂ ᠶ᠍ᠠᠳᠠᠭᠤ ᠬᠦᠴᠢᠷᠳᠡᠯᠳᠡᠢ ᠭᠠᠵᠠᠷ ᠤᠷᠤᠨ ᠤ ᠪᠦᠷᠢᠨ ᠰᠠᠯᠠᠭᠠᠨ ᠤ ᠡᠮᠴᠢ ᠵᠢᠨ ᠡᠩᠨᠡᠬᠡ ᠵᠢᠨ ᠪᠠᠢᠢᠭᠤᠯᠤᠯᠳᠠ ᠵᠢ ᠴᠢᠩᠭᠠᠳᠬᠠᠬᠤ ᠬᠡᠷᠡᠭᠳᠡᠢ ᠬᠡᠵᠦ ᠵᠢᠭᠠᠵᠦ ᠭᠠᠷᠭᠠᠪᠠ᠃

    ᠬᠤᠷᠠᠯ ᠡᠴᠡ᠂ ᠳᠦᠪ ᠤᠨ ᠡᠪ ᠬᠠᠮᠳᠤ ᠵᠠᠯᠠᠭᠤᠴᠤᠳ ᠤᠨ ᠡᠪᠯᠡᠯ ᠤᠨ ᠰᠤᠷᠭᠠᠭᠤᠯᠢ ᠵᠢᠨ ᠠᠵᠢᠯ ᠪᠤᠯ ᠨᠠᠮ ᠤᠨ ᠵᠠᠯᠠᠭᠤᠴᠤᠳ ᠤᠨ ᠰᠤᠷᠭᠠᠨ ᠬᠦᠮᠦᠵᠢᠯ ᠤᠨ ᠠᠵᠢᠯ ᠳᠤ ᠺᠠᠳ᠋ᠷ ᠤᠨ ᠭᠤᠤᠯᠯᠠᠬᠤ ᠬᠦᠴᠦᠨ ᠢ ᠬᠦᠮᠦᠵᠢᠬᠦᠯᠦᠨ ᠪᠤᠯᠪᠠᠰᠤᠷᠠᠭᠤᠯᠬᠤ ᠴᠢᠬᠤᠯᠠ ᠡᠬᠦᠷᠬᠡ ᠬᠠᠷᠢᠭᠤᠴᠠᠯᠭ᠎ᠠ ᠵᠢ ᠡᠬᠦᠷᠬᠡᠯᠡᠵᠦ ᠪᠠᠢᠢᠭ᠎ᠠ ᠶ᠍ᠤᠮ᠂ ᠦᠬᠡᠷᠡᠴᠢᠯᠡᠯᠳᠡ ᠬᠢᠬᠦ ᠳ᠋ᠡᠬᠡᠨ ᠡᠷᠬᠡᠪᠰᠢ ᠨᠠᠮ ᠤᠨ ᠵᠠᠯᠠᠭᠤᠴᠤᠳ ᠤᠨ ᠠᠵᠢᠯ ᠤᠨ ᠶ᠍ᠡᠬᠡ ᠳᠠᠯ᠎ᠠ ᠡᠴᠡ ᠡᠬᠦᠰᠴᠤ᠂ ᠨᠠᠮ ᠤᠨ ᠵᠠᠯᠠᠭᠤᠴᠤᠳ ᠤᠨ ᠠᠵᠢᠯ ᠤᠨ ᠬᠦᠷᠢᠶᠡᠨ ᠳ᠋ᠡᠬᠢ ᠤᠨᠴᠠᠯᠢᠭ ᠢᠯᠡ ᠳᠤᠳᠤ ᠤᠯᠤᠰ ᠳᠦᠷᠦ ᠵᠢᠨ ᠰᠤᠷᠭᠠᠭᠤᠯᠢ ᠪᠠᠢᠢᠭᠤᠯᠬᠤ ᠭᠡᠬᠦ ᠡᠨᠡᠬᠦ ᠦᠨᠳᠦᠰᠤᠨ ᠪᠠᠢᠢᠷᠢ ᠳᠤᠬᠳᠠᠭᠠᠯᠳᠠ ᠵᠢ ᠡᠵᠡᠮᠰᠢᠵᠦ᠂ ᠡᠪ ᠬᠠᠮᠳᠤ ᠵᠠᠯᠠᠭᠤᠴᠤᠳ ᠤᠨ ᠡᠪᠯᠡᠯ ᠤᠨ ᠺᠠᠳ᠋ᠷᠴᠤᠳ ᠤᠨ ᠰᠤᠷᠭᠠᠨ ᠬᠦᠮᠦᠵᠢᠯ ᠤᠨ ᠭᠤᠤᠯ ᠬᠠᠷᠢᠭᠤᠴᠠᠯᠭ᠎ᠠ ᠭᠤᠤᠯ ᠠᠵᠢᠯ ᠤᠨ ᠳᠤᠭᠤᠷᠢᠨ ᠳ᠋ᠤ᠂ ᠰᠤᠷᠤᠯᠭ᠎ᠠ ᠵᠢᠨ ᠨᠠᠮᠳᠠᠷ ᠤᠨ ᠰᠤᠷᠭᠠᠨ ᠬᠦᠮᠦᠵᠢᠯ ᠡᠴᠡ ᠵᠠᠢᠢᠯᠠᠰᠬᠢᠵᠦ᠂ ᠰᠤᠷᠭᠠᠭᠤᠯᠢ ᠡᠷᠬᠢᠯᠡᠬᠦ ᠠᠷᠭ᠎ᠠ ᠬᠡᠯᠪᠡᠷᠢ ᠳᠤ ᠰᠢᠨ᠎ᠠ ᠵᠢ ᠡᠬᠦᠳᠴᠤ᠂ ᠤᠯᠤᠰ ᠳᠦᠷᠦ ᠵᠢᠨ ᠪᠤᠯᠪᠠᠰᠤᠷᠠᠯ ᠬᠦᠷᠳᠡᠭᠡᠬᠦ ᠵᠢ ᠳᠤᠪᠤᠢᠢᠯᠭᠠᠵᠦ᠂ ᠰᠢᠨ᠎ᠠ ᠴᠠᠬ ᠦᠶ᠎ᠠ ᠵᠢᠨ ᠨᠠᠮ ᠤᠨ ᠵᠠᠯᠠᠭᠤᠴᠤᠳ ᠤᠨ ᠠᠵᠢᠯ ᠪᠤᠯᠤᠨ ᠡᠪ ᠬᠠᠮᠳᠤ ᠵᠠᠯᠠᠭᠤᠴᠤᠳ ᠤᠨ ᠡᠪᠯᠡᠯ ᠤᠨ ᠪᠦᠳᠦᠬᠡᠨ ᠪᠠᠢᠢᠭᠤᠯᠤᠯᠳᠠ ᠳ᠋ᠤ ᠴᠢᠳᠠᠪᠤᠷᠢᠳᠡᠨ ᠪᠠ ᠤᠶᠤᠨ ᠤ ᠳᠡᠮᠵᠢᠯᠬᠡ ᠬᠠᠩᠭᠠᠬᠤ ᠪᠡᠷ ᠴᠢᠷᠮᠠᠢᠢᠬᠤ ᠬᠡᠷᠡᠭᠳᠡᠢ ᠬᠡᠵᠦ ᠴᠢᠬᠤᠯᠠᠴᠢᠯᠠᠪᠠ᠃

    ᠬᠤᠷᠠᠯ ᠡᠴᠡ᠂ ᠬᠠᠤᠯᠢ ᠳᠤᠬᠳᠠᠭᠠᠬᠤ ᠶ᠍ᠠᠪᠤᠴᠠ ᠳᠡᠬᠢ ᠴᠢᠬᠤᠯᠠ ᠶ᠍ᠡᠬᠡ ᠠᠰᠢᠬ ᠳᠤᠰᠠ ᠶᠢᠨ ᠳᠤᠬᠢᠷᠠᠭᠤᠯᠤᠯᠳᠠ ᠳᠤ ᠬᠤᠯᠪᠤᠭᠳᠠᠭᠰᠠᠨ ᠨᠤᠳᠠᠯᠠᠯᠳᠠ ᠯᠠᠪᠯᠠᠯᠳᠠ ᠪᠤᠯᠤᠨ ᠮᠠᠷᠭᠤᠭᠠᠨ ᠶ᠍ᠡᠬᠡᠳᠠᠢ ᠴᠢᠬᠤᠯᠠ ᠬᠠᠤᠯᠢ ᠳᠤᠬᠳᠠᠭᠠᠯᠳᠠ ᠵᠢᠨ ᠶ᠍ᠠᠪᠤᠳᠠᠯ ᠳ᠋ᠦ ᠭᠤᠷᠪᠠᠳᠠᠬᠴᠢ ᠲᠠᠯ᠎ᠠ ᠵᠢᠨ ᠦᠨᠡᠯᠡᠯᠭᠡ ᠵᠢ ᠤᠷᠤᠭᠤᠯᠬᠤ ᠠᠵᠢᠯ ᠤᠨ ᠳᠦᠷᠢᠮᠵᠢᠯ ᠪᠠᠢᠢᠭᠤᠯᠬᠤ ᠪᠤᠯ ᠨᠠᠮ ᠤᠨ ᠠᠷᠪᠠᠨ ᠨᠡᠶ᠋ᠮᠠᠳᠤᠭᠠᠷ ᠬᠤᠭᠤᠴᠠᠭᠠᠨ ᠤ ᠳᠦᠪ ᠬᠤᠷᠢᠶᠠᠨ ᠤ ᠳᠦᠷᠪᠡᠳᠦᠬᠡᠷ ᠪᠦᠬᠦᠳᠡ ᠬᠤᠷᠠᠯ ᠡᠴᠡ ᠪᠠᠢᠢᠷᠢᠯᠠᠭᠤᠯᠤᠬᠰᠠᠨ ᠴᠢᠬᠤᠯᠠ ᠦᠬᠡᠷᠡᠴᠢᠯᠡᠯᠳᠡ ᠵᠢᠨ ᠠᠷᠭ᠎ᠠ ᠬᠡᠮᠵᠢᠶ᠎ᠠ ᠪᠤᠯᠤᠨ᠎ᠠ᠃ ᠡᠷᠬᠡᠪᠰᠢ《ᠬᠠᠤᠯᠢ ᠳᠤᠬᠳᠠᠭᠠᠬᠤ ᠬᠠᠤᠯᠢ》 ᠶᠢᠨ ᠬᠠᠮᠢᠶ᠎ᠠ ᠪᠦᠬᠦᠢ ᠳᠤᠬᠳᠠᠭᠠᠯ ᠢ ᠵᠢᠷᠦᠮᠯᠡᠨ᠂ ᠬᠠᠤᠯᠢ ᠳᠤᠬᠳᠠᠭᠠᠯᠳᠠ ᠵᠢᠨ ᠶ᠍ᠠᠰᠤ ᠴᠢᠨᠠᠷ ᠢ ᠳᠡᠬᠡᠭᠰᠢᠯᠡᠬᠦᠯᠬᠦ ᠡᠨᠡᠬᠦ ᠵᠠᠩᠬᠢᠯᠠᠭ᠎ᠠ ᠪᠡᠷ ᠨᠢᠭᠳᠠ ᠭᠤᠤᠯᠳᠠᠭᠤᠯᠤᠨ᠂ ᠬᠠᠤᠯᠢ ᠳᠤᠭᠳᠠᠭᠠᠬᠤ ᠡᠬᠡ ᠨᠤᠤᠷᠠᠭ ᠢ ᠲᠤᠭᠤᠷᠪᠢᠬᠤ᠂ ᠨᠤᠳᠠᠯᠠᠯᠳᠠ ᠬᠢᠬᠦ᠂ ᠯᠠᠪᠯᠠᠬᠤ᠂ ᠦᠨᠡᠯᠡᠯᠳᠡ ᠬᠢᠬᠦ᠂ ᠵᠤᠬᠢᠴᠠᠭᠤᠯᠤᠯᠳᠠ ᠬᠢᠬᠦ᠂ ᠬᠢᠨᠠᠨ ᠵᠦᠪᠯᠡᠬᠦ ᠵᠡᠷᠬᠡ ᠠᠵᠢᠯ ᠤᠨ ᠳᠤᠬᠳᠠᠴᠠ ᠵᠢ ᠪᠦᠷᠢᠨᠰᠢᠬᠦᠯᠵᠦ᠂ ᠬᠠᠤᠯᠢ ᠳᠤᠬᠳᠠᠭᠠᠬᠤ ᠪᠠᠢᠢᠭᠤᠯᠤᠯᠭ᠎ᠠ ᠵᠢᠨ ᠨᠡᠢᠢᠭᠡᠮ ᠤᠨ ᠠᠰᠢᠬ ᠳᠤᠰᠠ ᠶᠢ ᠲᠤᠰᠬᠠᠬᠤ᠂ ᠳᠠᠩᠴᠡᠬᠦᠷᠢᠰᠢᠭᠦᠯᠬᠦ᠂ ᠵᠤᠬᠢᠴᠠᠭᠤᠯᠬᠤ ᠦᠢᠯᠡᠳᠦᠯ ᠢ ᠨᠡᠩ᠋ ᠰᠠᠢᠢᠨ ᠪᠠᠳᠠᠷᠠᠭᠤᠯᠵᠦ᠂ ᠬᠠᠤᠯᠢ ᠳᠤᠬᠳᠠᠭᠠᠯᠳᠠ ᠪᠦᠷᠢ ᠴᠦᠮ ᠦᠨᠳᠦᠰᠦᠨ ᠬᠠᠤᠯᠢ ᠵᠢᠨ ᠵᠤᠷᠢᠬ ᠰᠠᠨᠠᠭᠠᠨ ᠳ᠋ᠤ ᠨᠠᠢᠢᠴᠠᠬᠦ᠂ ᠠᠷᠠᠳ ᠳᠦᠮᠡᠨ ᠤ ᠬᠦᠰᠡᠯ ᠰᠠᠨᠠᠭ᠎ᠠ ᠵᠢ ᠲᠤᠰᠬᠠᠬᠤ᠂ ᠠᠷᠠᠳ ᠤᠯᠠᠨ ᠤ ᠬᠦᠷᠢᠶᠡᠯᠡᠯ ᠢ ᠤᠯᠬᠤ ᠪᠡᠷ ᠬᠦᠴᠦᠯᠡᠨ ᠴᠢᠷᠮᠠᠢᠢᠬᠤ ᠬᠡᠷᠡᠭᠳᠡᠢ ᠬᠡᠵᠦ ᠵᠢᠭᠠᠵᠦ ᠭᠠᠷᠭᠠᠪᠠ᠃

    ᠬᠤᠷᠠᠯ ᠡᠴᠡ᠂ ᠮᠡᠳᠡᠯᠬᠡ ᠵᠢᠨ ᠦᠮᠴᠢ ᠵᠢᠨ ᠡᠷᠬᠡ ᠵᠢ ᠰᠢᠬᠦᠨ ᠳᠠᠰᠤᠯᠬᠤ ᠬᠦᠷᠢᠶᠡᠨ ᠤ ᠦᠬᠡᠷᠡᠴᠢᠯᠡᠯᠳᠡ ᠬᠢᠵᠦ ᠰᠢᠨ᠎ᠠ ᠵᠢ ᠡᠬᠦᠳᠬᠦ  ᠵᠢ ᠴᠢᠩᠭᠠᠳᠬᠠᠬᠤ ᠳ᠋ᠠᠭᠠᠨ ᠡᠷᠬᠡᠪᠰᠢ ᠮᠡᠳᠡᠯᠬᠡ ᠵᠢᠨ ᠦᠮᠴᠢ ᠵᠢᠨ ᠡᠷᠬᠡ ᠳᠡᠬᠢ ᠬᠠᠤᠯᠢ ᠴᠠᠭᠠᠵᠠ ᠵᠢᠨ ᠬᠠᠮᠠᠭᠠᠯᠠᠯᠳᠠ ᠵᠢᠨ ᠭᠤᠤᠯᠯᠠᠬᠤ ᠦᠢᠯᠡᠳᠦᠯ ᠢ ᠬᠦᠢᠴᠡᠳ ᠪᠠᠳᠠᠷᠠᠭᠤᠯᠵᠦ᠂ ᠮᠡᠳᠡᠯᠬᠡ ᠵᠢᠨ ᠦᠮᠴᠢ ᠵᠢᠨ ᠡᠷᠬᠡ ᠵᠢ ᠬᠠᠮᠠᠭᠠᠯᠠᠬᠤ ᠪᠤᠯ ᠳᠠᠷᠤᠢ ᠰᠢᠨ᠎ᠠ ᠶᠢ ᠡᠭᠦᠳᠬᠦ ᠵᠢ ᠬᠠᠮᠠᠭᠠᠯᠠᠵᠤ ᠪᠠᠢᠢᠬᠤ ᠪᠤᠯᠤᠨ᠎ᠠ ᠬᠡᠬᠦ ᠤᠢᠢᠯᠠᠭᠠᠬᠳᠠᠬᠤᠨ ᠢ ᠪᠤᠢ ᠪᠤᠯᠭᠠᠵᠦ᠂ ᠮᠡᠳᠡᠯᠬᠡ ᠵᠢᠨ ᠦᠮᠴᠢ ᠵᠢᠨ ᠡᠷᠬᠡ ᠵᠢᠨ ᠵᠠᠷᠭᠤ ᠵᠢᠨ ᠳᠦᠷᠢᠮ ᠢ ᠳᠡᠬᠦᠯᠳᠡᠷᠵᠢᠬᠦᠯᠵᠦ᠂ ᠮᠡᠳᠡᠯᠬᠡ ᠵᠢᠨ ᠦᠮᠴᠢ ᠵᠢᠨ ᠡᠷᠬᠡ ᠵᠢᠨ ᠰᠢᠬᠦᠬᠦ ᠬᠤᠷᠢᠶᠡᠨ ᠤ ᠰᠢᠰᠲ᠋ᠧᠮ ᠤᠨ ᠪᠦᠳᠦᠬᠡᠨ ᠪᠠᠢᠢᠭᠤᠯᠤᠯᠳᠠ ᠵᠢ ᠴᠢᠩᠭᠠᠳᠬᠠᠵᠦ᠂ ᠮᠡᠳᠡᠯᠬᠡ ᠵᠢᠨ ᠦᠮᠴᠢ ᠵᠢᠨ ᠡᠷᠬᠡ ᠵᠢᠨ ᠰᠢᠭᠦᠭᠴᠢ ᠵᠢᠨ ᠡᠩᠨᠡᠬᠡ ᠵᠢᠨ ᠪᠦᠳᠦᠬᠡᠨ ᠪᠠᠢᠢᠭᠤᠯᠤᠯᠳᠠ ᠵᠢ ᠴᠢᠩᠭᠠᠳᠬᠠᠵᠦ᠂ ᠮᠡᠳᠡᠯᠬᠡ ᠵᠢᠨ ᠦᠮᠴᠢ ᠵᠢᠨ ᠡᠷᠬᠡ ᠵᠢ ᠰᠢᠬᠦᠨ ᠲᠠᠰᠤᠯᠬᠤ ᠶ᠍ᠠᠰᠤ ᠴᠢᠨᠠᠷ ᠢ ᠳᠠᠰᠤᠷᠠᠯᠳᠠ ᠦᠬᠡᠢ ᠳᠡᠬᠡᠭᠰᠢᠯᠡᠬᠦᠯᠵᠦ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠵᠢ ᠡᠬᠦᠳᠬᠦ ᠬᠠᠤᠯᠢᠵᠢᠯ ᠤᠨ ᠤᠷᠴᠢᠨ ᠳᠤᠭᠤᠷᠢᠨ ᠢ ᠰᠢᠯᠢᠳᠡᠭᠵᠢᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃

    ᠬᠤᠷᠠᠯ ᠡᠴᠡ᠂ ᠨᠠᠮ ᠤᠨ ᠠᠷᠪᠠᠨ ᠨᠠᠶ᠋ᠮᠠᠳᠤᠭᠠᠷ ᠶ᠍ᠡᠬᠡ ᠬᠤᠷᠠᠯ ᠡᠴᠡ ᠨᠠᠰᠢ᠂ ᠰᠢ ᠵᠢᠨ ᠫᠢᠩ᠋ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠬᠠᠳᠠᠭᠤ ᠪᠤᠭᠤᠮᠳᠠ ᠵᠢ ᠵᠤᠷᠢᠭᠳᠠᠢ ᠪᠡᠷ ᠰᠢᠪᠳᠤᠯᠬᠤ᠂ ᠬᠦᠴᠢᠷ ᠪᠡᠷᠬᠡ ᠵᠢ ᠵᠤᠷᠢᠭᠳᠠᠢ ᠪᠡᠷ ᠲᠤᠭᠤᠯᠬᠤ ᠡᠭᠦᠷᠭᠡᠯᠡᠯ ᠪᠤᠯᠤᠨ ᠵᠤᠷᠢᠬ ᠢ ᠡᠪᠤᠷᠯᠡᠨ᠂ ᠪᠠᠢᠢᠭᠤᠯᠤᠮᠵᠢ ᠳᠤᠬᠳᠠᠴᠠ ᠵᠢᠨ ᠡᠯ᠎ᠠ ᠵᠦᠢᠯ ᠤᠨ ᠳᠤᠳᠠᠭᠤᠳᠠᠯ ᠭᠡᠮ ᠢ ᠵᠤᠷᠢᠬᠳᠠᠢ ᠪᠠᠷ ᠡᠪᠳᠡᠵᠤ᠂ ᠦᠯᠡᠮᠵᠢ ᠤᠯᠠᠨ ᠦᠬᠡᠷᠡᠴᠢᠯᠡᠯᠳᠡ ᠵᠢᠨ ᠤᠨᠤᠯ ᠤᠨ ᠦᠷ᠎ᠠ ᠪᠦᠳᠦᠬᠡᠯ᠂ ᠳᠦᠷᠢᠮ ᠤᠨ ᠦᠷ᠎ᠠ ᠪᠦᠳᠦᠬᠡᠯ᠂ ᠦᠢᠯᠡᠳᠦᠯᠭᠡ ᠵᠢᠨ ᠦᠷ᠎ᠠ ᠪᠦᠳᠦᠭᠡᠯ ᠤᠯᠵᠤ᠂ ᠭᠤᠤᠯ ᠪᠤᠯᠬᠤ ᠬᠦᠷᠢᠶᠡᠨ ᠤ ᠦᠬᠡᠷᠡᠴᠢᠯᠡᠯᠳᠡ ᠵᠢᠨ ᠭᠤᠤᠯ ᠴᠤᠭᠴᠠ ᠵᠢᠨ ᠪᠦᠳᠦᠭᠦᠪᠴᠢ ᠵᠠᠬᠪᠤᠷ ᠦᠨᠳᠦᠰᠦᠨ ᠳ᠋ᠡᠭᠡᠨ ᠳᠤᠭᠳᠠᠵᠠᠢ᠃ ᠡᠨᠡ ᠪᠤᠯ ᠦᠭᠡᠷᠡᠴᠢᠯᠡᠯᠳᠡ ᠵᠢ ᠦᠷᠭᠦᠯᠵᠢᠯᠡᠨ ᠭᠦᠨᠵᠡᠭᠡᠢᠢᠷᠡᠭᠦᠯᠭᠦ ᠪᠠᠳᠤ ᠪᠡᠬᠢ ᠰᠠᠭᠤᠷᠢ ᠪᠡ ᠠᠰᠢᠭᠳᠠᠢ ᠨᠦᠭᠦᠴᠡᠯ ᠪᠤᠯᠤᠨ᠎ᠠ᠃ ᠨᠡᠩ᠋ ᠦᠨᠳᠤᠷ ᠭᠠᠷᠤᠭ᠎ᠠ ᠳᠡᠭᠡᠷ᠎ᠠ ᠵᠤᠭᠰᠤᠵᠤ ᠦᠭᠡᠷᠡᠴᠢᠯᠡᠯᠳᠡ ᠵᠢ ᠲᠦᠰᠦᠪᠯᠡᠨ ᠠᠬᠢᠭᠤᠯᠬᠤ ᠳ᠋ᠤ᠂ ᠡᠷᠭᠡᠪᠰᠢ ᠨᠠᠮ ᠤᠨ ᠠᠷᠪᠡ ᠶ᠍ᠢᠰᠦᠳᠦᠭᠡᠷ ᠶ᠍ᠡᠭᠡ ᠬᠤᠷᠠᠯ ᠤᠨ ᠵᠤᠷᠢᠭ ᠰᠠᠨᠠᠭ᠎ᠠ ᠪᠡ ᠰᠢ ᠵᠢᠨ ᠫᠢᠩ᠋ ᠤᠨ ᠰᠢᠨ᠎ᠠ ᠴᠠᠭ ᠦᠶ᠎ᠠ ᠵᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠠᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠦᠭᠡᠷᠡᠴᠢᠯᠡᠯᠳᠡ ᠵᠢᠨ ᠴᠢᠭᠯᠡᠯ ᠢ ᠡᠷᠡᠰ ᠪᠠᠷᠢᠮᠳᠠᠯᠠᠵᠦ᠂ ᠡᠯ᠎ᠠ ᠭᠦᠷᠢᠶᠡᠨ ᠳ᠋ᠡᠬᠢ ᠡᠯ᠎ᠠ ᠲᠠᠯ᠎ᠠ ᠵᠢᠨ ᠦᠭᠡᠷᠡᠴᠢᠯᠡᠯᠳᠡ ᠵᠢ ᠦᠷᠭᠦᠯᠵᠢᠯᠡᠨ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠭᠡᠷᠡᠭᠲᠡᠢ᠃ ᠬᠠᠮᠤᠭ ᠤᠨ ᠵᠠᠩᠬᠢᠯᠠᠭ᠎ᠠ ᠨᠢ ᠪᠤᠯ᠂ ᠶ᠍ᠠᠮᠠᠷ ᠦᠭᠡᠷᠡᠴᠢᠯᠡᠯᠳᠡ ᠬᠢᠭᠰᠡᠨ ᠴᠤ᠂ ᠠᠯᠢ ᠠᠯᠬᠤᠮ ᠭᠦᠷᠳᠡᠯ᠎ᠠ ᠦᠭᠡᠷᠡᠴᠢᠯᠡᠭᠰᠡᠨ ᠴᠤ ᠨᠠᠮ ᠤᠨ ᠦᠭᠡᠷᠡᠴᠢᠯᠡᠯᠳᠡ ᠳ᠋ᠡᠬᠢ ᠲᠦᠪᠯᠡᠷᠡᠩᠬᠦᠢ ᠨᠢᠭᠡᠳᠦᠯᠳᠡᠢ ᠤᠳᠤᠷᠢᠳᠤᠯᠭ᠎ᠠ ᠶᠢ ᠬᠤᠪᠢᠷᠠᠭᠤᠯᠵᠤ ᠪᠤᠯᠬᠤ ᠦᠭᠡᠢ᠂ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠪᠠᠢᠢᠭᠤᠯᠤᠯ ᠢ ᠲᠡᠭᠦᠯᠳᠡᠷᠵᠢᠭᠦᠯᠭᠦ ᠪᠡ ᠭᠦᠭᠵᠢᠭᠦᠯᠭᠦ᠂ ᠤᠯᠤᠰ ᠤᠨ ᠵᠠᠰᠡᠯᠳᠡ ᠵᠢᠨ ᠰᠢᠰᠲ᠋ᠧᠮ ᠪᠠ ᠵᠠᠰᠡᠯᠳᠡ ᠵᠢᠨ ᠴᠢᠳᠠᠪᠦᠷᠢ ᠵᠢᠨ ᠤᠳᠤᠬᠢᠴᠢᠯᠡᠯᠳᠡ ᠵᠢ ᠠᠬᠢᠭᠤᠯᠬᠤ ᠶ᠍ᠡᠷᠦᠩᠬᠡᠢ ᠬᠠᠷᠠᠯᠳᠡ ᠶᠢ ᠬᠤᠪᠢᠷᠠᠭᠤᠯᠵᠤ ᠪᠤᠯᠬᠤ ᠦᠭᠡᠢ᠂ ᠠᠷᠠᠳ ᠲᠦᠮᠡᠨ ᠢᠶᠡᠷ ᠭᠤᠤᠯ ᠪᠤᠯᠭᠠᠬᠤ ᠦᠭᠡᠷᠡᠴᠢᠯᠡᠯᠳᠡ ᠵᠢᠨ ᠦᠷᠳᠡᠭ ᠤᠨ ᠬᠠᠨᠳᠤᠯᠭ᠎ᠠ ᠵᠢ ᠬᠤᠪᠢᠷᠠᠭᠤᠯᠵᠤ ᠪᠤᠯᠬᠤ ᠦᠭᠡᠢ ᠭᠡᠵᠦ ᠵᠢᠭᠠᠵᠦ ᠭᠠᠷᠭᠠᠪᠠ᠃

    ᠬᠤᠷᠠᠯ ᠡᠴᠡ᠂ ᠨᠠᠮ ᠤᠨ ᠠᠷᠪᠡ ᠶ᠍ᠢᠰᠦᠳᠦᠭᠡᠷ ᠶ᠍ᠡᠭᠡ ᠬᠤᠷᠠᠯ ᠡᠴᠡ ᠨᠠᠮ ᠪᠡ ᠤᠯᠤᠰ ᠤᠨ ᠦᠢᠯᠡᠰ ᠤᠨ ᠭᠦᠭᠵᠢᠯᠳᠡ ᠵᠢᠨ ᠰᠢᠨ᠎ᠠ ᠱᠠᠭᠠᠷᠳᠠᠯᠭ᠎ᠠ ᠵᠢᠨ ᠲᠤᠭᠤᠷᠢᠨ ᠳ᠋ᠤ᠂ ᠦᠭᠡᠷᠡᠴᠢᠯᠡᠯᠳᠡ ᠵᠢ ᠪᠦᠭᠦ ᠲᠠᠯ᠎ᠠ ᠪᠡᠷ ᠭᠦᠨᠵᠡᠭᠡᠢᠢᠷᠡᠭᠦᠯᠭᠦ ᠳ᠋ᠤ ᠰᠢᠨ᠎ᠠ ᠡᠭᠦᠷᠭᠡ ᠳᠤᠷᠠᠳᠴᠤ᠂ ᠨᠢᠭᠡ ᠪᠦᠯᠦᠭ ᠬᠦᠴᠦᠯᠡᠴᠡ ᠨᠡᠩ᠋ ᠴᠢᠩᠭ᠎ᠠ᠂ ᠱᠠᠭᠠᠷᠳᠠᠯᠭ᠎ᠠ ᠨᠡᠩ᠋ ᠦᠨᠳᠤᠷ᠂ ᠠᠷᠭ᠎ᠠ ᠬᠡᠮᠵᠢᠶ᠎ᠠ ᠨᠡᠩ᠋ ᠪᠤᠳᠠᠳᠠᠢ ᠦᠭᠡᠷᠡᠴᠢᠯᠡᠯᠳᠡ ᠵᠢᠨ ᠡᠭᠦᠷᠭᠡ ᠵᠢ ᠪᠠᠢᠢᠷᠢᠯᠠᠭᠤᠯᠵᠠᠢ᠃ ᠡᠭᠦᠨ ᠤ ᠵᠡᠷᠭᠡᠪᠡᠷ ᠪᠡᠰᠡ ᠨᠠᠮ ᠤᠨ ᠠᠷᠪᠡᠨ ᠨᠠᠶ᠋ᠮᠠᠳᠤᠭᠠᠷ ᠶ᠍ᠡᠭᠡ ᠬᠤᠷᠠᠯ ᠡᠴᠡ ᠨᠠᠰᠢ ᠪᠠᠢᠢᠷᠢᠯᠠᠭᠤᠯᠤᠬᠰᠡᠨ ᠦᠭᠡᠷᠡᠴᠢᠯᠡᠯᠳᠡ ᠵᠢᠨ ᠡᠭᠦᠷᠭᠡ ᠵᠢ ᠨᠠᠢᠢᠳᠠᠪᠦᠷᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠦᠭᠡᠷᠡᠴᠢᠯᠡᠯᠳᠡ ᠵᠢᠨ ᠡᠭᠦᠷᠭᠡ ᠤᠯᠠᠮ ᠡᠴᠡ ᠤᠯᠠᠮ ᠭᠦᠨᠳᠤ ᠪᠤᠯᠵᠠᠢ᠃ ᠪᠢᠳᠡ ᠡᠷᠭᠡᠪᠰᠢ ᠨᠡᠩ᠋ ᠪᠡᠷᠭᠡ ᠬᠠᠳᠠᠭᠤᠵᠢᠯᠳᠡᠢ ᠴᠢᠷᠮᠠᠢᠢᠯᠭ᠎ᠠ ᠭᠠᠷᠭᠠᠬᠤ ᠪᠡᠷ ᠪᠡᠯᠡᠳᠭᠡᠭᠦ ᠭᠡᠷᠡᠭᠲᠠᠢ᠃ ᠨᠠᠮ ᠤᠨ ᠠᠷᠪᠡ ᠶ᠍ᠢᠰᠦᠳᠦᠭᠡᠷ ᠶ᠍ᠡᠭᠡ ᠬᠤᠷᠠᠯ ᠡᠴᠡ ᠲᠤᠷᠠᠳᠤᠬᠰᠡᠨ ᠦᠭᠡᠷᠡᠴᠢᠯᠡᠯᠳᠡ ᠵᠢᠨ ᠡᠭᠦᠷᠭᠡ ᠪᠡ ᠠᠷᠭ᠎ᠠ ᠬᠡᠮᠵᠢᠶ᠎ᠠ ᠵᠢ ᠴᠠᠭ ᠢ ᠠᠮᠵᠢᠨ ᠤᠢᠢᠯᠠᠭᠠᠵᠤ᠂ ᠨᠠᠮ ᠤᠨ ᠲᠦᠪ ᠬᠤᠷᠢᠶᠠ ᠡᠴᠡ ᠲᠤᠭᠳᠠᠭᠠᠬᠰᠡᠨ ᠦᠭᠡᠷᠡᠴᠢᠯᠡᠯᠳᠡ ᠵᠢ ᠪᠦᠭᠦ ᠲᠠᠯ᠎ᠠ ᠪᠡᠷ ᠭᠦᠨᠵᠡᠭᠡᠢᠢᠷᠡᠭᠦᠯᠭᠦ ᠶ᠍ᠡᠷᠦᠩᠬᠡᠢ ᠬᠠᠷᠠᠯᠳᠡ ᠵᠢᠨ ᠶ᠍ᠤᠰᠤᠭᠠᠷ᠂ ᠦᠭᠡᠷᠡᠴᠢᠯᠡᠯᠳᠡ ᠵᠢᠨ ᠰᠢᠰᠲ᠋ᠧᠮᠳᠦ ᠴᠢᠨᠠᠷ᠂ ᠪᠦᠭᠦᠯᠢ ᠴᠤᠭᠴᠠᠳᠤ ᠴᠢᠨᠠᠷ᠂ ᠵᠤᠬᠢᠴᠠᠯᠳᠦ ᠴᠢᠨᠠᠷ ᠢ ᠴᠢᠷᠮᠠᠢᠢᠨ ᠴᠢᠩᠭᠠᠳᠬᠠᠵᠤ᠂ ᠠᠵᠢᠯ ᠤᠨ ᠡᠷᠴᠢᠮ ᠪᠡ ᠦᠷᠭᠦᠯᠵᠢᠯᠡᠭᠦ ᠴᠢᠨᠠᠷ ᠢ ᠪᠠᠳᠤᠯᠠᠵᠦ᠂ ᠲᠦᠯᠦᠪᠯᠡᠭᠡ ᠲᠠᠢ ᠡᠮᠬᠢ ᠴᠡᠭᠴᠡ ᠲᠠᠢ ᠨᠡᠢᠢᠳᠡᠪᠤᠷᠢᠵᠢᠭᠤᠯᠤᠯᠳᠡ ᠵᠢ ᠠᠬᠢᠭᠤᠯᠬᠤ ᠭᠡᠷᠡᠭᠲᠠᠢ ᠭᠡᠵᠤ ᠴᠢᠬᠤᠯᠡᠴᠢᠯᠡᠪᠡ᠃

    ᠬᠤᠷᠠᠯ ᠡᠴᠡ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠦ ᠵᠢᠨ ᠤᠬᠠᠮᠰᠠᠷ᠂ ᠶ᠍ᠡᠭᠡ ᠲᠠᠯ᠎ᠠ ᠵᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠠᠢ ᠪᠠᠢᠢᠬᠤ ᠤᠬᠠᠮᠰᠠᠷ ᠢᠶᠡᠨ ᠴᠢᠩᠭᠠᠳᠬᠠᠵᠤ᠂ ᠬᠠᠷᠢᠭᠤᠴᠠᠯᠭ᠎ᠠ ᠵᠢ ᠨᠠᠢᠢᠳᠠᠪᠦᠷᠢᠵᠢᠭᠤᠯᠬᠤ ᠪᠡᠨ ᠴᠢᠩᠭᠠᠳᠬᠠᠵᠤ᠂ ᠲᠤᠰ ᠪᠡᠶ᠎ᠠ ᠵᠢᠨ ᠪᠤᠳᠠᠳᠤ ᠪᠠᠢᠢᠳᠠᠯ ᠲᠠᠢ ᠪᠡᠨ ᠤᠶᠠᠯᠳᠤᠭᠤᠯᠵᠤ᠂ ᠨᠠᠮ ᠤᠨ ᠲᠦᠪ ᠬᠤᠷᠢᠶ᠎ᠠ ᠡᠴᠡ ᠲᠤᠷᠠᠳᠤᠬᠰᠡᠨ ᠪᠠᠢᠢᠯᠳᠤᠬᠤ ᠪᠤᠳᠤᠯᠭ᠎ᠠ ᠪᠠᠢᠢᠷᠢᠯᠠᠭᠤᠯᠤᠯᠳᠡ ᠵᠢ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠤᠨ ᠠᠵᠢᠯ ᠡᠭᠦᠷᠭᠡ ᠪᠤᠯᠭᠠᠨ ᠬᠤᠪᠢᠷᠠᠭᠤᠯᠬᠤ ᠭᠡᠷᠡᠭᠲᠠᠢ᠃ ᠨᠠᠮ ᠤᠨ ᠠᠷᠪᠡᠨ ᠨᠠᠶ᠋ᠮᠠᠳᠤᠭᠠᠷ ᠶ᠍ᠡᠭᠡ ᠬᠤᠷᠠᠯ ᠡᠴᠡ ᠨᠡᠰᠢ ᠨᠢᠭᠡᠨᠳᠡ ᠬᠡᠷᠡᠭᠵᠢᠭᠦᠯᠦᠭᠰᠡᠨ ᠦᠭᠡᠷᠡᠴᠢᠯᠡᠯᠳᠡ ᠵᠢᠨ ᠲᠦᠰᠤᠯ ᠤᠨ ᠨᠠᠢᠢᠳᠠᠪᠦᠷᠢᠵᠢᠭᠤᠯᠤᠯᠳᠡ ᠵᠢ ᠴᠢᠩᠭ᠎ᠠ ᠠᠳᠬᠤᠵᠤ᠂ ᠪᠡᠶᠡᠯᠡᠭᠦᠯᠦᠭᠡᠳᠤᠢ ᠦᠭᠡᠷᠡᠴᠢᠯᠡᠯᠳᠠ ᠵᠢᠨ ᠡᠬᠦᠷᠭᠡ ᠪᠡᠨ ᠲᠦᠷᠭᠡᠨ ᠪᠡᠶᠡᠯᠡᠭᠦᠯᠵᠦ᠂ ᠨᠢᠭᠡᠨᠳᠡ ᠨᠠᠢᠢᠳᠠᠪᠦᠷᠢᠵᠢᠭᠤᠯᠤᠬᠰᠡᠨ ᠦᠭᠡᠷᠡᠴᠢᠯᠡᠯᠳᠡ ᠵᠢᠨ ᠲᠦᠰᠦᠯ ᠤᠨ ᠦᠷ᠎ᠠ ᠪᠦᠳᠦᠮᠵᠢ ᠪᠡᠨ ᠪᠠᠳᠤᠳᠬᠠᠬᠤ ᠭᠡᠷᠡᠭᠲᠠᠢ᠃ ᠨᠢᠭᠡᠳᠦᠭᠡᠷ ᠭᠠᠷ ᠦᠭᠡᠷᠡᠴᠢᠯᠡᠯᠳᠡ ᠵᠢ ᠠᠳᠬᠤᠬᠤ ᠵᠢ ᠪᠠᠷᠢᠮᠳᠠᠯᠠᠵᠤ᠂ ᠪᠠᠢᠢᠴᠠᠭᠠᠨ ᠰᠤᠳᠤᠯᠤᠯᠳᠡ ᠵᠢ ᠰᠠᠢᠢᠳᠤᠷ ᠬᠢᠭᠦ ᠵᠢ ᠴᠢᠬᠤᠯᠠᠴᠢᠯᠠᠵᠤ᠂ ᠰᠢᠨ᠎ᠠ ᠵᠦᠷᠢᠴᠡᠯ ᠰᠢᠨ᠎ᠠ ᠠᠰᠠᠭᠤᠳᠠᠯ ᠢ ᠰᠤᠳᠤᠯᠬᠤ ᠪᠡ ᠰᠢᠢᠳᠪᠦᠷᠢᠯᠡᠭᠦ ᠳᠡᠭᠡᠨ ᠴᠢᠳᠠᠮᠠᠭᠠᠢ ᠪᠠᠢᠢᠵᠤ᠂ ᠨᠠᠢᠢᠳᠠᠪᠦᠷᠢᠵᠢᠭᠤᠯᠤᠯᠳᠡ ᠵᠢ ᠠᠳᠬᠤᠬᠤ ᠳᠡᠭᠡᠷ᠎ᠠ ᠨᠡᠩ᠋ ᠶ᠍ᠡᠭᠡ ᠬᠦᠴᠦᠨ ᠴᠢᠳᠠᠯ ᠤᠷᠤᠭᠤᠯᠬᠤ ᠭᠡᠷᠡᠭᠲᠠᠢ᠃ ᠲᠠᠷᠠᠭ᠎ᠠ ᠵᠢᠯ ᠤᠨ ᠦᠭᠡᠷᠡᠴᠢᠯᠡᠯᠳᠡ ᠵᠢᠨ ᠠᠵᠢᠯ ᠢ ᠱᠠᠯᠠᠪᠳᠠᠭᠤᠯᠤᠨ ᠲᠦᠯᠦᠪᠵᠢᠭᠦᠯᠵᠤ᠂ ᠨᠡᠩ᠋ ᠦᠨᠳᠤᠷ ᠪᠠᠷᠢᠮᠵᠢᠶ᠎ᠠ ᠪᠡᠷ ᠡᠯ᠎ᠠ ᠵᠦᠢᠯ ᠤᠨ ᠠᠵᠢᠯ ᠢ ᠰᠠᠢᠢᠳᠤᠷ ᠠᠳᠬᠤᠵᠤ᠂ ᠪᠤᠳᠠᠳᠤ ᠠᠵᠢᠯᠯᠠᠭ᠎ᠠ ᠪᠡᠷ ᠢᠶᠡᠨ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠤᠢ ᠵᠢ ᠤᠭᠳᠤᠬᠤ ᠭᠡᠷᠡᠭᠲᠠᠢ ᠭᠡᠵᠤ ᠵᠢᠠᠭᠠᠵᠤ ᠭᠠᠷᠭᠠᠪᠡ᠃ ᠲᠦᠪ ᠤᠨ ᠦᠭᠡᠷᠡᠴᠢᠯᠡᠯᠳᠡ ᠵᠢ ᠪᠦᠭᠦ ᠲᠠᠯ᠎ᠠ ᠪᠡᠷ ᠭᠦᠨᠵᠡᠭᠡᠢᠢᠷᠡᠭᠦᠯᠭᠦ ᠤᠳᠤᠷᠢᠳᠬᠤ ᠲᠤᠭᠤᠢᠢᠯᠠᠩ᠋ ᠤᠨ ᠪᠦᠷᠢᠯᠳᠦᠬᠦᠨ ᠬᠤᠷᠠᠯ ᠳ᠋ᠤ ᠤᠷᠤᠯᠴᠠᠵᠤ᠂ ᠲᠦᠪ ᠤᠨ ᠬᠠᠮᠢᠶ᠎ᠠ ᠪᠦᠬᠦᠢ ᠤᠳᠤᠷᠢᠳᠬᠤ ᠨᠦᠭᠦᠳ ᠵᠢᠴᠢ ᠲᠦᠪ ᠤᠨ ᠪᠡ ᠲᠦᠷᠦ ᠵᠢᠨ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠡᠨ ᠨᠦᠭᠦᠳ ᠬᠤᠷᠠᠯ ᠳ᠋ᠤ ᠰᠤᠯᠡ ᠤᠷᠤᠯᠴᠡᠪᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121994953