蒙古文网站Logo
ᠰᠢᠨᠬᠤᠸᠠ ᠮᠤᠩᠭ᠋ᠤᠯ ᠨᠧᠲ

ᠨᠠᠮ ᠤᠨ ᠲᠦᠪ ᠬᠤᠷᠢᠶᠠᠨ ᠤ ᠠᠯᠪᠡᠨ ᠲᠢᠩᠬᠢᠮ 《〈ᠰᠢ ᠶᠢᠨ ᠫᠢᠩ ᠲᠦᠷᠦ ᠶᠢ ᠵᠠᠰᠠᠵᠦ ᠵᠠᠰᠠᠬ ᠢ ᠡᠷᠬᠢᠯᠡᠬᠦ ᠲᠤᠬᠠᠢ ᠶᠠᠷᠢᠬᠰᠠᠨ ᠨᠢ〉 ᠭᠡᠬᠦ ᠨᠤᠮ ᠤᠨ ᠬᠤᠶᠠᠳᠤᠭᠠᠷ ᠪᠤᠳᠢ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠦ ᠰᠤᠷᠤᠯᠴᠠᠬᠤ ᠲᠤᠬᠠᠢ ᠲᠦᠪ ᠤᠨ ᠤᠬᠠᠭᠤᠯᠬᠤ ᠭᠡᠯᠳᠡᠰ ᠲᠦᠪ ᠤᠨ ᠵᠤᠬᠢᠶᠠᠨ ᠪᠠᠶᠢᠭᠤᠯᠬᠤ ᠭᠡᠯᠳᠡᠰ ᠤᠨ ᠮᠡᠳᠡᠭᠳᠡᠯ》 ᠢ ᠣᠯᠠᠮᠵᠢᠯᠠᠨ ᠳᠠᠷᠬᠠᠭᠠᠪᠠ

2017-11-23 17:17

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ   ᠤᠢᠢᠷ᠎ᠠ ᠳᠤ᠂ ᠨᠠᠮ ᠤᠨ ᠲᠦᠪ ᠬᠤᠷᠢᠶᠠᠨ ᠤ ᠠᠯᠪᠡᠨ ᠲᠢᠩᠬᠢᠮ 《〈ᠰᠢ ᠶᠢᠨ ᠫᠢᠩ ᠲᠦ᠋ᠷᠦ ᠶᠢ ᠵᠠᠰᠠᠵᠦ ᠵᠠᠰᠠᠬ ᠢ ᠡᠷᠬᠢᠯᠡᠬᠦ ᠲᠤᠬᠠᠢ ᠶᠠᠷᠢᠬᠰᠠᠨ ᠨᠢ〉 ᠭᠡᠬᠦ ᠨᠤᠮ ᠤᠨ ᠬᠤᠶᠠᠳᠤᠭᠠᠷ ᠪᠤᠳᠢ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠦ ᠰᠤᠷᠤᠯᠴᠠᠬᠤ ᠲᠤᠬᠠᠢ ᠲᠦᠪ ᠤᠨ ᠤᠬᠠᠭᠤᠯᠬᠤ ᠭᠡᠯᠳᠡᠰ᠂ ᠲᠦᠪ ᠤᠨ ᠵᠤᠬᠢᠶᠠᠨ ᠪᠠᠶᠢᠭᠤᠯᠬᠤ ᠭᠡᠯᠳᠡᠰ ᠤᠨ ᠮᠡᠳᠡᠭᠳᠡᠯ》 ᠢ ᠤᠯᠠᠮᠵᠢᠯᠠᠨ ᠳᠠᠷᠬᠠᠭᠠᠬᠤ ᠶᠢᠨ ᠬᠠᠮᠳᠦ ᠮᠡᠳᠡᠭᠳᠡᠯ ᠪᠠᠭᠤᠯᠭᠠᠵᠦ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠪᠤᠳᠠᠳᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠡᠷᠡᠭᠲᠡᠢ ᠭᠡᠵᠦ ᠱᠠᠭᠠᠷᠳᠠᠪᠠ᠃

    《〈ᠰᠢ ᠶᠢᠨ ᠫᠢᠩ ᠲᠦᠷᠦ ᠶᠢ ᠵᠠᠰᠠᠵᠦ ᠵᠠᠰᠠᠬ ᠢ ᠡᠷᠬᠢᠯᠡᠬᠦ ᠲᠤᠬᠠᠢ ᠶᠠᠷᠢᠬᠰᠠᠨ ᠨᠢ〉 ᠭᠡᠬᠦ ᠨᠤᠮ ᠤᠨ ᠬᠤᠶᠠᠳᠤᠭᠠᠷ ᠪᠤᠳᠢ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠦ ᠰᠤᠷᠤᠯᠴᠠᠬᠤ ᠲᠤᠬᠠᠢ ᠲᠦᠪ ᠤᠨ ᠤᠬᠠᠭᠤᠯᠬᠤ ᠭᠡᠯᠳᠡᠰ᠂ ᠲᠦᠪ ᠤᠨ ᠵᠤᠬᠢᠶᠠᠨ ᠪᠠᠶᠢᠭᠤᠯᠬᠤ ᠭᠡᠯᠳᠡᠰ ᠤᠨ ᠮᠡᠳᠡᠭᠳᠡᠯ》 ᠤᠨ ᠪᠦᠬᠦ ᠠᠭᠤᠯᠭ᠎ᠠ ᠨᠢ ᠲᠤᠤᠷᠠᠬᠢ ᠮᠡᠳᠦ᠄ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠲᠠᠭᠠᠭᠤᠯᠵᠤ᠂ ᠨᠠᠮ ᠪᠤᠯᠤᠨ ᠤᠯᠤᠰ ᠤᠨ ᠠᠵᠢᠯ ᠦᠢᠯᠡᠰ ᠲᠤ ᠲᠡᠦᠭᠡᠳᠦ ᠴᠢᠨᠠᠷᠳᠠᠢ ᠠᠮᠵᠢᠯᠳᠠ ᠤᠯᠬᠤ᠂ ᠲᠡᠦᠭᠡᠳᠦ ᠴᠢᠨᠠᠷᠳᠠᠢ ᠬᠤᠪᠢᠰᠤᠯᠳᠠ ᠭᠠᠷᠬᠤ ᠶᠢ ᠠᠬᠢᠭᠤᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠵᠠᠢ᠃ ᠲᠦᠷᠦ ᠶᠢ ᠵᠠᠰᠠᠵᠦ ᠵᠠᠰᠠᠬ ᠢ ᠡᠷᠬᠢᠯᠡᠬᠦ ᠰᠢᠨ᠎ᠠ ᠦᠢᠯᠡᠳᠦᠯᠭᠡ ᠳᠤ᠂ ᠰᠢ ᠶᠢᠨ ᠫᠢᠩ ᠨᠦᠬᠦᠷ ᠢᠶᠠᠷ ᠭᠤᠤᠯ ᠲᠦᠯᠦᠭᠡᠯᠡᠭᠴᠢ ᠪᠤᠯᠭᠠᠭᠰᠠᠨ ᠳᠤᠮᠳᠠᠳᠤ ᠤᠯᠤᠰ ᠤᠨ ᠡᠪ ᠬᠠᠮᠳᠤᠴᠤᠳ ᠴᠠᠭ ᠦᠶ᠎ᠠ ᠶᠢᠨ ᠬᠦᠭᠵᠢᠯᠳᠠ ᠳᠤ ᠵᠤᠬᠢᠴᠠᠵᠦ᠂ ᠤᠨᠤᠯ ᠪᠠ ᠦᠢᠯᠡᠳᠦᠯᠭᠡ ᠶᠢ ᠤᠶᠠᠯᠳᠤᠭᠤᠯᠬᠤ ᠲᠠᠯ᠎ᠠ ᠪᠠᠷ ᠰᠢᠨ᠎ᠠ ᠴᠠᠭ ᠦᠶ᠎ᠠ ᠳᠤ ᠶᠠᠮᠠᠷ ᠶᠠᠩᠵᠦ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠭᠡᠷᠬᠢᠨ ᠪᠠᠷᠢᠮᠳᠠᠯᠠᠨ ᠬᠦᠭᠵᠢᠬᠦᠯᠬᠦ ᠡᠨᠡᠬᠦ ᠴᠢᠬᠤᠯᠠ ᠶᠡᠭᠡ ᠴᠠᠭ ᠦᠶ᠎ᠠ ᠶᠢᠨ ᠰᠡᠳᠦᠪ ᠢ ᠰᠢᠰᠲ᠋ᠧᠮ ᠲᠠᠢ ᠬᠠᠷᠢᠭᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠤᠢ ᠪᠤᠯᠭᠠᠵᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠮ ᠤᠨ ᠡᠷᠭᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠬᠤ ᠵᠢᠯᠤᠭᠤᠳᠬᠤ ᠦᠵᠡᠯ ᠰᠠᠨᠠᠭ᠎ᠠ ᠪᠠᠷ ᠲᠤᠭᠳᠠᠭᠠᠵᠦ᠂ ᠨᠠᠮ ᠤᠨ ᠵᠢᠯᠤᠭᠤᠳᠬᠤ ᠦᠵᠡᠯ ᠰᠠᠨᠠᠭ᠎ᠠ ᠪᠠᠰᠠ ᠨᠢᠭᠡ ᠤᠳᠠᠭ᠎ᠠ ᠴᠠᠭ ᠦᠶ᠎ᠠ ᠶᠢ ᠲᠠᠭᠠᠨ ᠪᠦᠬᠦ ᠲᠠᠯ᠎ᠠ ᠪᠠᠷ ᠤᠷᠤᠬᠰᠢᠯᠠᠬᠤ ᠶᠢ ᠪᠡᠶᠡᠯᠡᠬᠦᠯᠵᠡᠢ᠃

    ᠶᠡᠷᠦᠩᠭᠡᠢ ᠱᠦᠵᠢ ᠰᠢ ᠶᠢᠨ ᠫᠢᠩ ᠪᠤᠯ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠡᠬᠦᠳᠦᠨ ᠪᠠᠶᠢᠭᠤᠯᠤᠬᠴᠢ ᠮᠦᠨ᠃ ᠨᠠᠮ ᠤᠨ ᠠᠷᠪᠡᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ᠂ ᠪᠦᠬᠦ ᠨᠠᠮ ᠪᠦᠬᠦ ᠤᠯᠤᠰ ᠢ ᠤᠳᠤᠷᠢᠳᠴᠦ ᠨᠠᠮ ᠪᠤᠯᠤᠨ ᠤᠯᠤᠰ ᠤᠨ ᠠᠵᠢᠯ ᠦᠢᠯᠡᠰ ᠢ ᠠᠬᠢᠭᠤᠯᠬᠤ ᠦᠢᠯᠡᠳᠦᠯᠭᠡ ᠳᠤ᠂ ᠶᠡᠷᠦᠩᠭᠡᠢ ᠱᠦᠵᠢ ᠰᠢ ᠶᠢᠨ ᠫᠢᠩ ᠮᠠᠷᠺᠰ ᠤᠨ ᠦᠵᠡᠯ ᠤᠨ ᠤᠯᠤᠰ ᠲᠦᠷᠦᠴᠢᠨ᠂ ᠤᠨᠤᠯᠴᠢᠨ ᠤ ᠨᠡᠪᠳᠡᠷᠭᠡᠢ ᠠᠵᠢᠬᠯᠠᠯᠳᠠ᠂ ᠰᠡᠷᠭᠡᠭ ᠮᠠᠭᠠᠳᠯᠠᠯᠳᠠ ᠪᠠ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦ ᠪᠠᠷ ᠠᠯᠢ ᠤᠯᠠᠨ ᠪᠦᠳᠦᠭᠡᠯᠴᠢ ᠴᠢᠨᠠᠷᠳᠠᠢ ᠠᠴᠢ ᠬᠤᠯᠪᠤᠭᠳᠠᠯ ᠪᠦᠬᠦᠢ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠳᠤᠷᠠᠳᠴᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠤᠢ ᠪᠤᠯᠭᠠᠬᠤ ᠳᠤ ᠰᠢᠢᠳᠪᠤᠷᠢᠯᠡᠭᠴᠢ ᠴᠢᠨᠠᠷᠳᠠᠢ ᠦᠢᠯᠡᠳᠦᠯ ᠦᠵᠡᠬᠦᠯᠵᠦ᠂ ᠰᠢᠢᠳᠪᠤᠷᠢᠯᠡᠭᠴᠢ ᠴᠢᠨᠠᠷᠳᠠᠢ ᠬᠤᠪᠢ ᠨᠡᠮᠡᠷᠢ ᠦᠵᠡᠬᠦᠯᠵᠡᠢ᠃

    2014 ᠤᠨ ᠤ 9 ᠰᠠᠷ᠎ᠡ ᠳᠤ ᠬᠡᠪᠯᠡᠨ ᠲᠠᠷᠬᠠᠭᠠᠬᠰᠡᠨ 《ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠡᠨ ᠨᠢ》ᠭᠡᠬᠦ ᠨᠤᠮ ᠤᠨ ᠨᠢᠭᠡᠳᠦᠭᠡᠷ ᠪᠤᠳᠢ ᠳᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠡᠨ ᠨᠠᠶ᠋ᠮᠠᠳᠤᠭᠠᠷ ᠶᠡᠭᠡ ᠬᠤᠷᠠᠯ ᠲᠡᠭᠦᠰᠦᠭᠰᠡᠡ ᠤ ᠲᠠᠷᠠᠭ᠎ᠠ ᠠᠴᠠ 2014 ᠤᠨ ᠤ 6 ᠰᠠᠷ᠎ᠡ ᠶᠢᠨ 13 ᠤ ᠡᠳᠤᠷ ᠭᠦᠷᠳᠡᠯᠡᠬᠢ ᠬᠤᠭᠤᠴᠠᠭᠠᠨ ᠳᠠᠬᠢ ᠵᠤᠬᠢᠶᠡᠯ ᠪᠦᠳᠦᠭᠡᠯ ᠢ ᠡᠮᠬᠢᠳᠭᠡᠨ ᠤᠷᠤᠭᠤᠯᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠤᠩᠰᠢᠭᠴᠢᠳ ᠤᠨ ᠦᠷᠭᠡᠨ ᠠᠩᠬᠠᠷᠤᠯ ᠪᠡ ᠰᠠᠶᠢᠨ ᠦᠨᠡᠯᠡᠯᠳᠡ ᠶᠢ ᠤᠯᠵᠠᠢ᠃ ᠡᠭᠦᠨ ᠠᠴᠠ ᠰᠡᠭᠦᠯᠡᠷᠬᠢ 3 ᠵᠢᠯ ᠭᠠᠷᠤᠢ ᠶᠢᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠠᠯᠢ ᠤᠯᠠᠨ ᠴᠢᠬᠤᠯᠡ ᠶᠡᠷᠢᠶ᠎ᠡ ᠨᠡᠶᠢᠳᠡᠯᠡᠵᠤ᠂ ᠴᠢᠭᠯᠡᠯ ᠤᠨ ᠴᠢᠨᠠᠷ᠂ ᠦᠨᠳᠤᠰᠤᠨ ᠴᠢᠨᠠᠷ᠂ ᠪᠦᠭᠦ ᠲᠠᠯ᠎ᠡ ᠶᠢᠨ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷ ᠲᠠᠢ ᠴᠢᠬᠤᠯᠡ ᠶᠡᠭᠡ ᠠᠰᠠᠭᠤᠳᠠᠯ ᠢ ᠭᠦᠨᠵᠡᠭᠡᠢ ᠬᠠᠷᠢᠭᠤᠯᠵᠤ᠂ ᠨᠠᠮ ᠤᠨ ᠤᠨᠤᠯ ᠤᠨ ᠰᠢᠨ᠎ᠠ ᠡᠬᠦᠳᠦᠯᠳᠠ ᠶᠢ ᠤᠯᠠᠮ ᠪᠠᠶᠠᠯᠢᠭ᠂ ᠤᠯᠠᠮ ᠰᠢᠰᠲ᠋ᠧᠮ ᠲᠠᠢ ᠪᠤᠯᠭᠠᠵᠠᠢ᠃

    ᠨᠠᠮ ᠤᠨ ᠲᠦᠪ ᠬᠤᠷᠢᠶᠡᠨ ᠤ ᠵᠦᠪᠰᠢᠶᠡᠷᠡᠯ ᠢᠶᠠᠷ᠂ ᠲᠦᠪ ᠤᠨ ᠤᠬᠠᠭᠤᠯᠬᠤ ᠬᠡᠯᠳᠡᠰ ᠤᠨ ᠬᠢᠨ ᠲᠦᠪ ᠤᠨ ᠲᠤᠯᠭᠤᠷ ᠪᠢᠴᠢᠭ᠌ ᠰᠤᠳᠤᠯᠬᠤ ᠲᠠᠰᠤᠭ᠂ ᠲᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠯ ᠲᠠᠷᠬᠠᠭᠠᠯᠳᠠ ᠶᠢᠨ ᠦᠢᠯᠡᠰ ᠤᠨ ᠬᠠᠮᠢᠶᠠᠷᠤᠯᠳᠠ ᠶᠢᠨ ᠲᠤᠪᠴᠢᠶ᠎ᠡ ᠲᠠᠢ ᠬᠠᠮᠳᠤᠷᠠᠵᠤ᠂ 《ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠡᠨ ᠨᠢ》 ᠭᠡᠬᠦ ᠨᠤᠮ ᠤᠨ ᠬᠤᠶᠠᠳᠤᠭᠠᠷ ᠪᠤᠳᠢ ᠶᠢ ᠨᠠᠶᠢᠷᠠᠭᠤᠯᠵᠤ ᠬᠡᠪᠯᠡᠭᠦᠯᠤᠨ ᠲᠠᠷᠬᠠᠭᠠᠵᠡᠢ᠃ ᠲᠤᠰ ᠨᠤᠮ ᠨᠢ ᠶᠡᠷᠦᠩᠬᠡᠢ ᠱᠦᠵᠢ ᠰᠢ ᠶᠢᠨ ᠫᠢᠩ ᠤᠨ 2014 ᠤᠨ ᠤ 8 ᠰᠠᠷ᠎ᠡ ᠶᠢᠨ 18 ᠤ ᠡᠳᠤᠷ ᠠᠴᠠ 2017 ᠤᠨ ᠤ 9 ᠰᠠᠷ᠎ᠡ ᠶᠢᠨ 29 ᠤ ᠡᠳᠤᠷ ᠭᠦᠷᠳᠡᠯᠡᠬᠢ ᠬᠤᠭᠤᠴᠠᠭᠠᠨ ᠤ ᠶᠠᠷᠢᠶ᠎ᠡ᠂ ᠶᠠᠷᠢᠯᠴᠠᠭ᠎ᠠ᠂ ᠶᠠᠷᠢᠶ᠎ᠠ ᠢᠯᠡᠳᠭᠡᠯ᠂ ᠴᠤᠬᠤᠯᠠᠪᠦᠷᠢ᠂ ᠪᠠᠶᠠᠷ ᠤᠨ ᠴᠠᠬᠢᠯᠭᠠᠨ ᠴᠢᠮᠡᠭᠡ ᠵᠡᠷᠭᠡ 99 ᠵᠤᠬᠢᠶᠡᠯ ᠢ ᠤᠷᠤᠭᠤᠯᠵᠤ᠂ 17 ᠲᠤᠰᠬᠠᠢ ᠰᠡᠳᠦᠪ ᠬᠤᠪᠢᠶᠠᠵᠠᠢ᠃ ᠲᠤᠰ ᠨᠤᠮ ᠨᠢ ᠰᠢ ᠶᠢᠨ ᠫᠢᠩ ᠨᠦᠭᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶ᠎ᠡ ᠪᠦᠭᠦ ᠨᠠᠮ ᠪᠦᠭᠦ ᠤᠯᠤᠰ ᠤᠨ ᠦᠨᠳᠤᠰᠤᠨ ᠨᠦᠭᠦᠳ ᠤᠨ ᠠᠷᠠᠳ ᠲᠦᠮᠡᠨ ᠢ ᠪᠦᠯᠭᠦᠮᠳᠡᠬᠦᠯᠦᠨ ᠲᠠᠭᠠᠭᠤᠯᠵᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠭᠦᠭᠵᠢᠭᠦᠯᠦᠭᠰᠡᠨ ᠠᠭᠤᠤ ᠶᠡᠭᠡ ᠦᠢᠯᠡᠳᠦᠯᠭᠡ ᠶᠢ ᠠᠮᠢᠳᠤᠯᠢᠭ ᠢᠶᠠᠷ ᠲᠡᠮᠳᠡᠭᠯᠡᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠦᠭᠵᠢᠯᠳᠡ ᠶᠢᠨ ᠠᠮᠢᠨ ᠰᠤᠳᠠᠰᠤ ᠪᠡ ᠭᠤᠤᠯ ᠠᠭᠤᠯᠭ᠎ᠠ ᠶᠢ ᠲᠦᠪᠯᠡᠷᠡᠩᠭᠦᠢ ᠲᠤᠰᠬᠠᠵᠡᠢ᠃ 

    《ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠡᠨ ᠨᠢ》 ᠭᠡᠬᠦ ᠨᠤᠮ ᠤᠨ ᠬᠤᠶᠠᠳᠤᠭᠠᠷ ᠪᠤᠳᠢ ᠶᠢ ᠬᠡᠪᠯᠡᠭᠦᠯᠵᠤ ᠲᠠᠷᠬᠠᠭᠠᠬᠰᠡᠨ ᠨᠢ᠂ ᠦᠷᠭᠡᠨ ᠤᠯᠠᠨ ᠺᠡᠳ᠋ᠷ ᠤᠯᠠᠨ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠡᠵᠡᠮᠰᠢᠬᠦ ᠶᠢ ᠠᠬᠢᠭᠤᠯᠬᠤ᠂ ᠪᠦᠭᠦ ᠨᠠᠮ ᠪᠦᠭᠦ ᠨᠡᠶᠢᠭᠡᠮ ᠳᠤ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠦᠷᠨᠢᠯᠳᠡ ᠭᠠᠷᠭᠠᠬᠤ ᠳᠤ ᠴᠢᠬᠤᠯᠡ ᠠᠴᠢ ᠬᠤᠯᠪᠤᠭᠳᠠᠯ ᠲᠠᠢ ᠶᠤᠮ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠠ ᠲᠤᠤᠱᠯᠠᠭᠤᠯᠬᠤ ᠪᠤᠯ ᠤᠲᠤᠬᠠᠠ ᠤ ᠪᠠ ᠬᠤᠶᠢᠰᠢᠲᠠ ᠶᠢᠨ ᠨᠢᠭᠡ ᠬᠤᠭᠤᠴᠠᠭᠠᠠ ᠤ ᠪᠦᠬᠦ ᠨᠠᠮ ᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠤᠨ᠎ᠠ᠂ ᠮᠦᠨᠴᠤ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠦᠯᠲᠠᠢ ᠪᠠᠶᠢᠬᠤ ᠤᠬᠠᠮᠰᠠᠷ ᠢᠶᠠᠨ ᠴᠢᠩᠭᠠᠳᠬᠠᠠ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠠ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠬᠠᠮᠠᠭᠠᠯᠠᠵᠦ᠂ ᠨᠠᠮ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠬᠠᠮᠠᠭᠠᠯᠠᠵᠦ᠂ ᠦᠵᠡᠯ ᠰᠠᠨᠠᠭᠠᠠ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠶᠢᠬᠤ ᠪᠤᠲᠠᠲᠠᠢ ᠠᠷᠭ᠎ᠠ ᠬᠡᠮᠵᠢᠶ᠎ᠠ ᠪᠤᠯᠤᠨ᠎ᠠ᠃

    ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ《ᠰᠢ ᠶᠢᠨ ᠫᠢᠩ ᠲᠦᠷᠦ ᠶᠢ ᠵᠠᠰᠠᠵᠦ ᠵᠠᠰᠠᠭ ᠢ ᠡᠷᠬᠢᠯᠡᠬᠦ ᠲᠤᠬᠠᠢ ᠶᠠᠷᠢᠭᠰᠠᠠ ᠨᠢ》ᠭᠡᠬᠦ ᠨᠤᠮ ᠤᠨ ᠬᠤᠶᠠᠲᠤᠭᠠᠷ ᠪᠤᠲᠢ ᠪᠤᠯᠤᠨ ᠡᠬᠦᠨ ᠠᠴᠠ ᠡᠮᠦᠨ᠎ᠠ ᠬᠡᠪᠯᠡᠭᠰᠡᠡ《ᠰᠢ ᠶᠢᠨ ᠫᠢᠩ ᠲᠦᠷᠦ ᠶᠢ ᠵᠠᠰᠠᠵᠦ ᠵᠠᠰᠠᠭ ᠢ ᠡᠷᠬᠢᠯᠡᠬᠦ ᠲᠤᠬᠠᠢ ᠶᠠᠷᠢᠭᠰᠠᠠ ᠨᠢ》ᠭᠡᠬᠦ ᠨᠤᠮ ᠤᠨ ᠨᠢᠭᠡᠲᠦᠭᠡᠷ ᠪᠤᠲᠢ ᠶᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠠ ᠤᠢᠢᠯᠠᠭᠠᠬᠤ ᠡᠷᠭᠡ ᠰᠦᠷᠲᠦ ᠤᠩᠰᠢᠬᠤ ᠪᠢᠴᠢᠭ ᠪᠤᠯᠭᠠᠠ᠂ ᠦᠨᠡᠡᠬᠦ ᠵᠤᠬᠢᠶᠠᠠ ᠪᠠᠶᠢᠭᠤᠯᠵᠦ ᠰᠠᠶᠢᠲᠤᠷ ᠰᠤᠷᠤᠯᠴᠠᠬᠤ ᠭᠡᠷᠡᠭᠲᠡᠢ᠃ ᠲᠡᠭᠡᠲᠦ ᠬᠡᠮᠵᠢᠶᠠᠠ ᠤ ᠡᠬᠦᠷᠭᠡᠳᠦ ᠪᠤᠲᠤᠯ ᠪᠤᠯᠤᠨ ᠬᠠᠷᠢᠭᠤᠴᠠᠯᠭᠠᠲᠦ ᠰᠡᠳᠭᠢᠯᠭᠡ ᠪᠠᠷ ᠰᠢᠰᠲ᠋ᠧᠮ ᠲᠠᠢ ᠰᠤᠷᠤᠯᠴᠠᠵᠦ᠂ ᠬᠦᠨᠵᠡᠭᠡᠢ ᠰᠤᠷᠤᠯᠴᠠᠵᠦ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠦᠨᠡᠡᠬᠦ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠨᠢᠭᠡᠳᠭᠡᠵᠤ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠠᠴᠠ ᠲᠤᠭᠲᠠᠭᠠᠭᠰᠠᠠ ᠴᠢᠬᠤᠯᠠ ᠶᠡᠭᠡ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠲᠠᠢ ᠨᠢᠭᠡᠳᠭᠡᠬᠦ ᠬᠡᠷᠡᠭᠲᠡᠢ᠃ ᠡᠯ᠎ᠠ ᠱᠠᠲᠤᠨ ᠤ ᠨᠠᠮ ᠤᠨ ᠬᠤᠷᠢᠶ᠎ᠠ (ᠨᠠᠮ ᠤᠨ ᠤᠲᠤᠷᠢᠳᠬᠤ ᠲᠤᠭᠤᠢᠢᠯᠠᠩ) ᠶ᠋ᠢᠨ ᠤᠨᠤᠯ ᠰᠤᠷᠤᠯᠴᠠᠬᠤ ᠭᠤᠤᠯ ᠲᠤᠭᠤᠢᠢᠯᠠᠩ ᠡᠨᠡᠬᠦ ᠴᠢᠬᠤᠯᠠ ᠵᠤᠬᠢᠶᠠᠯ ᠢ ᠲᠦᠷᠦᠭᠦᠯᠡᠨ ᠰᠠᠶᠢᠲᠤᠷ ᠰᠤᠷᠤᠯᠴᠠᠵᠦ ᠰᠠᠶᠢᠲᠤᠷ ᠭᠡᠷᠡᠭᠯᠡᠵᠦ᠂ ᠪᠦᠬᠦ ᠨᠠᠮ ᠤᠨ ᠬᠢᠨ ᠤ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠴᠠᠭ ᠦᠶ᠎ᠠ ᠶᠢᠨ ᠠᠬᠤᠢ ᠪᠠᠶᠢᠲᠠᠯ ᠂ ᠰᠢᠨᠵᠢᠯᠡᠬᠦ ᠤᠬᠠᠭᠠᠠᠴᠢ ᠰᠢᠰᠲ᠋ᠧᠮ᠂ ᠵᠤᠷᠢᠭ ᠰᠠᠨᠠᠭᠠᠠ ᠤ ᠮᠦᠨ ᠴᠢᠨᠠᠷ᠂ ᠦᠢᠯᠡᠲᠦᠯᠭᠡ ᠶᠢᠨ ᠱᠠᠭᠠᠷᠲᠠᠯᠭ᠎ᠠ ᠶᠢ ᠬᠦᠨᠵᠡᠭᠡᠢ ᠤᠢᠢᠯᠠᠭᠠᠬᠤ ᠶᠢ ᠠᠬᠢᠭᠤᠯᠵᠦ᠂ ᠡᠨᠡᠬᠦ ᠦᠵᠡᠯ ᠰᠠᠨᠠᠭᠠᠠ ᠤ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠤᠭᠲᠠᠯ᠂ ᠤᠨᠤᠯ ᠤᠨ ᠠᠴᠢ ᠬᠤᠯᠪᠤᠭᠲᠠᠯ᠂ ᠦᠢᠯᠡᠲᠦᠯᠭᠡ ᠶᠢᠨ ᠠᠴᠢ ᠬᠤᠯᠪᠤᠭᠲᠠᠯ ᠢ ᠬᠦᠨᠵᠡᠭᠡᠢ ᠤᠢᠢᠯᠠᠭᠠᠵᠦ᠂ ᠪᠦᠬᠦ ᠨᠠᠮ ᠤᠨ ᠮᠠᠷᠺᠰ ᠤᠨ ᠦᠵᠡᠯ ᠤᠨ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠲᠡᠢ᠃ ᠤᠨᠤᠯ ᠢ ᠦᠢᠯᠡᠲᠦᠯᠭᠡ ᠲᠠᠢ ᠤᠶᠠᠯᠲᠤᠭᠤᠯᠬᠤ ᠰᠢᠯᠢᠲᠡᠭ ᠰᠤᠷᠲᠠᠯ ᠢ ᠶᠡᠬᠡᠪᠠᠷ ᠪᠠᠲᠠᠷᠠᠭᠤᠯᠵᠦ᠂ ᠠᠰᠠᠭᠤᠲᠠᠯ ᠤᠨ ᠲᠤᠬᠠᠢ ᠤᠬᠠᠮᠰᠠᠷ ᠢᠶᠠᠨ ᠴᠢᠩᠭᠠᠳᠬᠠᠠ᠂ ᠠᠰᠠᠭᠤᠲᠠᠯ ᠢᠶᠠᠷ ᠤᠳᠤᠷᠢᠳᠤᠮᠵᠢ ᠪᠤᠯᠭᠠᠵᠦ᠂ ᠰᠤᠷᠤᠯᠴᠠᠬᠤ ᠴᠢᠲᠠᠪᠤᠷᠢ᠂ ᠤᠯᠤᠰ ᠲᠦᠷᠦ ᠶᠢᠨ ᠤᠲᠤᠷᠢᠳᠬᠤ ᠴᠢᠲᠠᠪᠤᠷᠢ᠂ ᠦᠭᠡᠷᠡᠴᠢᠯᠡᠯᠲᠡ ᠬᠢᠵᠦ ᠰᠢᠨ᠎ᠠ ᠶᠢ ᠡᠭᠦᠳᠬᠦ ᠴᠢᠲᠠᠪᠤᠷᠢ᠂ ᠰᠢᠨᠵᠢᠯᠡᠬᠦ ᠤᠬᠠᠭᠠᠠᠴᠢ ᠪᠠᠷ ᠬᠦᠭᠵᠢᠭᠦᠯᠬᠦ ᠴᠢᠲᠠᠪᠤᠷᠢ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠲᠠᠪᠤᠷᠢ᠂ ᠤᠯᠠᠠ ᠲᠦᠮᠡᠡ ᠤ ᠠᠵᠢᠯ ᠤᠨ ᠴᠢᠲᠠᠪᠤᠷᠢ᠂ ᠨᠠᠶᠢᠲᠠᠪᠤᠷᠢᠵᠢᠭᠤᠯᠬᠤ ᠶᠢ ᠬᠦᠴᠤᠲᠠᠢ ᠠᠳᠬᠤᠬᠤ ᠴᠢᠲᠠᠪᠤᠷᠢ᠂ ᠠᠶᠤᠯ ᠲᠦᠭᠰᠢᠬᠦᠷᠢ ᠶᠢ ᠡᠷᠭᠡᠰᠢᠶᠡᠬᠦ ᠴᠢᠲᠠᠪᠤᠷᠢ ᠪᠠᠨ ᠬᠦᠴᠦᠯᠡᠨ ᠴᠢᠩᠠᠭᠠᠳᠬᠠᠬᠤ ᠭᠡᠷᠡᠭᠲᠡᠢ᠃ ᠡᠯ᠎ᠠ ᠱᠠᠲᠤᠠ ᠤ ᠨᠠᠮ ᠤᠨ ᠰᠤᠷᠭᠠᠭᠤᠯᠢ᠂ ᠺᠠᠳ᠋ᠷ ᠤᠨ ᠲᠡᠭᠡᠲᠦ ᠰᠤᠷᠭᠠᠭᠤᠯᠢ᠂ ᠵᠠᠰᠠᠭ ᠵᠠᠬᠢᠷᠭᠠᠠ ᠤ ᠲᠡᠭᠡᠲᠦ ᠰᠤᠷᠭᠠᠭᠤᠯᠢ ᠡᠭᠦᠨ ᠢ ᠪᠤᠯᠪᠠᠰᠤᠷᠠᠭᠤᠯᠤᠯ ᠵᠢᠭᠠᠠ ᠰᠤᠷᠭᠠᠯᠳᠠ ᠶᠢᠨ ᠠᠭᠤᠯᠭ᠎ᠠ ᠳᠠᠭᠠᠨ ᠤᠷᠤᠭᠤᠯᠵᠦ᠂ ᠡᠯ᠎ᠠ ᠶᠡᠭᠡ ᠲᠡᠭᠡᠲᠦ ᠰᠤᠷᠭᠠᠭᠤᠯᠢ ᠡᠭᠦᠨ ᠢ ᠪᠠᠭᠰᠢ ᠰᠤᠷᠤᠭᠴᠢᠳ ᠤᠨ ᠤᠨᠤᠯ ᠤᠨ ᠰᠤᠷᠤᠯᠴᠠᠯᠭ᠎ᠠ ᠬᠦᠮᠦᠵᠢᠯ ᠤᠨ ᠴᠢᠬᠤᠯᠠ ᠮᠠᠲ᠋ᠧᠷᠢᠶᠠᠯ ᠪᠤᠯᠭᠠᠵᠦ᠂ ᠡᠯ᠎ᠠ ᠱᠠᠲᠤᠠ ᠤ ᠨᠠᠮ ᠤᠨ ᠬᠤᠷᠢᠶᠠᠨ ᠤ ᠪᠠᠭᠰᠢᠯᠠᠬᠴᠢᠳ ᠤᠨ ᠪᠦᠯᠬᠦᠮ ᠦᠨᠲᠦᠰᠦᠨ ᠱᠠᠲᠤᠨ ᠤ ᠨᠠᠮ ᠤᠨ ᠭᠡᠰᠢᠭᠦᠨ ᠪᠤᠯᠤᠨ ᠤᠯᠠᠠ ᠲᠦᠮᠡᠡ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠰᠠᠶᠢᠲᠤᠷ ᠵᠤᠬᠢᠶᠠᠠ ᠪᠠᠶᠢᠭᠤᠯᠬᠤ ᠬᠡᠷᠡᠭᠲᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122001479