ᠰᠢ ᠶᠢᠨ ᠫᠢᠩ ᠵᠢᠪᠦ᠋ᠲ᠋ᠢ ᠶᠢᠨ ᠶᠡᠷᠦᠩᠭᠡᠶᠢᠯᠡᠭᠴᠢ ᠬᠢᠯᠧ ᠲᠠᠢ ᠭᠡᠯᠡᠯᠴᠡᠭᠡ ᠬᠢᠪᠡ 2017-11-24 16:41

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠪᠠᠢ ᠵᠢᠶᠧ)ᠤᠯᠤᠰ ᠤᠨ ᠲᠡᠷᠢᠬᠦᠯᠡᠭᠴᠢ ᠰᠢ ᠶᠢᠨ ᠫᠢᠩ 23 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯ ᠬᠢᠬᠦ ᠪᠠᠷ ᠢᠷᠡᠭᠰᠡᠨ ᠵᠢᠪᠦ᠋ᠲ᠋ᠢ ᠶᠢᠨ ᠶᠡᠷᠦᠩᠭᠡᠶᠢᠯᠡᠭᠴᠢ ᠬᠢᠯᠧ ᠲᠠᠢ ᠭᠡᠯᠡᠯᠴᠡᠭᠡ ᠬᠢᠵᠠᠢ᠃ ᠬᠤᠶᠠᠷ ᠤᠯᠤᠰ ᠤᠨ ᠲᠡᠷᠢᠬᠦᠨ ᠳᠤᠮᠳᠠᠳᠤ ᠵᠢᠪᠦ᠋ᠲ᠋ᠢ ᠶᠢᠨ ᠪᠠᠶᠢᠯᠳᠤᠬᠤ ᠪᠤᠳᠤᠯᠭ᠎ᠠ ᠶᠢᠨ ᠳᠦᠩᠰᠢᠯᠡᠯ ᠤᠨ ᠬᠠᠷᠢᠯᠴᠠᠭ᠎ᠠ ᠶᠢ ᠪᠠᠶᠢᠭᠤᠯᠵᠦ᠂ ᠬᠤᠶᠠᠷ ᠤᠯᠤᠰ ᠤᠨ ᠪᠦᠬᠦ ᠰᠠᠯᠪᠤᠷᠢ ᠶᠢᠨ ᠬᠠᠮᠳᠤ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢ ᠰᠠᠨᠠᠯ ᠨᠢᠭᠡᠳᠠᠢ ᠵᠦᠪᠰᠢᠶᠡᠷᠡᠪᠡ᠃

    ᠰᠢ ᠶᠢᠨ ᠫᠢᠩ᠂ ᠶᠡᠷᠦᠩᠭᠡᠶᠢᠯᠡᠭᠴᠢ ᠬᠢᠯᠧ ᠪᠤᠯ ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠳᠠᠷᠠᠭ᠎ᠠ ᠳᠤᠮᠳᠠᠳᠤ ᠤᠯᠤᠰ ᠲᠤ ᠠᠶᠢᠯᠴᠢᠯᠠᠬᠰᠠᠨ ᠠᠩᠬᠠᠳᠠᠬᠴᠢ ᠠᠹᠷᠢᠺᠠ ᠲᠢᠪ ᠤᠨ ᠤᠯᠤᠰ ᠤᠨ ᠲᠡᠷᠢᠬᠦᠨ ᠪᠤᠯᠤᠨ᠎ᠠ᠂ ᠡᠨᠡ ᠨᠢ ᠬᠤᠶᠠᠷ ᠤᠯᠤᠰ ᠤᠨ ᠬᠠᠷᠢᠯᠴᠠᠭ᠎ᠠ ᠲᠤᠳᠤᠨᠤ ᠨᠦᠬᠦᠷᠰᠡᠭ ᠪᠠᠶᠢᠬᠤ ᠶᠢ ᠬᠦᠢᠴᠡᠳ ᠬᠠᠷᠠᠭᠤᠯᠵᠦ ᠪᠤᠢ᠃ ᠳᠤᠮᠳᠠᠳᠤ ᠶᠢᠨ ᠲᠠᠯ᠎ᠠ ᠳᠤᠮᠳᠠᠳᠤ ᠵᠢᠪᠦ᠋ᠲ᠋ᠢ ᠶᠢᠨ ᠬᠠᠷᠢᠯᠴᠠᠭ᠎ᠠ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ ᠪᠠᠶᠢᠨ᠎ᠠ᠃ ᠬᠤᠶᠠᠷ ᠤᠯᠤᠰ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 38 ᠵᠢᠯ ᠤᠨ ᠲᠤᠷᠰᠢ ᠢᠮᠠᠬᠳᠠ ᠡᠷᠭᠡ ᠲᠡᠭᠰᠢ ᠪᠠᠷ ᠬᠠᠨᠳᠤᠵᠦ᠂ ᠬᠠᠷᠢᠯᠴᠠᠨ ᠬᠦᠨᠳᠦᠳᠭᠡᠵᠦ᠂ ᠬᠠᠷᠢᠯᠴᠡᠨ ᠳᠡᠮᠵᠢᠭᠰᠡᠭᠡᠷ ᠢᠷᠡᠵᠡᠢ᠃ ᠳᠤᠮᠳᠠᠳᠤ ᠶᠢᠨ ᠲᠠᠯ᠎ᠠ ᠳᠤᠷᠠᠳᠠᠶ᠎ᠠ ᠵᠢᠪᠦ᠋ᠲ᠋ᠢ ᠶᠢᠨ ᠬᠢᠨ ᠲᠠᠢ ᠬᠠᠮᠳᠤᠪᠡᠷ ᠳᠤᠮᠳᠠᠳᠤ ᠠᠹᠷᠢᠺᠠ ᠶᠢᠨ ᠬᠠᠮᠳᠤ ᠶᠢᠨ ᠠᠵᠢᠯᠯᠠᠠᠭᠠᠨ ᠤ ᠹᠤᠷᠦ᠋ᠮ ᠤᠨ ᠶᠤᠬᠠᠨᠧᠰᠪᠦ᠋ᠷᠡᠭ ᠤᠨ ᠲᠦᠷᠦᠬᠦᠴᠤᠳ ᠤᠨ ᠬᠤᠷᠠᠯ ᠤᠨ ᠦᠷ᠎ᠠ ᠪᠦᠳᠦᠭᠡᠯ ᠢ ᠱᠠᠯᠠᠪᠳᠠᠨ ᠨᠠᠶᠢᠳᠠᠪᠤᠷᠢᠵᠢᠭᠤᠯᠵᠦ᠂《ᠨᠢᠭᠡ ᠪᠦᠰᠡ ᠨᠢᠭᠡ ᠵᠠᠮ》 ᠤᠨ ᠪᠠᠶᠢᠭᠤᠯᠤᠯᠳᠠ ᠶᠢ ᠬᠠᠮᠳᠤᠪᠡᠷ ᠠᠬᠢᠭᠤᠯᠵᠦ᠂ ᠬᠤᠶᠠᠷ ᠤᠯᠤᠰ ᠤᠨ ᠪᠦᠬᠦ ᠰᠠᠯᠪᠤᠷᠢ ᠳᠡᠬᠢ ᠬᠠᠮᠳᠤ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠠ ᠭᠡᠵᠦ ᠵᠢᠭᠠᠵᠦ ᠭᠠᠷᠭᠠᠵᠠᠢ᠃

    ᠰᠢ ᠶᠢᠨ ᠫᠢᠩ᠂ ᠦᠢᠷ᠎ᠡ ᠶᠢᠨ ᠵᠢᠯ ᠳᠤ᠂ ᠲᠤᠮᠳᠠᠳᠤ ᠵᠢᠪᠦ᠋ᠲ᠋ᠢ ᠬᠤᠶᠠᠷ ᠤᠯᠤᠰ ᠤᠨ ᠤᠯᠤᠰ ᠲᠦᠷᠦ ᠶᠢᠨ ᠢᠳᠡᠭᠡᠯᠴᠡᠯ ᠲᠠᠰᠤᠷᠠᠯᠳᠡ ᠦᠭᠡᠢ ᠨᠡᠮᠡᠭᠳᠡᠵᠦ᠂ ᠪᠦᠬᠦ ᠰᠠᠯᠪᠤᠷᠢ ᠳᠡᠬᠢ ᠬᠠᠮᠳᠤ ᠶᠢᠨ ᠠᠵᠢᠯᠯᠠᠭᠠᠨ ᠤ ᠦᠷ᠎ᠠ ᠪᠦᠳᠦᠭᠡᠯ ᠡᠯᠪᠡᠭᠵᠢᠵᠤ᠂ ᠮᠠᠨ ᠤ ᠬᠤᠶᠠᠷ ᠤᠯᠤᠰ ᠤᠨ ᠬᠠᠷᠢᠯᠴᠠᠭ᠎ᠠ ᠶᠢᠨ ᠪᠠᠶᠢᠯᠳᠤᠬᠤ ᠪᠤᠳᠤᠯᠭᠠᠳᠤ ᠴᠢᠨᠠᠷ ᠪᠡ ᠦᠨᠳᠤᠷ ᠲᠦᠪᠰᠢᠨ ᠢ ᠭᠦᠢᠴᠡᠳ ᠢᠯᠡᠷᠡᠭᠦᠯᠵᠡᠢ᠃ ᠬᠤᠶᠠᠷ ᠲᠠᠯ᠎ᠡ ᠪᠠᠷ ᠢᠶᠠᠨ ᠲᠡᠭᠡᠳᠤ ᠳᠦᠪᠰᠢᠨ ᠤ ᠬᠠᠷᠢᠯᠴᠠᠭᠠᠨ ᠤ ᠰᠠᠶᠢᠨ ᠰᠠᠶᠢᠬᠠᠨ ᠪᠠᠶᠢᠳᠠᠯ ᠢᠶᠠᠨ ᠪᠠᠳᠤᠯᠠᠵᠤ᠂ ᠬᠤᠶᠠᠷ ᠤᠯᠤᠰ ᠤᠨ ᠵᠠᠰᠠᠭ ᠤᠨ ᠭᠠᠵᠠᠷ᠂ ᠬᠠᠤᠯᠢ ᠲᠤᠭᠳᠠᠭᠠᠬᠤ ᠪᠠᠶᠢᠭᠤᠯᠤᠮᠵᠢ᠂ ᠲᠦᠷᠦ ᠶᠢᠨ ᠨᠠᠮ᠂ ᠤᠷᠤᠨ ᠨᠤᠳᠤᠭ ᠤᠨ ᠪᠦᠬᠦ ᠰᠠᠯᠪᠤᠷᠢ ᠳ᠋ᠡᠬᠢ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠶᠢ ᠳᠡᠯᠡᠵᠤ᠂ ᠲᠦᠷᠦ ᠶᠢ ᠵᠠᠰᠠᠵᠦ ᠵᠠᠰᠠᠭ ᠢ ᠡᠷᠬᠢᠯᠡᠭᠦ ᠪᠡ ᠭᠦᠭᠵᠢᠯᠳᠡ ᠶᠢᠨ ᠲᠤᠷᠰᠢᠯᠭ᠎ᠠ ᠶᠢᠨ ᠲᠠᠯ᠎ᠡ ᠪᠠᠷ ᠰᠤᠯᠢᠯᠴᠠᠭ᠎ᠠ ᠬᠢᠵᠤ ᠬᠠᠷᠢᠯᠴᠠᠨ ᠲᠤᠯᠢᠳᠠᠬᠤ ᠪᠠᠨ ᠴᠢᠩᠭᠠᠳᠬᠠᠵᠤ᠂ ᠲᠤᠰ ᠲᠤᠰ ᠤᠨ ᠢᠶᠠᠨ ᠠᠰᠢᠭ ᠲᠤᠰᠡ ᠲᠠᠢ ᠬᠤᠯᠪᠤᠭᠳᠠᠬᠰᠡᠨ ᠪᠡ ᠠᠩᠬᠠᠷᠤᠯ ᠲᠠᠯᠪᠢᠵᠤ ᠪᠠᠶᠢᠭ᠎ᠠ ᠴᠢᠬᠤᠯᠡ ᠶᠡᠭᠡ ᠠᠰᠠᠭᠤᠳᠠᠯ ᠢ ᠬᠠᠷᠢᠯᠴᠡᠨ ᠲᠡᠮᠵᠢᠶ᠎ᠠ᠃ ᠪᠢᠳᠡ ᠵᠢᠪᠦ᠋ᠲ᠋ᠢ ᠶᠢ《ᠨᠢᠭᠡ ᠪᠦᠰᠡ ᠨᠢᠭᠡ ᠵᠠᠮ》 ᠤᠨ ᠪᠠᠶᠢᠭᠤᠯᠤᠯᠳᠡ ᠳᠤ ᠤᠷᠤᠯᠴᠠᠬᠤ ᠶᠢ ᠤᠭᠳᠤᠵᠤ᠂ ᠲᠤᠷᠠᠳᠠᠶ᠎ᠡ ᠵᠢᠪᠦ᠋ᠲ᠋ᠢ ᠶᠢᠨ ᠬᠢᠨ ᠲᠠᠢ ᠬᠠᠮᠳᠤᠪᠡᠷ ᠬᠤᠶᠠᠷ ᠤᠯᠤᠰ ᠤᠨ ᠪᠤᠳᠠᠳᠠᠢ ᠶᠢ ᠡᠷᠬᠢᠮᠯᠡᠭᠦ ᠬᠠᠮᠳᠤ ᠶᠢᠨ ᠠᠵᠢᠯᠯᠠᠭ᠎ᠠ ᠶᠢ ᠲᠤᠭᠳᠠᠭᠤᠨ ᠢᠶᠠᠷ ᠠᠬᠢᠭᠤᠯᠵᠤ᠂ ᠲᠡᠮᠤᠷ ᠵᠠᠮ᠂ ᠭᠠᠷᠠᠮ᠂ ᠤᠰᠤ ᠬᠠᠩᠭᠠᠬᠤ᠂ ᠰᠢᠩᠭᠡᠨᠵᠢᠮᠡᠯ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠠᠢ ᠵᠡᠷᠭᠡ ᠳᠡᠳ᠋ ᠪᠦᠳᠦᠴᠡ ᠶᠢᠨ ᠳᠦᠰᠦᠯ ᠪᠡ ᠴᠢᠯᠦᠭᠡᠳᠤ ᠬᠤᠳᠠᠯᠳᠤᠭᠠᠨ ᠤ ᠪᠦᠰᠡ ᠶᠢᠨ ᠪᠠᠶᠢᠭᠤᠯᠤᠯᠳᠡ᠂ ᠲᠠᠷᠢᠶᠠᠯᠠᠩ ᠤᠨ ᠬᠤᠷᠰᠢᠶ᠎ᠡ ᠵᠡᠷᠭᠡ ᠳᠤ ᠰᠠᠶᠢᠨ ᠰᠠᠶᠢᠬᠠᠨ ᠡᠳ᠋ ᠤᠨ ᠵᠠᠰᠠᠭ ᠤᠨ ᠦᠷ᠎ᠠ ᠠᠰᠢᠭ ᠲᠠᠢ ᠪᠤᠯᠭᠠᠨ᠎ᠡ᠃ ᠲᠤᠮᠳᠠᠳᠤ ᠶᠢᠨ ᠲᠠᠯ᠎ᠡ ᠲᠤᠷᠠᠳᠠᠶ᠎ᠡ ᠦᠷᠭᠦᠯᠵᠢᠯᠡᠨ ᠵᠢᠪᠦ᠋ᠲ᠋ᠢ ᠳᠤ ᠳᠤᠰᠠᠯᠠᠵᠤ ᠲᠤᠬᠠᠢ ᠶᠢᠨ ᠤᠷᠤᠨ ᠤ ᠡᠮ ᠡᠮᠨᠡᠯᠭᠡ ᠶᠢᠨ ᠨᠦᠭᠦᠴᠡᠯ ᠢ ᠰᠠᠶᠢᠵᠢᠷᠠᠭᠤᠯᠵᠤ᠂ ᠪᠤᠯᠪᠠᠰᠤᠨ ᠬᠦᠴᠦᠨ ᠤ ᠪᠠᠶᠠᠯᠢᠭ ᠢ ᠨᠡᠭᠡᠭᠡᠨ ᠭᠦᠭᠵᠢᠭᠦᠯᠭᠦ ᠬᠠᠮᠳᠤ ᠶᠢᠨ ᠠᠵᠢᠯᠯᠠᠭ᠎ᠠ ᠶᠢ ᠳᠡᠯᠡᠵᠤ᠂ ᠬᠤᠶᠠᠷ ᠲᠠᠯ᠎ᠡ ᠶᠢᠨ ᠵᠠᠯᠠᠭᠤᠴᠤᠳ᠂ ᠡᠮᠡᠭᠳᠡᠶᠢᠴᠤᠳ᠂ ᠤᠶᠤᠨ ᠤ ᠭᠦᠮᠦᠷᠭᠡ᠂ ᠵᠠᠭᠤᠴᠢᠯᠠᠭᠤᠷ ᠵᠡᠷᠭᠡ ᠰᠠᠯᠪᠤᠷᠢ ᠶᠢᠨ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠤ᠂ ᠬᠤᠶᠠᠷ ᠤᠯᠤᠰ ᠤᠨ ᠨᠦᠭᠦᠷᠯᠡᠯ ᠤᠨ ᠢᠷᠬᠡᠳ ᠤᠨ ᠰᠠᠨᠠᠭᠠᠨ ᠤ ᠰᠠᠭᠤᠷᠢ ᠪᠡ ᠨᠡᠶᠢᠭᠡᠮ ᠤᠨ ᠰᠠᠭᠤᠷᠢ ᠶᠢ ᠪᠠᠳᠤᠳᠬᠠᠨ᠎ᠡ᠃ ᠲᠤᠮᠳᠠᠳᠤ ᠶᠢᠨ ᠲᠠᠯ᠎ᠡ ᠠᠴᠠ ᠵᠢᠪᠦ᠋ᠲ᠋ᠢ ᠶᠢ ᠲᠠᠮᠵᠢᠵᠤ ᠲᠡᠯᠡᠬᠡᠢ ᠶᠢᠨ ᠪᠡ ᠪᠦᠰᠡ ᠨᠤᠳᠤᠭ ᠤᠨ ᠬᠡᠷᠡᠭ ᠤᠴᠢᠷ ᠤᠨ ᠲᠤᠮᠳᠡ ᠨᠡᠩ ᠶᠡᠭᠡ ᠦᠢᠯᠡᠳᠦᠯ ᠢ ᠨᠢ ᠪᠠᠳᠠᠷᠠᠭᠤᠯᠵᠤ᠂ ᠲᠤᠷᠠᠳᠠᠶ᠎ᠡ ᠵᠢᠪᠦ᠋ᠲ᠋ᠢ ᠶᠢᠨ ᠬᠢᠨ ᠲᠠᠢ 2030 ᠤᠨ ᠤ ᠦᠷᠭᠦᠯᠵᠢᠯᠡᠭᠦ ᠭᠦᠭᠵᠢᠯᠳᠡ ᠶᠢᠨ ᠵᠦᠪᠯᠡᠭᠦ ᠵᠦᠢᠯ᠂ ᠠᠹᠷᠢᠺᠡ ᠲᠢᠪ ᠤᠨ ᠡᠩᠭᠡ ᠲᠠᠶᠢᠪᠤᠩ ᠪᠡ ᠠᠶᠤᠯᠬᠦᠢ ᠵᠡᠷᠭᠡ ᠲᠡᠯᠡᠬᠡᠢ ᠶᠢᠨ ᠪᠡ ᠪᠦᠰᠡ ᠨᠤᠳᠤᠭ ᠤᠨ ᠴᠢᠬᠤᠯᠡ ᠶᠡᠭᠡ ᠠᠰᠠᠭᠤᠳᠠᠯ ᠤᠨ ᠲᠤᠬᠠᠢ ᠤᠯᠤᠯᠴᠠᠭ᠎ᠠ ᠵᠤᠬᠢᠴᠠᠭᠤᠯᠭ᠎ᠠ ᠪᠠᠨ ᠴᠢᠩᠭᠠᠳᠬᠠᠵᠤ᠂ ᠬᠤᠶᠠᠷ ᠤᠯᠤᠰ ᠪᠡ ᠭᠦᠭᠵᠢᠵᠤ ᠪᠠᠶᠢᠭ᠎ᠠ ᠤᠯᠤᠰ ᠤᠨ ᠠᠰᠢᠭ ᠲᠤᠰᠡ ᠶᠢ ᠬᠠᠮᠳᠤᠪᠡᠷ ᠰᠠᠬᠢᠨ ᠬᠠᠮᠠᠭᠠᠯᠠᠵᠤ᠂ ᠠᠹᠷᠢᠺᠡ ᠲᠢᠪ ᠤᠨ ᠡᠩᠭᠡ ᠲᠠᠶᠢᠪᠤᠩ ᠲᠤᠭᠳᠠᠭᠤᠨ ᠪᠠᠶᠢᠳᠠᠯ ᠢ ᠰᠠᠬᠢᠨ ᠬᠠᠮᠠᠭᠠᠯᠠᠬᠤ ᠳᠤ ᠪᠦᠳᠦᠭᠡᠯᠴᠢ ᠴᠢᠨᠠᠷᠳᠠᠢ ᠦᠢᠯᠡᠳᠦᠯ ᠦᠵᠡᠭᠦᠯᠤᠨ᠎ᠡ ᠭᠡᠵᠤ ᠴᠢᠬᠤᠯᠡᠴᠢᠯᠡᠪᠡ᠃

    ᠬᠢᠯᠧ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠲᠠᠷᠠᠭ᠎ᠠ ᠳᠤᠮᠳᠠᠳᠤ ᠤᠯᠤᠰ ᠲᠤ ᠠᠩᠬ᠎ᠠ ᠤᠳᠠᠭ᠎ᠠ ᠠᠶᠢᠯᠴᠢᠯᠠᠬᠰᠠᠨ ᠠᠹᠷᠢᠺᠠ ᠲᠢᠪ ᠤᠨ ᠤᠯᠤᠰ ᠤᠨ ᠲᠡᠷᠢᠬᠦᠨ ᠪᠤᠯᠤᠬᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠰᠠᠨ ᠳᠤ ᠪᠠᠶᠠᠷ ᠬᠦᠷᠬᠡᠵᠤ ᠪᠠᠶᠢᠨ᠎ᠠ᠂ ᠰᠢ ᠶᠢᠨ ᠫᠢᠩ ᠤᠨ ᠲᠠᠬᠢᠨᠳᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ ᠪᠠᠷ ᠰᠤᠩᠭᠤᠬᠳᠠᠬᠰᠠᠨ ᠳᠤ ᠪᠠᠶᠠᠷ ᠬᠦᠷᠬᠡᠵᠤ ᠪᠠᠶᠢᠨ᠎ᠠ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ ᠳᠤ ᠪᠢᠴᠢᠵᠤ ᠤᠷᠤᠭᠤᠯᠤᠬᠰᠠᠨ ᠢ ᠲᠡᠭᠡᠳᠤ ᠬᠡᠮᠵᠢᠶ᠎ᠠ ᠪᠠᠷ ᠦᠨᠡᠯᠠᠵᠤ ᠪᠠᠶᠢᠨ᠎ᠠ ᠬᠡᠵᠤ ᠢᠯᠡᠳᠬᠡᠪᠡ᠃

    ᠬᠢᠯᠧ᠂ ᠵᠢᠪᠦ᠋ᠲ᠋ᠢ ᠪᠤᠯ ᠳᠤᠮᠳᠠᠳᠤ ᠤᠯᠤᠰ ᠤᠨ ᠰᠠᠶᠢᠨ ᠨᠠᠶᠢᠵᠢ᠂ ᠳᠤᠮᠳᠠᠳᠤ ᠤᠯᠤᠰ ᠢ ᠡᠩ ᠲᠡᠷᠢᠬᠦᠨ ᠤ ᠪᠠ ᠲᠤᠳᠠᠬᠳᠠᠵᠤ ᠪᠤᠯᠤᠰᠢ ᠦᠬᠡᠢ ᠳᠦᠩᠰᠢ ᠪᠡᠷ ᠦᠵᠡᠵᠤ᠂ ᠬᠤᠶᠠᠷ ᠤᠯᠤᠰ ᠤᠨ ᠬᠠᠷᠢᠯᠴᠠᠭ᠎ᠠ ᠠᠷᠪᠠ ᠭᠠᠷᠤᠢ ᠵᠢᠯ ᠤᠨ ᠲᠤᠷᠰᠢ ᠲᠠᠰᠤᠷᠠᠯᠳᠠ ᠦᠬᠡᠢ ᠪᠠᠬᠢᠵᠢᠨ ᠬᠦᠭᠵᠢᠭᠰᠡᠨ ᠳᠤ ᠰᠡᠳᠬᠢᠯ ᠬᠠᠨᠤᠮᠵᠢᠳᠠᠢ ᠪᠠᠶᠢᠨ᠎ᠠ᠂ ᠳᠤᠮᠳᠠᠳᠤ ᠤᠯᠤᠰ ᠤᠨ ᠬᠢᠨ ᠤᠯᠠᠨ ᠵᠢᠯ ᠤᠨ ᠲᠤᠷᠰᠢ ᠵᠢᠪᠦ᠋ᠲ᠋ᠢ ᠳᠤ ᠬᠠᠪᠰᠤᠷᠤᠯᠭ᠎ᠠ ᠲᠡᠮᠵᠢᠯᠬᠡ ᠦᠭᠬᠦᠭᠰᠡᠨ ᠳᠤ ᠲᠠᠯᠠᠷᠬᠠᠵᠤ ᠪᠠᠶᠢᠨ᠎ᠠ᠃ ᠵᠢᠪᠦ᠋ᠲ᠋ᠢ ᠶᠢᠨ ᠭᠠᠵᠠᠷ ᠵᠦᠢ ᠶᠢᠨ ᠪᠠᠶᠢᠷᠢᠯᠠᠯ ᠦᠪᠡᠷᠮᠢᠴᠡ ᠤᠨᠴᠠᠯᠢᠬ ᠲᠠᠢ᠂ ᠲᠤᠷᠠᠳᠠᠶ᠎ᠠ《ᠨᠢᠭᠡ ᠪᠦᠰᠡ ᠨᠢᠭᠡ ᠵᠠᠮ》 ᠢ ᠬᠠᠮᠳᠤᠪᠡᠷ ᠪᠦᠳᠤᠬᠡᠨ ᠪᠠᠶᠢᠭᠤᠯᠬᠤ ᠳᠤ ᠢᠳᠡᠪᠬᠢᠳᠠᠢ ᠤᠷᠤᠯᠴᠠᠵᠤ᠂ ᠳᠤᠮᠳᠠᠳᠤ ᠤᠯᠤᠰ ᠯᠤᠭ᠎ᠠ ᠳᠡᠳ᠋ ᠪᠦᠳᠦᠴᠡ᠂ ᠢᠷᠬᠡᠳ ᠤᠨ ᠠᠮᠢᠵᠢᠷᠠᠭ᠎ᠠ ᠵᠡᠷᠬᠡ ᠰᠠᠯᠪᠤᠷᠢ ᠳ᠋ᠡᠬᠢ ᠬᠠᠮᠳᠤ ᠶᠢᠨ ᠠᠵᠢᠯᠯᠠᠭ᠎ᠠ ᠪᠡᠨ ᠴᠢᠩᠭᠠᠳᠬᠠᠨ᠎ᠠ᠃ ᠵᠢᠪᠦ᠋ᠲ᠋ᠢ ᠶᠢᠨ ᠬᠢᠨ ᠳᠤᠮᠳᠠᠳᠤ ᠤᠯᠤᠰ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠡᠩᠬᠡ ᠲᠠᠶᠢᠪᠤᠩ ᠢ ᠬᠠᠮᠠᠭᠠᠯᠠᠬᠤ ᠠᠵᠢᠯᠯᠠᠭ᠎ᠠ ᠵᠢᠴᠢ ᠲᠠᠯᠠᠢ ᠶᠢᠨ ᠲᠡᠭᠡᠷᠡᠮ ᠳᠤ ᠴᠤᠬᠢᠯᠳᠠ ᠦᠭᠬᠦ ᠤᠯᠠᠨ ᠤᠯᠤᠰ ᠤᠨ ᠬᠠᠮᠳᠤ ᠶᠢᠨ ᠠᠵᠢᠯᠯᠠᠭ᠎ᠠ ᠳᠤ ᠢᠳᠡᠪᠬᠢᠳᠠᠢ ᠤᠷᠤᠯᠴᠠᠬᠰᠠᠨ ᠢ ᠮᠠᠬᠳᠠᠨ ᠰᠠᠶᠢᠰᠢᠶᠠᠵᠤ᠂ ᠳᠤᠮᠳᠠᠳᠤ ᠤᠯᠤᠰ ᠤᠨ ᠬᠢᠨ ᠲᠡᠯᠡᠬᠡᠢ ᠶᠢᠨ ᠡᠩᠬᠡ ᠲᠠᠶᠢᠪᠤᠩ ᠪᠠ ᠴᠡᠴᠡᠭᠯᠡᠯ ᠬᠦᠭᠵᠢᠯ ᠳᠤ ᠵᠠᠩᠬᠢᠯᠠᠭ᠎ᠠ ᠶᠢᠨ ᠤᠢᠢᠯᠡᠳᠤᠯ ᠦᠵᠡᠬᠦᠯᠦᠭᠰᠡᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠤᠷᠳᠤ ᠬᠤᠭᠤᠴᠠᠭᠠᠨ᠎ᠠ᠂ ᠴᠢᠨᠠᠬᠰᠢᠯᠠᠪᠠᠯ ᠦᠪᠡᠰᠤᠪᠡᠨ ᠶᠠᠳᠠᠭᠤ ᠬᠤᠴᠤᠷᠤᠩᠭᠤᠢ ᠪᠠᠶᠢᠬᠤ ᠦᠶ᠎ᠠ ᠳᠡᠭᠡᠨ ᠴᠤ ᠠᠹᠷᠢᠺᠠ ᠲᠢᠪ ᠤᠨ ᠠᠶᠤᠯᠬᠦᠢ ᠪᠤᠯᠤᠨ ᠬᠦᠭᠵᠢᠯᠳᠠ ᠳᠤ ᠬᠤᠪᠢ ᠨᠡᠮᠡᠷᠢ ᠦᠵᠡᠬᠦᠯᠦᠭᠰᠡᠨ ᠢ ᠮᠠᠬᠳᠠᠨ ᠰᠠᠶᠢᠰᠢᠶᠠᠵᠤ ᠪᠠᠶᠢᠨ᠎ᠠ᠃ ᠵᠢᠪᠦ᠋ᠲ᠋ᠢ ᠶᠢᠨ ᠬᠢᠨ ᠨᠢᠬᠡ ᠳᠤᠮᠳᠠᠳᠤ ᠤᠯᠤᠰ ᠪᠠᠶᠢᠬᠤ ᠲᠦᠷᠤ ᠶᠢᠨ ᠪᠤᠳᠤᠯᠭ᠎ᠠ ᠶᠢ ᠪᠠᠷᠢᠮᠳᠠᠯᠠᠵᠤ᠂ ᠳᠤᠮᠳᠠᠳᠤ ᠤᠯᠤᠰ ᠯᠤᠭ᠎ᠠ ᠪᠠᠶᠢᠯᠳᠤᠬᠤ ᠪᠤᠳᠤᠯᠭ᠎ᠠ ᠶᠢᠨ ᠬᠠᠷᠢᠯᠴᠠᠭ᠎ᠠ ᠪᠠᠨ ᠬᠦᠭᠵᠢᠬᠦᠯᠬᠦ ᠪᠠᠷ ᠴᠢᠷᠮᠠᠶᠢᠵᠤ᠂ ᠳᠤᠮᠳᠠᠳᠤ ᠤᠯᠤᠰ ᠤᠨ ᠬᠢᠨ ᠲᠡᠯᠡᠬᠡᠢ ᠶᠢᠨ ᠭᠡᠷᠡᠭ ᠶᠠᠪᠤᠳᠠᠯ ᠳᠠᠬᠢ ᠪᠠᠶᠢᠷᠢ ᠰᠠᠭᠤᠷᠢ ᠪᠠᠨ ᠰᠡᠷᠬᠦᠬᠡᠭᠰᠡᠨ ᠳᠤ ᠪᠠᠶᠠᠷᠯᠠᠵᠤ᠂ ᠲᠤᠷᠠᠳᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠠᠮᠳᠤᠷᠠᠯᠴᠠᠭ᠎ᠠ ᠪᠠᠨ ᠨᠢᠬᠳᠠᠷᠠᠭᠤᠯᠤᠨ᠎ᠠ ᠬᠡᠵᠤ ᠢᠯᠡᠳᠬᠡᠪᠡ᠃

    ᠰᠢ ᠶᠢᠨ ᠫᠢᠩ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠲᠤᠮᠲᠠᠲᠤ ᠤᠯᠤᠰ ᠤᠨ ᠠᠯᠤᠰ ᠤᠨ ᠬᠦᠭᠵᠢᠯᠲᠠ ᠳᠤ ᠶᠡᠭᠡ ᠪᠤᠲᠤᠯᠭ᠎ᠠ ᠴᠢᠭᠯᠡᠯᠲᠡ ᠪᠤᠯᠤᠨ ᠠᠵᠢᠯᠯᠠᠭᠠᠨ ᠤ ᠬᠦᠲᠦᠯᠪᠦᠷᠢ ᠲᠤᠭᠲᠠᠭᠠᠵᠤ ᠦᠭᠴᠠᠢ᠃ ᠪᠢᠲᠠ ᠦᠪᠡᠷ ᠤᠨ ᠰᠤᠩᠭᠤᠬᠰᠠᠨ ᠬᠦᠭᠵᠢᠯᠲᠠ ᠶᠢᠨ ᠵᠠᠮ ᠳᠠᠭᠠᠨ ᠢᠲᠡᠭᠡᠯ ᠲᠦᠭᠦᠷᠡᠩ ᠪᠠᠶᠢᠨ᠎ᠠ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢ ᠪᠡᠶᠡᠯᠡᠭᠦᠯᠬᠦ ᠳᠤ ᠢᠲᠡᠭᠡᠯ ᠲᠦᠭᠦᠷᠡᠩ ᠪᠠᠶᠢᠨ᠎ᠠ᠃ ᠲᠤᠮᠲᠠᠲᠤ ᠤᠯᠤᠰ ᠡᠩᠭᠡ ᠲᠠᠶᠢᠪᠤᠩ ᠬᠦᠭᠵᠢᠯᠲᠠ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠠᠷᠢᠯᠴᠠᠠ ᠠᠰᠢᠭᠲᠠᠢ ᠬᠠᠮᠲᠤᠪᠠᠷ ᠠᠰᠢᠭ ᠬᠦᠷᠲᠡᠬᠦ ᠨᠡᠭᠡᠭᠡᠯᠲᠡ ᠶᠢᠨ ᠲᠦᠷᠦ ᠶᠢᠨ ᠪᠤᠲᠤᠯᠭ᠎ᠠ ᠶᠢ ᠭᠡᠷᠡᠭᠵᠢᠭᠦᠯᠵᠦ᠂ ᠡᠯ᠎ᠠ ᠤᠯᠤᠰ ᠲᠠᠢ ᠬᠠᠮᠲᠤᠪᠠᠷ ᠰᠢᠨ᠎ᠠ ᠬᠡᠯᠪᠡᠷᠢ ᠶᠢᠨ ᠤᠯᠠᠠ ᠤᠯᠤᠰ ᠤᠨ ᠬᠠᠷᠢᠴᠠᠭ᠎ᠠ ᠶᠢ ᠪᠠᠶᠢᠭᠤᠯᠵᠦ᠂ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢ ᠪᠠᠶᠢᠭᠤᠯᠬᠤ ᠪᠠᠷ ᠴᠢᠷᠮᠠᠶᠢᠨ᠎ᠠ᠃ ᠶᠠᠮᠠᠷ ᠬᠡᠮᠵᠢᠶᠡᠨ ᠳᠤ ᠬᠦᠷᠲᠡᠯ᠎ᠠ ᠬᠦᠭᠵᠢᠭᠰᠡᠡ ᠴᠤ ᠬᠠᠮᠢᠶ᠎ᠠ ᠦᠭᠡᠢ᠂ ᠲᠡᠯᠡᠭᠡᠢ ᠶᠢᠨ ᠪᠠᠶᠢᠲᠠᠯ ᠳᠤ ᠶᠠᠮᠠᠷ ᠬᠤᠪᠢᠷᠠᠯᠲᠠ ᠭᠠᠷᠤᠭᠰᠠᠠ ᠴᠤ ᠬᠠᠮᠢᠶ᠎ᠠ ᠦᠭᠡᠢ᠂ ᠲᠤᠮᠲᠠᠲᠤ ᠤᠯᠤᠰ ᠢᠮᠠᠭᠲᠠ ᠠᠹᠷᠢᠺᠠ ᠲᠢᠪ ᠢ ᠪᠠᠭᠲᠠᠭᠠᠭᠰᠠᠠ ᠦᠷᠭᠡᠡ ᠤᠯᠠᠠ ᠬᠦᠭᠵᠢᠵᠦ ᠪᠠᠶᠢᠭ᠎ᠠ ᠤᠯᠤᠰ ᠲᠠᠢ ᠪᠠᠳᠤ ᠴᠢᠩᠭ᠎ᠠ ᠬᠠᠮᠲᠤ ᠵᠤᠭᠰᠤᠵᠦ᠂ ᠵᠦᠪ ᠠᠰᠢᠭ ᠵᠢᠷᠤᠮ ᠤᠨ ᠦᠵᠡᠯᠲᠠ ᠶᠢ ᠪᠠᠷᠢᠮᠲᠠᠯᠠᠠ᠂ ᠦᠨᠢ ᠡᠬᠦᠷᠢᠲᠡ ᠬᠦᠭᠵᠢᠵᠦ ᠪᠠᠶᠢᠭ᠎ᠠ ᠤᠯᠤᠰ ᠤᠳ ᠤᠨ ᠦᠨᠡᠡᠴᠢ ᠨᠠᠶᠢᠵᠢ ᠪᠠ ᠨᠠᠶᠢᠲᠠᠪᠤᠷᠢᠲᠠᠢ ᠬᠠᠨᠢᠲᠠᠠ ᠪᠤᠯᠤᠨ᠎ᠠ ᠭᠡᠵᠦ ᠵᠢᠭᠠᠵᠦ ᠭᠠᠷᠭᠠᠪᠠ᠃

    ᠬᠡᠯᠡᠯᠴᠡᠭᠡ ᠲᠠᠭᠤᠰᠤᠭᠰᠠᠠ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠡᠳ᠋ ᠤᠨ ᠵᠠᠰᠠᠭ ᠲᠧᠭᠨᠤᠯᠤᠬᠢ ᠶᠢᠨ ᠬᠠᠮᠳᠤ ᠶᠢᠨ ᠠᠵᠢᠯᠯᠠᠭ᠎ᠠ᠂ ᠬᠦᠲᠡᠭᠡ ᠠᠵᠦ ᠠᠬᠤᠢ ᠵᠡᠷᠭᠡ ᠰᠠᠯᠪᠤᠷᠢ ᠳᠠᠬᠢ ᠬᠤᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠪᠢᠴᠢᠭ᠌ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃

    ᠭᠡᠯᠡᠯᠴᠡᠭᠡ ᠬᠢᠬᠦ ᠠᠴᠠ ᠡᠮᠦᠨ᠎ᠠ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠭᠢᠮ ᠤᠨ ᠵᠡᠭᠦᠨ ᠡᠭᠦᠲᠠᠠ ᠤ ᠭᠠᠲᠠᠨᠠᠬᠢ ᠠᠭᠤᠲᠠᠮ ᠲᠠᠯᠠᠪᠠᠢ ᠳᠤ ᠬᠢᠯᠧ ᠢ ᠤᠭᠲᠤᠬᠤ ᠶᠤᠰᠤᠯᠠᠯ ᠶᠠᠪᠤᠭᠤᠯᠵᠠᠢ᠃ ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠨᠠᠮ ᠤᠨ ᠲᠦᠪ ᠬᠤᠷᠢᠶᠠᠠ ᠤ ᠠᠯᠪᠠᠠ ᠲᠢᠩᠭᠢᠮ ᠤᠨ ᠡᠷᠭᠢᠯᠡᠭᠴᠢ ᠳ᠋ᠢᠩ ᠰᠢᠤᠸᠡᠢ ᠰᠢᠶᠠᠩ᠂ ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠷᠦ ᠶᠢᠨ ᠶᠠᠪᠤᠲᠠᠯ ᠤᠨ ᠭᠡᠰᠢᠭᠦᠨ ᠶᠠᠩ ᠵᠢᠶᠧ ‍ᠤᠤᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠲᠡᠳ᠋ ᠳᠠᠷᠤᠭ᠎ᠠ ᠶᠠᠠ ᠵᠢᠶᠦ᠋ᠨ ᠴᠢ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠲᠡᠳ᠋ ᠲᠡᠷᠢᠭᠦᠯᠡᠭᠴᠢ ᠯᠦᠸᠧ ᠹᠦ᠋ ᠡᡁᠧ ᠨᠠᠷ ᠤᠷᠤᠯᠴᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122006430